ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-12 11:01:44

ᠵᠣᠬᠢᠶᠠᠭ᠍ᠴᠢ᠄ ᠪᠠᠢ ᠰᠡᠴᠡᠨ ᠠᠷᠤᠤᠬᠠᠨ ᠣᠩᠱᠢᠭ᠍ᠰᠠᠨ ᠣᠳᠠᠭ᠎ᠠ᠄ 3

ᠠᠯᠳᠠᠨ ᠬᠢᠩᠭᠠᠨ ᠤ᠋ ᠦᠷᠦᠴᠠᠨ ᠳ᠋ᠤ ᠷᠠᠰᠢᠶᠠᠨ ᠬᠤᠳᠠ ᠪᠤᠯᠤᠷ ᠡᠷᠳᠡᠨᠢ ᠮᠡᠳᠤ ᠰᠢᠭᠢᠳᠴᠦ᠂ ᠭᠠᠡᠭᠭᠠᠡᠭ ᠪᠠᠢᠭᠠᠯᠢ ᠵᠢᠨ ᠦᠵᠡᠮᠵᠢ ᠨᠢ ᠭᠠᠢᠬᠠᠮᠰᠢᠬᠳᠤ ᠵᠢᠷᠤᠭ ᠢ᠋ ᠪᠦᠷᠢᠯᠳᠦᠬᠦᠯᠦᠨ᠂ ᠬᠤᠯᠠ ᠤᠢᠷ᠎ᠠ ᠵᠢᠨ ᠵᠢᠭᠤᠯᠴᠢᠯᠠᠬᠰᠠᠳ ᠤ᠋ᠨ ᠲᠤᠷ᠎ᠠ ᠰᠤᠨᠢᠷᠬᠠᠯ ᠢ᠋ ᠶᠠᠭᠠᠬᠢᠬᠤ ᠵᠢᠨ ᠠᠷᠭ᠎ᠠ ᠦᠭᠡᠢ ᠲᠠᠳᠠᠨ᠎ᠠ᠃ ᠤᠢᠷ᠎ᠠ ᠵᠢᠨ ᠵᠢᠯ᠎ᠦᠨ ᠲᠤᠷᠰᠢ ᠷᠠᠰᠢᠶᠠᠨ ᠬᠤᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ᠋ ᠪᠠᠳᠤ ᠴᠤᠬᠴᠠᠯᠠᠬᠤ ᠪᠡᠷ ᠭᠣᠣᠯ ᠰᠢᠵᠢᠮ᠎ᠪᠤᠯᠭᠠᠵᠤ᠂ ᠠᠮᠢ ᠠᠬᠤᠢ᠎ᠶᠢᠨ ᠬᠠᠮᠠᠭᠠᠯᠠᠯᠲᠠ ᠪᠣᠯᠣᠨ ᠦᠨᠳᠦᠰᠦᠲᠡᠨ᠎ᠦ ᠪᠦᠯᠬᠦᠮᠳᠡᠯ᠎ᠢ ᠭᠦᠨᠵᠡᠭᠡᠢ ᠠᠭᠤᠰᠤᠯᠴᠠᠭᠤᠯᠵᠤ᠂ ᠠᠯᠳᠠᠨ ᠠᠭᠤᠯᠠ ᠮᠦᠨᠭᠬᠦᠨ ᠬᠠᠢᠷᠬᠠᠨ᠎ᠵᠢᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠬᠦᠰᠡᠯ ᠵᠡᠭᠦᠳᠦ᠎ᠵᠢ ᠲᠡᠷᠭᠡᠯᠰᠢᠭᠦᠯᠬᠦ ᠤᠶᠤᠨ ᠰᠠᠨᠠᠭᠠᠨ᠎ᠤ ᠬᠣᠯᠪᠣᠭᠠᠰᠤ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠤᠢ ᠰᠢᠭᠤᠢ ᠪᠠᠨ ᠰᠠᠬᠢᠨ ᠬᠠᠮᠠᠭᠠᠯᠠᠬᠤ᠂ ᠠᠮᠢ ᠠᠬᠤᠢ᠎ᠶᠢᠨ ᠴᠢᠨᠠᠷ ᠰᠠᠢᠳᠠᠢ ᠬᠦᠭᠵᠢᠯᠳᠠ ᠵᠢ ᠠᠬᠢᠭᠤᠯᠬᠤ ᠦᠢᠯᠡᠳᠦᠯᠭᠡ ᠳ᠋ᠤ ᠬᠦᠨᠵᠡᠭᠡᠢ ᠦᠨᠳᠦᠰᠦᠯᠡᠬᠦᠯᠵᠡᠢ᠃


f921d675-f9a0-4433-950a-f0c5f3bdf3a5.png



ᠷᠠᠰᠢᠶᠠᠨ ᠬᠤᠳᠠ ᠵᠢᠨ ᠦᠨᠳᠤᠰᠤᠳᠡᠨ ᠨᠤᠬᠦᠳ᠎ᠦᠨ ᠪᠠᠭᠠᠴᠤᠳ ᠲᠤᠮᠳᠠᠳᠤ ᠵᠢᠨ ᠰᠤᠶᠤᠯ᠎ᠦᠨ ᠤᠬᠠᠭᠤᠯᠭ᠎ᠠ ᠵᠢᠨ ᠠᠵᠢᠯᠯᠠᠭ᠎ᠠ ᠳ᠋ᠤ ᠢᠳᠡᠪᠬᠢᠯᠡᠨ ᠤᠷᠤᠯᠴᠠᠨ᠎ᠠ


ᠰᠡᠳᠬᠢᠯ ᠵᠢᠡᠨ ᠨᠢᠭᠡᠳᠭᠡᠨ 《ᠨᠣᠮᠢᠨ ᠨᠣᠭᠣᠭᠠᠨ ᠤᠷᠳᠤ ᠴᠠᠭᠠᠨ ᠬᠡᠷᠡᠮ》 ᠢ᠋ ᠪᠠᠳᠤ ᠴᠣᠭᠴᠠᠯᠠᠪᠠ

《ᠡᠲᠡᠭᠡᠷ ᠵᠢᠯ᠎ᠦᠳ᠎ᠲᠦ ᠷᠠᠰᠢᠶᠠᠨ᠎ᠤ ᠣᠶ ᠮᠤᠳᠤ ᠵᠢᠯ᠎ᠡᠴᠡ ᠵᠢᠯ ᠢᠭ᠍ᠴᠤ ᠰᠠᠬᠤᠯᠢᠭ᠋ ᠪᠣᠯᠵᠤ᠂ ᠬᠡᠭᠡᠷ᠎ᠡ᠎ᠶᠢᠨ ᠠᠮᠢᠲᠠᠨ ᠴᠤ᠌ ᠶᠠᠪᠤᠬᠤ ᠲᠤᠲᠤᠮ ᠣᠯᠠᠰᠢᠷᠠᠵᠤ ᠪᠠᠢᠨ᠎ᠠ᠃ ᠡᠩ᠎ᠦᠨ ᠦᠶ᠎ᠡ᠎ᠳᠦ ᠠᠭᠤᠯᠠ ᠴᠠᠭᠳᠠᠬᠤ᠎ᠳᠤ ᠦᠷᠭᠦᠯᠵᠢ ᠪᠣᠷᠣ᠌ ᠭᠥᠷᠥᠭᠡᠰᠦ᠂ ᠬᠡᠷᠡᠮᠦ᠂ ᠴᠠᠰᠤᠨ ᠲᠠᠤᠯᠠᠢ ᠵᠡᠷᠭᠡ᠎ᠶᠢ ᠣᠯᠵᠤ ᠬᠠᠷᠠᠳᠠᠭ᠂ ᠣᠢᠷ᠎ᠠ᠎ᠶᠢᠨ ᠬᠣᠶᠠᠷ ᠵᠢᠯ᠎ᠡᠴᠡ ᠨᠡᠩ ᠴᠤ᠌ ᠬᠣᠪᠣᠷ ᠴᠤᠬᠠᠭ ᠠᠮᠢᠳᠠᠳ ᠪᠠᠰᠠ ᠪᠠᠢᠨ ᠲᠠᠬᠢᠨ ᠬᠠᠷᠠᠭᠳᠠᠳᠠᠭ ᠪᠤᠯᠵᠠᠢ》 ᠭᠡᠵᠦ ᠷᠠᠰᠢᠶᠠᠨ᠎ᠤ ᠤᠢ ᠰᠢᠭᠤᠢ᠎ᠶᠢᠨ ᠠᠵᠤ ᠦᠢᠯᠡᠳᠪᠦᠷᠢ᠎ᠶᠢᠨ ᠺᠣᠮᠫᠠᠨᠢ᠎ᠶᠢᠨ ᠠᠵᠢᠯᠳᠠᠨ ᠰᠠᠩ ᠽᠢ ᠰᠢᠦᠢ ᠬᠡᠯᠡᠨ᠎ᠡ᠃ ᠭᠤᠷᠪᠠᠨ ᠦᠶ᠎ᠠ ᠪᠡᠷ ᠵᠢᠡᠨ ᠤᠢ ᠰᠢᠭᠤᠢ᠎ᠶᠢᠨ ᠦᠢᠯᠡᠰ᠎ᠲᠸ᠋ ᠵᠢᠳᠬᠦᠭᠰᠡᠨ ᠲᠡᠳᠡᠨᠡᠢᠬᠢᠨ ᠤᠢ ᠰᠢᠭᠤᠢ᠎ᠪᠠᠷ ᠭᠡᠷ ᠤᠷᠤᠨ᠎ᠢᠶᠠᠨ ᠪᠣᠯᠭᠠᠵᠤ᠂ ᠨᠣᠮᠢᠨ ᠨᠣᠭᠣᠭᠠᠨ ᠠᠭᠤᠯᠠ ᠤᠰᠤ ᠵᠢ ᠬᠠᠮᠠᠭᠠᠯᠠᠬᠤ᠎ᠪᠠᠷ ᠡᠬᠦᠷᠭᠡ ᠬᠠᠷᠢᠭᠤᠴᠠᠯᠭ᠎ᠠ ᠪᠣᠯᠭᠠᠵᠤ᠂ ᠬᠢᠯᠢ ᠬᠢᠵᠠᠭᠠᠷ ᠣᠷᠣᠨ᠎ᠳ᠋ᠤ ᠤᠯᠠᠨ ᠵᠢᠯ ᠰᠠᠬᠢᠨ ᠰᠠᠭᠤᠷᠢᠰᠢᠵᠠᠢ᠃ ᠰᠠᠩ ᠽᠢ ᠰᠢᠦᠢ ᠲᠠᠢ ᠠᠳᠠᠯᠢᠬᠠᠨ ᠵᠢᠡᠷ ᠦᠨᠳᠦᠰᠦᠲᠡᠨ᠎ᠨᠦᠭᠦᠳ᠎ᠦᠨ ᠤᠯᠠᠨ ᠲᠦᠮᠡᠨ ᠤᠮᠠᠷᠠᠲᠤ᠎ᠶᠢᠨ ᠠᠮᠢ ᠠᠬᠤᠢ᠎ᠶᠢᠨ ᠠᠮᠤᠷ ᠲᠦᠪᠰᠢᠨ᠎ᠤ ᠬᠠᠯᠬᠠᠪᠴᠢ᠎ᠶᠢ ᠪᠠᠳᠤ ᠴᠤᠭᠴᠠᠯᠠᠬᠤ ᠵᠢᠨ ᠵᠡᠷᠭᠡᠪᠡᠷ ᠦᠨᠳᠦᠰᠦᠲᠡᠨ᠎ᠦ ᠪᠦᠯᠬᠦᠮᠳᠡᠯ᠎ᠦᠨ ᠥᠩ ᠰᠢᠮᠡᠯᠢᠭ ᠬᠥᠷᠥᠰᠥ᠎ᠶᠢ ᠰᠢᠮᠡᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠭᠴᠠᠯᠠᠬᠤ ᠵᠢ ᠦᠶ᠎ᠠ ᠵᠢᠨ ᠦᠶ᠎ᠠ ᠵᠢᠨ ᠤᠢ ᠰᠢᠭᠤᠢ ᠠᠮᠢ ᠠᠬᠤᠢ᠎ᠶᠢ ᠬᠠᠮᠠᠭᠠᠯᠠᠬᠤ ᠤᠯᠠᠮᠵᠢᠯᠠᠯ ᠳᠤᠮᠳᠠ ᠲᠠᠰᠤᠷᠠᠯᠳᠠ ᠦᠭᠡᠢ ᠴᠢᠩᠭᠠᠳᠬᠠᠪᠠ᠃

ᠷᠠᠰᠢᠶᠠᠨ ᠬᠣᠲᠠ ᠠᠮᠢ ᠠᠬᠤᠢ᠎ᠶᠢᠨ ᠬᠠᠮᠠᠭᠠᠯᠠᠯᠲᠠ᠎ᠶᠢ ᠢᠮᠠᠭᠲᠠ ᠲᠡᠷᠢᠭᠦᠨ ᠴᠢᠬᠤᠯᠠ ᠤᠯᠤᠰ ᠲᠥᠷᠥ᠎ᠶᠢᠨ ᠬᠠᠷᠢᠭᠤᠴᠠᠯᠭ᠎ᠠ ᠪᠣᠯᠭᠠᠵᠤ᠂ 88.1% ᠎ᠵᠢᠨ ᠤᠯᠤᠰ᠎ᠤᠨ ᠨᠤᠲᠤᠭ ᠳᠡᠪᠢᠰᠬᠡᠷ᠎ᠦᠨ ᠲᠠᠯᠠᠪᠠᠶ᠎ᠶᠢ ᠠᠮᠢ ᠠᠬᠤᠢ᠎ᠶᠢᠨ ᠬᠠᠮᠠᠭᠠᠯᠠᠯᠲᠠ᠎ᠶᠢᠨ ᠤᠯᠠᠭᠠᠨ ᠱᠤᠭᠤᠮ᠎ᠤᠨ ᠬᠠᠮᠢᠶᠠᠷᠤᠯᠲᠠ ᠡᠵᠡᠮᠳᠡᠯ᠎ᠳᠦ ᠣᠷᠣᠭᠤᠯᠵᠤ᠂ ᠠᠭᠠᠷ᠎ᠤᠨ ᠶᠠᠰᠤ ᠴᠢᠨᠠᠷ ᠰᠢᠯᠢᠳᠡᠭ ᠰᠠᠢᠨ ᠪᠠᠢᠬᠤ ᠡᠳᠦᠷ᠎ᠦᠨ ᠲᠣᠭ᠎ᠠ᠎ᠶᠢᠨ ᠬᠠᠷᠢᠴᠠᠯ 100% ᠳ᠋ᠤ ᠬᠦᠷᠴᠦ᠂ ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤᠨ᠎ᠤ ᠴᠢᠨᠠᠷ᠎ᠢⅢᠲᠥᠷᠥᠯ ᠵᠢᠴᠢ ᠲᠡᠭᠦᠨ᠎ᠡᠴᠡ ᠳᠡᠭᠡᠭᠰᠢᠬᠢ ᠪᠠᠷᠢᠮᠵᠢᠶ᠎ᠠ ᠳ᠋ᠤ ᠬᠦᠷᠭᠡᠪᠡ᠃ 2012 ᠣᠨ᠎ᠠᠴᠠ ᠨᠠᠭᠠᠰᠢ᠂ ᠷᠠᠰᠢᠶᠠᠨ ᠬᠣᠲᠠ ᠨᠡᠶ᠋ᠢᠲᠡ 10 ᠭᠠᠷᠤᠢ ᠳ᠋ᠦᠩᠰᠢᠭᠤᠷ ᠲᠥᠭᠥᠷᠢᠭ᠎ᠦᠨ ᠪᠡᠯᠡ ᠣᠷᠣᠭᠤᠯᠵᠦ᠂ 1000 ᠭᠠᠷᠤᠢ ᠲᠦᠮᠡᠨ ᠮᠦ᠍ ᠵᠢᠨ ᠪᠠᠢᠭᠠᠯᠢ᠎ᠶᠢᠨ ᠤᠢ ᠰᠢᠭᠤᠢ᠎ᠶᠢᠨ ᠡᠬᠢ ᠪᠠᠶᠠᠯᠢᠭ᠋᠎ᠢ ᠬᠠᠮᠠᠭᠠᠯᠠᠬᠤ ᠢᠨᠵᠧᠨᠧᠷᠢᠩ ᠢ᠋ ᠬᠡᠷᠡᠭᠵᠢᠬᠦᠯᠵᠦ᠂ 20 ᠭᠠᠷᠤᠢ ᠲᠦᠮᠡᠨ ᠮᠦ᠍ ᠨᠡᠶ᠋ᠢᠲᠡ᠎ᠶᠢᠨ ᠠᠰᠠᠷᠠᠮᠵᠢ᠎ᠶᠢᠨ ᠣᠶ ᠰᠢᠭᠤᠢ᠎ᠶᠢ ᠬᠠᠮᠢᠶᠠᠷᠤᠨ ᠬᠠᠮᠠᠭᠠᠯᠠᠵᠦ᠂ 100 ᠭᠠᠷᠤᠢ ᠲᠦᠮᠡᠨ ᠮᠦ᠍ ᠠᠭᠤᠯᠠ᠎ᠶᠢ ᠪᠢᠲᠡᠭᠦᠮᠵᠢᠯᠡᠨ ᠣᠢᠵᠢᠭᠤᠯᠬᠤ᠎ᠶᠢ ᠪᠡᠶᠡᠯᠡᠭᠦᠯᠵᠦ᠂ 30 ᠭᠠᠷᠤᠢ ᠲᠦᠮᠡᠨ ᠮᠦ᠍ ᠮᠣᠳᠣ᠌ ᠲᠠᠷᠢᠵᠤ ᠣᠢᠵᠢᠭᠤᠯᠵᠦ᠂ ᠤᠢ ᠰᠢᠭᠤᠢ᠎ᠶᠢᠨ ᠪᠦᠷᠬᠦᠴᠡ᠎ᠶᠢᠨ ᠨᠤᠷᠮ᠎ᠠ᠎ᠶᠢ 81.2 % ᠪᠣᠯᠭᠠᠨ ᠳᠡᠭᠡᠭᠰᠢᠯᠡᠭᠦᠯᠵᠦ᠂ ᠤᠷᠭᠤᠮᠠᠯ᠎ᠤᠨ ᠪᠦᠷᠬᠦᠴᠡ᠎ᠶᠢ 95% ᠳ᠋ᠤ ᠬᠦᠷᠭᠡᠪᠡ᠃ ᠳᠥᠷᠪᠡᠨ ᠦᠶ᠎ᠡ᠎ᠶᠢᠨ ᠣᠢ ᠰᠢᠭᠤᠢ᠎ᠬᠠᠮᠠᠭᠠᠯᠠᠭᠴᠢ 80 ᠵᠢᠯ᠎ᠦᠨ ᠴᠢᠷᠮᠠᠢᠯᠭ᠎ᠠ ᠪᠡᠷ ᠪᠦᠬᠦ ᠣᠷᠣᠨ᠎ᠳᠤ ᠵᠠᠭᠤᠨ ᠲᠦᠮᠡᠨ ᠮᠦ᠍ ᠬᠥᠮᠥᠨ᠎ᠦ ᠬᠦᠴᠦ᠎ᠪᠡᠷ ᠣᠢᠵᠢᠭᠤᠯᠬᠤ ᠠᠤᠭ᠎ᠠ ᠠᠵᠢᠯᠯᠠᠭ᠎ᠠ᠎ᠶᠢ ᠡᠩ ᠲᠡᠷᠢᠭᠦᠨ᠎ᠳᠦ ᠪᠡᠶᠡᠯᠡᠭᠦᠯᠪᠡ᠃ ᠡᠨᠡ ᠪᠤᠯ《ᠨᠢᠭᠡ ᠬᠡᠰᠡᠭ ᠣᠢ᠂ ᠨᠢᠭᠡ ᠭᠡᠷ᠎ᠦᠨ ᠬᠥᠮᠥᠨ᠂ ᠨᠢᠭᠡ ᠵᠤᠷᠢᠭ ᠰᠠᠨᠠᠭ᠎ᠠ》ᠵᠢᠨ ᠠᠮᠢᠳᠤᠯᠢᠭ᠋ ᠵᠢᠷᠤᠭᠯᠠᠯ ᠪᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠵᠦ᠂ ᠭᠡᠷ ᠣᠷᠣᠨ᠎ᠢᠶᠠᠨ ᠬᠠᠮᠲᠤ᠎ᠪᠠᠷ ᠬᠠᠮᠠᠭᠠᠯᠠᠬᠤ ᠤᠭ ᠰᠠᠨᠠᠭ᠎ᠠ ᠪᠠ ᠪᠠᠲᠤ ᠪᠠᠷᠢᠮᠳᠠᠯᠠᠯ ᠳ᠋ᠤ ᠲᠡᠢᠯᠤᠮᠵᠢ ᠦᠭᠪᠡ᠃

ᠦᠵᠡᠯ ᠰᠠᠨᠠᠭ᠎ᠠ ᠪᠠᠨ ᠴᠢᠯᠦᠭᠡᠯᠡᠨ ᠠᠵᠤ ᠦᠢᠯᠡᠰ ᠢ᠋ ᠭᠦᠭᠵᠢᠬᠦᠯᠬᠦ 《ᠠᠯᠳᠠᠨ ᠲᠦᠯᠬᠢᠬᠦᠷ》 ᠢ᠋ ᠭᠠᠷᠳᠠᠪᠠ

ᠡᠨᠡ ᠵᠢᠯ 54 ᠨᠠᠰᠤᠲᠠᠢ ᠢᠦᠢ ᠰᠢᠶᠠᠩ ᠴᠢᠨ ᠬᠠᠷ᠎ᠠ ᠳᠡᠯᠳᠡᠦ ᠲᠡᠭᠦᠵᠦ ᠶᠠᠭᠠᠷᠠᠯᠳᠤᠨ᠎ᠠ᠂ 《ᠪᠢ ᠬᠠᠷ᠎ᠠ ᠳᠡᠯᠳᠡᠦ ᠲᠠᠷᠢᠭᠠᠳ 24 ᠵᠢᠯ ᠤ᠋ᠨ ᠨᠢᠭᠤᠷ ᠢ᠋ ᠦᠵᠡᠵᠦ ᠪᠠᠢᠨ᠎ᠠ᠂ ᠭᠠᠬᠴᠠᠭᠠᠷ ᠵᠢᠡᠨ ᠲᠤᠷᠰᠢᠨ ᠤᠷᠤᠯᠳᠤᠵᠤ ᠪᠠᠢᠬᠰᠠᠨ ᠡᠴᠨ ᠪᠠᠨ ᠤᠳᠤ ᠦᠨᠳᠦᠰᠦᠲᠡᠨ᠎ᠨᠦᠭᠦᠳ᠎ᠦᠨ ᠠᠬ᠎ᠠ ᠳᠡᠭᠦᠦ ᠨᠠᠷ ᠲᠠᠢ ᠬᠠᠮᠲᠤ᠎ᠪᠠᠷ ᠡᠵᠡᠨᠭᠨᠡᠵᠤ᠂ ᠬᠠᠷ᠎ᠠ ᠲᠡᠯᠳᠡᠤ ᠡᠴᠨ ᠴᠢᠨᠡᠭᠡᠯᠢᠭᠵᠢᠯ ᠤ᠋ᠨ ᠵᠠᠮ ᠰᠤᠨᠤᠯᠵᠠᠯ᠎ᠠ》 ᠭᠡᠵᠦ ᠪᠠᠶᠠᠷᠳᠠᠢᠬᠠᠨ ᠬᠡᠯᠡᠨ᠎ᠠ᠃ ᠢᠦᠢ ᠰᠢᠶᠠᠩ ᠴᠢᠨ ᠤᠢᠷ᠎ᠠ ᠬᠠᠪᠢ ᠵᠢᠨ 550 ᠬᠥᠮᠥᠨ ᠤᠳᠠᠭ᠎ᠠ ᠳ᠋ᠤ ᠬᠡᠷ᠎ᠤᠨ ᠡᠬᠦᠳᠡᠨ ᠳ᠋ᠤᠨᠢ ᠠᠵᠢᠯ ᠣᠯᠭᠤᠬᠤ᠎ᠶᠢ ᠲᠠᠢ᠍ᠢᠴᠢᠯᠠᠵᠤ᠂ ᠦᠨᠳᠦᠰᠦᠲᠡᠨ᠎ᠨᠦᠭᠦᠳ᠎ᠦᠨ ᠠᠵᠤ ᠠᠬᠤᠢ᠎ᠶᠢᠨ ᠶᠠᠪᠤᠯᠴᠠᠭ᠎ᠠ᠂ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠠᠬᠢᠭᠤᠯᠪᠡ᠃

ᠠᠮᠢ ᠠᠬᠤᠢ᠎ᠶᠢᠨ ᠵᠢᠭᠤᠯᠴᠢᠯᠠᠯ᠎ᠠᠴᠠ ᠠᠵᠤ ᠦᠢᠯᠡᠰ ᠤ᠋ᠨ ᠬᠡᠯᠬᠢᠶ᠎ᠠ ᠵᠢ ᠤᠷᠳᠤᠳᠬᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠥᠭᠵᠢᠯᠲᠡ᠎ᠶᠢᠨ ᠠᠰᠢᠭ᠋ ᠲᠤᠰᠠ᠎ᠶᠢ ᠬᠠᠮᠲᠤ᠎ᠪᠠᠷ ᠭᠥᠷᠳᠡᠨ᠎ᠡ᠃ ᠮᠢᠩ ᠱᠦᠢ ᠾᠧ ᠪᠠᠯᠭᠠᠰᠤᠨ᠎ᠤ ᠰᠢ ᠺᠧᠦ ᠲᠣᠰᠬᠣᠨ᠎ᠳᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠭᠠᠷ ᠬᠣᠯᠪᠣᠨ 《ᠠᠷᠠᠳ᠎ᠤᠨ ᠰᠠᠭᠤᠴᠠ + ᠰᠤᠳᠤᠯᠤᠨ ᠰᠤᠷᠤᠯᠴᠠᠬᠤ + ᠲᠠᠷᠢᠶᠠᠯᠠᠡᠭ ᠤ᠋ᠨ ᠪᠡᠶᠡᠴᠢᠯᠡᠨ ᠣᠢᠯᠠᠭᠠᠬᠤ》 ᠠᠭᠤᠰᠤᠯᠴᠠᠭᠰᠠᠨ ᠡᠵᠡᠩᠨᠡᠯᠲᠡ᠎ᠶᠢᠨ ᠬᠡᠯᠪᠡᠷᠢ᠎ᠶᠢ ᠬᠥᠭᠵᠢᠭᠦᠯᠵᠦ᠂ ᠪᠦᠬᠦ ᠲᠣᠰᠬᠣᠨ᠎ᠤ ᠬᠠᠮᠲᠤ᠎ᠶᠢᠨ ᠣᠷᠣᠯᠭ᠎ᠠ᠎ᠶᠢ ᠨᠡᠮᠡᠭᠳᠡᠬᠦᠯᠪᠡ; ᠦ᠋ ᠴᠠ ᠭᠧᠦ ᠪᠠᠯᠭᠠᠰᠤᠨ᠎ᠳᠤ ᠢᠳᠡᠰᠢᠨ ᠮᠦᠬᠦ ᠲᠠᠷᠢᠵᠤ ᠤᠷᠭᠤᠭᠤᠯᠬᠤ ᠬᠦᠷᠢᠶᠡᠯᠡᠩ ᠲᠣᠭᠣᠷᠢᠭ᠋᠂ ᠬᠦᠢᠲᠡᠨ ᠤᠰᠤᠨ᠎ᠤ ᠵᠢᠭᠠᠰᠤ ᠲᠡᠵᠢᠭᠡᠨ ᠦᠷᠡᠵᠢᠭᠦᠯᠬᠦ ᠰᠠᠭᠤᠷᠢᠨ᠂ ᠤᠢ᠎ᠲᠤᠳᠤᠷᠠᠬᠢ ᠭᠠᠷᠤᠯᠲᠠ᠎ᠶᠢ ᠡᠳ᠋ᠰᠢᠭᠦᠯᠦᠨ ᠪᠣᠯᠪᠠᠰᠤᠷᠠᠭᠤᠯᠬᠤ ᠠᠵᠤ ᠦᠢᠯᠡᠰ᠎ᠦᠨ ᠬᠦᠷᠢᠶᠡᠯᠡᠩ᠎ᠢ ᠪᠠᠢᠭᠤᠯᠵᠤ᠂ ᠵᠢᠯ᠎ᠳᠦ 150 ᠲᠦᠮᠡᠨ ᠪᠠᠭᠠᠨᠠᠴᠢᠷ ᠢᠳᠡᠭᠡᠨ ᠤ᠋ ᠮᠦᠬᠦ᠂ 200 ᠲᠦᠮᠡᠨ ᠵᠢᠭᠠᠰᠤ᠂ 100 ᠲᠦᠮᠡᠨ ᠯᠣᠩᠬᠣ᠌ ᠤᠮᠳᠠᠭᠠᠨ ᠦᠢᠯᠡᠳᠪᠦᠷᠢᠯᠡᠵᠦ᠂ 5000 ᠭᠠᠷᠤᠢ ᠬᠥᠮᠥᠨ ᠤᠳᠠᠭ᠎ᠠ᠎ᠶᠢᠨ ᠠᠵᠢᠯ ᠣᠯᠭᠣᠯᠲᠠ᠎ᠶᠢ ᠲᠠᠢ᠍ᠢᠴᠢᠯᠠᠪᠠ; ᠪᠠᠢ ᠯᠠᠩ ᠪᠠᠯᠭᠠᠰᠤᠨ᠎ᠤ ᠯᠢᠨ ᠰᠦ ᠲᠣᠰᠬᠣᠨ ᠤᠢᠰᠤᠨ ᠵᠢᠷᠤᠭ᠎ᠤᠨ ᠰᠣᠶᠣᠯ᠎ᠤᠨ ᠪᠦᠳᠦᠭᠡᠯᠴᠢ ᠠᠵᠤ ᠦᠢᠯᠡᠰ᠎ᠢ ᠬᠥᠭᠵᠢᠭᠦᠯᠵᠦ᠂ ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠳᠦ ᠰᠣᠶᠣᠯ᠎ᠤᠨ ᠪᠦᠳᠦᠭᠡᠯᠴᠢ ᠦᠢᠯᠡᠳᠬᠦᠨ᠂ ᠵᠢᠭᠤᠯᠴᠢᠯᠠᠯ᠎ᠤᠨ ᠳᠤᠷᠠᠰᠬᠠᠯ᠎ᠤᠨ ᠡᠳ᠋ ᠵᠡᠷᠭᠡ ᠪᠦᠲᠦᠭᠡᠭᠳᠡᠬᠦᠨ᠎ᠢ ᠨᠡᠶ᠋ᠢᠲᠡ 400 ᠭᠠᠷᠤᠢ ᠵᠦᠢᠯ ᠨᠡᠭᠡᠭᠡᠨ ᠬᠥᠭᠵᠢᠭᠦᠯᠵᠦ᠂ 100 ᠭᠠᠷᠤᠢ ᠰᠠᠭᠤᠭᠠᠯᠢ ᠠᠷᠠᠳ ᠲᠸ᠋᠎ᠲᠣᠭᠲᠠᠭᠤᠨ᠎ᠢᠶᠠᠷ ᠠᠵᠢᠯ ᠣᠯᠭᠣᠪᠠ᠃ ᠣᠢᠷ᠎ᠠ᠎ᠶᠢᠨ ᠠᠷᠪᠠᠨ ᠵᠢᠯ᠎ᠳᠦ᠂ ᠷᠠᠰᠢᠶᠠᠨ᠎ᠤ ᠵᠢᠭᠤᠯᠴᠢᠯᠠᠯ᠎ᠤᠨ ᠠᠵᠢᠯ ᠡᠷᠬᠢᠯᠡᠭᠰᠡᠳ ᠲᠦᠮᠡ ᠬᠦᠷᠬᠦ ᠦᠭᠡᠢ ᠪᠠᠢᠭᠰᠠᠨ᠎ᠠᠴᠠ᠎ᠪᠠᠨ 4 ᠲᠦᠮᠡ ᠭᠠᠷᠤᠢ ᠪᠣᠯᠵᠤ᠂ 《ᠨᠤᠮᠢᠨ ᠤᠰᠤ ᠬᠥᠬᠡᠮᠳᠦᠭ ᠠᠭᠤᠯᠠ》 ᠵᠢ ᠦᠨᠡᠨ᠎ᠬᠦ 《ᠠᠯᠲᠠᠠ ᠠᠭᠤᠯᠠ ᠮᠥᠩᠭᠥᠨ ᠬᠠᠢᠷᠬᠠᠨ》 ᠪᠣᠯᠭᠠᠨ ᠬᠤᠪᠢᠷᠠᠭᠤᠯᠵᠦ᠂ ᠵᠢᠭᠤᠯᠴᠢᠯᠠᠯ ᠤ᠋ᠨ ᠠᠵᠤ ᠦᠢᠯᠡᠰ ᠤ᠋ᠨ ᠭᠦᠭᠵᠢᠯᠳᠠ ᠡᠴᠨ ᠴᠢᠨᠡᠭᠡᠯᠢᠭᠵᠢᠯ ᠤ᠋ᠨ 《ᠠᠯᠳᠠᠨ ᠲᠦᠯᠬᠢᠬᠦᠷ》 ᠢ᠋ ᠠᠳᠬᠤᠨ ᠠᠪᠤᠯ᠎ᠠ᠃

ᠬᠦᠭᠵᠢᠯᠳᠡ ᠵᠢ ᠰᠦᠪᠡᠭᠴᠢᠯᠡᠵᠦ ᠦᠨᠳᠦᠰᠦᠲᠡᠨ᠎ᠦ ᠪᠦᠯᠬᠦᠮᠳᠡᠯ᠎ᠦᠨ 《ᠰᠢᠨ᠎ᠠ ᠬᠠᠭᠤᠳᠠᠰᠤ》 ᠶ᠋ᠢ ᠵᠢᠷᠤᠬᠯᠠᠪᠠ

2025 ᠣᠨ᠎ᠳᠤ᠂ ᠷᠠᠰᠢᠶᠠᠨ ᠬᠣᠲᠠ 638.2 ᠲᠦᠮᠡᠨ ᠵᠢᠭᠤᠯᠴᠢᠯᠠᠭᠰᠠᠳ᠎ᠢ ᠭᠥᠯᠢᠶᠡᠨ ᠠᠪᠴᠤ᠂ ᠵᠢᠭᠤᠯᠴᠢᠯᠠᠯ᠎ᠤᠨ ᠶᠡᠷᠦᠩᠬᠡᠢ ᠣᠷᠣᠯᠭ᠎ᠠ ᠨᠢ 82.3 ᠳ᠋ᠦᠩᠰᠢᠭᠤᠷ ᠲᠥᠭᠥᠷᠢᠭ ᠲᠸ᠋ ᠬᠦᠷᠪᠠ᠃ ᠬᠢᠯᠠᠯᠵᠠᠮ᠎ᠠ ᠬᠢᠷᠢ ᠪᠦᠳᠦᠮᠵᠢ ᠵᠢᠨ ᠠᠷᠤ ᠳ᠋ᠤ ᠵᠢᠭᠤᠯᠴᠢᠯᠠᠯ᠎ᠤᠨ ᠦᠢᠯᠡᠰ᠎ᠢᠶᠡᠷ ᠬᠣᠯᠪᠣᠭᠠᠰᠤ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠰᠠᠨ ᠠᠮᠢᠳᠤᠯᠢᠭ᠋ ᠦᠢᠯᠡᠳᠦᠯᠭᠡ ᠪᠤᠢ᠃ ᠷᠠᠰᠢᠶᠠᠨ ᠬᠣᠲᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠳᠠᠷᠤᠭ᠎ᠠ ᠯᠢᠶᠠᠡᠭ ᠸᠸᠨ ᠯᠦᠡᠭ᠄ 《ᠪᠢᠳᠡ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠢ᠋ ᠪᠠᠲᠤ ᠴᠣᠭᠴᠠᠯᠠᠬᠤ᠎ᠲᠠᠢ ᠨᠢᠭ᠍ᠲᠠ ᠤᠶᠠᠯᠳᠤᠭᠤᠯᠤᠨ᠂ ᠡᠯ᠎ᠡ ᠦᠵᠡᠮᠵᠢ᠎ᠶᠢᠨ ᠣᠷᠣᠨ ᠴᠡᠭ᠎ᠲᠤ 3000 ᠭᠠᠷᠤᠢ ᠥᠪᠡᠷᠮᠢᠴᠡ ᠣᠨᠴᠠᠯᠢᠭ᠋ ᠪᠦᠬᠦᠢ ᠵᠢᠵᠢᠭ ᠦᠵᠡᠮᠦᠷᠢ ᠪᠠᠢᠭᠤᠯᠵᠤ᠂ ᠳᠤᠮᠳᠠᠳᠤ᠎ᠶᠢᠨ ᠰᠣᠶᠣᠯ᠎ᠤᠨ ᠰᠤᠳᠠᠰᠤ ᠪᠠ ᠦᠨᠳᠦᠰᠦᠲᠡᠨ᠎ᠨᠦᠭᠦᠳ᠎ᠦᠨ ᠰᠣᠶᠣᠯ᠎ᠤᠨ ᠡᠯᠧᠮᠧᠨ᠋ᠲ ᠎ᠢ᠋ ᠠᠭᠤᠰᠤᠯᠴᠠᠭᠤᠯᠪᠡ》 ᠭᠡᠵᠤ ᠬᠡᠯᠡᠨ᠎ᠠ᠃

ᠷᠠᠰᠢᠶᠠᠨ ᠬᠤᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠤᠬᠴᠠᠯᠠᠬᠤ ᠵᠢ ᠦᠵᠡᠮᠵᠢ᠎ᠶᠢᠨ ᠣᠷᠣᠨ᠎ᠤ ᠲᠥᠯᠦᠪᠵᠢᠭᠦᠯᠭᠡ᠎ᠳᠦ ᠠᠭᠤᠰᠤᠯᠴᠠᠭᠤᠯᠵᠤ᠂ ᠬᠦᠬᠦᠬᠡ ᠨᠠᠭᠤᠷ ᠤ᠋ᠨ ᠬᠦᠪᠡᠬᠡ᠂ ᠭᠤᠷᠪᠠᠨ ᠴᠤᠡᠭᠬᠢᠶᠠᠯ ᠤ᠋ᠨ ᠬᠠᠪᠴᠢᠯ᠂ ᠱᠢ ᠲᠠᠩ ᠯᠢᠨ ᠵᠡᠷᠭᠡ ᠭᠠᠵᠠᠷ᠎ᠲᠤ《ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ》᠂ 《ᠢᠵᠢᠯ ᠲᠥᠪᠲᠦ ᠬᠥᠭᠥᠷᠭᠡ》᠂ 《ᠪᠦᠯᠬᠦᠮᠳᠡᠯ᠎ᠦᠨ ᠤᠢ》 ᠵᠡᠷᠭᠡ ᠬᠠᠯᠠᠮᠰᠢᠯ ᠴᠡᠭ ᠭᠠᠷᠭᠠᠵᠤ᠂ ᠵᠢᠭᠤᠯᠴᠢᠯᠠᠭ᠍ᠰᠠᠳ᠎ᠤᠨ ᠲᠤᠭᠤᠷᠢᠨ ᠰᠤᠨᠢᠷᠬᠠᠬᠤ ᠶᠠᠪᠤᠴᠠ ᠳ᠋ᠤ ᠦᠨᠳᠦᠰᠦᠲᠡᠨ᠎ᠦ ᠪᠦᠯᠬᠦᠮᠳᠡᠯ᠎ᠦᠨ ᠭᠦᠨ ᠵᠤᠵᠠᠭᠠᠨ ᠠᠭᠤᠷ ᠠᠮᠢᠰᠬᠤᠯ᠎ᠢ ᠮᠡᠳᠡᠷᠡᠭᠦᠯᠪᠡ᠃ ᠰᠣᠶᠣᠯ ᠵᠢᠭᠤᠯᠴᠢᠯᠠᠯ᠎ᠤᠨ ᠪᠦᠬᠦ ᠬᠡᠯᠬᠢᠶ᠎ᠡ᠎ᠶᠢᠨ ᠡᠵᠡᠩᠨᠡᠯᠲᠡ᠎ᠶᠢᠨ ᠬᠡᠯᠪᠡᠷᠢ᠎ᠶᠢ ᠪᠠᠶᠠᠯᠢᠭ᠍ᠵᠢᠭᠤᠯᠵᠦ᠂ 《ᠯᠦ᠍ ᠵᠢᠶᠣᠣ ᠸᠠᠨ》 ᠬᠠᠯᠠᠭᠤᠨ ᠷᠠᠰᠢᠶᠠᠨ᠎ᠤ ᠰᠡᠯᠡᠬᠦᠴᠡᠯ ᠤ᠋ᠨ ᠭᠠᠵᠠᠷ᠂ ᠣᠢ ᠰᠢᠭᠤᠢ᠎ᠶᠢᠨ ᠴᠠᠰᠤᠲᠤ ᠬᠡᠭᠡᠷ᠎ᠡ ᠵᠡᠷᠭᠡ ᠵᠢᠭᠤᠯᠴᠢᠯᠠᠯ᠎ᠤᠨ ᠪᠦᠲᠦᠭᠡᠭᠳᠡᠬᠦᠨ᠂ ᠫᠢᠸᠤ᠋ ᠠᠷᠢᠬᠢ᠎ᠶᠢᠨ ᠦᠢᠯᠡᠳᠬᠡᠯ᠂ 《ᠷᠠᠰᠢᠶᠠᠨ ᠪᠤᠭᠤ》 ᠵᠡᠷᠭᠡ ᠰᠣᠶᠣᠯ᠎ᠤᠨ ᠪᠦᠳᠦᠭᠡᠯᠴᠢ ᠳᠡᠯᠭᠡᠭᠦᠷ ᠵᠡᠷᠭᠡ ᠢᠯᠡ ᠲᠣᠳᠣ᠌ ᠣᠨᠴᠠᠯᠢᠭ᠋ ᠲᠠᠢ ᠵᠢᠭᠤᠯᠴᠢᠯᠠᠯ᠎ᠤᠨ ᠦᠢᠯᠡᠰ᠎ᠦᠨ ᠬᠡᠯᠪᠡᠷᠢ ᠪᠠᠢᠳᠠᠯ ᠢ᠋ ᠡᠬᠦᠳᠴᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠵᠦ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ ᠪᠡᠷ ᠠᠵᠢᠯᠯᠠᠵᠤ ᠬᠠᠮᠲᠤ ᠪᠡᠷ ᠴᠡᠩᠭᠡᠬᠦ ᠳᠤᠮᠳᠠ ᠰᠡᠳᠬᠢᠯ ᠤ᠋ᠨ ᠵᠠᠢ ᠪᠠᠨ ᠣᠢᠷᠠᠲᠤᠭᠤᠯᠵᠦ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠎ᠶᠢ ᠭᠦᠨᠵᠡᠭᠡᠢᠷᠡᠭᠦᠯᠪᠡ᠃

ᠥᠨᠥᠳᠥᠷ᠎ᠦᠨ ᠷᠠᠰᠢᠶᠠᠨ᠎ᠳᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠨᠢ ᠭᠤᠤᠯ ᠬᠦᠭ ᠠᠶᠠᠰ ᠪᠤᠯᠵᠤ᠂ ᠢᠷᠡᠭᠡᠳᠦᠢ ᠳ᠋ᠤ ᠷᠠᠰᠢᠶᠠᠨ ᠬᠤᠳᠠ ᠠᠮᠢ ᠠᠬᠤᠢ᠎ᠶᠢᠨ ᠬᠣᠷᠢᠭ᠎ᠠ ᠱᠤᠭᠤᠮ᠎ᠢ ᠪᠠᠲᠤ ᠰᠠᠬᠢᠵᠤ᠂ ᠦᠨᠳᠦᠰᠦᠲᠡᠨ᠎ᠦ ᠪᠦᠯᠬᠦᠮᠳᠡᠯ᠎ᠢ ᠭᠦᠨᠵᠡᠭᠡᠢᠷᠡᠭᠦᠯᠦᠨ᠂ ᠨᠤᠮᠢᠨ ᠤᠰᠤ ᠬᠥᠬᠡᠮᠳᠦᠭ ᠠᠭᠤᠯᠠ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠵᠢᠷᠭᠠᠯᠲᠤ ᠠᠮᠢᠳᠤᠷᠠᠯ᠎ᠤᠨ ᠳᠡᠪᠢᠰᠬᠡᠷ ᠥᠩᠭᠡ ᠪᠣᠯᠭᠠᠵᠤ᠂ ᠦᠨᠳᠦᠰᠦᠲᠡᠨ᠎ᠦ ᠴᠡᠴᠡᠭᠡᠰ᠎ᠢ ᠤᠮᠠᠷᠠᠲᠤ ᠬᠢᠯᠢ᠎ᠳᠤ ᠦᠡᠭᠭᠡ ᠪᠠᠳᠠᠷᠨᠨ ᠲᠡᠯᠭᠡᠷᠡᠬᠦᠯᠦᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面