2026-08-04 10:10:14
7 ᠰᠠᠷ᠎ᠠ᠎ᠶᠢᠨ 30 ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠣᠨᠢᠨ ᠮᠡᠳᠡᠭᠡᠨ ᠦ ᠠᠯᠪᠠᠨ ᠭᠡᠷ ᠰᠣᠨᠢᠨ ᠮᠡᠳᠡᠭᠡ ᠨᠡᠢᠲᠡᠯᠡᠬᠦ ᠬᠤᠷᠠᠯ ᠬᠢᠵᠦ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠤ᠋ᠨ ᠬᠠᠷᠢᠭᠤᠴᠠᠯᠭᠠᠲᠠᠨ ᠡᠴᠠ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠠ ᠠᠵᠢᠯ ᠲᠥᠷᠥᠯ᠎ᠦᠨ ᠣᠨᠴᠠᠯᠢᠭ᠋᠎ᠲᠠᠢ᠎ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢ ᠰᠤᠷᠤᠯᠴᠠᠨ ᠤᠬᠠᠭᠤᠯᠵᠦ ᠳᠤᠭᠤᠰᠢᠯᠠᠭᠤᠯᠬᠤ ᠵᠢᠴᠢ ᠦᠨᠳᠦᠰᠦᠲᠡᠨ᠎ᠦ ᠠᠵᠢᠯ᠎ᠤᠨ ᠬᠠᠮᠢᠶ᠎ᠠ ᠪᠦᠬᠦᠢ ᠪᠠᠢᠳᠠᠯ᠎ᠢ ᠲᠠᠨᠢᠯᠴᠠᠭᠤᠯᠪᠠ᠃
ᠲᠠᠨᠢᠯᠴᠠᠭᠤᠯᠭ᠎ᠠ ᠵᠢ ᠦᠨᠳᠦᠰᠦᠯᠡᠪᠡᠯ᠂ ᠦᠨᠳᠦᠰᠦᠲᠡᠨ ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠨᠡᠢᠲᠡᠯᠡᠨ ᠬᠡᠷᠡᠭᠵᠢᠭᠦᠯᠦᠭᠰᠡᠨ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠭᠣᠣᠯ ᠬᠠᠷᠢᠭᠤᠴᠠᠯᠭᠠᠲᠠᠨ ᠨᠥᠬᠥᠳ ᠲᠤᠰᠬᠠᠢ ᠰᠡᠳᠦᠪ᠎ᠢᠶᠡᠷ ᠰᠤᠳᠤᠯᠵᠤ᠂ ᠲᠤᠬᠠᠢ᠎ᠶᠢᠨ ᠭᠠᠵᠠᠷ ᠲᠤᠨᠢ ᠵᠢᠯᠤᠭᠣᠳᠴᠤ᠂ ᠬᠠᠤᠯᠢ ᠴᠠᠭᠠᠵᠠ᠎ᠶᠢ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠠᠵᠢᠯ᠎ᠤᠨ ᠲᠤᠬᠠᠢ ᠣᠯᠠᠨ ᠤᠳᠠᠭ᠎ᠠ ᠵᠢᠭᠠᠪᠤᠷᠢ ᠴᠣᠬᠣᠯᠠᠪᠤᠷᠢ ᠥᠭᠴᠦ᠂ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠤᠨ ᠬᠡᠯᠲᠡᠰ᠂ ᠤᠬᠠᠭᠤᠯᠬᠤ ᠬᠡᠯᠲᠡᠰ᠂ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ᠎ᠶᠢᠨ ᠲᠢᠩᠬᠢᠮ ᠬᠠᠮᠲᠤᠷᠠᠨ ᠰᠤᠷᠤᠯᠴᠠᠨ ᠤᠬᠠᠭᠤᠯᠵᠦ ᠲᠤᠭᠤᠰᠢᠯᠠᠭᠤᠯᠬᠤ ᠠᠵᠢᠯ᠎ᠤᠨ ᠲᠥᠰᠥᠯ᠎ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 23 ᠵᠦᠢᠯ ᠦᠨ ᠪᠣᠳᠠᠲᠠᠢ ᠠᠷᠭ᠎ᠠ ᠬᠡᠮᠵᠢᠶ᠎ᠡ᠎ᠶᠢ ᠳᠤᠷᠠᠳᠤᠨ ᠭᠠᠷᠭᠠᠵᠤ᠂ ᠡᠯ᠎ᠡ ᠵᠦᠢᠯ᠎ᠦᠨ ᠠᠵᠢᠯ ᠤᠨ ᠬᠦᠴᠦᠲᠡᠢ ᠪᠥᠭᠡᠳ ᠡᠮᠬᠢ ᠵᠢᠷᠤᠮ᠎ᠲᠠᠢ ᠥᠷᠨᠢᠬᠦᠯᠬᠦ᠎ᠶᠢ ᠠᠬᠢᠭᠤᠯᠵᠦ ᠪᠤᠢ᠃
ᠤᠢᠯᠠᠭᠠᠭᠰᠠᠨ ᠶ᠋ᠢᠡᠷ᠂ ᠲᠠᠷᠠᠭᠠᠴᠢ ᠶᠢᠨ ᠠᠯᠬᠤᠮ᠎ᠳᠤ᠂ ᠥᠪᠥᠷ ᠮᠣᠩᠭᠣᠯ《ᠰᠤᠷᠤᠯᠴᠠᠬᠤ᠂ ᠤᠬᠠᠭᠤᠯᠬᠤ᠂ ᠨᠠᠢᠳᠠᠪᠤᠷᠢᠵᠢᠭᠤᠯᠬᠤ》ᠭᠤᠷᠪᠠᠨ ᠲᠠᠯ᠎ᠠ᠎ᠠᠴᠠ ᠦᠷᠭᠦᠯᠵᠢᠯᠡᠨ ᠬᠦᠴᠦᠯᠡᠵᠦ᠂ ᠬᠠᠤᠯᠢ ᠴᠠᠭᠠᠵᠠ᠎ᠶᠢᠨ ᠲᠣᠭᠲᠠᠭᠠᠯ ᠢ ᠦᠨᠡᠨ ᠬᠦ᠌ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ 《ᠰᠤᠷᠤᠯᠴᠠᠬᠤ》 ᠲᠠᠯ᠎ᠠ ᠪᠠᠷ᠂ ᠬᠠᠤᠯᠢ ᠴᠠᠭᠠᠵᠠ᠎ᠶᠢ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢᠯᠠᠩ) ᠵᠢᠨ ᠤᠨᠤᠯ ᠰᠤᠷᠤᠯᠴᠠᠬᠤ ᠭᠣᠣᠯ ᠳᠤᠭᠤᠢᠯᠠᠩ᠎ᠤᠨ ᠰᠤᠷᠤᠯᠴᠠᠯᠭ᠎ᠠ᠂ ᠨᠠᠮ᠎ᠤᠨ ᠡᠭᠦᠷ᠎ᠦᠨ《ᠭᠤᠷᠪᠠᠨ ᠬᠤᠷᠠᠯ ᠨᠢᠭᠡ ᠬᠢᠴᠢᠶᠡᠯ》᠂ ᠨᠠᠮ ᠤᠨ ᠰᠤᠷᠭᠠᠭᠤᠯᠢ(ᠵᠠᠰᠠᠭ ᠵᠠᠬᠢᠷᠭᠠᠨ᠎ᠤ ᠳᠡᠭᠡᠳᠦ ᠰᠤᠷᠭᠠᠭᠤᠯᠢ)ᠵᠢᠨ ᠵᠢᠭᠠᠨ ᠰᠤᠷᠭᠠᠯᠲᠠᠪᠠ ᠤᠳᠤᠷᠢᠳᠬᠤ ᠺᠠᠳ᠋ᠷ᠎ᠤᠨ ᠲᠤᠰᠢᠶᠠᠯ ᠡᠭᠦᠷᠭᠡᠯᠡᠬᠦ ᠪᠣᠯᠪᠠᠰᠤᠷᠠᠯ᠎ᠤᠨ ᠠᠭᠤᠯᠭ᠎ᠠ ᠪᠤᠯᠭᠠᠵᠦ᠂ ᠭᠠᠴᠠᠭ᠎ᠠ ᠲᠣᠰᠬᠣᠨ᠎ᠤ ᠨᠠᠮ᠎ᠤᠨ ᠡᠭᠦᠷ᠎ᠦᠨ ᠱᠦᠵᠢ᠂ ᠲᠤᠤᠷᠵᠢᠯ᠎ᠤᠨ ᠠᠵᠢᠯᠲᠠᠨ ᠵᠡᠷᠭᠡ ᠦᠨᠳᠦᠰᠦᠨ ᠱᠠᠲᠤᠨ᠎ᠤ ᠭᠣᠣᠯᠯᠠᠭ᠍ᠴᠢ ᠬᠦᠴᠦᠨ᠎ᠦ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠭᠤᠯᠭ᠎ᠠ ᠪᠤᠯᠭᠠᠨ᠎ᠠ᠃ 《ᠤᠬᠠᠭᠤᠯᠬᠤ》 ᠲᠠᠯ᠎ᠠ ᠪᠠᠷ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠤᠬᠠᠭᠤᠯᠤᠨ ᠲᠠᠢᠯᠪᠤᠷᠢᠯᠠᠬᠤ ᠪᠦᠯᠬᠦᠮ᠂ 《ᠬᠠᠤᠯᠢ ᠪᠠᠷ ᠵᠠᠰᠠᠬᠤ ᠤᠯᠠᠭᠠᠨᠮᠥ᠋ᠴᠢᠷ》᠂ ᠡᠮᠡᠭᠲᠡᠢᠴᠦᠳ᠎ᠦᠨ ᠤᠬᠠᠭᠤᠯᠤᠨ ᠲᠠᠢᠯᠪᠤᠷᠢᠯᠠᠬᠤ ᠠᠩᠭᠢ ᠵᠡᠷᠭᠡ ᠡᠩᠨᠡᠭᠡ᠎ᠳᠦ ᠲᠦᠰᠢᠭᠯᠡᠨ᠂ ᠬᠠᠤᠯᠢ ᠴᠠᠭᠠᠵᠠ᠎ᠶᠢᠨ ᠵᠦᠢᠯ ᠵᠤᠷᠪᠤᠰ ᠢ ᠣᠯᠠᠨ ᠲᠦᠮᠡᠨ᠎ᠦ ᠳᠡᠷᠭᠡᠳᠡᠬᠢ ᠬᠡᠷᠡᠭ᠎ᠦᠨ ᠵᠢᠱ᠌ᠢᠶ᠎ᠡ᠎ᠳᠦ ᠠᠭᠤᠰᠬᠠᠵᠤ᠂ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ ᠶᠢ ᠲᠦᠭᠡᠮᠡᠯᠵᠢᠭᠦᠯᠬᠦ ᠰᠢᠯᠢᠳᠡᠭ ᠣᠬᠣᠷ ᠸᠢᠳᠢᠤ᠋ ᠵᠢ ᠳᠡᠯᠭᠡᠨ ᠨᠡᠪᠲᠡᠷᠡᠭᠦᠯᠬᠦ᠂ ᠬᠠᠤᠯᠢ ᠪᠠᠷ ᠵᠠᠰᠠᠬᠤ ᠵᠢᠭᠤᠯᠴᠢᠯᠠᠯ᠎ᠤᠨ ᠬᠦᠷᠢᠶᠡᠯᠡᠩ᠂ ᠬᠠᠤᠯᠢ ᠴᠠᠭᠠᠵᠠ᠎ᠶᠢᠨ ᠶᠡᠷᠦ᠎ᠶᠢᠨ ᠮᠡᠳᠡᠯᠭᠡ ᠶᠢ ᠲᠦᠭᠡᠮᠡᠯᠵᠢᠭᠦᠯᠬᠦ ᠴᠤᠭᠯᠠᠭ᠎ᠠ ᠮᠠᠢᠮᠠᠢ ᠵᠡᠷᠭᠡ ᠣᠨᠴᠠᠯᠢᠭ᠍ᠲᠤ ᠠᠵᠢᠯᠯᠠᠭ᠎ᠠ᠎ᠶᠢ ᠥᠷᠨᠢᠭᠦᠯᠵᠦ᠂ ᠬᠠᠤᠯᠢ ᠴᠠᠭᠠᠵᠠ᠎ᠶᠢ ᠦᠨᠡᠨ ᠬᠦ᠌ ᠣᠯᠠᠨ ᠲᠦᠮᠡᠨ᠎ᠦ ᠳᠡᠷᠭᠡᠳᠡ ᠬᠦᠷᠭᠡᠵᠦ᠂ ᠣᠯᠠᠨ ᠲᠦᠮᠡᠨ ᠦ ᠰᠡᠳᠬᠢᠯ ᠳᠦ ᠬᠠᠳᠠᠩᠰᠢᠭᠤᠯᠤᠨ᠎ᠠ᠃ 《ᠨᠠᠢᠳᠠᠪᠤᠷᠢᠵᠢᠭᠤᠯᠬᠤ》 ᠲᠠᠯ᠎ᠠ ᠪᠡᠷ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠳᠦᠷᠢᠮ᠎ᠳᠦ ᠵᠠᠰᠠᠪᠤᠷᠢ ᠣᠷᠣᠭᠤᠯᠬᠤ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠴᠠᠭᠠᠵᠠ᠎ᠶᠢᠨ ᠲᠣᠭᠲᠠᠭᠠᠯ᠎ᠢ ᠪᠥᠬᠥ ᠲᠠᠯ᠎ᠠ᠎ᠪᠠᠷ ᠵᠣᠯᠭᠠᠭᠤᠯᠤᠨ ᠨᠠᠢᠳᠠᠪᠤᠷᠢᠵᠢᠭᠤᠯᠤᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃