ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-31 10:58:00

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠪᠡᠭᠡᠵᠢᠩ ᠬᠣᠲᠠ᠎ᠶᠢᠨ ᠦᠨᠳᠦᠰᠦᠲᠡᠨ ᠱᠠᠰᠢᠨ ᠰᠤᠷᠲᠠᠬᠤᠨ᠎ᠤ ᠬᠡᠷᠡᠭ ᠡᠷᠭᠢᠯᠡᠬᠦ ᠵᠥᠪᠯᠡᠯ ᠵᠡᠷᠭᠡ ᠵᠢᠷᠭᠤᠭᠠᠨ ᠮᠤᠵᠢ ᠣᠷᠣᠨ ᠬᠣᠲᠠ᠎ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠭᠣᠣᠯᠯᠠᠨ ᠡᠷᠭᠢᠯᠡᠭᠰᠡᠨ 《ᠠᠨᠠᠷ ᠤ᠋ᠨ ᠴᠡᠴᠡᠬᠡᠰ ᠤ᠋ᠨ ᠪᠡᠭᠡᠵᠢᠩ᠎ᠳᠡᠬᠢ ᠠᠶᠠᠯᠠᠯ》 2026 ᠣᠨ᠎ᠤ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠭᠣᠣᠯ ᠰᠡᠳᠦᠪᠲᠦ ᠰᠣᠯᠢᠯᠴᠠᠭᠠᠨ᠎ᠤ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠪᠡᠭᠡᠵᠢᠩ᠎ᠦᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠤ ᠮᠦᠽᠧᠢ᠎ᠳᠦ ᠶᠠᠪᠤᠭᠳᠠᠪᠠ᠃ ᠥᠪᠥᠷ ᠮᠣᠩᠭᠣᠯ᠎ᠤᠨ ᠡᠯ᠎ᠠ ᠦᠨᠳᠦᠰᠦᠲᠡᠨ᠎ᠤ 20 ᠵᠠᠯᠠᠭᠤᠴᠤᠳ ᠪᠠᠭᠠᠴᠤᠳ ᠪᠤᠰᠤᠳ ᠮᠤᠵᠢ ᠣᠷᠣᠨ᠎ᠤ ᠵᠠᠯᠠᠭᠤᠴᠤᠳ ᠪᠠᠭᠠᠴᠤᠳ᠎ᠤᠨ ᠲᠥᠯᠥᠭᠡᠯᠡᠭᠴᠢ᠎ᠲᠠᠢ ᠬᠠᠮᠲᠤ᠎ᠪᠠᠷ 6 ᠡᠳᠦᠷ᠎ᠦᠨ ᠬᠤᠭᠤᠴᠠᠭ᠎ᠠ᠎ᠲᠠᠢ ᠤᠯᠠᠮᠵᠢᠯᠠᠯᠳᠦ ᠪᠡᠶ᠎ᠡ᠎ᠶᠢᠨ ᠲᠠᠮᠢᠷ᠎ᠢ ᠦᠢᠯᠠᠭᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠳᠦᠯᠭᠡ᠂ ᠦᠨᠳᠦᠰᠦᠲᠡᠨ᠎ᠦ ᠪᠦᠯᠬᠦᠮᠳᠡᠯ᠎ᠦᠨ ᠲᠤᠬᠠᠢ ᠰᠤᠳᠤᠯᠤᠨ ᠰᠤᠷᠤᠯᠴᠠᠵᠦ ᠰᠣᠯᠢᠯᠴᠠᠭ᠎ᠠ ᠬᠢᠬᠦ ᠠᠶᠠᠯᠠᠯ᠎ᠳᠦ ᠤᠷᠤᠯᠴᠠᠪᠠ᠃

ᠠᠵᠢᠯᠯᠠᠭ᠎ᠠ ᠨᠢ ᠵᠠᠯᠠᠭᠤᠴᠤᠳ ᠪᠠᠭᠠᠴᠤᠳ᠎ᠢ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ᠂ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠣᠢᠯᠠᠭᠠᠯᠲᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠦᠢᠯᠡᠳᠦᠯᠭᠡ᠎ᠳᠦ ᠤᠷᠤᠯᠴᠠᠭᠤᠯᠤᠨ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠲᠤ ᠥᠷᠭᠡᠨ ᠴᠢᠯᠦᠭᠡᠳᠡᠢ ᠶᠠᠪᠤᠯᠴᠠᠬᠤ᠂ ᠪᠥᠬᠥ ᠲᠠᠯ᠎ᠠ᠎ᠪᠠᠷ ᠰᠣᠯᠢᠯᠴᠠᠬᠤ᠂ ᠭᠦᠨᠵᠡᠭᠡᠢ ᠠᠭᠤᠰᠤᠯᠴᠠᠬᠤ ᠦᠢᠯᠡᠳᠦᠯᠭᠡ᠎ᠶᠢᠨ ᠲᠠᠪᠴᠠᠩ᠎ᠢ ᠪᠠᠢᠭᠤᠯᠵᠤ ᠥᠭᠴᠡᠢ᠃

ᠡᠬᠢᠯᠡᠯᠳᠡ ᠵᠢᠨ ᠶᠣᠰᠣᠯᠠᠯ᠎ᠳᠤ᠂ ᠵᠠᠯᠠᠭᠤᠴᠤᠳ ᠪᠠᠭᠠᠴᠤᠳ᠎ᠤᠨ ᠲᠥᠯᠥᠭᠡᠯᠡᠭᠴᠢ ᠣᠶᠤᠨᠲᠤ ᠮᠠᠰᠢᠨ ᠬᠥᠮᠥᠨ ᠳᠠᠢ ᠬᠠᠮᠳᠦ᠎ᠨᠠᠷᠠᠬᠦᠢ ᠨᠢᠲᠤᠷᠭ᠎ᠠ ᠵᠢᠨ ᠲᠣᠭᠯᠠᠯᠲᠠ᠎ᠳᠦ ᠤᠷᠤᠯᠴᠠᠨ᠂ ᠳᠤᠮᠳᠠᠳᠤ᠎ᠶᠢᠨ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠰᠣᠶᠣᠯ᠎ᠤᠨ ᠭᠤᠸ᠎ᠠ ᠰᠠᠢᠬᠠᠨ᠎ᠢ ᠮᠡᠳᠡᠷᠡᠨ᠂ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠵᠣᠷᠢᠭ᠍ᠲᠠᠢ᠎ᠪᠠᠷ ᠰᠢᠨ᠎ᠡ᠎ᠶᠢ ᠡᠭᠦᠳᠴᠦ᠂ ᠬᠦᠰᠡᠯ ᠵᠡᠭᠦᠳᠦ᠎ᠪᠡᠨ ᠲᠡᠷᠭᠡᠯᠰᠢᠭᠦᠯᠬᠦ ᠵᠠᠯᠠᠭᠤ ᠨᠠᠰᠤᠨ᠎ᠤ ᠠᠮᠢᠵᠢᠷᠠᠯ᠎ᠤᠨ ᠬᠦᠴᠦᠨ᠎ᠢ ᠢᠯᠡᠷᠡᠭᠦᠯᠪᠡ᠃ ᠠᠵᠢᠯᠯᠠᠭ᠎ᠠ᠎ᠶᠢᠨ ᠠᠬᠤᠢ ᠲᠠᠯᠠᠪᠠᠶ᠎ᠳᠤ ᠪᠠᠰᠠ ᠥᠩᠭᠡᠷᠡᠭᠰᠡᠨ ᠬᠤᠭᠤᠴᠠᠭᠠᠨ᠎ᠤ ᠰᠣᠯᠢᠯᠴᠠᠭᠠᠨ᠎ᠤ ᠠᠵᠢᠯᠯᠠᠭ᠎ᠠ᠎ᠶᠢᠨ ᠳᠦᠷᠰᠦ ᠰᠢᠩᠭᠡᠭᠡᠯᠲᠡ᠎ᠶᠢ ᠦᠵᠡᠬᠦᠯᠵᠠᠢ᠃

ᠰᠣᠯᠢᠯᠴᠠᠭᠠᠨ᠎ᠤ ᠠᠵᠢᠯᠯᠠᠭ᠎ᠠ᠎ᠳᠦ ᠤᠷᠤᠯᠴᠠᠬᠰᠠᠨ ᠵᠠᠯᠠᠭᠤᠴᠤᠳ ᠪᠠᠭᠠᠴᠤᠳ ᠬᠠᠮᠳᠦ ᠪᠡᠷ ᠰᠣᠶᠣᠯ᠎ᠤᠨ ᠪᠡᠯᠭᠡ ᠲᠡᠮᠳᠡᠭᠳᠦ ᠭᠠᠵᠠᠷ᠎ᠢᠶᠡᠷ ᠬᠦᠷᠴᠦ᠂ ᠳᠤᠮᠳᠠᠳᠤ᠎ᠶᠢᠨ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠨᠢ ᠤᠳᠠᠭᠠᠨ ᠲᠡᠦᠬᠡ᠎ᠶᠢ ᠦᠢᠯᠠᠭᠠᠪᠠ; ᠪᠡᠭᠡᠵᠢᠩ ᠬᠣᠲᠠ᠎ᠶᠢᠨ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠢ ᠲᠣᠭᠣᠷᠢᠨ ᠦᠵᠡᠵᠦ᠂ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶᠢᠨ ᠲᠠᠮᠢᠷ᠎ᠤᠨ ᠲᠥᠷᠥᠯ ᠵᠦᠢᠯ᠎ᠢ ᠪᠡᠶᠡᠴᠢᠯᠡᠨ ᠣᠢᠯᠠᠭᠠᠪᠠ; ᠪᠡᠭᠡᠵᠢᠩ᠎ᠦᠨ ᠰᠢᠨᠵᠢᠯᠡᠬᠦ ᠤᠬᠠᠭᠠᠨ᠎ᠤ ᠲᠥᠪ᠎ᠲᠦ ᠬᠦᠷᠴᠦ᠂ ᠳᠡᠭᠡᠳᠦ ᠰᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠬᠣᠰᠢᠭᠤᠷᠠᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠷᠢᠳᠢ ᠰᠢᠳᠢ ᠵᠢ ᠬᠠᠷᠠᠨ ᠨᠢᠳᠦ ᠨᠡᠬᠡᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠡᠵᠡᠮᠰᠢᠨ ᠤᠯᠤᠰ᠎ᠲᠠᠭᠠᠨ ᠵᠢᠳᠬᠦᠬᠦ ᠠᠯᠤᠰ ᠬᠡᠲᠦ᠎ᠶᠢᠨ ᠬᠦᠰᠡᠯᠡᠩ᠎ᠢ ᠪᠣᠶ ᠪᠣᠯᠭᠠᠵᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面