ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-08-31 11:07:12

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠦᠨᠳᠦᠰᠦᠲᠡᠨ᠎ᠨᠤᠭᠦᠳ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠠᠵᠢᠯᠯᠠᠭ᠎ᠠ ᠬᠥᠬᠡᠬᠤᠲᠠ᠎ᠳᠤ ᠶᠠᠪᠤᠭᠳᠠᠵᠠᠢ

ᠲᠦᠷᠦᠬᠦᠬᠡᠨ᠂ ᠥᠪᠡᠷᠲᠡᠭᠡᠨ ᠵᠠᠰᠠᠬᠤ ᠣᠷᠤᠨ᠎ᠤ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠤᠨ ᠦᠢᠯᠡᠳᠦᠯᠭᠡ᠎ᠶ᠋ᠢᠨ ᠲᠥᠪ ᠬᠤᠶᠠᠷ ᠬᠤᠭᠤᠴᠠᠭᠠᠨ ᠎ᠤ 《ᠠᠨᠠᠷ᠎ᠤᠨ ᠦᠷ᠎ᠡ ᠨᠠᠮ᠎ᠢᠶᠠᠨ ᠲᠠᠭᠠᠨ᠎ᠠ ᠠᠨᠠᠷ᠎ᠤᠨ ᠬᠡᠯᠬᠢᠶ᠎ᠡ ᠰᠡᠳᠬᠢᠯ ᠨᠢᠭᠡᠳᠦᠨ ᠨᠢᠭᠡ ᠬᠡᠷ᠎ᠤᠨ ᠬᠥᠮᠦᠨ ᠮᠡᠲᠦ᠍ ᠳᠣᠲᠤᠨᠤ》 ᠭᠡᠬᠦ ᠦᠨᠳᠦᠰᠦᠲᠡᠨ᠎ᠨᠤᠭᠦᠳ᠎ᠤᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠦᠪᠯᠡᠭᠡ᠎ᠶ᠋ᠢ ᠡᠷᠭᠢᠯᠡᠪᠡ᠃ ᠪᠥᠬᠦ᠌ ᠣᠷᠤᠨ᠎ᠤ ᠦᠨᠳᠦᠰᠦᠲᠡᠨ᠎ᠨᠤᠭᠦᠳ᠎ᠤᠨ 50 ᠭᠠᠷᠤᠢ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠲᠥᠯᠦᠭᠡᠯᠡᠭᠴᠢ ᠬᠥᠬᠡᠬᠤᠲᠠ᠎ᠳᠤ ᠴᠤᠭᠯᠠᠷᠠᠵᠤ᠂ ᠠᠭᠤᠯᠭ᠎ᠠ ᠪᠠᠶᠠᠯᠢᠭ᠂ ᠬᠡᠯᠪᠡᠷᠢ ᠤᠯᠠᠨ ᠶᠠᠩᠵᠤ ᠵᠢᠨ 《ᠠᠶᠠᠯᠠᠨ ᠵᠢᠭᠤᠯᠴᠢᠯᠠᠬᠤ ᠦᠵᠡᠯ ᠰᠠᠨᠠᠭ᠎ᠠ ᠤᠯᠤᠰ ᠲᠥᠷᠦ᠎ᠶ᠋ᠢᠨ ᠬᠢᠴᠢᠶᠡᠯ》 ᠤᠷᠤᠵᠤ᠂ ᠮᠠᠨ ᠎ᠤ ᠣᠷᠤᠨ ᠎ᠤ ᠦᠨᠳᠦᠰᠦᠲᠡᠨ᠎ᠨᠦᠭᠦᠳ ᠎ᠤᠨ ᠵᠠᠯᠠᠭᠤᠴᠤᠳ ᠪᠠᠭᠠᠴᠤᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠎ᠢ ᠠᠬᠢᠭᠤᠯᠪᠠ᠃

ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠭᠡᠰᠢᠭᠦᠳ ᠬᠥᠬᠡᠬᠤᠲᠠ᠎ᠶ᠋ᠢᠨ ᠱᠤᠭᠤᠮᠠᠯ ᠤᠷᠠᠯᠢᠭ᠎ᠤᠨ ᠣᠷᠳᠤᠨ᠎ᠳᠤ ᠬᠦᠷᠴᠦ᠍᠂ ᠬᠤᠪᠢᠰᠭᠠᠯ᠎ᠤᠨ ᠭᠤᠤᠯ ᠰᠡᠳᠦᠪᠳᠦ ᠤᠷᠠᠯᠢᠭ᠎ᠤᠨ ᠵᠤᠬᠢᠶᠠᠨ ᠪᠦᠳᠦᠭᠡᠯᠭᠡ ᠳᠤᠮᠳᠠ ᠡᠴᠡ ᠤᠷᠲᠤ᠌ ᠵᠠᠮ᠎ᠤᠨ ᠠᠶᠠᠨ ᠲᠠᠶ᠋ᠢᠨ᠎ᠤ ᠵᠣᠷᠢᠭ ᠰᠠᠨᠠᠭ᠎ᠠ ᠵᠢ ᠣᠶ᠋ᠢᠯᠠᠭᠠᠪᠠ; ᠮᠤᠨᠢ ᠠᠭᠤᠯᠠ ᠪᠣᠳᠠᠰ᠎ᠤᠨ ᠪᠤᠰᠤ ᠰᠣᠶᠤᠯ᠎ᠤᠨ ᠥᠪ᠎ᠤᠨ ᠵᠢᠵᠢᠭ ᠪᠠᠯᠭᠠᠰᠤᠨ᠎ᠳᠤ 《ᠠᠨᠠᠷ᠎ᠤᠨ ᠦᠷ᠎ᠡ ᠨᠠᠮ᠎ᠵᠢᠡᠨ ᠲᠠᠭᠠᠨ᠎ᠠ》ᠭᠡᠬᠦ ᠦᠢᠯᠡᠳᠦᠯᠭᠡ᠎ᠶ᠋ᠢᠨ ᠰᠤᠳᠤᠯᠭᠠᠨ ᠥᠷᠨᠢᠭᠦᠯᠵᠦ᠍᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶ᠋ᠢ ᠬᠠᠶ᠋ᠢᠨ ᠰᠦᠪᠡᠭᠴᠢᠯᠡᠵᠦ ᠂ ᠪᠠᠭᠠᠴᠤᠳ᠎ᠤᠨ ᠬᠤᠱᠢᠭᠤᠴᠢ ᠠᠩᠬᠢ ᠵᠢᠨ ᠭᠡᠰᠢᠭᠦᠳ ᠬᠥᠬᠡᠬᠤᠲᠠ᠎ᠶ᠋ᠢᠨ ᠲᠥᠯᠦᠪᠵᠢᠭᠦᠯᠭᠡ᠎ᠶ᠋ᠢᠨ ᠦᠵᠡᠰᠬᠦᠯᠡᠩ᠎ᠤᠨ ᠣᠷᠳᠤᠨ᠎ᠳᠤ ᠬᠥᠬᠡᠬᠤᠲᠠ᠎ᠶ᠋ᠢᠨ ᠣᠳᠤᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ᠎ᠶ᠋ᠢᠨ ᠠᠮᠵᠢᠯᠲᠠ ᠪᠦᠲᠦᠮᠵᠢ᠎ᠶ᠋ᠢ ᠤᠢᠯᠠᠭᠠᠨ᠂ ᠨᠤᠲᠤᠭ ᠤᠰᠤ᠎ᠪᠠᠨ ᠬᠠᠶ᠋ᠢᠷᠠᠯᠠᠬᠤ᠂ ᠨᠤᠲᠤᠭ ᠤᠰᠤ᠎ᠪᠠᠨ ᠪᠦᠳᠦᠭᠡᠨ ᠪᠠᠶ᠋ᠢᠭᠤᠯᠬᠤ ᠬᠠᠷᠢᠭᠤᠴᠠᠯᠭ᠎ᠠ ᠡᠭᠦᠷᠭᠡᠯᠡᠯ ᠵᠢᠡᠨ ᠨᠡᠮᠡᠭᠳᠡᠬᠦᠯᠪᠡ; 《ᠤᠯᠠᠭᠠᠨ ᠪᠦᠴᠡᠲᠡᠨ᠎ᠤ ᠬᠥᠳᠡᠯᠭᠡᠭᠡᠨ》 ᠎ᠤ᠋ ᠭᠤᠬᠴᠤᠭ᠎ᠠ ᠳ᠋ᠦ ᠤᠯᠠᠨ ᠵᠢᠡᠷ ᠵᠢᠡᠨ ᠮᠥᠰᠦᠨ ᠳᠡᠪᠦᠷ᠎ᠡ᠎ᠶ᠋ᠢᠨ ᠤᠷᠤᠯᠳᠤᠭᠠᠨ ᠵᠡᠷᠭᠡ ᠰᠣᠨᠢᠷᠬᠠᠯᠲᠤ᠌ ᠪᠡᠶ᠎ᠡ᠎ᠶ᠋ᠢᠨ ᠲᠠᠮᠢᠷ᠎ᠤᠨ ᠬᠦᠳᠡᠯᠭᠡᠭᠡᠨ ᠦᠷᠨᠢᠬᠦᠯᠵᠦ᠂ ᠪᠦᠯᠬᠦᠮᠳᠡᠨ ᠬᠠᠮᠵᠢᠯᠴᠠᠬᠤ ᠤᠬᠠᠮᠰᠠᠷ ᠵᠢᠡᠨ ᠨᠡᠮᠡᠭᠳᠡᠬᠦᠯᠵᠦ᠍᠂ ᠨᠥᠬᠦᠷᠯᠡᠯ ᠵᠢᠡᠨ ᠵᠤᠵᠠᠭᠠᠳᠬᠠᠵᠠᠢ᠃

ᠲᠤᠰ ᠤᠳᠠᠭ᠎ᠠ ᠎ᠶᠢᠨ ᠠᠵᠢᠯᠯᠠᠭ᠎ᠠ ᠎ᠨᠢ ᠪᠣᠳᠠᠲᠤ᠌ ᠦᠵᠡᠭᠳᠡᠯᠳᠦ ᠰᠤᠳᠤᠯᠤᠨ ᠰᠤᠷᠤᠯᠴᠠᠬᠤ ᠬᠡᠯᠪᠡᠷᠢ᠎ᠪᠠᠷ ᠬᠤᠪᠢᠰᠭᠠᠯᠲᠦ ᠬᠥᠮᠦᠵᠢᠯ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶ᠋ᠢᠨ ᠬᠥᠮᠦᠵᠢᠯ ᠵᠡᠷᠭᠡ᠎ᠶ᠋ᠢ ᠣᠷᠭᠠᠨᠢᠭ᠎ᠢᠶᠠᠷ ᠠᠭᠤᠰᠤᠯᠴᠠᠭᠤᠯᠵᠤ ᠂ ᠦᠨᠳᠦᠰᠦᠲᠡᠨ ᠨᠤᠭᠦᠳ᠎ᠤᠨ ᠪᠠᠭᠠᠴᠤᠳ᠎ᠤᠨ ᠬᠤᠰᠢᠭᠤᠴᠢ ᠠᠩᠬᠢ᠎ᠶ᠋ᠢᠨ ᠭᠡᠰᠢᠭᠦᠳ ᠬᠠᠮᠲᠤ᠌ ᠬᠤᠭᠤᠯᠠᠯᠠᠵᠤ ᠬᠠᠮᠲᠤ ᠠᠶᠠᠯᠠᠨ᠂ ᠭᠠᠷ ᠭᠠᠷ ᠵᠢᠡᠨ ᠬᠤᠯᠪᠤᠯᠴᠠᠨ ᠬᠠᠷᠢᠯᠴᠠᠨ ᠬᠠᠪᠰᠤᠷᠤᠯᠴᠠᠵᠤ᠂ 《ᠲᠤᠮᠳᠠᠳᠤ ᠵᠢᠨ ᠦᠨᠳᠦᠰᠦᠳᠡᠨ ᠨᠤᠬᠦᠳ ᠨᠢᠭᠡ ᠭᠡᠷ᠎ᠦᠨ ᠬᠦᠮᠦᠨ ᠮᠡᠳᠦ ᠲᠤᠳᠤᠨᠤ》 ᠪᠠᠢᠬᠤ ᠤᠢᠯᠠᠭᠠᠭᠳᠠᠬᠤᠨ᠎ᠢ ᠠᠮᠢᠳᠤᠯᠢᠭ ᠲᠠᠢᠯᠪᠤᠷᠢᠯᠠᠭᠰᠠᠨ ᠪᠠᠢᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面