2026-08-26 10:31:07
— ᠥᠪᠥᠷ ᠮᠣᠩᠭᠣᠯ ᠴᠢᠨᠠᠷ ᠰᠠᠢᠲᠠᠢ ᠬᠣᠲᠠ᠎ᠶᠢᠨ ᠦᠨᠳᠦᠰᠦᠲᠡᠨ᠎ᠦ ᠠᠵᠢᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠪᠣᠶ
ᠥᠷᠯᠥᠭᠡ ᠡᠷᠳᠡ ᠦᠨᠳᠦᠰᠦᠲᠡᠨ᠎ᠨᠦᠭᠦᠳ᠎ᠦᠨ ᠣᠯᠠᠨ ᠲᠦᠮᠡᠨ ᠴᠡᠴᠡᠷᠯᠢᠭ᠎ᠲᠦ ᠬᠠᠮᠲᠤ ᠪᠥᠵᠢᠭᠯᠡᠵᠦ ᠪᠡᠶ᠎ᠡ᠎ᠪᠡᠨ ᠴᠢᠭᠢᠷᠠᠭᠵᠢᠭᠤᠯᠤᠨ᠎ᠠ; ᠦᠳᠡ᠎ᠶᠢᠨ ᠬᠣᠢᠨ᠎ᠠ᠂ ᠨᠡᠢᠭᠡᠮ ᠲᠣᠭᠣᠷᠢᠭ᠋᠎ᠤᠨ ᠬᠥᠷᠰᠢ ᠵᠡᠷᠭᠡᠯᠡᠳᠡᠭᠡ ᠵᠢᠨ ᠬᠢᠨ ᠨᠢᠭᠡ ᠲᠠᠩᠬᠢᠮ᠎ᠳᠤ ᠴᠤᠭᠯᠠᠷᠠᠵᠤ ᠶᠡᠬᠡ ᠪᠠᠭ᠎ᠠ ᠭᠡᠷ᠎ᠦᠨ ᠶᠠᠪᠤᠳᠠᠯ ᠵᠢᠡᠨ ᠬᠠᠮᠲᠤ᠎ᠪᠠᠷ ᠵᠥᠪᠳᠡᠯᠴᠡᠨ᠎ᠡ; ᠣᠷᠣᠢ᠎ᠳᠠᠭᠠᠨ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠣᠷᠣᠢ᠎ᠶᠢᠨ ᠰᠤᠷᠭᠠᠭᠤᠯᠢ᠎ᠳᠤ ᠤᠴᠢᠵᠤ ᠰᠢᠨ᠎ᠡ ᠤᠷ᠎ᠠ ᠴᠢᠳᠠᠪᠤᠷᠢ ᠰᠤᠷᠤᠯᠴᠠᠨ᠎ᠠ ᠁ ᠭᠠᠵᠠᠷ ᠪᠣᠯᠭᠠᠨ᠎ᠳᠤ ᠬᠠᠷᠠᠭᠳᠠᠬᠤ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠦᠵᠡᠭᠳᠡᠯ ᠪᠣᠯ ᠥᠪᠥᠷ ᠮᠣᠩᠭᠣᠯ᠎ᠤᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠴᠢᠨᠭᠭ᠎ᠠ ᠡᠵᠡᠮᠳᠡᠨ᠂ ᠴᠢᠨᠠᠷ ᠰᠠᠢᠲᠠᠢ ᠬᠤᠳᠠ᠎ᠶᠢᠨ ᠦᠨᠳᠦᠰᠦᠲᠡᠨ᠎ᠦ ᠠᠵᠢᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠦ ᠪᠠᠢᠭ᠎ᠠ ᠠᠮᠢᠳᠤᠯᠢᠭ᠋ ᠵᠢᠷᠤᠬᠯᠠᠯ ᠪᠣᠯᠣᠨ᠎ᠠ᠃
ᠬᠤᠳᠠ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠴᠢᠬᠤᠯᠠ ᠵᠢᠭ᠍ᠰᠠᠭᠠᠯ᠎ᠤᠨ ᠭᠠᠵᠠᠷ ᠪᠠᠢᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠶᠡᠬᠡ ᠲᠠᠪᠴᠠᠩ ᠮᠥᠨ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠰᠢᠨ᠎ᠡ ᠴᠠᠭ ᠦᠶ᠎ᠡ᠎ᠶᠢᠨ ᠬᠣᠲᠠ᠎ᠶᠢᠨ ᠦᠨᠳᠦᠰᠦᠲᠡᠨ᠎ᠦ ᠠᠵᠢᠯ᠎ᠢ ᠬᠦᠴᠦᠯᠡᠨ ᠰᠠᠢᠲᠤᠷ ᠬᠢᠵᠦ᠂ ᠬᠠᠷᠢᠯᠴᠠᠨ ᠰᠢᠭᠢᠳᠭᠡᠬᠦ ᠮᠠᠶᠢᠭ᠋᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠪᠠᠶ᠋ᠢᠭᠤᠯᠬᠤ᠎ᠪᠠᠷ ᠭᠠᠷᠳᠡᠴᠡ ᠪᠣᠯᠭᠠᠨ᠂ ᠦᠢᠯᠡᠴᠢᠯᠡᠭᠡᠨ᠎ᠦ ᠰᠢᠰᠲᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ᠎ᠦᠨ ᠠᠭᠤᠰᠤᠯᠴᠠᠯ᠎ᠢ ᠴᠢᠩᠭᠠᠳᠬᠠᠨ᠂ ᠬᠠᠢᠷ᠎ᠠ ᠰᠡᠳᠬᠢᠯᠭᠡ᠎ᠶᠢᠨ ᠠᠭᠤᠰᠤᠯᠴᠠᠯ᠎ᠢ ᠠᠬᠢᠭᠤᠯᠵᠤ᠂ ᠬᠣᠲᠠ᠎ᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ ᠭᠡᠷ ᠣᠷᠣᠨ ᠪᠣᠯᠭᠠᠪᠠ᠃
ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠪᠡᠷ ᠬᠥᠮᠥᠰ᠎ᠦᠨ ᠰᠡᠳᠬᠢᠯ᠎ᠢ ᠳᠤᠯᠠᠭᠠᠴᠡᠭᠤᠯᠵᠤ ᠭᠠᠷ ᠬᠣᠯᠪᠣᠯᠴᠠᠨ ᠪᠠᠶᠠᠵᠢᠨ ᠴᠢᠨᠡᠭᠡᠯᠢᠭᠵᠢᠬᠦ ᠲᠤᠮᠳᠠ ᠰᠡᠳᠬᠢᠯ᠎ᠢ ᠨᠢᠭᠲᠠᠷᠠᠭᠤᠯᠤᠨ᠎ᠠ
ᠠᠵᠢᠯ ᠣᠯᠭᠣᠵᠤ ᠣᠷᠣᠯᠭ᠎ᠠ᠎ᠶᠢ ᠨᠡᠮᠡᠭᠳᠡᠭᠦᠯᠬᠦ ᠪᠣᠯ ᠣᠯᠠᠨ ᠲᠦᠮᠡᠨ᠎ᠦ ᠬᠣᠲᠠ᠎ᠳᠤ ᠦᠨᠳᠦᠰᠦᠯᠡᠬᠦ ᠢᠲᠡᠭᠡᠯ ᠵᠣᠷᠢᠭ᠋ ᠪᠠᠢᠵᠦ᠂ ᠠᠷᠠᠳ᠎ᠲᠤ ᠲᠥᠬᠥᠮ ᠦᠵᠡᠭᠦᠯᠬᠦ ᠦᠢᠯᠡᠴᠢᠯᠡᠭᠡ ᠪᠣᠯ ᠬᠣᠲᠠ᠎ᠳᠤ ᠠᠭᠤᠰᠤᠯᠴᠠᠬᠤ ᠬᠥᠭᠥᠷᠭᠡ ᠮᠥᠨ᠃ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠪᠦᠯᠬᠦᠮᠳᠡᠯ ᠰᠠᠭᠤᠭᠠᠯᠢ ᠠᠷᠠᠳ᠎ᠤᠨ ᠲᠤᠭᠤᠷᠢᠭ᠎ᠤᠨ ᠨᠡᠢᠭᠡᠮ ᠲᠣᠭᠣᠷᠢᠭ᠋᠎ᠤᠨ ᠬᠠᠮᠲᠤ ᠪᠡᠷ ᠪᠠᠶᠠᠵᠢᠬᠤ ᠦᠢᠯᠡᠳᠭᠡᠯ᠎ᠤᠨ ᠭᠠᠵᠠᠷ᠎ᠲᠤ᠂ 10 ᠪᠦᠰᠡᠬᠦᠢ ᠶᠠᠭ ᠰᠠᠢᠬᠠᠨ ᠲᠣᠪᠴᠢᠯᠠᠭᠤᠷ ᠦᠢᠯᠡᠳᠴᠦ᠂ ᠪᠦᠲᠦᠭᠡᠭᠳᠡᠬᠦᠨ᠎ᠢ ᠠᠵᠤ ᠠᠬᠤᠢᠯᠠᠯ᠎ᠡᠴᠡ ᠨᠢᠭᠡᠳᠦᠯᠲᠡᠢ ᠬᠣᠷᠢᠶᠠᠨ ᠠᠪᠴᠤ ᠣᠷᠣᠯᠠᠨ ᠪᠣᠷᠣᠯᠠᠭᠤᠯᠵᠤ᠂ ᠭᠡᠷ᠎ᠲᠡᠬᠡᠨ ᠠᠮᠢᠳᠤᠯᠢᠭ᠋᠎ᠢᠶᠠᠷ ᠠᠵᠢᠯ ᠣᠯᠪᠡ᠃
《ᠮᠢᠨᠤ ᠬᠠᠨᠢ ᠨᠦᠬᠦᠷ ᠭᠠᠳᠠᠨ᠎ᠠ ᠭᠠᠵᠠᠷ ᠠᠵᠢᠯᠯᠠᠵᠤ ᠪᠠᠢᠳᠠᠭ᠂ ᠪᠢ ᠠᠩᠬ᠎ᠠ ᠢᠷᠡᠬᠦ ᠳ᠋ᠡᠭᠡᠨ᠂ ᠡᠳᠦᠷ ᠪᠦᠷᠢ ᠬᠡᠦᠬᠡᠳᠵᠢᠡᠨ ᠲᠤᠰᠴᠤ ᠬᠦᠷᠭᠡᠪᠡᠯ ᠪᠤᠰᠤᠳ᠎ᠲᠠᠢ ᠳᠡᠮᠡᠢ ᠬᠠᠷᠢᠯᠴᠠᠳᠠᠭ ᠦᠭᠡᠢ ᠪᠠᠢᠪᠠ᠃ ᠲᠤᠤᠷᠵᠢᠭᠤᠯᠤᠯᠲᠠ᠎ᠵᠢᠨ ᠠᠵᠢᠯᠲᠠᠨ ᠭᠡᠷ᠎ᠲᠦ ᠬᠦᠷᠴᠦ ᠮᠢᠨᠤ ᠪᠠᠢᠳᠠᠯ᠎ᠢ ᠣᠢᠯᠠᠭᠠᠵᠤ᠂ ᠨᠠᠳᠠ ᠳ᠋ᠦ ᠬᠠᠮᠲᠤ᠎ᠪᠠᠷ ᠪᠠᠶᠠᠵᠢᠬᠤ ᠦᠢᠯᠡᠳᠭᠡᠯ᠎ᠤᠨ ᠭᠠᠵᠠᠷ᠎ᠲᠦ ᠬᠦᠷᠴᠦ ᠭᠠᠷ ᠤᠷᠠᠯᠠᠯ ᠰᠤᠷᠬᠤ ᠲᠤᠬᠠᠢ ᠲᠠᠨᠢᠯᠴᠠᠭᠤᠯᠪᠠ》 ᠬᠡᠵᠦ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠋᠎ᠤᠨ ᠰᠠᠭᠤᠭᠠᠯᠢ ᠠᠷᠠᠳ ᠪᠠᠢ ᠯᠢ ᠬᠤᠸᠠ ᠬᠡᠯᠡᠪᠡ᠃ ᠲᠡᠷᠡ᠄ 《ᠡᠩ᠎ᠦᠨ ᠦᠶ᠎ᠡ᠎ᠳᠦ ᠪᠢ ᠬᠡᠦᠬᠡᠨ᠎ᠢᠶᠡᠨ ᠰᠤᠷᠭᠠᠭᠤᠯᠢ᠎ᠳᠦ᠎ᠨᠢ ᠬᠦᠷᠭᠡᠪᠡᠯ ᠡᠨᠳᠡ ᠢᠷᠡᠵᠦ ᠡᠭᠡᠴᠢ ᠳᠡᠭᠦᠦ ᠨᠠᠷ᠎ᠲᠠᠢ᠎ᠪᠡᠨ ᠬᠠᠮᠲᠤ ᠲᠣᠪᠴᠢᠯᠠᠭᠤᠷ ᠬᠢᠳᠡᠭ᠂ ᠦᠳᠡ᠎ᠳᠦ ᠭᠡᠷ᠎ᠲᠡᠬᠡᠨ ᠬᠣᠭᠣᠯᠠ ᠪᠠᠵᠠᠭᠠᠵᠤ᠂ ᠬᠡᠦᠬᠡᠳ᠎ᠢᠶᠡᠨ ᠲᠤᠰᠴᠤ ᠪᠣᠯᠣᠨ᠎ᠠ᠃ ᠬᠡᠦᠬᠡᠳ ᠵᠢᠡᠨ ᠬᠠᠷᠠᠭᠠᠯᠵᠠᠬᠤ᠎ᠶᠢ ᠬᠠᠷᠰᠢᠯᠠᠬᠤ ᠦᠭᠡᠢ ᠮᠥᠷᠲᠡᠭᠡᠨ ᠠᠵᠤ ᠠᠬᠤᠢ᠎ᠶᠢᠨ ᠳᠠᠷᠤᠭᠠᠰᠤ᠎ᠶᠢ ᠬᠥᠩᠭᠡᠷᠡᠭᠦᠯᠵᠦ᠂ ᠡᠳᠦᠷ ᠪᠦᠷᠢ ᠡᠭᠡᠴᠢ ᠳᠡᠭᠦᠦ ᠨᠠᠷ᠎ᠲᠠᠢ᠎ᠪᠡᠨ ᠭᠠᠷ ᠤᠷᠠᠯᠠᠯ᠎ᠤᠨ ᠠᠵᠢᠯ ᠬᠢᠬᠦ᠎ᠶᠢᠨ ᠳᠠᠭᠠᠤ ᠵᠣᠭᠣᠭᠳᠠᠵᠤ᠂ ᠠᠮᠤᠷ ᠲᠠᠢᠪᠤᠩ ᠠᠵᠤ ᠲᠦᠷᠦᠵᠦ ᠪᠠᠢᠨ᠎ᠠ! 》 ᠭᠡᠪᠡ᠃
ᠬᠠᠷᠢᠶ᠎ᠠ ᠣᠷᠣᠨ᠎ᠤ ᠣᠯᠠᠨ ᠲᠦᠮᠡᠨ᠎ᠦ ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ᠂ ᠣᠷᠣᠯᠭ᠎ᠠ᠎ᠶᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠬᠦ᠎ᠶᠢᠨ ᠲᠥᠯᠥᠭᠡ᠂ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠋᠎ᠤᠨ ᠨᠡᠢᠭᠡᠮ ᠲᠣᠭᠣᠷᠢᠭ᠋ᠦᠨᠳᠦᠰᠦᠲᠡᠨᠨᠦᠭᠦᠳᠦᠨ ᠰᠠᠭᠤᠭᠠᠯᠢ ᠠᠷᠠᠳ᠎ᠤᠨ ᠬᠠᠮᠲᠤ᠎ᠪᠠᠷ ᠪᠠᠶᠠᠵᠢᠬᠤ ᠦᠢᠯᠡᠳᠭᠡᠯ᠎ᠤᠨ ᠭᠠᠵᠠᠷ᠎ᠢ ᠬᠦᠴᠦᠯᠡᠨ ᠪᠠᠢᠭᠤᠯᠵᠤ᠂ ᠪᠦᠰᠡᠭᠦᠢ᠂ ᠮᠤ᠌ ᠯᠸ ᠦᠢᠯᠡᠳᠭᠡᠯ᠎ᠤᠨ ᠭᠠᠵᠠᠷ ᠵᠡᠷᠭᠡ ᠠᠵᠤ ᠠᠬᠤᠢᠯᠠᠯ᠎ᠲᠠᠢ ᠬᠣᠯᠪᠤᠭᠠᠯᠠᠨ᠂ ᠵᠠᠬᠢᠶᠠᠯᠠᠭ᠎ᠠ᠎ᠶᠢᠨ ᠮᠠᠶᠢᠭ᠋᠎ᠤᠨ ᠪᠣᠯᠪᠠᠰᠤᠷᠠᠯ᠎ᠤᠨ ᠠᠩᠭᠢ᠎ᠪᠠᠷ ᠳᠠᠮᠵᠢᠭᠤᠯᠤᠨ ᠤᠯᠠᠮᠵᠢᠯᠠᠯᠲᠤ ᠭᠠᠷ ᠤᠷᠠᠯᠠᠯ᠎ᠤᠨ ᠴᠢᠳᠠᠪᠤᠷᠢᠲᠠᠨ᠎ᠢ ᠬᠠᠨᠳᠤᠯᠭ᠎ᠠ᠎ᠲᠠᠢ᠎ᠪᠠᠷ ᠬᠥᠮᠥᠵᠢᠭᠦᠯᠪᠡ᠃ ᠡᠨᠡ ᠬᠦ᠌ 《ᠤᠷ᠎ᠠ ᠴᠢᠳᠠᠪᠤᠷᠢ᠎ᠶᠢᠨ ᠪᠣᠯᠪᠠᠰᠤᠷᠠᠯ + ᠠᠵᠢᠯ᠎ᠤᠨ ᠪᠠᠢᠷᠢ᠎ᠶᠢᠨ ᠬᠠᠩᠭᠠᠯᠭ᠎ᠠ》 ᠵᠢᠨ ᠵᠠᠭᠪᠤᠷ ᠨᠢ ᠬᠠᠷᠢᠶ᠎ᠠ ᠣᠷᠣᠨ᠎ᠤ ᠣᠷᠣᠯᠭ᠎ᠠ ᠪᠠᠭᠠᠲᠠᠢ ᠡᠮᠡᠭᠲᠡᠢᠴᠦᠳ᠂ ᠠᠵᠢᠯ ᠦᠬᠡᠢ ᠡᠮᠡᠭᠲᠡᠢᠴᠦᠳ᠎ᠲᠦ ᠲᠣᠭᠲᠠᠪᠤᠷᠢᠲᠠᠢ ᠠᠵᠢᠯ ᠣᠯᠭᠣᠬᠤ ᠠᠷᠭ᠎ᠠ ᠵᠠᠮ ᠬᠠᠩᠭᠠᠵᠤ᠂ ᠣᠲᠣ᠌ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ 200 ᠭᠠᠷᠤᠢ ᠡᠮᠡᠭᠲᠡᠢᠴᠦᠳ ᠬᠠᠮᠲᠤ᠎ᠪᠠᠷ ᠪᠠᠶᠠᠵᠢᠬᠤ ᠦᠢᠯᠡᠳᠭᠡᠯ᠎ᠤᠨ ᠭᠠᠵᠠᠷ᠎ᠢᠶᠡᠷ ᠳᠡᠮᠵᠢᠨ ᠭᠡᠷ᠎ᠲᠡᠬᠡᠨ ᠠᠵᠢᠯ ᠣᠯᠣᠭᠰᠠᠨ ᠪᠠᠢᠨ᠎ᠠ᠃ ᠬᠥᠳᠡᠯᠮᠦᠷᠢᠯᠡᠵᠦ ᠣᠷᠣᠯᠭ᠎ᠠ ᠪᠠᠨ ᠨᠡᠮᠡᠭᠳᠡᠭᠦᠯᠬᠦ ᠵᠠᠮ᠎ᠢᠶᠠᠷ ᠬᠠᠮᠲᠤ᠎ᠪᠠᠷ ᠵᠠᠮᠨᠠᠵᠤ᠂ ᠤᠯᠠᠨ᠎ᠤ ᠰᠡᠳᠬᠢᠯ ᠤᠯᠠᠮ᠎ᠡᠴᠡ ᠤᠯᠠᠮ ᠣᠶ᠋ᠢᠷᠠᠳᠴᠤ᠂ ᠬᠠᠢᠷ᠎ᠠ ᠰᠡᠳᠬᠢᠯᠭᠡ ᠴᠦ᠍ ᠤᠯᠠᠮ᠎ᠡᠴᠡ ᠤᠯᠠᠮ ᠭᠦᠨ ᠪᠣᠯᠪᠠ᠃
ᠦᠨᠳᠦᠰᠦᠲᠡᠨ᠎ᠨᠦᠭᠦᠳ᠎ᠦᠨ ᠨᠡᠭᠦᠳᠡᠯ ᠬᠥᠮᠥᠨ ᠠᠮᠠ ᠪᠠ ᠮᠠᠯᠵᠢᠬᠤ ᠲᠠᠷᠢᠶᠠᠯᠠᠬᠤ ᠣᠷᠣᠨ᠎ᠤ ᠬᠣᠲᠠ ᠣᠷᠣᠵᠤ ᠨᠡᠭᠦᠭᠰᠡᠨ ᠬᠥᠮᠥᠨ ᠠᠮᠠ᠎ᠳᠤ ᠦᠢᠯᠡᠴᠢᠯᠡᠬᠦ ᠪᠠ ᠬᠠᠮᠢᠶᠠᠷᠬᠤ ᠠᠵᠢᠯ᠎ᠢ ᠰᠠᠢᠲᠤᠷ ᠬᠢᠬᠦ᠎ᠶᠢᠨ ᠲᠤᠰᠠᠳᠠ᠂ ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠋᠎ᠤᠨ ᠨᠡᠢᠭᠡᠮ ᠲᠣᠭᠣᠷᠢᠭ᠋ᠰᠢᠨᠡ ᠴᠠᠭ ᠦᠶ᠎ᠡ᠎ᠶᠢᠨ ᠪᠣᠯᠪᠠᠰᠤᠨ᠎ᠤ ᠦᠢᠯᠡᠳᠦᠯᠭᠡ᠎ᠶᠢᠨ ᠥᠷᠲᠡᠭᠡ᠎ᠳᠦ ᠲᠦᠰᠢᠭᠯᠡᠨ᠂ ᠤᠯᠠᠭᠠᠨ ᠠᠨᠠᠷ᠎ᠤᠨ ᠥᠷᠲᠡᠭᠡ᠎ᠶᠢ ᠲᠠᠰ ᠳᠡᠪᠰᠢᠭᠦᠯᠦᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠳᠡᠩᠰᠡᠯᠡᠭᠤᠯᠤᠨ ᠦᠨᠡᠮᠯᠡᠯ ᠭᠦᠢᠴᠡᠳᠬᠡᠬᠦ᠂ ᠬᠥᠳᠡᠯᠮᠦᠷᠢ ᠠᠵᠢᠯ ᠣᠯᠭᠣᠯᠲᠠ᠂ ᠬᠦᠴᠢᠷᠳᠡᠯ᠎ᠢ ᠠᠪᠤᠷᠠᠨ ᠲᠤᠰᠠᠯᠠᠬᠤ᠂ ᠲᠥᠷᠥ᠎ᠶᠢᠨ ᠪᠣᠳᠣᠯᠭ᠎ᠠ᠎ᠶᠢᠨ ᠯᠠᠪᠯᠠᠭ᠎ᠠ ᠥᠭᠬᠦ᠂ ᠬᠠᠤᠯᠢ ᠴᠠᠭᠠᠵᠠ᠎ᠶᠢᠨ ᠲᠤᠰᠠᠯᠠᠮᠵᠢ ᠦᠵᠡᠭᠦᠯᠬᠦ ᠵᠡᠷᠭᠡ 《ᠨᠢᠭᠡ ᠥᠷᠲᠡᠭᠡᠴᠢᠯᠡᠭᠰᠡᠨ ᠮᠠᠶᠢᠭ᠋》᠎ᠤ᠋ᠨ ᠦᠢᠯᠡᠴᠢᠯᠡᠭᠡ ᠬᠠᠩᠭᠠᠵᠤ᠂ ᠣᠯᠠᠨ᠎ᠢ ᠬᠠᠪᠰᠤᠷᠤᠨ ᠬᠣᠲᠠ᠎ᠳᠤ ᠨᠠᠩ ᠰᠠᠢᠨ ᠨᠠᠩ ᠲᠦᠷᠭᠡᠨ ᠠᠭᠤᠰᠤᠯᠴᠠᠭᠤᠯᠪᠠ᠃
ᠪᠦᠯᠬᠦᠮᠳᠡᠯ ᠰᠠᠭᠤᠭᠠᠯᠢ ᠠᠷᠠᠳ᠎ᠤᠨ ᠲᠣᠭᠣᠷᠢᠭ᠋᠎ᠤᠨ ᠨᠡᠢᠭᠡᠮ ᠲᠣᠭᠣᠷᠢᠭ᠋᠎ᠤᠨ ᠨᠠᠮ᠎ᠤᠨ ᠬᠣᠷᠢᠶᠠᠨ᠎ᠤ ᠱᠦᠵᠢ ᠯᠢᠦ ᠯᠢᠨ ᠯᠢᠨ᠄ 《ᠪᠢᠳᠡᠨ᠎ᠦ ᠳᠣᠲᠣᠨᠣ᠌ ᠦᠢᠯᠡᠴᠢᠯᠡᠭᠡ᠎ᠪᠡᠷ ᠳᠡᠮᠵᠢᠨ ᠦᠨᠳᠦᠰᠦᠲᠡᠨ ᠨᠤᠭᠦᠳ᠎ᠦᠨ ᠣᠯᠠᠨ ᠲᠦᠮᠡᠨ᠎ᠤ ᠬᠠᠷᠢᠶᠠᠯᠠᠭᠳᠠᠬᠤ ᠲᠥᠷᠥᠭᠳᠡᠯ ᠶᠠᠪᠤᠬᠤ ᠲᠤᠲᠤᠮ ᠴᠢᠩᠭ᠎ᠠ ᠪᠣᠯᠵᠤ᠂ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠬᠦ᠎ᠶᠢ ᠬᠦᠰᠡᠵᠦ ᠪᠠᠢᠨ᠎ᠠ》 ᠭᠡᠪᠡ᠃
ᠠᠵᠢᠯ ᠣᠯᠭᠣᠯᠲᠠ᠎ᠶᠢ ᠲᠣᠭᠲᠠᠪᠤᠷᠢᠵᠢᠭᠤᠯᠬᠤ ᠪᠠ ᠣᠷᠣᠯᠭ᠎ᠠ᠎ᠶᠢ ᠦᠷᠭᠦᠯᠵᠢᠯᠡᠨ ᠨᠡᠮᠡᠭᠳᠡᠭᠦᠯᠬᠦ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠤᠳᠠ᠎ᠳᠤ ᠦᠨᠳᠦᠰᠦᠯᠡᠬᠦ ᠪᠠᠲᠤ ᠪᠡᠬᠢ ᠲᠤᠯᠭᠠᠭᠤᠷᠢᠯᠠᠯ ᠮᠥᠨ᠃ ᠣᠢᠷ᠎ᠠ᠎ᠶᠢᠨ ᠵᠢᠯ᠎ᠦᠳ᠎ᠲᠦ᠂ ᠥᠪᠥᠷ ᠮᠣᠩᠭᠣᠯ ᠠᠵᠢᠯ ᠣᠯᠭᠣᠯᠲᠠ᠎ᠶᠢ ᠠᠬᠢᠭᠤᠯᠬᠤ ᠠᠵᠢᠯᠯᠠᠭ᠎ᠠ᠎ᠶᠢ ᠭᠦᠨᠵᠡᠭᠡᠢ ᠥᠷᠨᠢᠭᠦᠯᠵᠦ᠂ ᠣᠯᠠᠨ ᠡᠰᠢᠲᠦ ᠠᠵᠢᠯ ᠣᠯᠭᠣᠯᠲᠠ᠎ᠶᠢᠨ ᠠᠷᠭ᠎ᠠ ᠵᠠᠮ᠎ᠢ ᠲᠠᠰᠤᠷᠠᠯᠲᠠ ᠦᠭᠡᠢ ᠥᠷᠭᠡᠳᠬᠡᠨ᠂ ᠠᠷᠭ᠎ᠠ ᠪᠦᠬᠦᠨ᠎ᠢ ᠰᠦᠪᠡᠭᠴᠢᠯᠡᠨ ᠣᠯᠠᠨ ᠲᠦᠮᠡᠨ᠎ᠦ ᠭᠦᠢᠴᠡᠳ ᠠᠵᠢᠯ ᠣᠯᠭᠣᠯᠲᠠ᠎ᠶᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠨᠠᠩ ᠰᠠᠨᠠᠭ᠎ᠠ ᠠᠮᠤᠷ ᠬᠣᠲᠠ᠎ᠳᠤ ᠦᠯᠡᠳᠡᠭᠡᠨ᠂ ᠬᠣᠲᠠ᠎ᠳᠤ ᠠᠭᠤᠰᠤᠯᠴᠠᠭᠤᠯᠵᠤ᠂ ᠬᠣᠲᠠ᠎ᠶᠢ ᠪᠦᠲᠦᠭᠡᠨ ᠪᠠᠢᠭᠤᠯᠵᠤ ᠪᠠᠢᠨ᠎ᠠ᠃
ᠪᠠᠶᠠᠨᠨᠠᠭᠤᠷ ᠬᠣᠲᠠ᠎ᠶᠢᠨ ᠤᠷᠠᠳ᠎ᠤᠨ ᠳᠤᠮᠳᠠᠳᠤ ᠬᠣᠰᠢᠭᠤ 《ᠵᠢᠨ ᠱᠢ ᠵᠢᠶᠤᠤ》 ᠠᠭᠤᠰᠤᠯᠴᠠᠨ ᠡᠭᠦᠳᠬᠦ ᠲᠥᠷᠥᠯ ᠲᠡᠮᠳᠡᠭᠲᠦ ᠵᠡᠭᠡᠯᠢ᠎ᠶᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠶ᠋ᠢᠴᠢᠯᠠᠨ ᠣᠷᠣᠯᠭ᠎ᠠ᠎ᠶᠢ ᠨᠢ ᠨᠡᠮᠡᠭᠳᠡᠭᠦᠯᠦᠨ ᠪᠠᠶᠠᠵᠢᠭᠤᠯᠪᠠ; ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋ 《ᠪᠦᠰᠡᠭᠦᠢ》 ᠦᠨᠳᠦᠰᠦᠲᠡᠨ᠎ᠦ ᠭᠠᠷ ᠤᠷᠠᠯᠠᠯ᠎ᠤᠨ ᠲᠦᠷᠦᠯ ᠲᠡᠮᠳᠡᠭᠳ᠌ᠦ ᠲᠦᠰᠢᠭᠯᠡᠨ᠂ ᠬᠣᠲᠠ᠎ᠳᠤ ᠣᠷᠣᠵᠤ ᠠᠵᠢᠯ ᠬᠢᠵᠦ ᠪᠠᠢᠭ᠎ᠠ ᠡᠮᠡᠭᠲᠡᠢᠴᠦᠳ᠎ᠦᠨ ᠠᠮᠢᠳᠤᠯᠢᠭ᠋᠎ᠢᠶᠠᠷ ᠠᠵᠢᠯ ᠣᠯᠬᠤ᠎ᠶᠢ ᠳᠠᠶ᠋ᠢᠴᠢᠯᠠᠵᠤ ᠪᠣᠶ; ᠪᠤᠭᠤᠲᠤ ᠬᠣᠲᠠ᠎ᠶᠢᠨ ᠵᠢᠦᠶᠤᠸᠠᠨ ᠲᠣᠭᠣᠷᠢᠭ᠋ ᠨᠡᠢᠭᠡᠮ ᠲᠣᠭᠣᠷᠢᠭ᠋᠎ᠤᠨ ᠭᠠᠷ ᠦᠢᠯᠡᠳᠬᠡᠯ᠎ᠦᠨ ᠭᠠᠵᠠᠷ᠎ᠤᠨ ᠬᠠᠮᠲᠤ᠎ᠪᠠᠷ ᠪᠠᠶᠠᠵᠢᠬᠤ ᠬᠣᠯᠪᠣᠭ᠎ᠠ᠎ᠶᠢ ᠪᠠᠢᠭᠤᠯᠵᠤ᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠭᠡᠷ᠎ᠦᠨ ᠡᠭᠦᠳᠡᠨ᠎ᠳᠡᠭᠡᠨ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ᠎ᠶᠢ ᠪᠡᠶᠡᠯᠡᠭᠦᠯᠪᠡ ᠁ ᠲᠣᠰ ᠲᠣᠰ᠎ᠤᠨ ᠣᠨᠴᠠᠯᠢᠭ᠋᠎ᠲᠠᠢ 《ᠭᠡᠷ᠎ᠦᠨ ᠡᠭᠦᠳᠡᠨ᠎ᠳᠡᠭᠡᠨ ᠠᠵᠢᠯ ᠣᠯᠬᠤ》 ᠵᠠᠭᠪᠤᠷ ᠨᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠲᠡᠮᠡᠴᠡᠬᠦ᠂ ᠭᠠᠷ ᠬᠣᠯᠪᠣᠯᠴᠠᠨ ᠪᠠᠶᠠᠵᠢᠬᠤ ᠳᠤᠮᠳᠠ ᠬᠥᠷᠰᠢ ᠵᠡᠷᠭᠡᠯᠡᠳᠡᠭᠡ᠎ᠶᠢᠨ ᠬᠣᠭᠣᠷᠣᠨᠳᠣᠬᠢ ᠵᠠᠢ᠎ᠶᠢ ᠪᠠᠭᠠᠰᠬᠠᠵᠤ᠂ ᠦᠨᠳᠦᠰᠦᠲᠡᠨ᠎ᠦ ᠨᠥᠬᠥᠷᠯᠡᠯ᠎ᠢ ᠵᠤᠵᠠᠭᠠᠳᠬᠠᠪᠠ᠃
ᠡᠭᠦᠨ᠎ᠦ ᠬᠠᠮᠲᠤ᠂ ᠥᠪᠥᠷ ᠮᠣᠩᠭᠣᠯ ᠨᠡᠢᠭᠡᠮ᠎ᠦᠨ ᠪᠠᠲᠤᠯᠠᠭ᠎ᠠ᠎ᠶᠢᠨ ᠰᠢᠰᠲᠧᠮ᠎ᠢ ᠦᠷᠭᠦᠯᠵᠢᠯᠡᠨ ᠪᠠᠢᠭᠤᠯᠤᠨ ᠬᠦᠴᠦᠷᠬᠡᠭᠵᠢᠭᠦᠯᠵᠦ᠂ ᠵᠠᠰᠠᠭ᠎ᠤᠨ ᠶᠠᠪᠤᠳᠠᠯ᠎ᠤᠨ ᠦᠢᠯᠡᠴᠢᠯᠡᠭᠡ᠎ᠶᠢ ᠲᠥᠪᠯᠡᠷᠡᠭᠦᠯᠦᠨ ᠭᠦᠢᠴᠡᠳᠬᠡᠬᠦ᠂ 《ᠨᠢᠭᠡ ᠥᠷᠲᠡᠭᠡᠴᠢᠯᠡᠭᠰᠡᠨ ᠮᠠᠶᠢᠭ᠋》 ᠵᠢᠡᠷ ᠭᠦᠢᠴᠡᠳᠬᠡᠬᠦ᠎ᠶᠢ ᠠᠬᠢᠭᠤᠯᠵᠤ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ᠎ᠶᠢ ᠳᠡᠭᠡᠭᠰᠢᠯᠡᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠳᠥᠭᠥᠮ ᠳᠥᠲᠡ᠂ ᠲᠡᠩᠴᠡᠭᠦᠷᠢᠳᠡᠢ ᠬᠠᠷᠠᠭᠠᠯᠵᠠᠯ ᠬᠦᠷᠲᠡᠭᠡᠪᠡ᠃ ᠡᠯ᠎ᠡ ᠭᠠᠵᠠᠷ᠎ᠤᠨ ᠬᠢᠨ ᠨᠡᠢᠭᠡᠮ ᠲᠣᠭᠣᠷᠢᠭ᠋᠎ᠤᠨ ᠬᠡᠷᠡᠭ ᠵᠥᠪᠯᠡᠬᠦ ᠪᠠ ᠨᠡᠢᠭᠡᠮ ᠲᠣᠭᠣᠷᠢᠭ᠋᠎ᠤᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠣᠭᠲᠡᠴᠡ᠎ᠶᠢ ᠢᠳᠡᠪᠬᠢᠲᠡᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠂ ᠬᠠᠷᠢᠶ᠎ᠠ ᠲᠣᠭᠣᠷᠢᠭ᠋᠎ᠤᠨ ᠨᠢᠭᠡᠴᠢ᠂ ᠨᠡᠢᠭᠡᠮ᠎ᠦᠨ ᠵᠣᠬᠢᠶᠠᠨ ᠪᠠᠢᠭᠤᠯᠤᠯᠲᠠ ᠵᠡᠷᠭᠡ᠎ᠶᠢ ᠤᠷᠢᠨ ᠣᠷᠣᠯᠴᠠᠭᠤᠯᠵᠤ᠂ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ᠎ᠤᠨ ᠬᠠᠮᠲᠤ᠎ᠪᠠᠷ ᠬᠡᠷᠡᠭ ᠵᠥᠪᠯᠡᠬᠦ ᠴᠠᠭᠠᠷᠢᠭ᠂ ᠬᠠᠮᠲᠤ᠎ᠪᠠᠷ ᠠᠵᠢᠯᠯᠠᠭ᠎ᠠ ᠬᠢᠬᠦ ᠴᠠᠭᠠᠷᠢᠭ᠂ ᠬᠠᠮᠲᠤ᠎ᠪᠠᠷ ᠦᠢᠯᠡᠴᠢᠯᠡᠬᠦ ᠴᠠᠭᠠᠷᠢᠭ ᠢ᠋ ᠭᠦᠨᠵᠡᠭᠡᠢ ᠬᠥᠭᠵᠢᠭᠦᠯᠵᠦ᠂ ᠨᠡᠢᠭᠡᠮ ᠲᠣᠭᠣᠷᠢᠭ᠋᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠤᠷ ᠲᠠᠢᠪᠤᠩ ᠠᠵᠤ ᠲᠦᠷᠦᠭᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠬᠠᠯᠠᠭᠤᠨ ᠳᠤᠯᠠᠭᠠᠨ 《ᠭᠠᠷᠠᠮ》 ᠪᠣᠯᠭᠠᠪᠠ᠃
ᠠᠵᠢᠯ᠎ᠤᠨ ᠪᠠᠢᠷᠢ᠎ᠶᠢ ᠲᠣᠭᠲᠠᠪᠤᠷᠢᠵᠢᠭᠤᠯᠵᠤ ᠠᠵᠢᠯ ᠣᠯᠭᠣᠬᠤ 《ᠬᠠᠲᠠᠭᠤ ᠲᠤᠯᠭᠠᠭᠤᠷᠢᠯᠠᠯ》 ᠡᠴᠡ ᠠᠷᠠᠳ᠎ᠲᠤ ᠲᠦᠬᠦᠮ ᠦᠵᠡᠭᠦᠯᠬᠦ ᠦᠢᠯᠡᠴᠢᠯᠡᠭᠡᠨ᠎ᠦ 《ᠵᠥᠭᠡᠯᠡᠨ ᠣᠷᠴᠢᠨ ᠲᠣᠭᠣᠷᠢᠨ》 ᠬᠦᠷᠲᠡᠯ᠎ᠡ᠂ ᠵᠠᠰᠠᠭ᠎ᠤᠨ ᠶᠠᠪᠤᠳᠠᠯ᠎ᠤᠨ ᠦᠷ᠎ᠡ ᠪᠦᠲᠦᠮᠵᠢ᠎ᠶᠢᠨ 《ᠬᠤᠷᠳᠤᠴᠠ》 ᠡᠴᠡ ᠨᠡᠢᠭᠡᠮ ᠲᠣᠭᠣᠷᠢᠭ᠋᠎ᠤᠨ ᠬᠠᠮᠲᠤ᠎ᠶᠢᠨ ᠵᠠᠰᠠᠯᠲᠠ᠎ᠶᠢᠨ 《ᠢᠵᠢᠯ ᠲᠥᠪ᠎ᠲᠦ ᠲᠣᠭᠣᠷᠢᠭ᠋》 ᠬᠦᠷᠲᠡᠯ᠎ᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠬᠢᠯ᠎ᠢ ᠨᠡᠩ ᠣᠢᠷᠠᠲᠤᠭᠤᠯᠵᠤ᠂ ᠬᠠᠢᠷ᠎ᠠ ᠰᠡᠳᠬᠢᠯᠭᠡ᠎ᠶᠢ ᠨᠡᠩ ᠭᠦᠨᠵᠡᠭᠡᠢ ᠠᠭᠤᠰᠤᠯᠴᠠᠭᠤᠯᠵᠤ᠂ ᠬᠠᠮᠲᠤ᠎ᠪᠠᠷ ᠲᠡᠮᠡᠴᠡᠬᠦ ᠶᠠᠪᠤᠴᠠ᠎ᠳᠤ ᠦᠨᠡᠨ ᠪᠣᠳᠠᠲᠠᠢ ᠬᠠᠷᠢᠶᠠᠯᠠᠭᠳᠠᠬᠤ ᠲᠥᠷᠥᠭᠳᠡᠯ ᠪᠣᠯᠣᠨ ᠵᠢᠷᠭᠠᠯᠲᠤ ᠲᠥᠷᠥᠭᠳᠡᠯ ᠣᠯᠭᠤᠵᠠᠢ᠃
ᠰᠣᠶᠣᠯ᠎ᠤᠨ ᠠᠭᠤᠰᠤᠯᠴᠠᠯ᠎ᠢᠶᠡᠷ ᠬᠠᠮᠲᠤ᠎ᠶᠢᠨ ᠲᠠᠨᠢᠯᠲᠠ᠎ᠶᠢ ᠨᠢᠭᠲᠠᠷᠠᠭᠤᠯᠵᠤ ᠨᠠᠷᠢᠯᠢᠭ᠋ ᠵᠠᠰᠠᠯᠲᠠ ᠪᠡᠷ ᠠᠭᠤᠰᠤᠯᠴᠠᠯ᠎ᠢ ᠠᠬᠢᠭᠤᠯᠤᠨ᠎ᠠ
ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠬᠠᠮᠲᠤ᠎ᠪᠠᠷ ᠭᠣᠢᠳᠠ ᠰᠠᠢᠬᠠᠨ ᠤᠷᠠᠨ ᠰᠠᠢᠬᠠᠨ᠎ᠤ ᠲᠣᠭᠯᠠᠯᠲᠠ ᠰᠣᠨᠢᠷᠬᠠᠵᠤ᠂ 《ᠷᠣᠮᠠᠨᠲ᠋ᠢᠭ᠋ ᠲᠤᠯᠤᠭᠠᠨ ᠰᠠᠷ᠎ᠠ᠎ᠶᠢᠨ ᠲᠤᠯᠤᠭᠠᠨ᠎ᠤ ᠰᠦᠨᠢ》ᠵᠢᠨ ᠭᠣᠣᠯ ᠰᠡᠳᠦᠪᠲᠦ ᠴᠠᠭᠠᠰᠤᠨ ᠬᠠᠢᠴᠢᠯᠠᠮᠠᠯ᠎ᠤᠨ ᠪᠦᠲᠦᠭᠡᠯ᠎ᠢ ᠵᠣᠬᠢᠶᠠᠨ ᠪᠦᠲᠦᠭᠡᠵᠦ᠂ ᠰᠣᠨᠢᠷᠬᠠᠯᠲᠤ ᠲᠣᠭᠯᠠᠭᠠᠮ᠎ᠳᠤ ᠬᠠᠮᠲᠤ᠎ᠪᠠᠷ ᠣᠷᠣᠯᠴᠠᠪᠠ ᠁ ᠲᠤᠯᠤᠭᠠᠨ ᠰᠠᠷ᠎ᠠ᠎ᠶᠢᠨ ᠲᠤᠯᠤᠭᠠᠨ᠎ᠡᠴᠡ ᠡᠮᠦᠨᠡᠬᠡᠨ᠂ ᠬᠥᠬᠡᠬᠣᠲᠠ᠎ᠶᠢᠨ ᠢᠦᠢᠴᠢᠤᠸᠠᠨ ᠲᠣᠭᠣᠷᠢᠭ᠋᠎ᠤᠨ ᠴᠢᠩᠴᠢᠤᠸᠠᠨ ᠵᠡᠭᠡᠯᠢ ᠨᠡᠢᠭᠡᠮ ᠲᠣᠭᠣᠷᠢᠭ᠋ 《ᠪᠢᠳᠡᠨ᠎ᠦ ᠪᠠᠶᠠᠷ᠎ᠤᠨ ᠡᠳᠦᠷ· ᠲᠤᠯᠤᠭᠠᠨ ᠰᠠᠷ᠎ᠠ᠎ᠶᠢᠨ ᠲᠤᠯᠤᠭᠠᠨ᠎ᠤ ᠰᠥᠨᠢ》 ᠭᠡᠬᠦ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠨᠢᠭᠡ ᠲᠠᠩᠬᠢᠮ᠎ᠳᠤ ᠴᠤᠭᠯᠠᠷᠠᠵᠤ᠂ ᠤᠯᠠᠮᠵᠢᠯᠠᠯᠲᠤ ᠪᠠᠶᠠᠷ᠎ᠤᠨ ᠡᠳᠦᠷ᠎ᠦᠨ ᠷᠢᠳᠢ ᠰᠢᠳᠢ᠎ᠶᠢ ᠬᠠᠮᠲᠤ᠎ᠪᠠᠷ ᠮᠡᠳᠡᠷᠡᠵᠦ᠂ ᠰᠠᠨᠠᠯ᠎ᠢᠶᠠᠨ ᠰᠣᠯᠢᠯᠴᠠᠬᠤ ᠳᠤᠮᠳᠠ ᠬᠠᠢᠷ᠎ᠠ ᠰᠡᠳᠬᠢᠯᠭᠡ᠎ᠪᠡᠨ ᠤᠯᠠᠮ ᠨᠢᠭᠡ ᠠᠯᠬᠤᠮ ᠨᠡᠮᠡᠭᠳᠡᠭᠦᠯᠪᠡ᠃
ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ᠃ ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠤᠨ ᠪᠥᠬᠥ ᠶᠠᠪᠤᠴᠠ᠎ᠳᠤ ᠠᠭᠤᠰᠤᠯᠴᠠᠭᠤᠯᠬᠤ᠎ᠶᠢ ᠦᠷᠭᠦᠯᠵᠢᠯᠡᠨ ᠠᠬᠢᠭᠤᠯᠵᠤ᠂ ᠰᠣᠶᠣᠯ᠎ᠢᠶᠠᠷ ᠦᠨᠳᠦᠰᠦᠲᠡᠨ᠎ᠨᠦᠭᠦᠳ᠎ᠦᠨ ᠨᠢᠭᠡ ᠰᠡᠳᠬᠢᠯ ᠨᠢᠭᠡ ᠴᠢᠭᠯᠡᠯᠵᠢᠡᠷ ᠤᠷᠤᠭᠰᠢᠯᠠᠬᠤ᠎ᠵᠢ ᠠᠬᠢᠭᠤᠯᠵᠤ ᠪᠣᠶ᠃
ᠪᠦᠬᠦ ᠣᠷᠣᠨ᠎ᠤ ᠡᠯ᠎ᠡ ᠭᠠᠵᠠᠷ᠎ᠤᠨ ᠬᠢᠨ ᠲᠡᠦᠬᠡ ᠰᠣᠶᠣᠯ᠎ᠤᠨ ᠡᠬᠢ ᠪᠠᠶᠠᠯᠢᠭ᠋᠎ᠲᠤ ᠰᠠᠭᠤᠷᠢᠯᠠᠵᠤ᠂ ᠦᠵᠡᠯ ᠰᠠᠨᠠᠭᠠᠨ᠎ᠤ ᠵᠢᠯᠣᠭᠣᠳᠤᠮᠵᠢ ᠪᠣᠯᠣᠨ ᠰᠣᠶᠣᠯ᠎ᠤᠨ ᠠᠭᠤᠰᠤᠯᠴᠠᠯ᠎ᠤᠨ ᠠᠵᠢᠯᠯᠠᠭ᠎ᠠ᠎ᠶᠢ ᠪᠠᠢᠩᠭᠤ ᠥᠷᠨᠢᠭᠦᠯᠵᠦ ᠪᠠᠢᠨ᠎ᠠ; 《ᠦᠨᠳᠦᠰᠦᠲᠡᠨ᠎ᠦ ᠲᠥᠷᠥ᠎ᠶᠢᠨ ᠪᠣᠳᠣᠯᠭ᠎ᠠ᠎ᠶᠢᠨ ᠤᠬᠠᠭᠤᠯᠭ᠎ᠠ᠎ᠶᠢᠨ ᠰᠠᠷ᠎ᠠ》᠂ 《ᠦᠨᠳᠦᠰᠦᠲᠡᠨ᠎ᠦ ᠬᠠᠤᠯᠢ᠎ᠪᠠᠷ ᠵᠠᠰᠠᠬᠤ ᠤᠬᠠᠭᠤᠯᠭ᠎ᠠ᠎ᠶᠢᠨ ᠭᠠᠷᠠᠭ》᠂ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ》᠎ᠳ᠋ᠤ᠌ ᠲᠦᠰᠢᠭᠯᠡᠨ᠂ ᠦᠵᠡᠭᠳᠡᠮ᠎ᠡ ᠮᠡᠳᠡᠭᠳᠡᠮ᠎ᠡ ᠪᠦᠲᠦᠮᠵᠢᠲᠡᠶ ᠤᠬᠠᠭᠤᠯᠭ᠎ᠠ ᠬᠥᠮᠦᠵᠢᠯ᠎ᠦᠨ ᠠᠵᠢᠯᠯᠠᠭ᠎ᠠ᠎ᠶᠢ ᠥᠷᠨᠢᠭᠦᠯᠵᠦ ᠪᠠᠢᠨ᠎ᠠ; 《ᠮᠠᠨ᠎ᠤ ᠪᠠᠶᠠᠷ ᠳᠤᠷᠠᠰᠬᠠᠯ᠎ᠤᠨ ᠡᠳᠦᠷ》᠎ᠤ᠋ᠨ ᠭᠣᠣᠯ ᠰᠡᠳᠦᠪᠲᠦ ᠠᠵᠢᠯᠯᠠᠭ᠎ᠠ᠎ᠶᠢ ᠥᠷᠭᠡᠨ᠎ᠢᠶᠡᠷ ᠥᠷᠨᠢᠭᠦᠯᠵᠦ᠂ ᠬᠥᠷᠰᠢ ᠵᠡᠷᠭᠡᠯᠡᠳᠡᠭᠡ᠎ᠶᠢᠨ ᠬᠠᠷᠢᠯᠴᠠᠨ ᠰᠣᠯᠢᠯᠴᠠᠵᠤ ᠬᠠᠷᠢᠯᠴᠠᠬᠤ ᠲᠠᠪᠴᠠᠩ ᠢ᠋ ᠪᠠᠢᠭᠤᠯᠵᠤ᠂ ᠦᠨᠳᠦᠰᠦᠲᠡᠨ ᠨᠤᠭᠦᠳ᠎ᠦᠨ ᠣᠯᠠᠨ ᠲᠦᠮᠡᠨ᠎ᠦ ᠦᠵᠡᠯ ᠰᠠᠨᠠᠭᠠᠨ᠎ᠤ ᠲᠠᠯ᠎ᠠ᠎ᠪᠠᠷ ᠰᠡᠳᠬᠢᠯ ᠨᠢᠭᠡᠳᠬᠦ᠂ ᠬᠠᠢᠷ᠎ᠠ ᠰᠡᠳᠬᠢᠯᠭᠡ᠎ᠶᠢᠨ ᠲᠠᠯ᠎ᠠ᠎ᠪᠠᠷ ᠢᠵᠢᠯ ᠳᠠᠪᠲᠠᠮᠵᠢ᠎ᠲᠠᠢ ᠪᠠᠢᠬᠤ᠎ᠶᠢ ᠠᠬᠢᠭᠤᠯᠪᠠ᠃
ᠡᠯ᠎ᠡ ᠭᠠᠵᠠᠷ᠎ᠤᠨ ᠬᠢᠨ ᠳᠤᠮᠳᠠᠳᠤ᠎ᠶᠢᠨ ᠰᠣᠶᠣᠯ᠎ᠤᠨ ᠲᠡᠮᠳᠡᠭ ᠪᠠ ᠳᠤᠮᠳᠠᠳᠤ᠎ᠶᠢᠨ ᠦᠨᠳᠦᠰᠦᠲᠡᠨ᠎ᠦ ᠳᠦᠷᠢ ᠲᠥᠷᠬᠦ᠎ᠶᠢ ᠠᠭᠤᠯᠤᠭᠰᠠᠨ ᠠᠭᠤᠳᠠᠮ ᠲᠠᠯᠠᠪᠠᠶ᠂ ᠴᠡᠴᠡᠷᠯᠢᠭ᠎ᠢ ᠢᠳᠡᠪᠬᠢᠲᠡᠢ ᠪᠦᠲᠦᠭᠡᠨ ᠪᠠᠢᠭᠤᠯᠵᠤ᠂ ᠤᠯᠠᠭᠠᠨᠬᠠᠳᠠ ᠬᠣᠲᠠ᠂ ᠪᠤᠭᠤᠲᠤ ᠬᠣᠲᠠ᠂ ᠣᠷᠳᠣᠰ ᠬᠣᠲᠠ ᠵᠡᠷᠭᠡ ᠭᠠᠵᠠᠷ᠎ᠤᠨ ᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠡᠳᠦᠪᠲᠦ ᠴᠡᠴᠡᠷᠯᠢᠭ᠎ᠢ ᠪᠠᠢᠭᠤᠯᠵᠤ᠂ ᠭᠣᠣᠯ ᠰᠡᠳᠦᠪᠲᠦ ᠱᠤᠭᠤᠮᠠᠯ᠂ ᠦᠵᠡᠮᠵᠢ᠎ᠶᠢᠨ ᠵᠢᠵᠢᠭ ᠪᠠᠷᠢᠯᠭ᠎ᠠ᠂ ᠤᠬᠠᠭᠤᠯᠭ᠎ᠠ ᠬᠥᠮᠦᠵᠢᠯ᠎ᠦᠨ ᠬᠣᠩᠭᠢᠯ ᠵᠡᠷᠭᠡ ᠬᠡᠯᠪᠡᠷᠢ᠎ᠪᠡᠷ ᠳᠤᠮᠳᠠᠳᠤ᠎ᠶᠢᠨ ᠰᠣᠶᠣᠯ᠎ᠤᠨ ᠭᠦᠨᠵᠡᠭᠡᠢ ᠠᠭᠤᠯᠤᠭᠳᠠᠬᠤᠨ᠎ᠢ ᠳᠡᠯᠭᠡᠨ ᠦᠵᠡᠭᠦᠯᠵᠦ᠂ ᠳᠤᠮᠳᠠᠳᠤ᠎ᠶᠢᠨ ᠰᠣᠶᠣᠯ᠎ᠢ ᠣᠢᠯᠠᠭᠠᠮᠵᠢᠲᠠᠢ ᠠᠷᠭ᠎ᠠ ᠬᠡᠯᠪᠡᠷᠢ᠎ᠪᠡᠷ ᠬᠣᠲᠠ᠎ᠶᠢᠨ ᠦᠵᠡᠮᠵᠢᠳᠦ ᠠᠭᠤᠰᠤᠯᠴᠠᠭᠤᠯᠵᠤ᠂ ᠣᠯᠠᠨ ᠲᠦᠮᠡᠨ᠎ᠦ ᠰᠡᠳᠬᠢᠯ᠎ᠳᠦ ᠬᠠᠳᠠᠩᠰᠢᠭᠤᠯᠪᠠ᠃
ᠡᠭᠦᠨ᠎ᠦ ᠬᠠᠮᠲᠤ᠂ ᠥᠪᠥᠷ ᠮᠣᠩᠭᠣᠯ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠎ᠶᠢ ᠬᠤᠳᠠ᠎ᠶᠢᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠎ᠶᠢᠨ ᠴᠢᠬᠤᠯᠠ ᠡᠭᠦᠷᠭᠡ ᠪᠣᠯᠭᠠᠵᠤ᠂ ᠦᠨᠳᠦᠰᠦᠲᠡᠨ᠎ᠨᠦᠭᠦᠳ᠎ᠦᠨ ᠨᠡᠭᠦᠳᠡᠯ ᠬᠥᠮᠥᠨ ᠠᠮᠠ᠂ ᠬᠤᠳᠠ᠎ᠳᠤ ᠣᠷᠣᠵᠤ ᠬᠥᠯᠥᠰᠦᠨ ᠠᠵᠢᠯ ᠬᠢᠵᠦ ᠪᠠᠢᠭ᠎ᠠ ᠮᠠᠯᠴᠢᠨ ᠲᠠᠷᠢᠶᠠᠴᠢᠨ ᠵᠡᠷᠭᠡ ᠬᠥᠮᠥᠰ᠎ᠦᠨ ᠪᠣᠳᠠᠲᠠᠢ ᠬᠡᠷᠡᠭᠴᠡᠭᠡ᠎ᠳᠦ ᠴᠢᠭᠯᠡᠭᠦᠯᠦᠨ᠂ ᠨᠡᠢᠭᠡᠮ ᠲᠣᠭᠣᠷᠢᠭ᠋᠂ ᠠᠵᠤ ᠠᠬᠤᠢᠯᠠᠯ᠂ ᠰᠤᠷᠭᠠᠭᠤᠯᠢ ᠵᠡᠷᠭᠡ ᠵᠢᠭ᠍ᠰᠠᠭᠠᠯ᠎ᠤᠨ ᠭᠠᠵᠠᠷ᠎ᠤᠨ ᠦᠢᠯᠡᠳᠦᠯ᠎ᠢᠶᠡᠨ ᠭᠦᠢᠴᠡᠳ ᠪᠠᠳᠠᠷᠠᠭᠤᠯᠵᠤ᠂ ᠠᠮᠢᠳᠤᠯᠢᠭ᠋ ᠤᠯᠠᠨ ᠶᠠᠩᠵᠤ᠎ᠶᠢᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠦᠨ ᠪᠣᠯᠪᠠᠰᠤᠷᠠᠯ ᠪᠣᠯᠣᠨ ᠵᠢᠭᠠᠨ ᠰᠤᠷᠭᠠᠯᠲᠠ᠎ᠶᠢᠨ ᠲᠠᠪᠴᠠᠩ᠎ᠢ ᠪᠠᠢᠭᠤᠯᠵᠤ᠂ ᠦᠭᠡ ᠬᠡᠯᠡᠨᠤᠨᠡᠪᠲᠡᠷᠡᠯᠴᠡᠭᠡᠪᠠᠷ ᠤᠶᠤᠨ ᠰᠠᠨᠠᠭᠠᠨ᠎ᠤ ᠨᠡᠪᠲᠡᠷᠡᠯᠴᠡᠭᠡ᠎ᠵᠢ ᠠᠬᠢᠭᠤᠯᠪᠠ᠃
ᠥᠪᠥᠷ ᠮᠣᠩᠭᠣᠯ ᠬᠠᠷᠢᠯᠴᠠᠨ ᠰᠢᠭᠢᠳᠭᠡᠬᠦ ᠮᠠᠶᠢᠭ᠋᠎ᠤᠨ ᠨᠡᠢᠭᠡᠮ᠎ᠦᠨ ᠪᠦᠲᠦᠴᠡ ᠪᠠ ᠨᠡᠢᠭᠡᠮ ᠲᠣᠭᠣᠷᠢᠭ᠋᠎ᠤᠨ ᠣᠷᠴᠢᠨ ᠲᠣᠭᠣᠷᠢᠨ᠎ᠢ ᠲᠦᠷᠭᠡᠳᠬᠡᠨ ᠪᠠᠢᠭᠤᠯᠵᠤ᠂ ᠦᠨᠳᠦᠰᠦᠲᠡᠨ᠎ᠨᠦᠭᠦᠳ᠎ᠦᠨ ᠣᠷᠣᠨ ᠵᠠᠢ᠂ ᠠᠵᠤ ᠠᠬᠤᠢ᠂ ᠨᠡᠢᠭᠡᠮ᠂ ᠰᠣᠶᠣᠯ᠂ ᠰᠡᠳᠬᠢᠴᠡ ᠵᠡᠷᠭᠡ ᠬᠠᠷᠠᠭᠠᠰᠤ ᠪᠡᠷ ᠭᠦᠨᠵᠡᠭᠡᠢ ᠰᠢᠭᠢᠳᠭᠡᠬᠦ ᠮᠠᠶᠢᠭ᠎ᠢᠶᠡᠷ ᠬᠥᠭᠵᠢᠬᠦ᠎ᠶᠢ ᠠᠬᠢᠭᠤᠯᠤᠨ᠂ ᠲᠥᠷᠥᠯ ᠲᠡᠮᠳᠡᠭ᠎ᠤᠨ ᠪᠠᠢᠭᠤᠯᠤᠯᠲᠠ᠂ ᠲᠥᠷᠥᠯ ᠵᠦᠢᠯ᠎ᠦᠨ ᠬᠡᠷᠡᠭᠵᠢᠭᠦᠯᠦᠯᠲᠡ᠂ ᠨᠡᠢᠲᠡᠯᠢᠭ ᠵᠢᠱ᠌ᠢᠶ᠎ᠠ᠎ᠶᠢ ᠪᠣᠶ ᠪᠣᠯᠭᠠᠵᠤ ᠱᠤᠭᠤᠬᠤ᠎ᠪᠠᠷ ᠭᠠᠷᠳᠡᠴᠡ ᠪᠣᠯᠭᠠᠵᠤ᠂ ᠡᠯ᠎ᠡ ᠭᠠᠵᠠᠷ᠎ᠤᠨ ᠬᠠᠷᠢᠯᠴᠠᠨ ᠰᠢᠭᠢᠳᠭᠡᠬᠦ ᠮᠠᠶᠢᠭ᠋᠎ᠤᠨ ᠨᠡᠢᠭᠡᠮ ᠲᠣᠭᠣᠷᠢᠭ᠋᠎ᠤᠨ ᠪᠦᠲᠦᠭᠡᠨ ᠪᠠᠢᠭᠤᠯᠤᠯᠲᠠ᠎ᠶᠢᠨ ᠢᠯᠡᠳᠲᠡ ᠦᠷ᠎ᠡ ᠪᠦᠲᠦᠭᠡᠯ ᠣᠯᠬᠤ᠎ᠶᠢ ᠠᠬᠢᠭᠤᠯᠪᠠ᠃
《ᠭᠤᠷᠪᠠᠨ ᠵᠦᠢᠯ᠎ᠦᠨ ᠲᠥᠯᠥᠪᠯᠡᠭᠡ》ᠵᠢᠨ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠠᠵᠢᠯᠯᠠᠭ᠎ᠠ᠎ᠶᠢ ᠬᠡᠷᠡᠭᠵᠢᠭᠦᠯᠵᠦ᠂ ᠪᠥᠬᠥ ᠣᠷᠣᠨ᠎ᠳᠤ ᠨᠡᠢᠭᠡᠮ ᠲᠣᠭᠣᠷᠢᠭ᠋᠂ ᠰᠤᠷᠭᠠᠭᠤᠯᠢ᠂ ᠰᠣᠶᠣᠯ ᠦᠵᠡᠰᠬᠦᠯᠡᠩ᠎ᠦᠨ ᠲᠠᠯᠠᠪᠤᠷ ᠭᠠᠵᠠᠷ᠂ ᠰᠣᠶᠣᠯ ᠵᠢᠭᠤᠯᠴᠢᠯᠠᠯ᠎ᠤᠨ ᠦᠵᠡᠮᠵᠢ᠎ᠶᠢᠨ ᠣᠷᠣᠨ ᠵᠡᠷᠭᠡ ᠣᠯᠠᠨ ᠬᠦᠷᠢᠶ᠎ᠡ ᠴᠠᠷᠠᠭ᠎ᠠ᠎ᠶᠢ ᠬᠠᠮᠤᠷᠤᠭᠰᠠᠨ 471 ᠵᠢᠱ᠌ᠢᠶ᠎ᠡ ᠦᠵᠡᠭᠦᠯᠬᠦ ᠲᠥᠷᠥᠯ ᠵᠦᠢᠯ᠎ᠢ ᠬᠡᠷᠡᠭᠵᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠰᠠᠭᠤᠷᠢᠰᠢᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠪᠠᠶᠠᠰᠬᠤ ᠨᠡᠢᠭᠡᠮ᠎ᠦᠨ ᠨᠥᠬᠥᠴᠡᠯ᠎ᠢ ᠡᠭᠦᠳᠪᠡ᠃
ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠦᠨ ᠬᠢᠨ ᠠᠷᠭ᠎ᠠ ᠬᠡᠮᠵᠢᠶ᠎ᠡ᠎ᠪᠡᠨ ᠲᠠᠰᠤᠷᠠᠯᠲᠠ ᠦᠭᠡᠢ ᠰᠢᠨᠡᠴᠢᠯᠡᠵᠦ᠂ ᠬᠣᠲᠠ᠎ᠶᠢᠨ ᠦᠨᠳᠦᠰᠦᠲᠡᠨ᠎ᠦ ᠬᠡᠷᠡᠭ ᠡᠷᠭᠢᠯᠡᠬᠦ ᠵᠠᠰᠠᠯᠲᠠ᠎ᠶᠢᠨ ᠦᠷ᠎ᠡ ᠪᠦᠲᠦᠮᠵᠢ᠎ᠶᠢ ᠬᠦᠴᠦᠯᠡᠨ ᠳᠡᠭᠡᠭᠰᠢᠯᠡᠭᠦᠯᠵᠦ᠂ 《ᠰᠢᠨ᠎ᠡ ᠴᠠᠭ ᠦᠶ᠎ᠡ᠎ᠶᠢᠨ 〈ᠹᠧᠩᠴᠢᠶᠣᠤ᠎ᠶᠢᠨ ᠲᠤᠷᠰᠢᠯᠭ᠎ᠠ〉 + ᠦᠨᠳᠦᠰᠦᠲᠡᠨ᠎ᠦ ᠪᠦᠯᠬᠦᠮᠳᠡᠯ》᠎ᠤ᠋ᠨ ᠵᠠᠰᠠᠯᠲᠠ᠎ᠶᠢᠨ ᠵᠠᠭᠪᠤᠷ᠎ᠢ ᠭᠦᠨᠵᠡᠭᠡᠢᠷᠡᠭᠦᠯᠵᠦ᠂ ᠬᠠᠷᠢᠯᠴᠠᠨ ᠰᠢᠭᠢᠳᠭᠡᠨ ᠠᠭᠤᠰᠤᠯᠴᠠᠭᠤᠯᠬᠤ ᠣᠢᠯᠠᠭᠠᠭᠳᠠᠬᠤᠨ᠎ᠢ ᠦᠨᠳᠦᠰᠦᠨ ᠱᠠᠲᠤᠨ᠎ᠤ ᠵᠠᠰᠠᠯᠲᠠ᠎ᠶᠢᠨ ᠪᠥᠬᠥ ᠶᠠᠪᠤᠴᠠ᠎ᠳᠤ ᠠᠭᠤᠰᠤᠯᠴᠠᠭᠤᠯᠬᠤ᠎ᠶᠢ ᠠᠬᠢᠭᠤᠯᠪᠠ᠃
ᠬᠥᠬᠡᠬᠣᠲᠠ ᠲᠣᠭᠠᠴᠢᠯᠠᠭᠰᠠᠨ ᠠᠷᠭ᠎ᠠ ᠪᠠᠷᠢᠯ᠎ᠢᠶᠠᠷ ᠦᠨᠳᠦᠰᠦᠨ ᠱᠠᠲᠤᠨ᠎ᠤ ᠦᠨᠳᠦᠰᠦᠲᠡᠨ᠎ᠦ ᠬᠡᠷᠡᠭ ᠶᠠᠪᠤᠳᠠᠯ᠎ᠢ ᠨᠠᠷᠢᠯᠢᠭ᠍ᠵᠢᠭᠤᠯᠤᠨ ᠵᠠᠰᠠᠵᠤ᠂ ᠤᠯᠠᠨ ᠲᠦᠮᠡᠨ᠎ᠳᠦ ᠦᠢᠯᠡᠴᠢᠯᠡᠬᠦ᠂ ᠠᠷᠠᠳ᠎ᠤᠨ ᠰᠡᠳᠬᠢᠯ᠎ᠢ ᠨᠢᠭ᠍ᠲᠠᠷᠠᠭᠤᠯᠬᠤ 《ᠡᠴᠦᠰ᠎ᠦᠨ ᠨᠢᠭᠡ ᠺᠢᠯᠣᠮᠧᠲᠷ》᠎ᠢ᠋ ᠦᠨᠡᠨ ᠬᠦ᠌ ᠨᠡᠪᠲᠡᠷᠡᠭᠦᠯᠪᠡ; ᠲᠦᠩᠯᠢᠶᠣᠣ ᠬᠣᠲᠠ᠎ᠶᠢᠨ ᠬᠣᠷᠴᠢᠨ ᠲᠣᠭᠣᠷᠢᠭ᠋ 《ᠠᠭᠤᠰᠤᠯᠴᠠᠨ ᠰᠠᠭᠤᠷᠢᠰᠢᠬᠤ ᠥᠷᠲᠡᠭᠡ》 ᠵᠢᠨ ᠬᠣᠲᠠ᠎ᠶᠢᠨ ᠦᠨᠳᠦᠰᠦᠲᠡᠨ᠎ᠦ ᠠᠵᠢᠯ᠎ᠤᠨ ᠲᠥᠷᠥᠯ ᠲᠡᠮᠳᠡᠭ᠎ᠢ ᠰᠢᠨ᠎ᠡ᠎ᠪᠡᠷ ᠡᠭᠦᠳᠦᠨ ᠪᠠᠢᠭᠤᠯᠵᠤ᠂ ᠦᠨᠳᠦᠰᠦᠲᠡᠨ ᠨᠤᠭᠦᠳ᠎ᠦᠨ ᠰᠠᠭᠤᠭᠠᠯᠢ ᠠᠷᠠᠳ᠎ᠢ ᠨᠡᠢᠭᠡᠮ ᠲᠣᠭᠣᠷᠢᠭ᠋᠎ᠤᠨ ᠵᠠᠰᠠᠯᠲᠠ᠎ᠳᠤ ᠬᠠᠮᠲᠤ᠎ᠪᠠᠷ ᠣᠷᠣᠯᠴᠠᠭᠤᠯᠬᠤ᠎ᠵᠢ ᠬᠥᠲᠥᠯᠥᠨ ᠵᠢᠯᠣᠭᠣᠳᠪᠠ; ᠣᠷᠳᠣᠰ ᠬᠤᠳᠠ᠎ᠶᠢᠨ ᠬᠢᠶ᠎ᠠ ᠪᠠᠭ᠍ᠰᠢ ᠲᠣᠭᠣᠷᠢᠭ᠋᠎ᠤᠨ ᠶᠤᠸᠠᠢ ᠾᠧ ᠨᠡᠢᠭᠡᠮ ᠲᠣᠭᠣᠷᠢᠭ᠋ 《ᠠᠨᠠᠷ᠎ᠤᠨ ᠦᠷ᠎ᠡ +》 ᠰᠢᠷᠢᠰ ᠰᠡᠳᠬᠢᠯ᠎ᠢ ᠳᠤᠯᠠᠭᠠᠴᠡᠭᠤᠯᠬᠤ ᠦᠢᠯᠡᠴᠢᠯᠡᠭᠡᠨ᠎ᠦ ᠲᠦᠷᠦᠯ ᠵᠦᠢᠯ᠎ᠢ ᠬᠡᠷᠡᠭᠵᠢᠭᠦᠯᠵᠦ᠂ ᠵᠣᠯ ᠵᠢᠷᠭᠠᠯᠲᠤ ᠤᠯᠠᠭᠠᠨ ᠪᠠᠭᠯᠠᠭ᠎ᠠ᠂ ᠬᠥᠷᠰᠢ ᠵᠡᠷᠭᠡᠯᠡᠳᠡᠭᠡ᠎ᠶᠢᠨ ᠬᠠᠷᠢᠯᠴᠠᠨ ᠬᠠᠪᠰᠤᠷᠤᠯᠴᠠᠭ᠎ᠠ ᠵᠡᠷᠭᠡ ᠣᠨᠴᠠᠯᠢᠭ᠍ᠲᠤ ᠦᠢᠯᠡᠴᠢᠯᠡᠭᠡᠨ᠎ᠦ ᠲᠦᠷᠦᠯ ᠲᠡᠮᠳᠡᠭ᠎ᠢ ᠡᠭᠦᠳᠴᠦ᠂ ᠠᠳᠠᠯᠢ ᠪᠤᠰᠤ ᠬᠥᠮᠥᠰ᠎ᠦᠨ ᠬᠡᠷᠡᠭᠴᠡᠭᠡ ᠱᠠᠭᠠᠷᠳᠠᠯᠭ᠎ᠠ᠎ᠶᠢ ᠬᠠᠩᠭᠠᠪᠠ ᠁ ᠦᠨᠳᠦᠰᠦᠲᠡᠨ᠎ᠨᠦᠭᠦᠳ᠎ᠦᠨ ᠰᠠᠭᠤᠭᠠᠯᠢ ᠠᠷᠠᠳ ᠬᠠᠮᠲᠤ᠎ᠪᠠᠷ ᠦᠨᠳᠦᠰᠦᠨ ᠱᠠᠲᠤᠨ᠎ᠤ ᠵᠠᠰᠠᠯᠲᠠ᠎ᠶᠢᠨ ᠬᠡᠷᠡᠭ ᠶᠠᠪᠤᠳᠠᠯ᠎ᠳᠤ ᠣᠷᠣᠯᠴᠠᠵᠤ᠂ ᠭᠡᠷ ᠣᠷᠣᠨ᠎ᠤ ᠠᠮᠤᠷ ᠠᠮᠤᠭᠤᠯᠠᠩᠵᠢᠡᠨ ᠬᠠᠮᠲᠤ᠎ᠪᠠᠷ ᠬᠠᠮᠠᠭᠠᠯᠠᠵᠤ᠂ ᠬᠠᠷᠢᠶᠠᠯᠠᠭᠳᠠᠬᠤ ᠲᠥᠷᠥᠭᠳᠡᠯ᠂ ᠵᠢᠷᠭᠠᠯᠲᠤ ᠲᠥᠷᠥᠭᠳᠡᠯ ᠦᠷᠭᠦᠯᠵᠢᠯᠡᠨ ᠴᠢᠩᠭᠠᠷᠠᠵᠠᠢ᠃
ᠣᠷᠣᠨ ᠵᠠᠢ ᠵᠢᠨ ᠲᠠᠯ᠎ᠠ ᠪᠡᠷ ᠬᠠᠷᠢᠯᠴᠠᠨ ᠰᠢᠭᠢᠳᠬᠡᠬᠦ᠎ᠡᠴᠡ ᠰᠣᠶᠣᠯ ᠵᠢᠨᠨ ᠬᠠᠷᠢᠯᠴᠠᠨ ᠲᠣᠯᠢᠳᠠᠬᠤ ᠬᠦᠷᠲᠡᠯ᠎ᠡ᠂ ᠠᠵᠤ ᠠᠬᠤᠢ᠎ᠶᠢᠨ ᠬᠠᠷᠢᠯᠴᠠᠨ ᠠᠰᠢᠭ᠍ᠲᠠᠢ ᠪᠠᠢᠬᠤ᠎ᠡᠴᠡ ᠰᠡᠳᠬᠢᠯ ᠨᠡᠪᠲᠡᠷᠡᠯᠴᠡᠬᠦ ᠬᠦᠷᠲᠡᠯ᠎ᠡ ᠁ ᠥᠪᠥᠷ ᠮᠣᠩᠭᠣᠯ᠎ᠤᠨ ᠡᠬᠡ ᠭᠠᠵᠠᠷ ᠳᠡᠭᠡᠷ᠎ᠡ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶᠢ ᠡᠳᠦᠷ ᠳᠤᠳᠤᠮ᠎ᠤᠨ ᠠᠮᠢᠳᠤᠷᠠᠯ᠎ᠳᠠᠭᠠᠨ ᠪᠢᠴᠢᠨ ᠣᠷᠣᠭᠤᠯᠵᠤ᠂ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠬᠦ᠎ᠶᠢ ᠤᠨ ᠵᠢᠯ᠎ᠤᠨ ᠤᠷᠤᠰᠬᠠᠯᠳᠦ ᠰᠡᠶ᠋ᠢᠯᠵᠦ᠂ ᠭᠠᠷ ᠬᠣᠯᠪᠣᠯᠴᠠᠨ ᠰᠡᠳᠬᠢᠯ ᠨᠢᠭᠡᠳᠦᠨ ᠬᠠᠮᠲᠤ ᠤᠷᠤᠭᠰᠢᠯᠠᠬᠤ ᠵᠣᠯ ᠵᠢᠷᠭᠠᠯᠲᠤ ᠬᠠᠭᠤᠳᠠᠰᠤ᠎ᠶᠢ ᠵᠢᠷᠤᠭᠯᠠᠵᠤ ᠪᠠᠢᠨ᠎ᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃