ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-12 11:24:11

ᠵᠣᠬᠢᠶᠠᠭ᠍ᠴᠢ᠄ ᠪᠠᠢ ᠰᠡᠴᠨᠨ ᠣᠩᠱᠢᠭ᠍ᠰᠠᠨ ᠣᠳᠠᠭ᠎ᠠ᠄ 3

4 ᠡᠳᠦᠷ᠎ᠦᠨ ᠬᠤᠭᠤᠴᠠᠭ᠎ᠠ᠎ᠲᠠᠶ ᠶᠠᠪᠤᠭᠳᠠᠭᠰᠠᠨ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ ᠪᠡᠭᠡᠵᠢᠩ ᠳ᠋ᠡᠬᠢ ᠰᠤᠳᠤᠯᠤᠨ ᠰᠤᠷᠤᠯᠴᠠᠬᠤ ᠠᠵᠢᠯᠯᠠᠭ᠎ᠠ 2026 ᠣᠨ᠎ᠤ 7 ᠰᠠᠷ᠎ᠠ᠎ᠶᠢᠨ 26᠎ᠤ᠋ ᠡᠳᠦᠷ ᠠᠮᠵᠢᠯᠲᠠ᠎ᠲᠠᠶ ᠥᠨᠳᠥᠷᠯᠡᠪᠡ᠃ ᠥᠪᠥᠷ ᠮᠣᠩᠭᠣᠯ᠎ᠤᠨ 7 ᠬᠢᠯᠢ᠎ᠶᠢᠨ ᠠᠶ᠋ᠢᠮᠠᠭ ᠬᠣᠲᠠ ᠵᠢᠨ 71 ᠵᠠᠯᠠᠭᠤᠴᠤᠳ ᠪᠠᠭᠠᠴᠤᠳ ᠰᠤᠳᠤᠯᠤᠨ ᠰᠤᠷᠤᠯᠴᠠᠬᠤ ᠠᠶᠠᠯᠠᠯ᠎ᠳ᠋ᠤ ᠤᠷᠤᠯᠴᠠᠵᠤ ᠭᠠᠨᠵᠤᠭ᠎ᠠ ᠳᠦᠭᠦᠷᠡᠩ ᠨᠤᠲᠤᠭ᠎ᠲᠠᠭᠠᠨ ᠪᠤᠴᠠᠯ᠎ᠠ᠃


883c216f-53fd-467b-8b8e-98ebe64c2adb.png


ᠲᠦᠪ᠎ᠤᠨ ᠦᠨᠳᠦᠰᠦᠳᠡᠨ ᠤ᠋ ᠶᠡᠬᠡ ᠰᠤᠷᠭᠠᠭᠤᠯᠢ ᠳ᠋ᠤ ᠲᠤᠭᠤᠷᠢᠨ ᠠᠢᠯᠴᠢᠯᠠᠨ᠎ᠠ


ᠲᠤᠰ ᠤᠳᠠᠭ᠎ᠠ᠎ᠶᠢᠨ ᠰᠤᠳᠤᠯᠤᠨ ᠰᠤᠷᠤᠯᠴᠠᠬᠤ ᠠᠵᠢᠯᠯᠠᠭ᠎ᠠ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠶ᠋ᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶᠢ ᠯᠠᠪᠳᠠᠭᠤᠨ ᠪᠠᠲᠤᠲᠠᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠪᠣᠯᠤᠨ᠎ᠠ᠃ ᠠᠵᠢᠯᠯᠠᠭ᠎ᠠ᠎ᠨᠢ ᠬᠢᠯᠢ ᠬᠢᠵᠠᠭᠠᠷ ᠣᠷᠣᠨ᠎ᠤ ᠵᠠᠯᠠᠭᠤᠴᠤᠳ ᠪᠠᠭᠠᠴᠤᠳ᠎ᠤᠨ ᠦᠰᠦᠨ ᠪᠣᠶ᠋ᠢᠵᠢᠯᠲᠠ᠎ᠶᠢᠨ ᠬᠥᠮᠦᠵᠢᠯ᠎ᠳᠦ ᠨᠠᠷᠢᠯᠢᠭ ᠣᠨᠣᠴᠠᠲᠠᠶ᠎ᠪᠠᠷ ᠠᠩᠬᠠᠷᠤᠯ᠎ᠢᠶᠠᠨ ᠲᠥᠪᠯᠡᠷᠡᠭᠦᠯᠵᠦ᠍᠂ ᠪᠡᠭᠡᠵᠢᠩ ᠥᠪᠥᠷ ᠮᠤᠨᠭᠭᠤᠯ ᠬᠣᠶᠠᠷ ᠭᠠᠵᠠᠷ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠬᠠᠷᠢᠯᠴᠠᠨ ᠤᠢᠯᠠᠭᠠᠯᠴᠠᠵᠤ ᠬᠠᠷᠢᠯᠴᠠᠨ ᠰᠤᠷᠤᠯᠴᠠᠬᠤ᠂ ᠭᠠᠷ ᠬᠣᠯᠪᠣᠨ ᠬᠠᠮᠲᠤ᠎ᠪᠠᠷ ᠤᠷᠤᠭᠰᠢᠯᠠᠭᠰᠠᠨ ᠪᠠᠲᠤ᠌ ᠪᠠᠬᠢ ᠬᠥᠭᠥᠷᠭᠡ᠎ᠶᠢ ᠪᠠᠶ᠋ᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠵᠠᠯᠠᠭᠤᠴᠤᠳ ᠪᠠᠭᠠᠴᠤᠳ᠎ᠤᠨ ᠰᠡᠳᠬᠢᠯ ᠳ᠋ᠤ ᠬᠠᠳᠠᠩᠰᠢᠭᠤᠯᠬᠤ᠎ᠶᠢ ᠦᠷᠭᠦᠯᠵᠢᠯᠡᠨ ᠠᠬᠢᠭᠤᠯᠪᠠ᠃


f078121c-8725-4643-95d9-6a70680b8fd2.png


ᠦᠨᠳᠤᠰᠦᠳᠡᠨ᠎ᠤ ᠰᠤᠶᠤᠯ᠎ᠦᠨ ᠤᠷᠳᠤᠨ — ᠦᠨᠳᠦᠰᠦᠳᠡᠨ᠎ᠤ ᠪᠦᠯᠬᠦᠮᠳᠡᠯ ᠲᠠᠪᠰᠢᠯᠳᠠ ᠵᠢᠨ ᠬᠦᠮᠦᠵᠢᠯ


ᠰᠤᠳᠤᠯᠤᠨ ᠰᠤᠷᠤᠯᠴᠠᠬᠤ ᠠᠵᠢᠯᠯᠠᠭ᠎ᠠ ᠨᠢ ᠬᠢᠯᠢ ᠬᠢᠵᠠᠭᠠᠷ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ᠌ ᠳᠤᠮᠳᠠᠳᠤ ᠤᠯᠤᠰ᠎ᠤᠨ ᠰᠣᠶᠣᠯ᠎ᠢ ᠤᠢ᠌ᠯᠠᠭᠠᠭᠤᠯᠵᠤ᠂ ᠤᠯᠤᠰ᠎ᠢᠶᠠᠨ ᠬᠠᠶ᠋ᠢᠷᠠᠯᠠᠬᠤ ᠰᠡᠳᠬᠢᠯᠭᠡ᠎ᠶᠢ ᠵᠤᠵᠠᠭᠠᠳᠬᠠᠵᠤ᠂ ᠪᠦᠯᠬᠦᠮᠳᠡᠯ᠎ᠦᠨ ᠬᠦᠴᠦᠨ᠎ᠢ ᠨᠢᠭᠲᠠᠷᠠᠭᠤᠯᠪᠠ᠃ 71 ᠵᠠᠯᠠᠭᠤᠴᠤᠳ ᠪᠠᠭᠠᠴᠤᠳ ᠤᠯᠤᠰ ᠵᠢᠡᠨ ᠬᠠᠢᠷᠠᠯᠠᠬᠤ ᠦᠵᠡᠯ᠎ᠦᠨ ᠬᠥᠮᠦᠵᠢᠯ᠂ ᠬᠤᠪᠢᠰᠬᠠᠯ᠎ᠤᠨ ᠬᠥᠮᠦᠵᠢᠯ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ᠌ ᠰᠣᠶᠣᠯ᠎ᠤᠨ ᠬᠥᠮᠦᠵᠢᠯ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠢ ᠨᠢᠭᠡ ᠴᠣᠭᠴᠠᠵᠢᠭᠤᠯᠤᠭᠰᠠᠨ ᠣᠯᠠᠨ ᠡᠰᠢᠲᠦ᠍ ᠰᠤᠳᠤᠯᠤᠨ ᠰᠤᠷᠤᠯᠴᠠᠬᠤ ᠬᠢᠴᠢᠶᠡᠯ ᠬᠦᠮᠦᠵᠢᠯ᠎ᠢ ᠭᠥᠷᠳᠡᠵᠦ᠍᠂ ᠪᠡᠭᠡᠵᠢᠩ ᠬᠣᠲᠠ᠎ᠶᠢᠨ ᠵᠠᠯᠠᠭᠤᠴᠤᠳ ᠪᠠᠭᠠᠴᠤᠳ᠎ᠯᠤᠭ᠎ᠠ᠎ᠶᠢᠨ ᠶᠠᠪᠤᠯᠴᠠᠭ᠎ᠠ ᠰᠣᠯᠢᠯᠴᠠᠭ᠎ᠠ ᠳᠤᠮᠳᠠ ᠨᠥᠬᠥᠷᠯᠡᠯ᠎ᠢᠶᠡᠨ ᠵᠤᠵᠠᠭᠠᠳᠬᠠᠵᠠᠢ᠃

《ᠪᠢ ᠲᠢᠶᠠᠨ ᠠᠨ ᠮᠸᠨ ᠠᠭᠤᠳᠠᠮ ᠲᠠᠯᠠᠪᠠᠢ᠎ᠳᠤ ᠤᠯᠤᠰ᠎ᠤᠨ ᠲᠤᠭ ᠮᠠᠨᠳᠤᠭᠤᠯᠬᠤ ᠶᠣᠰᠣᠯᠠᠯ᠎ᠢ ᠦᠵᠡᠬᠦ᠌᠎ᠶᠢ ᠮᠠᠰᠢ ᠬᠦᠰᠡᠨ ᠬᠦᠯᠢᠶᠡᠵᠦ᠍ ᠪᠠᠶ᠋ᠢᠵᠠᠢ᠂ ᠡᠨᠡ ᠤᠳᠠᠭ᠎ᠠ ᠵᠠᠪᠰᠢᠶᠠᠨ᠎ᠢᠶᠠᠷ ᠲᠢᠶᠠᠨ ᠠᠨ ᠮᠸᠨ ᠳ᠋ᠦ᠍ ᠬᠦᠷᠴᠦ᠍ ᠡᠨᠡ ᠬᠦ᠌ ᠲᠠᠷᠬᠠᠨ ᠴᠠᠭ ᠮᠥᠴᠡ᠎ᠶᠢ ᠨᠢᠳᠦ ᠪᠡᠷ ᠵᠢᠡᠨ ᠦᠵᠡᠬᠦ᠌ ᠪᠤᠯᠤᠭᠰᠠᠨ᠎ᠳᠦ ᠪᠠᠨ ᠲᠤᠶ᠋ᠢᠯ᠎ᠢᠶᠠᠷ ᠰᠡᠳᠬᠢᠯ ᠳᠣᠭᠳᠣᠯᠵᠤ ᠪᠠᠶ᠋ᠢᠨ᠎ᠠ》 ᠭᠡᠵᠦ᠍ ᠬᠢᠩᠭᠠᠨ ᠠᠶ᠋ᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ᠍ ᠬᠣᠰᠢᠭᠤᠨ᠎ᠤ ᠬᠣᠶᠠᠳᠤᠭᠠᠷ ᠪᠠᠭ᠎ᠠ ᠰᠤᠷᠭᠠᠭᠤᠯᠢ᠎ᠶᠢᠨ ᠽᠸ᠋ᠦ ᠮᠢᠩ ᠰᠢᠤᠸᠠᠨ ᠬᠡᠯᠡᠪᠡ᠃


39a67932-487b-454d-ab8b-0e316b4ae17e.png


ᠤᠷᠳᠤ ᠴᠠᠭᠠᠨ ᠬᠡᠷᠡᠮ᠎ᠦᠨ ᠲᠡᠦᠭᠡ ᠵᠢᠨ ᠭᠤᠤᠯ ᠰᠡᠳᠤᠪᠳᠤ ᠰᠤᠳᠤᠯᠤᠨ ᠰᠤᠷᠤᠯᠴᠠᠬᠤ ᠬᠦᠮᠦᠵᠢᠯ


ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ᠌ ᠵᠥᠪᠯᠡᠯ᠎ᠦᠨ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠭᠠᠵᠠᠷ᠎ᠤᠨ ᠳᠡᠳ᠋ ᠳᠠᠷᠤᠭ᠎ᠠ ᠰᠠᠷᠠᠨ᠎ᠠ᠄《ᠲᠤᠰ ᠤᠳᠠᠭ᠎ᠠ᠎ᠶᠢᠨ ᠰᠤᠳᠤᠯᠤᠨ ᠰᠤᠷᠤᠯᠴᠠᠵᠥ᠍ ᠰᠣᠯᠢᠯᠴᠠᠬᠤ ᠠᠵᠢᠯᠯᠠᠭ᠎ᠠ ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ᠌ ᠬᠠᠷᠠᠭ᠎ᠠ᠎ᠪᠠᠨ ᠥᠷᠭᠡᠳᠬᠡᠬᠦ᠌᠂ ᠮᠡᠳᠡᠯᠭᠡ᠎ᠪᠡᠨ ᠨᠡᠮᠡᠭᠳᠡᠭᠦᠯᠬᠦ᠌᠂ ᠬᠠᠷᠢᠯᠴᠠᠨ ᠰᠤᠷᠤᠯᠴᠠᠵᠥ᠍ ᠬᠠᠮᠲᠤ᠎ᠪᠠᠷ ᠤᠷᠤᠭᠰᠢᠯᠠᠬᠤ ᠲᠠᠪᠴᠠᠩ ᠬᠠᠩᠭᠠᠨ ᠦᠭᠴᠤ᠂ ᠰᠤᠳᠤᠯᠤᠨ ᠰᠤᠷᠤᠯᠴᠠᠵᠥ᠍ ᠪᠠᠶ᠋ᠢᠭ᠎ᠠ ᠪᠦᠬᠦ᠌ ᠵᠠᠯᠠᠭᠤᠴᠤᠳ ᠪᠠᠭᠠᠴᠤᠳ᠎ᠦᠨ ᠦᠢᠯᠡᠳᠦᠯᠭᠡ᠎ᠶᠢᠨ ᠳᠤᠮᠳᠠ᠂ ᠳᠤᠮᠳᠠᠳᠤ ᠤᠯᠤᠰ ᠵᠢᠡᠨ ᠬᠠᠶ᠋ᠢᠷᠠᠯᠠᠬᠤ᠂ ᠦᠨᠳᠦᠰᠦᠲᠡᠨ᠎ᠦ ᠪᠦᠯᠬᠦᠮᠳᠡᠯ᠎ᠢ ᠬᠠᠶ᠋ᠢᠷᠠᠯᠠᠬᠤ ᠦᠷ᠎ᠡ᠎ᠶᠢ ᠭᠦᠨ ᠦᠨᠳᠦᠰᠦᠯᠡᠭᠦᠯᠵᠦ᠍᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠦᠨ ᠰᠠᠬᠢᠨ ᠪᠠᠷᠠᠯᠠᠵᠥ᠍ ᠬᠠᠷᠢᠯᠴᠠᠨ ᠬᠠᠪᠰᠤᠷᠤᠯᠴᠠᠬᠤ ᠴᠠᠭ ᠦᠶ᠎ᠡ᠎ᠶᠢᠨ ᠰᠢᠨ᠎ᠡ ᠬᠠᠭᠤᠳᠠᠰᠤ᠎ᠶᠢ ᠦᠷᠭᠦᠯᠵᠢᠯᠡᠨ ᠪᠢᠴᠢᠭᠯᠡᠬᠦ᠌ ᠪᠣᠯᠤᠨ᠎ᠠ》 ᠭᠡᠵᠦ᠍ ᠬᠡᠯᠡᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面