2026-08-26 16:05:42
ᠣᠶ᠋ᠢᠷ᠎ᠠ᠎ᠳᠤ᠂ ᠦᠬᠠᠢ ᠬᠤᠲᠠ᠎ᠶ᠋ᠢᠨ ᠬᠠᠶ᠋ᠢᠷᠤᠪ᠎ᠤᠨ ᠲᠣᠬᠤᠢ ᠲᠣᠭᠤᠷᠢᠭ᠎ᠤᠨ ᠯᠢᠨ ᠶᠢᠨ ᠵᠡᠭᠡᠯᠢ ᠭᠤᠳᠤᠮᠵᠢ᠎ᠶ᠋ᠢᠨ ᠬᠠᠢ ᠰᠢᠨ ᠨᠡᠶ᠋ᠢᠭᠡᠮ ᠲᠣᠭᠤᠷᠢᠭ᠎ᠤᠨ ᠰᠢᠨ᠎ᠡ ᠴᠠᠭ ᠦᠶ᠎ᠡ᠎ᠶ᠋ᠢᠨ ᠪᠣᠯᠪᠠᠰᠤᠨ ᠤ ᠦᠢᠯᠡᠳᠦᠯᠭᠡ᠎ᠶ᠋ᠢᠨ ᠥᠷᠲᠡᠭᠡ 《ᠬᠤᠷᠤᠭᠤᠨ ᠦᠵᠦᠭᠦᠷ ᠲᠡᠬᠢ ᠤᠯᠠᠭᠠᠨ ᠠᠨᠠᠷ·ᠪᠦᠯᠬᠦᠮᠳᠡᠯ᠎ᠦᠨ ᠦᠯᠢᠭᠡᠷ᠎ᠢᠶᠡᠨ ᠬᠠᠮᠳᠤ ᠪᠡᠷ ᠶᠠᠷᠢᠬᠤᠢ》 ᠭᠠᠷ ᠤᠷᠠᠯᠠᠯ᠎ᠤᠨ ᠪᠦᠳᠦᠭᠡᠭᠳᠡᠬᠦᠨ ᠦᠢᠯᠡᠳᠬᠦ᠌ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ᠎ᠨᠢ ᠰᠣᠶᠤᠯ᠎ᠤᠨ ᠣᠶ᠋ᠢᠯᠠᠭᠠᠯᠲᠠ᠎ᠪᠠᠷ ᠬᠤᠯᠪᠤᠭᠠᠰᠤ ᠪᠣᠯᠭᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠳ᠋ᠤ ᠬᠠᠷᠢᠯᠴᠠᠨ ᠰᠣᠯᠢᠯᠴᠠᠬᠤ ᠲᠠᠪᠴᠠᠩ᠎ᠢ ᠬᠠᠨᠭᠭᠠᠨ ᠦᠭᠴᠤ᠂ ᠡᠯ᠎ᠠ ᠦᠨᠳᠦᠰᠤᠳᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠪᠠ᠃
ᠠᠵᠢᠯᠯᠠᠭᠠᠨ᠎ᠤ ᠲᠠᠰᠤᠭ᠎ᠤᠨ ᠤᠷᠳᠤ ᠰᠢᠷᠡᠭᠡᠨ ᠳᠡᠭᠡᠷ᠎ᠡ ᠥᠩᠭᠡ ᠪᠦᠷᠢ᠎ᠶ᠋ᠢᠨ ᠲᠣᠷᠭᠠᠨ ᠤᠲᠠᠰᠤ᠂ ᠬᠡᠯᠬᠢᠶ᠎ᠠ ᠰᠤᠪᠤᠳ ᠪᠤᠯᠤᠨ ᠨᠡᠬᠡᠮᠡᠯ᠎ᠦᠨ ᠪᠠᠭᠠᠵᠢ ᠲᠠᠯᠪᠢᠭᠳᠠᠵᠤ᠂ ᠦᠨᠳᠦᠰᠦᠲᠡᠨ ᠨᠤᠬᠦᠳ᠎ᠦᠨ ᠤᠯᠠᠨ ᠲᠦᠮᠡᠨ ᠬᠦᠷᠢᠶᠡᠯᠡᠨ ᠰᠠᠭᠤᠯᠴᠠᠵᠤ᠂ ᠢᠨᠢᠶᠡᠯᠴᠡᠨ ᠵᠣᠭᠤᠭᠳᠠᠬᠤ ᠵᠢᠨ ᠲᠠᠭᠤ ᠵᠢᠯᠤᠭᠤᠳᠤᠭᠴᠢ ᠪᠠᠭᠰᠢ ᠵᠢ ᠳᠠᠭᠠᠵᠤ ᠭᠠᠷ ᠤᠷᠠᠯᠠᠯ᠎ᠤᠨ ᠤᠷ᠎ᠠ ᠮᠡᠷᠭᠡᠵᠢᠯ᠎ᠢ ᠨᠠᠷᠢᠨ ᠬᠢᠨᠠᠮᠠᠭᠠᠢ ᠰᠤᠷᠤᠯᠴᠠᠨ᠎ᠠ᠃
《ᠲᠤᠰ ᠤᠳᠠᠭᠠᠨ᠎ᠤ ᠠᠵᠢᠯᠯᠠᠭ᠎ᠠ ᠨᠢ ᠨᠠᠳᠠ ᠳ᠋ᠤ ᠮᠠᠰᠢ ᠤᠳᠬ᠎ᠠ ᠠᠭᠤᠯᠭᠠᠲᠠᠢᠰᠠᠨᠠᠭᠳᠠᠵᠤ ᠪᠠᠢᠨ᠎ᠠ᠂ ᠠᠵᠢᠯ᠎ᠤᠨ ᠴᠢᠯᠦᠭᠡᠨ᠎ᠦ ᠠᠮᠢᠳᠤᠷᠠᠯ᠎ᠢ ᠪᠠᠶᠠᠯᠢᠭᠵᠢᠭᠤᠯᠤᠭᠰᠠᠨ ᠮᠥᠷᠲᠡᠭᠡᠨ ᠬᠥᠷᠰᠢ ᠵᠡᠷᠭᠡᠯᠡᠳᠡᠭᠡ᠎ᠶ᠋ᠢᠨ ᠬᠤᠭᠤᠷᠤᠨᠳᠤᠬᠢ ᠬᠠᠢᠷ᠎ᠠ ᠰᠡᠳᠬᠢᠯᠭᠡ ᠵᠢ ᠴᠸ᠋ ᠵᠤᠵᠠᠭᠠᠳᠬᠠᠭᠰᠠᠨ ᠪᠠᠶ᠋ᠢᠨ᠎ᠠ》 ᠭᠡᠵᠦ᠍ ᠰᠠᠭᠤᠭᠠᠯᠢ ᠠᠷᠠᠳ ᠯᠢᠦ ᠰᠢᠤ ᠯᠢᠩ ᠬᠡᠯᠡᠪᠡ᠃

ᠤᠷᠠᠨ ᠰᠠᠢᠬᠠᠨ᠎ᠤ ᠲᠤᠭᠯᠠᠯᠲᠠ
ᠬᠠᠢ ᠰᠢᠨ ᠨᠡᠶ᠋ᠢᠭᠡᠮ ᠲᠣᠭᠤᠷᠢᠭ ᠲᠸ᠋ 7 ᠰᠠᠭᠤᠭᠠᠯᠢ ᠠᠷᠠᠳ᠎ᠤᠨ ᠲᠣᠭᠤᠷᠢᠭ ᠲᠠᠢ᠂ ᠬᠢᠲᠠᠳ᠂ ᠮᠣᠩᠭᠤᠯ᠂ ᠮᠠᠨᠵᠤ᠂ ᠬᠣᠲᠤᠩ ᠵᠡᠷᠭᠡ ᠣᠯᠠᠨ ᠦᠨᠳᠦᠰᠦᠲᠡᠨ᠎ᠤ ᠣᠯᠠᠨ ᠲᠦᠮᠡᠨ ᠲᠥᠪᠯᠡᠷᠡᠨ ᠰᠠᠭᠤᠷᠢᠰᠢᠵᠤ ᠪᠤᠢ᠃ ᠨᠡᠭᠦᠯᠭᠡᠵᠤ ᠲᠥᠪᠬᠢᠨᠡᠭᠦᠯᠦᠭᠰᠡᠨ ᠨᠡᠶ᠋ᠢᠭᠡᠮ ᠲᠣᠭᠤᠷᠢᠭ ᠪᠣᠯᠤᠭᠰᠠᠨ᠎ᠤ ᠬᠤᠪᠢ ᠳᠤ ᠠᠳᠡᠬᠢ ᠰᠠᠭᠤᠭᠠᠯᠢ ᠠᠷᠠᠳ᠎ᠤᠨ ᠣᠯᠠᠩᠬᠢ᠎ᠨᠢ ᠠᠭᠤᠷᠬᠠᠢ᠎ᠶ᠋ᠢᠨ ᠣᠷᠤᠨ ᠤ ᠲᠦᠭᠦᠮ ᠪᠦᠲᠦᠴᠡᠲᠦ᠍ ᠣᠷᠤᠨ ᠰᠠᠭᠤᠴᠠ ᠵᠢᠨ ᠤᠷᠤᠨ ᠡᠴᠡ ᠢᠷᠡᠵᠤ᠂ ᠨᠠᠰᠤᠲᠠᠶ᠋ᠢᠴᠤᠳ ᠪᠠ ᠬᠦᠴᠢᠷᠳᠡᠯᠲᠡᠢ ᠬᠥᠮᠦᠨ ᠠᠮᠠ ᠤᠯᠠᠨᠭᠬᠢ ᠲᠤᠭ᠎ᠠ ᠵᠢ ᠡᠵᠡᠯᠡᠵᠤ ᠪᠠᠢᠳᠠᠭ᠃
ᠣᠯᠠᠨ ᠵᠢᠯ ᠤᠨ ᠲᠤᠷᠰᠢ᠂ ᠨᠡᠶ᠋ᠢᠭᠡᠮ ᠲᠣᠭᠤᠷᠢᠭ ᠤᠨ ᠬᠢᠨ ᠢᠮᠠᠭᠲᠠ ᠳᠤᠮᠳᠠᠳᠤ ᠶ᠋ᠢᠨ ᠦᠨᠳᠦᠰᠦᠲᠡᠨ ᠤ ᠬᠠᠮᠲᠤ᠎ᠶ᠋ᠢᠨ ᠴᠣᠭᠴᠠ ᠶ᠋ᠢᠨ ᠤᠬᠠᠮᠰᠠᠷ᠎ᠢ ᠪᠠᠲᠤ᠌ ᠴᠣᠭᠴᠠᠯᠠᠬᠤ᠎ᠪᠠᠷ ᠭᠤᠤᠯ ᠰᠢᠵᠢᠮ ᠪᠣᠯᠭᠠᠵᠤ᠂ ᠬᠠᠷᠢᠯᠴᠠᠨ ᠰᠢᠭᠢᠳᠬᠡᠬᠦ᠌ ᠮᠠᠶᠢᠭ᠎ᠦᠨ ᠨᠡᠶ᠋ᠢᠭᠡᠮ ᠲᠣᠭᠤᠷᠢᠭ᠎ᠤᠨ ᠪᠥᠲᠦᠭᠡᠨ ᠪᠠᠶ᠋ᠢᠭᠤᠯᠤᠯᠲᠠ᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠵᠤ᠂ ᠣᠷᠤᠨ ᠵᠠᠢ᠂ ᠠᠵᠤ ᠠᠬᠤᠢ᠂ ᠨᠡᠶ᠋ᠢᠭᠡᠮ᠂ ᠰᠣᠶᠤᠯ᠂ ᠰᠡᠳᠬᠢᠴᠡ ᠵᠡᠷᠭᠡ ᠲᠠᠪᠤᠨ ᠲᠠᠯ᠎ᠠ᠎ᠪᠠᠷ ᠬᠠᠷᠢᠯᠴᠠᠨ ᠰᠢᠭᠢᠳᠬᠡᠵᠦ᠍ ᠠᠭᠤᠰᠤᠯᠴᠠᠬᠤ ᠵᠠᠭᠪᠤᠷ᠎ᠢ ᠬᠦᠴᠦᠯᠡᠨ ᠪᠣᠢ ᠪᠣᠯᠭᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠦᠷᠭᠦᠯᠵᠢᠯᠡᠨ ᠠᠬᠢᠭᠤᠯᠪᠠ᠃
ᠬᠠᠢ ᠰᠢᠨ ᠨᠡᠶ᠋ᠢᠭᠡᠮ ᠲᠣᠭᠤᠷᠢᠭ᠎ᠤᠨ ᠨᠠᠮ᠎ᠤᠨ ᠬᠤᠷᠢᠶᠠᠨ᠎ᠤ ᠱᠦᠵᠢ᠂ ᠰᠠᠭᠤᠭᠠᠯᠢ ᠠᠷᠠᠳ᠎ᠤᠨ ᠵᠥᠪᠯᠡᠯ᠎ᠤᠨ ᠡᠷᠬᠢᠯᠡᠭᠴᠢ ᠸᠠᠩ ᠢᠦᠢ ᠵᠢᠩ᠎ᠤᠨ ᠲᠠᠨᠢᠯᠴᠠᠭᠤᠯᠤᠭᠰᠠᠨ ᠵᠢᠡᠷ᠂ ᠨᠡᠶ᠋ᠢᠭᠡᠮ ᠲᠣᠭᠤᠷᠢᠭ᠎ᠤᠨ᠎ᠬᠢᠨ ᠰᠢᠨ᠎ᠡ ᠴᠠᠭ ᠦᠶ᠎ᠡ᠎ᠶ᠋ᠢᠨ ᠪᠣᠯᠪᠠᠰᠤᠨ᠎ᠤ ᠦᠢᠯᠡᠳᠦᠯᠭᠡ᠎ᠶ᠋ᠢᠨ ᠦᠷᠳᠡᠭᠡ᠂ ᠤᠯᠠᠭᠠᠨ ᠠᠨᠠᠷ᠎ᠦᠨ ᠦᠷᠳᠡᠭᠡ ᠵᠡᠷᠭᠡ ᠡᠬᠢ ᠪᠠᠶᠠᠯᠢᠭ᠎ᠢ ᠭᠦᠢᠴᠡᠳ ᠠᠭᠤᠳᠠᠯᠵᠤ᠂ ᠪᠣᠳᠠᠰ᠎ᠤᠨ ᠪᠤᠰᠤ ᠰᠣᠶᠤᠯ᠎ᠤᠨ ᠥᠪ᠎ᠢ ᠪᠡᠶᠡᠴᠢᠯᠡᠨ ᠣᠶ᠋ᠢᠯᠠᠭᠠᠬᠤ᠂ ᠰᠣᠶᠤᠯ ᠪᠡᠶ᠎ᠡ᠎ᠶ᠋ᠢᠨ ᠲᠠᠮᠢᠷ᠎ᠤᠨ ᠦᠵᠡᠭᠦᠯᠭᠡ ᠲᠣᠭᠯᠠᠯᠲᠠ ᠵᠡᠷᠭᠡ ᠡᠯ᠎ᠡ ᠲᠦᠷᠦᠯ᠎ᠤᠨ ᠠᠵᠢᠯᠯᠠᠭ᠎ᠠ᠎ᠶ᠋ᠢ ᠪᠠᠶ᠋ᠢᠩᠭᠤᠵᠢᠭᠤᠯᠤᠨ ᠦᠷᠨᠢᠬᠦᠯᠵᠤ᠂ ᠰᠣᠶᠤᠯ᠎ᠢᠶᠠᠷ ᠠᠷᠠᠳ᠎ᠤᠨ ᠰᠡᠳᠬᠢᠯ᠎ᠢ ᠨᠢᠭᠲᠠᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠬᠠᠮᠲᠤ᠎ᠪᠠᠷ ᠰᠠᠭᠤᠷᠢᠰᠢᠬᠤ᠂ ᠬᠠᠮᠲᠤ᠎ᠪᠠᠷ ᠰᠤᠷᠤᠯᠴᠠᠬᠤ᠂ ᠬᠠᠮᠲᠤ᠌ ᠪᠡᠷ ᠠᠵᠢᠯᠯᠠᠬᠤ᠂ ᠬᠠᠮᠲᠤ᠎ᠪᠠᠷ ᠵᠢᠷᠭᠠᠬᠤ ᠳᠤᠮᠳᠠ 《ᠲᠠᠪᠤᠨ ᠬᠠᠮᠲᠤ᠎ᠶ᠋ᠢᠨ ᠲᠠᠨᠢᠯᠲᠠ》᠎ᠶ᠋ᠢ ᠲᠠᠰᠤᠷᠠᠯᠲᠠ᠎ᠦᠭᠡᠢ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠤᠨ᠎ᠢ ᠬᠦᠴᠦᠯᠡᠨ ᠪᠠᠢᠭᠤᠯᠵᠤ ᠪᠤᠢ᠃
ᠬᠠᠢ ᠰᠢᠨ ᠨᠡᠶ᠋ᠢᠭᠡᠮ ᠲᠣᠭᠤᠷᠢᠭ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶ᠋ᠢ ᠡᠭᠦᠳᠦᠨ ᠪᠠᠶ᠋ᠢᠭᠤᠯᠬᠤ ᠠᠵᠢᠯ᠎ᠢ ᠠᠷᠠᠳ᠎ᠤᠨ ᠠᠮᠢᠳᠤᠷᠠᠯ᠎ᠤᠨ ᠦᠢᠯᠡᠴᠢᠯᠡᠭᠡᠨ᠎ᠤ ᠡᠯ᠎ᠡ ᠭᠤᠭᠴᠤᠭ᠎ᠠ᠎ᠳᠤ ᠠᠭᠤᠰᠤᠯᠴᠠᠭᠤᠯᠬᠤ᠎ᠶ᠋ᠢ ᠪᠠᠷᠢᠮᠲᠠᠯᠠᠵᠤ᠂ ᠣᠨᠴᠠᠭᠠᠢ ᠪᠦᠯᠬᠦᠮ ᠨᠠᠢᠳᠠ᠎ᠳ᠋ᠤ ᠠᠩᠬᠠᠷᠤᠯ᠎ᠢᠶᠠᠨ ᠲᠥᠪᠯᠡᠷᠡᠭᠦᠯᠦᠨ ᠨᠠᠷᠢᠯᠢᠭ ᠣᠨᠤᠴᠠᠲᠠᠢ᠎ᠪᠠᠷ ᠠᠷᠭ᠎ᠠ ᠪᠣᠳᠤᠯᠭ᠎ᠠ ᠬᠡᠷᠡᠭᠵᠢᠭᠦᠯᠪᠡ᠃ ᠴᠠᠷᠬᠢᠯ ᠬᠤᠯᠪᠤᠭ᠎ᠠ ᠶᠠᠷᠢᠵᠤ ᠠᠷᠠᠳ ᠲᠸ᠋ ᠠᠰᠢᠭ ᠬᠦᠷᠳᠡᠭᠡᠬᠦ ᠲᠦᠷᠦ ᠵᠢᠨ ᠪᠤᠳᠤᠯᠭ᠎ᠠ ᠵᠢ ᠤᠬᠠᠭᠤᠯᠬᠤ ᠰᠢᠨ᠎ᠡ ᠵᠠᠭᠪᠤᠷ᠎ᠢ ᠡᠬᠦᠳᠦᠨ᠂ ᠣᠯᠠᠨ ᠲᠦᠮᠡᠨ᠎ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠬᠤ ᠠᠰᠠᠭᠤᠳᠠᠯ᠎ᠢ ᠰᠢᠢᠳᠪᠤᠷᠢᠯᠡᠪᠡ; ᠨᠠᠰᠤᠳᠠᠳ ᠪᠠ ᠨᠢᠯᠬᠠᠰ ᠵᠡᠷᠭᠡ ᠭᠤᠤᠯᠳᠠᠯᠭ᠎ᠠ᠎ᠲᠠᠢ ᠬᠥᠮᠦᠰ ᠲᠸ᠋ ᠠᠩᠬᠠᠷᠤᠯ ᠵᠢᠡᠨ ᠲᠦᠪᠯᠡᠷᠡᠬᠦᠯᠵᠦ᠂ ᠲᠡᠨᠭᠭᠡᠭᠡ ᠴᠢᠳᠡᠯ᠎ᠢᠶᠡᠨ ᠠᠯᠳᠠᠭᠰᠠᠨ ᠨᠠᠰᠤᠲᠠᠶ᠋ᠢᠴᠤᠳ᠎ᠤᠨ ᠭᠤᠷᠪᠠᠨ ᠵᠦᠢᠯ᠎ᠤᠨ ᠲᠦᠷᠦᠯ ᠬᠤᠪᠢᠶᠠᠭᠰᠠᠨ ᠲᠠᠩᠰᠠ ᠡᠪᠬᠡᠮᠡᠯ᠎ᠢ ᠪᠠᠶ᠋ᠢᠭᠤᠯᠵᠤ᠂ ᠺᠠᠳ᠋ᠷ᠎ᠤᠨ ᠳᠠᠭᠠᠭᠠᠴᠢᠯᠠᠨ ᠬᠤᠯᠪᠤᠭᠠᠯᠠᠬᠤ ᠲᠣᠭᠲᠠᠴᠠ᠎ᠶ᠋ᠢ ᠨᠠᠶ᠋ᠢᠳᠠᠪᠤᠷᠢᠵᠢᠭᠤᠯᠪᠠ;《ᠥᠩᠭᠡᠲᠦ᠍ ᠰᠣᠯᠤᠩᠭᠠᠨᠠᠰᠤᠨᠳᠤ ᠥᠯᠦ᠍ ᠭᠦᠷᠦᠭᠰᠡᠳ᠎ᠢ ᠰᠠᠬᠢᠨ ᠬᠠᠮᠠᠭᠠᠯᠠᠬᠤ》 ᠣᠨᠴᠠᠯᠢᠭᠲᠤ᠌ ᠲᠥᠷᠦᠯ ᠵᠦᠢᠯ᠎ᠢ ᠡᠬᠦᠳᠴᠤ᠂ ᠨᠠᠰᠤᠨ᠎ᠳᠤ ᠥᠯᠦ᠍ ᠭᠦᠷᠦᠭᠰᠡᠳ᠎ᠤᠨ ᠲᠠᠪᠤᠨ ᠥᠩᠭᠡᠲᠦ᠍ ᠲᠥᠷᠦᠯ ᠬᠤᠪᠢᠶᠠᠭᠰᠠᠨ ᠲᠠᠩᠰᠠ ᠡᠪᠬᠡᠮᠡᠯ᠎ᠢ ᠪᠠᠶ᠋ᠢᠭᠤᠯᠤᠨ᠂ ᠨᠠᠷᠢᠯᠢᠭ ᠣᠨᠤᠴᠠᠲᠠᠢ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠌᠂ ᠣᠯᠠᠨ ᠲᠦᠮᠡᠨ᠎ᠤ ᠬᠡᠷᠡᠭ ᠵᠥᠪᠯᠡᠬᠦ᠌ ᠲᠢᠩᠬᠢᠮ᠎ᠳᠤ ᠲᠦᠰᠢᠭᠯᠡᠨ ᠵᠥᠪᠯᠡᠯᠭᠡ ᠬᠢᠵᠦ᠍ ᠬᠡᠷᠡᠭ ᠵᠥᠪᠯᠡᠬᠦ᠌ ᠲᠠᠪᠴᠠᠩ᠎ᠢ ᠪᠠᠶ᠋ᠢᠭᠤᠯᠵᠤ᠂ ᠡᠨᠡ ᠵᠢᠯ᠎ᠠᠴᠠ ᠨᠠᠭᠠᠰᠢ ᠴᠠᠬᠢᠯᠭᠠᠨ ᠴᠡᠨᠡᠭᠯᠡᠬᠦ᠌ ᠪᠠᠭᠠᠨ᠎ᠠ ᠤᠭᠰᠠᠷᠠᠬᠤ᠂ ᠰᠡᠯᠡᠭᠦᠴᠡᠯ ᠤᠨ ᠲᠥᠬᠦᠭᠡᠷᠦᠮᠵᠢ᠎ᠶ᠋ᠢ ᠨᠡᠮᠡᠵᠦ᠍ ᠪᠠᠶ᠋ᠢᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠬᠦᠴᠢᠷ ᠠᠰᠠᠭᠤᠳᠠᠯ ᠢ ᠨᠡᠶ᠋ᠢᠲᠡ 195 ᠬᠤᠪᠢ ᠰᠢᠢᠳᠪᠦᠷᠢᠯᠡᠵᠦ᠍᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠳ᠋ᠤ ᠨᠠᠮ᠎ᠦᠨ ᠬᠠᠢᠷ᠎ᠠ ᠬᠠᠯᠠᠮᠵᠢ ᠵᠢ ᠮᠡᠳᠡᠷᠡᠬᠦᠯᠪᠠ᠃
ᠬᠥᠷᠰᠢ ᠵᠡᠷᠭᠡᠯᠡᠳᠡᠭᠡ ᠪᠡᠷ᠎ᠢᠶᠡᠨ ᠰᠡᠳᠬᠢᠯ ᠨᠢᠭᠡᠳᠦᠨ ᠬᠠᠮᠲᠤ᠎ᠪᠠᠷ ᠵᠠᠰᠠᠵᠤ᠂ ᠰᠠᠶ᠋ᠢᠨ ᠳᠤᠷ᠎ᠠ᠎ᠡᠴᠡ ᠪᠠᠨ ᠬᠦᠴᠦ ᠪᠡᠨ ᠬᠠᠮᠳᠤᠳᠬᠠᠨ ᠰᠡᠳᠬᠢᠯ ᠢ ᠳᠤᠯᠠᠭᠠᠴᠠᠭᠤᠯᠬᠤ ᠪᠣᠯ ᠬᠠᠢ ᠰᠢᠨ ᠨᠡᠶ᠋ᠢᠭᠡᠮ ᠲᠣᠭᠤᠷᠢᠭ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶ᠋ᠢ ᠡᠭᠦᠳᠦᠨ ᠪᠠᠶ᠋ᠢᠭᠤᠯᠬᠤ ᠠᠵᠢᠯ᠎ᠢ ᠭᠦᠨᠵᠡᠭᠡᠶ᠋ᠢᠷᠡᠭᠦᠯᠬᠦ᠌ ᠠᠮᠢᠳᠤᠯᠢᠭ ᠦᠢᠯᠡᠳᠦᠯᠭᠡ ᠪᠣᠯᠤᠨ᠎ᠠ᠃ ᠨᠡᠶ᠋ᠢᠭᠡᠮ ᠲᠣᠭᠤᠷᠢᠭ᠎ᠤᠨ ᠬᠢᠨ ᠰᠠᠭᠤᠭᠠᠯᠢ ᠠᠷᠠᠳ᠎ᠤᠨ ᠥᠪᠡᠷᠲᠡᠭᠡᠨ ᠵᠠᠰᠠᠬᠤ ᠬᠦᠴᠦᠨᠢᠢᠳᠡᠪᠬᠢᠲᠡᠢ ᠬᠥᠭᠵᠢᠭᠡᠵᠦ᠍᠂ 《ᠪᠤᠭᠤᠷᠤᠯᠴᠤᠳ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ》᠂ 《ᠡᠬᠡᠴᠤᠤᠯ ᠦᠨ ᠬᠠᠪᠰᠤᠷᠤᠨ ᠠᠵᠢᠯᠯᠠᠬᠤ ᠪᠦᠯᠬᠦᠮ》 ᠵᠡᠷᠭᠡ 25 ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠡᠩᠨᠡᠭᠡ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠶ᠋ᠢ ᠪᠤᠶ᠋ᠢᠵᠢᠭᠤᠯᠵᠤ᠂ 《ᠨᠠᠮ᠎ᠤᠨ ᠪᠠᠶ᠋ᠢᠭᠤᠯᠤᠯᠲᠠ᠎ᠪᠠᠷ ᠤᠯᠠᠭᠠᠨ ᠠᠨᠠᠷᠢ ᠬᠦᠳᠦᠯᠦᠨ ᠳᠠᠭᠠᠭᠤᠯᠵᠤ᠂ ᠦᠨᠳᠦᠰᠦᠲᠡᠨ᠎ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ᠍ ᠳᠣᠲᠤᠨᠤ》ᠬᠠᠪᠰᠤᠷᠤᠯᠴᠠᠭ᠎ᠠ ᠪᠠᠢᠭᠤᠯᠤᠨ ᠬᠠᠪᠰᠤᠷᠤᠨ ᠲᠡᠳᠬᠦᠬᠦ᠌ ᠵᠠᠭᠪᠤᠷ ᠢ ᠭᠦᠨᠵᠡᠭᠡᠶ᠋ᠢᠷᠡᠭᠦᠯᠵᠦ᠍᠂ ᠵᠢᠯ ᠪᠦᠷᠢ ᠳᠤᠮᠳᠠᠴᠢ᠎ᠪᠠᠷ 500 ᠭᠠᠷᠤᠢ ᠤᠳᠠᠭ᠎ᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠥᠷᠨᠢᠭᠦᠯᠪᠠ᠃ ᠡᠭᠦᠨ᠎ᠳᠤ《ᠡᠬᠡᠴᠤᠤᠯ᠎ᠦᠨ ᠬᠠᠪᠰᠤᠷᠤᠨ ᠠᠵᠢᠯᠯᠠᠬᠤ ᠪᠦᠯᠬᠦᠮ》 ᠨᠢ ᠥᠪᠡᠷᠲᠡᠭᠡᠨ ᠵᠠᠰᠠᠬᠤ ᠣᠷᠤᠨ᠎ᠤ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠰᠢᠯᠢᠳᠡᠭ ᠰᠠᠢᠨ ᠲᠤᠷ᠎ᠠ ᠵᠢᠨ ᠡᠩᠨᠡᠭᠡ᠎ᠶ᠋ᠢᠨ ᠴᠣᠯᠠ᠎ᠶ᠋ᠢ ᠭᠥᠷᠳᠡᠵᠦ᠍᠂ 《ᠪᠤᠭᠤᠷᠤᠯᠴᠤᠳ᠎ᠦᠨ ᠤᠬᠠᠭᠤᠯᠤᠨ ᠲᠠᠶ᠋ᠢᠯᠪᠤᠷᠢᠯᠠᠬᠤ ᠪᠦᠯᠬᠦᠮ》᠎ᠨᠢ ᠪᠥᠬᠦ᠌ ᠤᠯᠤᠰ᠎ᠤᠨ ᠤᠬᠠᠭᠤᠯᠤᠨ ᠲᠠᠶ᠋ᠢᠯᠪᠤᠷᠢᠯᠠᠯᠳᠠ ᠵᠢᠨ ᠲᠡᠷᠢᠭᠦᠨ᠎ᠤ ᠬᠠᠮᠲᠤ᠌ ᠨᠡᠶ᠋ᠢᠲᠡ᠎ᠪᠠᠷ ᠦᠨᠡᠯᠡᠭᠳᠡᠵᠦ᠂ ᠬᠠᠢ ᠰᠢᠨ ᠨᠡᠶ᠋ᠢᠭᠡᠮ ᠲᠣᠭᠤᠷᠢᠭ 2025 ᠣᠨ᠎ᠳᠤ 《ᠪᠥᠬᠦ᠌ ᠤᠯᠤᠰ᠎ᠤᠨ ᠰᠠᠶ᠋ᠢᠨ ᠳᠤᠷ᠎ᠠ᠎ᠶ᠋ᠢᠨ ᠦᠢᠯᠡᠴᠢᠯᠡᠭᠡᠨ᠎ᠤ ᠬᠠᠮᠤᠭ᠎ᠤᠨ ᠭᠤᠶᠤ ᠨᠡᠶ᠋ᠢᠭᠡᠮ ᠲᠣᠭᠤᠷᠢᠭ》 ᠤ᠋ᠨ ᠢᠷᠠᠭᠤ ᠠᠯᠳᠠᠷ᠎ᠢ ᠭᠥᠷᠳᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃