2026-09-02 12:00:16
《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠵᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠤᠶ᠎ᠠ》 ᠭᠡᠬᠥ ᠡᠷᠳᠡᠮ ᠰᠢᠨᠵᠢᠯᠡᠭᠡᠨ᠎ᠦ
8 ᠰᠠᠷ᠎ᠠ᠎ᠶᠢᠨ 31 ᠤ᠋ ᠡᠳᠦᠷ᠂ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠵᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠠᠬᠢᠭᠤᠯᠤᠶ᠎ᠠ》 ᠭᠡᠬᠥ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ ᠬᠥᠯᠥᠨ ᠪᠤᠢ᠌ᠷ ᠬᠤᠳᠠ᠎ᠳᠤ ᠶᠠᠪᠤᠭᠳᠠᠪᠠ᠃
ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠬᠤ ᠬᠤᠷᠠᠯ᠎ᠢ ᠳᠤᠮᠳᠠᠳᠤ ᠤᠯᠤᠰ᠎ᠤᠨ ᠨᠡᠶ᠋ᠢᠭᠡᠮ᠎ᠦᠨ ᠰᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠰᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠣᠪᠴᠢᠶ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠡᠴᠡ ᠭᠤᠤᠯᠯᠠᠨ ᠡᠷᠭᠢᠯᠡᠵᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠵᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ᠎ᠶᠢ ᠠᠬᠢᠭᠤᠯᠬᠤ᠎ᠪᠠᠷ ᠭᠤᠤᠯ ᠰᠡᠳᠦᠪ ᠪᠣᠯᠭᠠᠪᠠ᠃ ᠳᠥᠷᠪᠡᠨ ᠲᠤᠰᠬᠠᠶ ᠮᠡᠷᠭᠡᠵᠢᠯᠲᠡᠨ ᠡᠷᠳᠡᠮᠲᠡᠨ ᠡᠴᠡ ᠭᠤᠤᠯ ᠵᠤᠷᠢᠯᠳᠠᠳᠤ ᠦᠭᠡ ᠶᠠᠷᠢᠵᠤ᠂ ᠤᠯᠤᠰ᠎ᠤᠨ ᠳᠣᠲᠣᠭᠠᠳᠤ᠎ᠶᠢᠨ ᠬᠣᠯᠪᠣᠭᠳᠠᠯ ᠪᠥᠬᠥᠶ ᠬᠦᠷᠢᠶᠡᠨ᠎ᠳᠡᠬᠢ 90 ᠭᠠᠷᠤᠶ ᠲᠤᠰᠬᠠᠶ ᠮᠡᠷᠭᠡᠵᠢᠯᠲᠡᠨ ᠡᠷᠳᠡᠮᠲᠡᠨ《ᠰᠢᠨ᠎ᠡ ᠠᠶᠠᠨ᠎ᠳᠡᠬᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠶ᠋ᠢᠲᠠᠶ ᠬᠥᠭᠵᠢᠯᠲᠡ》᠂《ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠰᠣᠶᠣᠯ᠎ᠢ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠣᠶᠤᠨ ᠰᠠᠨᠠᠭᠠᠨ᠎ᠤ ᠬᠡᠷ ᠣᠷᠣᠨ᠎ᠢᠶᠡᠨ ᠪᠠᠶ᠋ᠢᠭᠤᠯᠤᠶ᠎ᠠ》᠂《〈ᠤᠯᠤᠰ᠎ᠢ ᠵᠠᠰᠠᠬᠤ᠎ᠳᠤ ᠡᠷᠬᠡᠪᠰᠢ ᠬᠢᠯᠢ ᠬᠢᠵᠠᠭᠠᠷ᠎ᠢ ᠵᠠᠰᠠᠬᠤ〉 ᠲᠡᠦᠬᠡ᠎ᠶᠢᠨ ᠯᠣᠭᠢᠭ ᠪᠣᠯᠤᠨ ᠣᠲᠣ ᠦᠶ᠎ᠡ᠎ᠶᠢᠨ ᠦᠢᠯᠡᠳᠦᠯᠭᠡ》ᠵᠡᠷᠭᠡ ᠵᠥᠪᠯᠡᠬᠦ᠌ ᠰᠡᠳᠦᠪ᠎ᠦᠨ ᠲᠣᠭᠣᠷᠢᠨ᠎ᠳᠤ ᠡᠷᠳᠡᠮ ᠰᠢᠨᠵᠢᠯᠡᠭᠡᠨ᠎ᠦ ᠰᠤᠳᠤᠯᠤᠨ ᠶᠠᠷᠢᠯᠴᠠᠭ᠎ᠠ ᠪᠠ ᠰᠣᠯᠢᠯᠴᠠᠭ᠎ᠠ ᠦᠷᠨᠢᠬᠦᠯᠪᠡ᠃
ᠤᠢ᠌ᠷ᠎ᠠ᠎ᠶᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨᠢᠮᠠᠭᠲᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠶᠢ ᠡᠯ᠎ᠡ ᠵᠦᠢᠯ᠎ᠦᠨ ᠠᠵᠢᠯ᠎ᠤᠨ ᠪᠦᠬᠦ᠌ ᠶᠠᠪᠤᠴᠠ ᠡᠯ᠎ᠡ ᠲᠠᠯ᠎ᠠ᠎ᠳᠤ ᠲᠤᠭᠤᠰᠢᠯᠠᠭᠤᠯᠵᠤ᠂ ᠰᠤᠳᠤᠯᠭᠠᠨ᠎ᠤ ᠲᠠᠪᠴᠠᠩ ᠢ ᠪᠠᠶ᠋ᠢᠭᠤᠯᠵᠤ᠂ ᠰᠤᠳᠤᠯᠭᠠᠨ᠎ᠤ ᠰᠡᠳᠦᠪ ᠲᠦᠷᠦᠯ ᠵᠦᠢᠯ᠎ᠢ ᠲᠤᠬᠳᠠᠭᠠᠵᠤ᠂ ᠬᠢᠯᠢ ᠬᠢᠵᠠᠭᠠᠷ᠎ᠤᠨ ᠵᠠᠰᠠᠯᠲᠠ᠎ᠶᠢᠨ ᠰᠤᠳᠤᠯᠭᠠᠨ᠎ᠤ ᠲᠥᠪ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ 19 ᠰᠤᠳᠤᠯᠭᠠᠨ᠎ᠤ ᠰᠠᠭᠤᠷᠢᠨ᠎ᠢ ᠨᠡᠷᠡᠶ᠋ᠢᠳᠴᠦ᠍᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠰᠠᠭᠤᠷᠢᠯᠠᠬᠤ ᠴᠢᠨᠠᠷᠲᠠᠢ᠂ ᠠᠩᠬᠠᠨ᠎ᠤ ᠡᠭᠦᠳᠦᠯᠲᠡ᠎ᠶᠢᠨ ᠴᠢᠨᠠᠷᠲᠠᠢ ᠰᠤᠳᠤᠯᠭᠠᠨ᠎ᠢ ᠭᠦᠨᠵᠡᠭᠡᠢ ᠦᠷᠨᠢᠬᠦᠯᠪᠡ;《ᠢᠨᠲ᠋ᠧᠷ ᠰᠦᠯᠵᠢᠶ᠎ᠡ + ᠦᠨᠳᠦᠰᠦᠲᠡᠨ᠎ᠦ ᠪᠦᠯᠬᠦᠮᠳᠡᠯ》 ᠤ᠋ᠨ ᠵᠢᠭᠰᠠᠭᠠᠯᠢ ᠴᠣᠭᠴᠠᠯᠠᠵᠤ᠂ 《ᠤᠯᠤᠰ᠎ᠤᠨ ᠬᠡᠦᠬᠡᠳ᠎ᠦᠨ ᠥᠨᠳᠤᠰᠤ ᠤᠬᠰᠠᠭ᠎ᠠ ᠪᠡᠨ ᠡᠷᠢᠵᠤ ᠬᠦᠰᠡᠯ ᠵᠡᠭᠦᠳᠦ᠎ᠪᠡᠨ ᠲᠡᠷᠭᠡᠯᠰᠢᠭᠦᠯᠬᠦ᠌》 ᠵᠡᠷᠭᠡ ᠣᠨᠴᠠᠯᠢᠭᠲᠤ᠌ IP ᠪᠠ ᠬᠠᠮ ᠵᠠᠭᠤᠴᠢᠯᠠᠭᠤᠷ᠎ᠤᠨ ᠦᠢᠯᠡᠳᠬᠦᠨ᠎ᠢ ᠵᠤᠬᠢᠶᠠᠨ ᠪᠦᠳᠦᠬᠡᠵᠤ ᠂ 《ᠳᠥᠷᠪᠡᠨ ᠬᠠᠮᠲᠤᠳᠬᠠᠬᠤ》 ᠂ 《 ᠲᠠᠪᠤᠨ ᠬᠠᠮᠲᠤ᠎ᠶᠢᠨ ᠲᠠᠨᠢᠯᠲᠠ》 ᠪᠡᠷ ᠬᠥᠮᠦᠰ᠎ᠦᠨ ᠰᠡᠳᠬᠢᠯ᠎ᠢ ᠤᠮᠳᠠᠯᠠᠵᠤ᠂ ᠦᠨᠳᠦᠰᠦᠨ ᠱᠠᠲᠤᠨ᠎ᠳᠤ ᠦᠨᠳᠦᠰᠦᠯᠡᠭᠦᠯᠦᠨ ᠦᠢᠯᠡᠳᠦᠯᠬᠡᠵᠢᠬᠦᠯᠪᠡ;《ᠥᠪᠥᠷ ᠮᠣᠩᠭᠣᠯ᠎ᠤᠨ ᠣᠷᠣᠨ ᠨᠤᠲᠤᠭ᠎ᠤᠨ ᠲᠣᠪᠴᠢ ᠲᠡᠦᠬᠡ》᠂《ᠥᠪᠥᠷ ᠮᠣᠩᠭᠣᠯ᠎ᠤᠨ ᠰᠣᠶᠣᠯ᠎ᠤᠨ ᠬᠥᠮᠥᠷᠭᠡ 》 ᠵᠡᠷᠭᠡ ᠰᠢᠷᠢᠰ ᠰᠤᠳᠤᠷ ᠪᠢᠴᠢᠭ᠎ᠢ ᠨᠠᠶ᠋ᠢᠷᠠᠭᠤᠯᠤᠨ ᠬᠡᠪᠯᠡᠭᠦᠯᠵᠦ᠍᠂ 《ᠳᠤᠮᠳᠠᠳᠤ᠎ᠶᠢᠨ ᠯᠣᠣ》᠂《ᠠᠭᠤᠰᠤᠯᠴᠠᠯ·ᠴᠣᠭᠴᠠᠯᠠᠯᠲᠠ》ᠵᠡᠷᠭᠡ ᠠᠭᠤᠰᠤᠯᠴᠠᠭᠰᠠᠨ ᠣᠨᠴᠠᠯᠢᠭ ᠰᠢᠨᠵᠢ᠎ᠶᠢ ᠢᠯᠡᠷᠡᠭᠦᠯᠦᠭᠰᠡᠨ ᠤᠳᠬ᠎ᠠ ᠤᠷᠠᠯᠢᠭ᠎ᠤᠨ ᠨᠢᠭᠡ ᠪᠦᠯᠦᠭ ᠰᠣᠳᠣᠨ ᠪᠦᠲᠦᠭᠡᠯ᠎ᠢ ᠵᠤᠬᠢᠶᠠᠨ ᠪᠦᠳᠦᠬᠡᠵᠤ᠂ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠠᠮᠢᠳᠤᠯᠢᠭ ᠰᠠᠶ᠋ᠢᠬᠠᠨ ᠶᠠᠷᠢᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠶ᠋ᠢᠲᠠᠢ ᠬᠥᠭᠵᠢᠯᠲᠡ᠎ᠶᠢ ᠦᠷᠭᠦᠯᠵᠢᠯᠡᠨ ᠪᠡᠬᠢᠵᠢᠭᠦᠯᠦᠨ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃