ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-07-29 10:24:11

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

7 ᠰᠠᠷ᠎ᠠ ᠵᠢᠨ18 ᠤ᠋ ᠡᠲᠤᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 36 ᠳ᠋ᠤᠭᠠᠷ ᠬᠤᠭᠤᠴᠠᠭᠠᠨ ᠎ᠤ ᠵᠢᠭᠤᠯᠴᠢᠯᠠᠯ᠎ᠤᠨ ᠨᠠᠢᠷ ᠰᠢᠯᠢ᠎ᠶᠢᠨ ᠭᠣᠣᠯ ᠠᠢᠮᠠᠭ᠎ᠲᠤ ᠡᠬᠢᠯᠡᠪᠡ᠃ ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ ᠡᠮᠬᠢ ᠳᠢᠭ᠌ᠯᠢᠮ᠎ᠢ ᠬᠠᠮᠠᠭᠠᠯᠠᠬᠤ᠎ᠶᠢᠨ ᠬᠠᠮᠲᠤ᠂ ᠬᠠᠤᠯᠢ ᠪᠡᠷ ᠵᠠᠰᠠᠬᠤ ᠤᠬᠠᠭᠤᠯᠭ᠎ᠠ᠎ᠶᠢᠨ ᠵᠢᠭ᠍ᠰᠠᠭᠠᠯ ᠎ᠤᠨ ᠭᠠᠵᠠᠷ᠎ᠢ ᠨᠠᠢᠷ ᠤ᠋ᠨ ᠲᠠᠯᠠᠪᠠᠶ᠎ᠳᠤ ᠰᠢᠯᠵᠢᠬᠦᠯᠵᠦ᠂ ᠬᠠᠤᠯᠢ ᠪᠠᠷ ᠵᠠᠰᠠᠬᠤ ᠤᠬᠠᠭᠤᠯᠭ᠎ᠠ᠎ᠶᠢ ᠨᠠᠢᠷ ᠤ᠋ᠨ ᠰᠢᠷᠢᠰ ᠠᠵᠢᠯᠯᠠᠭ᠎ᠠ᠎ᠳᠤ ᠠᠭᠤᠰᠬᠠᠨ᠂ 《ᠵᠠᠰᠠᠯᠲᠠ᠎ᠶᠢ ᠴᠢᠩᠭᠠᠳᠬᠠᠬᠤ᠂ ᠠᠷᠠᠳ᠎ᠢ ᠬᠠᠮᠠᠭᠠᠯᠠᠬᠤ᠂ ᠠᠮᠤᠷ ᠲᠦᠪᠰᠢᠨ᠎ᠢ ᠪᠠᠲᠤᠯᠠᠬᠤ᠂ ᠬᠥᠭᠵᠢᠯᠲᠡ᠎ᠶᠢ ᠠᠬᠢᠭᠤᠯᠬᠤ》 ᠦᠷ᠎ᠡ ᠠᠰᠢᠭ᠎ᠢ ᠡᠬᠦᠳᠪᠡ᠃


QQ20260729-102344.png


ᠵᠠᠯᠠᠭᠤᠴᠤᠤᠨ ᠪᠠᠭᠠᠴᠤᠤᠨ ᠲᠸ᠋ ᠬᠠᠤᠯᠢ ᠴᠠᠭᠠᠵᠠ ᠵᠢ ᠲᠦᠬᠡᠮᠡᠯᠵᠢᠬᠦᠯᠤᠨ᠎ᠠ


ᠳᠣᠲᠣᠭᠠᠳᠤ᠎ᠶᠢ ᠬᠠᠮᠠᠭᠠᠯᠠᠬᠤ ᠤᠯᠠᠭᠠᠨᠮᠥ᠋ᠴᠢᠷ᠎ᠦᠨ ᠡᠩᠨᠡᠭᠡ᠎ᠶᠢᠨ ᠢᠷᠠᠭᠤ ᠰᠠᠢᠬᠠᠨ ᠠᠶ᠎ᠠ ᠲᠠᠭᠤᠤ ᠵᠢᠨ ᠲᠤᠮᠳᠠ ᠠᠷᠠᠳ᠎ᠤᠨ ᠴᠠᠭᠳᠠᠭ᠎ᠠ ᠨᠠᠷ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ 》᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ᠎ᠦᠨ ᠬᠠᠤᠯᠢ》 ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠎ᠤᠨ ᠤᠬᠠᠭᠤᠯᠭ᠎ᠠ᠎ᠶᠢᠨ ᠳᠡᠪᠲᠡᠷ᠎ᠢ ᠲᠠᠷᠬᠠᠭᠠᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠲᠠ᠂ ᠬᠠᠤᠯᠢ᠎ᠶᠢ ᠵᠢᠷᠤᠮᠯᠠᠨ ᠬᠠᠤᠯᠢ᠎ᠶᠢ ᠰᠠᠬᠢᠬᠤ ᠣᠢᠯᠠᠭᠠᠭᠳᠠᠬᠤᠨ᠎ᠢ ᠣᠯᠠᠨ ᠲᠦᠮᠡᠨ᠎ᠦ ᠰᠡᠳᠬᠢᠯ᠎ᠳᠦ ᠭᠦᠨ ᠦᠨᠳᠦᠰᠦᠯᠡᠭᠦᠯᠵᠠᠢ᠃

ᠰᠢᠯᠢ᠎ᠶᠢᠨ ᠭᠣᠣᠯ ᠠᠢᠮᠠᠭ᠎ᠤᠨ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ ᠢᠮᠠᠭᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠬᠤ᠎ᠶᠢ ᠪᠠᠷᠢᠮᠲᠠᠯᠠᠠ᠂ ᠡᠯᠪᠡᠭ ᠪᠠᠶᠠᠯᠢᠭ ᠠᠭᠤᠯᠭ᠎ᠠ ᠪᠦᠬᠦᠢ ᠬᠠᠤᠯᠢ ᠲᠦᠭᠡᠮᠡᠯᠵᠢᠭᠦᠯᠬᠦ ᠬᠠᠤᠯᠢ ᠤᠬᠠᠭᠤᠯᠬᠤ ᠠᠵᠢᠯ᠎ᠢ ᠳᠣᠲᠣᠭᠠᠳᠤ᠎ᠶᠢ ᠬᠠᠮᠠᠭᠠᠯᠠᠬᠤ ᠠᠵᠢᠯ᠎ᠤᠨ ᠪᠥᠬᠥ ᠶᠠᠪᠤᠴᠠ᠂ ᠡᠯ᠎ᠡ ᠬᠦᠷᠢᠶᠡᠨ᠎ᠳᠦ ᠲᠤᠭᠤᠰᠢᠯᠠᠭᠤᠯᠵᠤ᠂ ᠳᠣᠲᠣᠭᠠᠳᠤ᠎ᠶᠢ ᠬᠠᠮᠠᠭᠠᠯᠠᠬᠤ ᠭᠣᠣᠯ ᠬᠠᠷᠢᠭᠤᠴᠠᠯᠭ᠎ᠠ ᠭᠣᠣᠯ ᠠᠵᠢᠯ ᠯᠤᠭ᠎ᠠ ᠵᠡᠷᠭᠡ᠎ᠪᠡᠷ ᠠᠳᠬᠤᠨ᠂ ᠬᠠᠷᠢᠶ᠎ᠠ ᠣᠷᠣᠨ᠎ᠤ ᠥᠨᠢ ᠤᠳᠠᠭᠠᠨ᠎ᠤ ᠠᠮᠤᠷ ᠲᠦᠪᠰᠢᠨ᠂ ᠴᠢᠨᠠᠷ ᠰᠠᠢᠲᠠᠢ ᠬᠥᠭᠵᠢᠯᠲᠡ᠎ᠳᠦ ᠦᠨᠳᠦᠰᠦᠲᠡᠨ᠎ᠦ ᠪᠦᠯᠬᠦᠮᠳᠡᠯ᠎ᠦᠨ ᠡᠪᠳᠡᠷᠡᠰᠢ ᠦᠭᠡᠢ ᠪᠠᠲᠤ ᠪᠡᠬᠢ ᠬᠦᠴᠦᠨ᠎ᠢ ᠨᠢᠭ᠍ᠲᠠᠷᠠᠭᠤᠯᠤᠨ᠎ᠠ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面