ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-26 16:15:44

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠮᠣᠲ᠋ᠣᠷ ᠎ᠤᠨ ᠬᠦᠩᠭᠢᠨᠡᠮ᠎ᠡ ᠲᠠᠭᠤᠨ ᠥᠷᠭᠡᠨ ᠠᠭᠤᠳᠠᠮ ᠤᠷᠠᠳ᠎ᠤᠨ ᠭᠣᠪᠢ ᠨᠤᠲᠤᠭ᠎ᠲᠸ᠋ ᠴᠤᠤᠷᠢᠶᠠᠲᠤᠨ᠎ᠠ᠃ ᠪᠦᠬᠦ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠰᠢᠰᠲ᠋ᠸᠮ᠎ᠤᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ ᠪᠤᠶᠠᠨᠳᠡᠯᠭᠡᠷ ᠪᠠᠶᠠᠨᠨᠠᠭᠤᠷ ᠬᠤᠳᠠ᠎ᠶᠢᠨ ᠤᠷᠠᠳ᠎ᠤᠨ ᠬᠣᠢᠲᠤ ᠬᠣᠰᠢᠭᠤᠨ᠎ᠤ ᠴᠤᠬᠠᠦ᠋ᠨᠳᠦᠷ ᠪᠠᠯᠭᠠᠰᠤᠨ᠎ᠤ ᠲᠣᠮᠢᠯᠠᠭᠰᠠᠨ ᠰᠠᠯᠪᠤᠷᠢ᠎ᠶᠢᠨ ᠡᠮᠦᠨ᠎ᠡ ᠹᠷᠣᠨᠲ᠎ᠲᠤ ᠦᠨᠳᠦᠰᠦᠯᠡᠵᠦ᠂ 1672 ᠲᠡᠭᠰᠢ ᠳᠥᠷᠪᠡᠯᠵᠢᠨ ᠺᠢᠯᠤᠮᠸᠲᠷ᠎ᠤᠨ ᠥᠷᠭᠡᠨ ᠠᠭᠤᠳᠠᠮ ᠬᠠᠷᠢᠶ᠎ᠠ ᠣᠷᠣᠨ᠎ᠢ ᠰᠠᠬᠢᠨ ᠬᠠᠮᠠᠭᠠᠯᠠᠵᠤ᠂ ᠲᠤᠬᠠᠢ᠎ᠶᠢᠨ ᠭᠠᠵᠠᠷ᠎ᠤᠨ ᠮᠠᠯᠴᠢᠳ᠎ᠲᠤ ᠲᠠᠯ᠎ᠠ ᠨᠤᠲᠤᠭ᠎ᠤᠨ ᠰᠠᠢᠨ ᠴᠠᠭᠳᠠᠭ᠎ᠠ ᠭᠡᠵᠦ ᠳᠣᠲᠣᠨᠣ᠌᠎ᠪᠠᠷ ᠨᠡᠷᠡᠢᠳᠦᠭᠳᠡᠪᠡ᠃


QQ20260826-160500.png

ᠲᠡᠷᠡ ᠡᠳᠦᠷ ᠪᠦᠷᠢ ᠦᠨᠳᠦᠰᠦᠨ ᠱᠠᠲᠤ ᠪᠡᠷ ᠬᠦᠶᠦᠵᠦ᠂ ᠮᠠᠯᠵᠢᠬᠤ ᠡᠷᠦᠬᠡ᠎ᠪᠡᠷ ᠬᠦᠨᠵᠡᠬᠡᠢᠷᠡᠬᠦ ᠵᠢ ᠪᠠᠷᠢᠮᠳᠠᠯᠠᠵᠤ᠂ ᠴᠠᠭᠳᠠᠭ᠎ᠠ ᠎ᠶᠢᠨ ᠠᠵᠢᠯ᠎ᠢ ᠬᠢᠵᠦ ᠢᠷᠡᠭᠰᠡᠨ 27 ᠵᠢᠯ᠎ᠦᠨ ᠲᠤᠷᠰᠢ ᠨᠡᠶ᠋ᠢᠲᠡ 160 ᠲᠦᠮᠡᠨ ᠺᠢᠯᠣᠮᠧᠲᠷ ᠠᠶᠠᠯᠠᠵᠤ᠂ ᠬᠢᠯᠢ ᠬᠢᠵᠠᠭᠠᠷ᠎ᠢ ᠰᠠᠬᠢᠨ ᠬᠠᠮᠠᠭᠠᠯᠠᠵᠤ᠂ ᠬᠢᠯᠢ ᠵᠢᠨ ᠠᠷᠠᠳ ᠎ᠤᠨ ᠬᠦᠴᠢᠷᠳᠡᠯ᠎ᠢ ᠰᠢᠢᠳᠪᠦᠷᠢᠯᠡᠵᠦ ᠦᠭᠴᠡᠢ᠃ ᠡᠳᠡᠭᠡᠷ ᠲᠣᠭ᠎ᠠ ᠪᠠᠷᠢᠮᠲᠠ ᠎ᠪᠤᠯ ᠪᠤᠶᠠᠨᠳᠠᠯᠬᠡᠷ᠎ᠤᠨ ᠨᠤᠲᠤᠭ ᠤᠰᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠎ᠳᠦ ᠭᠦᠨ ᠵᠤᠵᠠᠭᠠᠨ ᠬᠠᠢᠷ᠎ᠠ ᠰᠡᠳᠬᠢᠯᠬᠡ ᠳᠠᠢ ᠪᠠᠢᠬᠤ ᠵᠢᠨ ᠪᠤᠳᠠᠳᠤ ᠳᠤᠰᠬᠠᠯ ᠪᠤᠯᠤᠨ᠎ᠠ᠃

ᠲᠡᠷᠡ ᠤᠷᠢᠳ ᠬᠣᠵᠢᠳ ᠪᠦᠬᠦ ᠤᠯᠤᠰ᠎ᠤᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠪᠦᠬᠦ ᠤᠯᠤᠰ᠎ᠤᠨ ᠰᠢᠯᠢᠳᠡᠭ ᠠᠷᠠᠳ᠎ᠤᠨ ᠴᠠᠭᠳᠠᠭ᠎ᠠ᠂ ᠪᠦᠬᠦ ᠤᠯᠤᠰ᠎ᠤᠨ ᠳᠣᠲᠣᠭᠠᠳᠤ᠎ᠶᠢ ᠬᠠᠮᠠᠭᠠᠯᠠᠬᠤ ᠰᠢᠰᠲᠧᠮ᠎ᠦᠨ ᠨᠢᠭᠡᠳᠦᠭᠡᠷ ᠳᠡᠰ᠎ᠤᠨ ᠪᠠᠭᠠᠲᠤᠷ ᠵᠢᠱ᠌ᠢᠶᠡᠴᠢ᠂ ᠪᠦᠬᠦ ᠤᠯᠤᠰ᠎ᠤᠨ 《ᠠᠷᠠᠳ ᠲᠦᠮᠡᠨ ᠳ᠋ᠤ ᠲᠠᠭᠠᠰᠢᠶᠠᠭᠳᠠᠭᠰᠠᠨ ᠠᠯᠪᠠᠲᠠᠨ》 ᠵᠡᠷᠭᠡ 40 ᠭᠠᠷᠤᠢ ᠵᠦᠢᠯ᠎ᠦᠨ ᠢᠷᠠᠭᠤ ᠠᠯᠳᠠᠷ ᠎ᠢ ᠬᠦᠷᠳᠡᠵᠡᠢ᠂ ᠡᠭᠦᠨ ᠎ᠳᠦ ᠤᠯᠤᠰ᠎ᠤᠨ ᠲᠡᠰ ᠎ᠤᠨ ᠢᠷᠠᠭᠤ ᠠᠯᠳᠠᠷ 7 ᠪᠤᠢ᠃ ᠲᠠᠷᠨ ᠪᠠᠰᠠ 《ᠪᠥᠬᠥ ᠤᠯᠤᠰ ᠎ᠤᠨ ᠦᠨᠳᠦᠰᠦᠲᠡᠨ ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠬᠤᠪᠢ ᠬᠥᠮᠥᠨ》 ᠤ᠋ ᠢᠷᠠᠭᠤ ᠠᠯᠳᠠᠷ᠎ᠤᠨ ᠴᠣᠯᠠ᠎ᠶᠢ ᠭᠥᠷᠳᠡᠪᠡ᠃

ᠤᠷᠠᠳ᠎ᠤᠨ ᠭᠤᠪᠢ ᠳ᠋ᠤ ᠠᠨᠠᠷ᠎ᠤᠨ ᠴᠡᠴᠡᠭ ᠪᠠᠳᠠᠷᠠᠨ ᠳᠡᠯᠭᠡᠷᠡᠵᠦ᠍᠂ ᠦᠨᠳᠦᠰᠦᠲᠡᠨ ᠨᠤᠬᠦᠳ ᠨᠠᠢᠷᠰᠠᠭ ᠳᠣᠲᠣᠨᠣ᠃ 2018 ᠣᠨ᠎ᠳᠤ᠂ ᠪᠤᠶᠠᠨᠳᠡᠯᠭᠡᠷ᠎ᠤᠨ ᠦᠢᠯᠡ ᠠᠵᠢᠯᠯᠠᠭ᠎ᠠ ᠪᠡᠷ ᠰᠡᠳᠦᠪᠯᠡᠭᠰᠡᠨ《ᠴᠠᠭ᠍ᠳᠠᠭ᠎ᠠ ᠪᠤᠶᠠᠨ》ᠭᠡᠬᠦ᠌ ᠺᠢᠨᠣ᠋᠎ᠶ᠋ᠢ ᠤᠯᠤᠰ᠎ᠤᠨ ᠺᠢᠨᠣ᠋᠎ᠶ᠋ᠢᠨ ᠲᠣᠪᠴᠢᠶ᠎ᠠ᠎ᠠᠴᠠ ᠰᠡᠬᠦᠳᠡᠷᠯᠡᠨ ᠦᠢᠯᠡᠳᠴᠦ᠂ ᠥᠭᠡᠷᠡᠴᠢᠯᠡᠯᠲᠡ ᠨᠡᠭᠡᠭᠡᠯᠲᠡ ᠬᠢᠭ᠌ᠰᠡᠨ 40 ᠵᠢᠯ᠎ᠦᠨ ᠣᠶ᠎ᠶ᠋ᠢ ᠪᠡᠯᠭᠡᠯᠡᠬᠦ᠌ 9 ᠭᠤᠤᠯᠳᠠᠯᠭ᠎ᠠ᠎ᠲᠠᠶ ᠺᠢᠨᠣ᠋᠎ᠶ᠋ᠢᠨ ᠨᠢᠭᠡ ᠪᠤᠯᠭᠠᠵᠠᠢ᠃ ᠲᠤᠰ ᠺᠢᠨᠣ᠋ ᠨᠢ ᠲᠡᠭᠦᠨ᠎ᠦ ᠬᠠᠷᠢᠶ᠎ᠠ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠦᠨᠡᠨᠴᠢ ᠰᠢᠳᠤᠷᠭᠤ᠎ᠪᠡᠷ ᠦᠢᠯᠡᠴᠢᠯᠡᠵᠦ᠍᠂ ᠬᠢᠯᠢ ᠬᠢᠵᠠᠭᠠᠷ᠎ᠤᠨ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠭ᠍ᠰᠠᠨ ᠰᠡᠳᠭᠢᠯ ᠬᠥᠳᠡᠯᠭᠡᠮ᠎ᠡ ᠦᠯᠢᠭᠡᠷ᠎ᠢ ᠠᠮᠢᠳᠤᠯᠢᠭ᠎ᠢᠶᠠᠷ ᠲᠡᠯᠭᠡᠨ ᠦᠵᠡᠬᠦᠯᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面