ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-13 10:28:13

ᠵᠣᠬᠢᠶᠠᠭ᠍ᠴᠢ᠄ ᠴᠡᠯᠮᠡᠭ ᠦᠢᠯᠡᠰ ᠣᠩᠱᠢᠭ᠍ᠰᠠᠨ ᠣᠳᠠᠭ᠎ᠠ᠄ 3

ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠭᠣᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠦᠨ ᠰᠤᠳᠤᠯᠭᠠᠨ ᠬᠡᠷᠡᠭᠯᠡᠭᠡᠨ᠎ᠤ ᠲᠥᠪ᠂ ᠪᠠᠶᠠᠨᠨᠠᠭᠤᠷ ᠬᠤᠳᠠ ᠵᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠤᠷᠠᠳ᠎ᠤᠨ ᠬᠣᠶ᠋ᠢᠲᠤ᠌ ᠬᠣᠰᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠳᠠᠭᠠᠭᠠᠴᠢᠯᠠᠨ ᠡᠷᠭᠢᠯᠡᠭᠰᠡᠨ 《ᠠᠨᠠᠷ᠎ᠤᠨ ᠦᠷ᠎ᠡ ᠮᠡᠲᠦ ᠨᠢᠭᠲᠠᠷᠠᠨ ᠪᠦᠯᠬᠦᠮᠳᠡᠵᠦ ᠵᠢᠱ᠌ᠢᠶᠡᠴᠢ ᠯᠤᠭᠡ ᠮᠥᠷᠥ ᠵᠡᠷᠭᠡᠴᠡᠨ ᠤᠷᠤᠭᠰᠢᠯᠠᠶ᠎ᠠ》 ᠲᠥᠷᠥ᠎ᠶᠢᠨ ᠪᠣᠳᠣᠯᠭ᠎ᠠ᠂ ᠮᠡᠷᠭᠡᠵᠢᠯ᠂ ᠦᠢᠯᠡᠴᠢᠯᠡᠭᠡ ᠵᠢ ᠦᠨᠳᠦᠰᠦᠨ ᠱᠠᠲᠤᠨ᠎ᠳᠤ ᠬᠦᠷᠭᠡᠬᠦ ᠠᠵᠢᠯᠯᠠᠭ᠎ᠠ 8 ᠰᠠᠷ᠎ᠠ ᠎ᠶᠢᠨ 9 ᠎ᠡᠴᠡ 12 ᠤ᠋ᠨ ᠡᠳᠦᠷ ᠪᠣᠯᠲᠠᠯ᠎ᠠ ᠤᠷᠠᠳ᠎ᠤᠨ ᠬᠣᠶ᠋ᠢᠲᠤ᠌ ᠬᠣᠰᠢᠭᠤᠨ᠎ᠳᠤ ᠶᠠᠪᠤᠭ᠍ᠳᠠᠪᠠ᠃

ᠠᠵᠢᠯᠯᠠᠭ᠎ᠠ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠣᠭᠴᠠᠯᠠᠬᠤ ᠪᠡᠷ ᠭᠣᠣᠯ ᠰᠢᠵᠢᠮ ᠪᠣᠯᠭᠠᠵᠤ᠂ ᠠᠯᠪᠠᠨ ᠵᠢᠷᠤᠮ᠎ᠤᠨ ᠡᠮᠴᠢᠯᠡᠭᠡ᠂ ᠮᠡᠷᠭᠡᠵᠢᠯ᠎ᠤᠨ ᠪᠣᠯᠪᠠᠰᠤᠷᠠᠯ᠂ ᠲᠦᠷᠦ ᠵᠢᠨ ᠪᠣᠳᠣᠯᠭ᠎ᠠ ᠵᠢᠨ ᠲᠠᠢᠯᠤᠮᠵᠢ ᠵᠡᠷᠭᠡ ᠦᠢᠯᠡᠴᠢᠯᠡᠭᠡ ᠶ᠋ᠢ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠤ᠌ ᠬᠦᠷᠭᠡᠵᠦ᠍᠂ ᠦᠨᠡᠨ ᠪᠣᠳᠠᠲᠠᠢ ᠦᠢᠯᠡ ᠠᠵᠢᠯᠯᠠᠭ᠎ᠠ ᠪᠡᠷ ᠵᠢᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠵᠢ ᠠᠬᠢᠭᠤᠯᠬᠤ᠎ᠳᠤ ᠬᠦᠴᠦᠨ ᠨᠡᠮᠡᠷᠢᠯᠡᠵᠡᠢ᠃ ᠠᠵᠢᠯᠯᠠᠭ᠎ᠠ ᠵᠢᠨ ᠬᠤᠭᠤᠴᠠᠭᠠᠨ᠎ᠳᠤ᠂ ᠥᠪᠥᠷ ᠮᠣᠩᠭᠣᠯ ᠤ᠋ᠨ ᠡᠳᠦᠷ ᠤ᠋ᠨ ᠰᠣᠨᠢᠨ ᠤ᠋ ᠬᠣᠷᠢᠶ᠎ᠠ ᠦᠵᠡᠭᠦᠯᠭᠡ ᠵᠢᠨ ᠲᠠᠪᠴᠠᠩ ᠭᠠᠷᠭᠠᠵᠤ᠂ ᠬᠦᠯᠦᠭ ᠰᠢᠯᠵᠢᠶ᠎ᠡ ᠵᠢ ᠤᠬᠠᠭᠤᠯᠤᠨ ᠲᠠᠨᠢᠯᠴᠠᠭᠤᠯᠵᠤ᠂ ᠮᠠᠰᠢ ᠤᠯᠠᠨ ᠬᠥᠮᠥᠰ ᠤ᠋ᠨ ᠠᠩᠬᠠᠷᠤᠯ ᠢ᠋ ᠲᠠᠲᠠᠭᠰᠠᠨ ᠪᠠᠢᠨ᠎ᠠ᠃ ᠬᠦᠯᠦᠭ ᠰᠢᠯᠵᠢᠶ᠎ᠡ 2016 ᠣᠨ ᠤ᠋ 12 ᠰᠠᠷ᠎ᠠ ᠵᠢᠨ 30 ᠤ᠋ ᠡᠳᠦᠷ ᠰᠦᠯᠵᠢᠶᠡᠨ ᠳ᠋ᠤ ᠭᠠᠷᠴᠤ ᠠᠰᠢᠭᠯᠠᠯᠳᠠ ᠳ᠋ᠤ ᠤᠷᠤᠵᠠᠢ᠂ ᠳᠤᠰ ᠰᠢᠯᠵᠢᠶ᠎ᠡ ᠪᠤᠯ ᠤᠯᠤᠰ ᠤ᠋ᠨ ᠳᠣᠲᠣᠭᠠᠳᠤ ᠳ᠋ᠤ ᠬᠠᠮᠤᠭ ᠤ᠋ᠨ ᠡᠷᠲᠡ ᠪᠠᠢᠭᠤᠯᠤᠭᠳᠠᠭᠰᠠᠨ ᠮᠣᠩᠭᠣᠯ ᠬᠡᠯᠡᠨ ᠤ᠋ ᠠᠯᠪᠠᠨ ᠤ᠋ ᠳᠠᠯ᠎ᠠ ᠶ᠋ᠢᠨ ᠰᠢᠯᠵᠢᠶ᠎ᠡ ᠪᠠᠢᠵᠤ᠂ ᠰᠣᠨᠢᠨ ᠮᠡᠳᠡᠭᠡ᠂ ᠬᠠᠮ ᠵᠠᠭᠤᠴᠢᠯᠠᠭᠤᠷ᠂ ᠡᠬᠦᠯᠡᠨ ᠦᠵᠦᠬᠦᠷᠯᠢᠭ᠂ ᠲᠣᠭᠠᠴᠢᠯᠠᠭᠰᠠᠨ ᠰᠣᠨᠢᠨ᠂ ᠬᠡᠷᠡᠭᠯᠡᠭᠴᠢ ᠶ᠋ᠢᠨ ᠲᠥᠪ ᠵᠡᠷᠭᠡ 5 ᠲᠣᠮᠣ᠌ ᠬᠡᠰᠡᠭ ᠤ᠋ᠨ 20 ᠰᠤᠪᠠᠭ ᠲᠠᠢ ᠪᠦᠭᠡᠳ ᠲᠣᠭᠠᠴᠢᠯᠠᠭᠰᠠᠨ ᠰᠣᠨᠢᠨ᠂ ᠰᠢᠭᠤᠳ ᠨᠡᠪᠲᠡᠷᠡᠭᠦᠯᠬᠡ ᠵᠡᠷᠭᠡ ᠴᠢᠳᠠᠮᠵᠢ ᠳᠠᠢ ᠪᠠᠢᠵᠦ᠂ ᠬᠡᠷᠡᠭᠯᠡᠭᠴᠢᠳ ᠲᠤ᠌ ᠥᠨᠳᠥᠷ ᠪᠦᠲᠦᠮᠵᠢᠲᠡᠢ᠂ ᠴᠢᠨᠠᠷ ᠰᠠᠢᠲᠠᠢ ᠮᠡᠳᠡᠭᠡ ᠵᠠᠩᠭᠢ ᠬᠠᠩᠭᠠᠳᠠᠭ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面