ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-09-03 10:28:45

ᠵᠣᠬᠢᠶᠠᠭ᠍ᠴᠢ᠄ ᠯᠢ ᠼᠦᠨ ᠰᠢᠶᠠ ᠣᠩᠱᠢᠭ᠍ᠰᠠᠨ ᠣᠳᠠᠭ᠎ᠠ᠄ 3

ᠡᠨᠡ ᠵᠢᠯ᠎ᠦᠨ 9 ᠰᠠᠷ᠎ᠠ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠴᠢᠨ ᠭᠤᠷᠪᠠᠳᠡᠬᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ ᠪᠣᠯᠣᠨ᠎ᠠ᠂ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠲᠥᠪᠯᠡᠩᠬᠦᠢ ᠬᠦᠴᠦᠨ᠎ᠢ ᠴᠢᠨᠠᠭᠰᠢᠳᠠ ᠴᠢᠩᠭᠠᠳᠬᠠᠶ᠎ᠠ》 ᠬᠡᠬᠦ ᠪᠡᠷ ᠭᠤᠤᠯ ᠰᠡᠳᠦᠪ ᠪᠤᠯᠭᠠᠵᠠᠢ᠃ ᠰᠤᠷᠪᠤᠯᠵᠢᠯᠠᠬ᠍ᠴᠢ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠎ᠡᠴᠡ ᠣᠢᠯᠠᠭᠠᠭᠰᠠᠨ᠎ᠢᠶᠠᠷ᠂ ᠡᠯ᠎ᠡ ᠵᠦᠢᠯ᠎ᠦᠨ ᠠᠵᠢᠯ᠎ᠢᠶᠠᠨ ᠯᠠᠪᠳᠠᠭᠤᠨ ᠪᠠᠲᠤᠲᠠᠢ ᠰᠠᠢᠲᠤᠷ ᠬᠢᠵᠤ᠂ ᠠᠵᠢᠯᠯᠠᠭ᠎ᠠ᠎ᠶᠢᠨ ᠰᠠᠷ᠎ᠠ᠎ᠶᠢᠨ ᠢᠳᠡᠪᠬᠢᠲᠡᠢ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ ᠵᠢᠨ ᠲᠦᠯᠦᠬᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠭᠦ ᠵᠥᠪᠯᠡᠯ᠂ ᠰᠤᠷᠭᠠᠨ ᠬᠥᠮᠦᠵᠢᠯ᠎ᠦᠨ ᠲᠢᠩᠬᠢᠮ᠂ ᠬᠠᠤᠯᠢ ᠴᠠᠭᠠᠵᠠ᠎ᠶᠢᠨ ᠲᠢᠩᠬᠢᠮ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ᠎ᠶᠢᠨ ᠬᠢᠨᠠᠯᠲᠠ ᠬᠠᠮᠢᠶᠠᠷᠤᠯᠲᠠ᠎ᠶᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ᠂ ᠡᠪᠯᠡᠯ᠎ᠦᠨ ᠬᠣᠷᠢᠶ᠎ᠠ ᠵᠢᠴᠢ ᠡᠮᠡᠭᠲᠡᠢᠴᠦᠳ᠎ᠦᠨ ᠬᠣᠯᠪᠤᠭ᠎ᠠ ᠬᠠᠮᠲᠤᠷᠠᠨ ᠠᠵᠢᠯᠯᠠᠭ᠎ᠠ᠎ᠶᠢᠨ ᠰᠠᠷ᠎ᠠ᠎ᠶᠢᠨ ᠠᠵᠢᠯ᠎ᠤᠨ ᠲᠥᠰᠥᠯ᠎ᠢ ᠲᠣᠭᠲᠠᠭᠠᠨ ᠲᠠᠷᠬᠠᠭᠠᠵᠤ᠂ ᠰᠠᠯᠠᠭ᠎ᠠ ᠮᠥᠴᠢᠷ᠎ᠦᠨ ᠵᠣᠬᠢᠴᠠᠭᠤᠯᠬᠤ ᠲᠣᠭᠲᠠᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠬᠦᠷᠢᠶ᠎ᠠ ᠴᠠᠷᠠᠭ᠎ᠠ ᠵᠢᠨ ᠬᠢᠨ ᠬᠠᠮᠢᠶ᠎ᠠ ᠪᠦᠬᠦᠢ ᠠᠵᠢᠯ᠎ᠢ ᠭᠦᠨᠵᠡᠭᠡᠢ ᠥᠷᠨᠢᠭᠦᠯᠬᠦ᠎ᠶᠢ ᠠᠬᠢᠭᠤᠯᠪᠠ᠃

ᠠᠵᠢᠯ᠎ᠤᠨ ᠲᠥᠰᠥᠯ᠎ᠢ ᠦᠨᠳᠦᠰᠦᠯᠡᠪᠡᠯ ᠂ ᠡᠨᠡ ᠵᠢᠯ᠎ᠦᠨ ᠠᠵᠢᠯᠯᠠᠭ᠎ᠠ ᠶ᠋ᠢᠨ ᠰᠠᠷ᠎ᠠ ᠶ᠋ᠢᠨ ᠠᠵᠢᠯ᠎ᠤᠨ ᠵᠠᠷᠴᠢᠮ ᠪᠣᠯ 《ᠨᠠᠮ᠎ᠤᠨ ᠤᠳᠤᠷᠢᠳᠤᠯᠭ᠎ᠠ ᠶ᠋ᠢ ᠪᠠᠷᠢᠮᠲᠠᠯᠠᠨ᠂ ᠭᠣᠣᠯ ᠰᠢᠵᠢᠮ ᠢ᠋ ᠳᠣᠪᠤᠶ᠋ᠢᠯᠭᠠᠵᠤ᠂ ᠭᠣᠣᠯ ᠰᠡᠳᠦᠪ᠎ᠲᠦ ᠠᠩᠬᠠᠷᠤᠯ᠎ᠢᠶᠠᠨ ᠲᠥᠪᠯᠡᠷᠡᠭᠦᠯᠬᠦ ᠶ᠋ᠢ ᠪᠠᠷᠢᠮᠲᠠᠯᠠᠨ᠂ ᠣᠯᠠᠨ ᠲᠦᠮᠡᠨ ᠢ᠋ ᠴᠢᠬᠤᠯᠠᠴᠢᠯᠠᠬᠤ ᠶ᠋ᠢ ᠪᠠᠷᠢᠮᠲᠠᠯᠠᠬᠤ》 ᠶᠠᠪᠤᠳᠠᠯ ᠪᠣᠯᠣᠨ᠎ᠠ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠲᠥᠷᠥᠯ᠂ ᠡᠯ᠎ᠡ ᠬᠦᠷᠢᠶ᠎ᠡ ᠴᠠᠷᠠᠭ᠎ᠠ ᠵᠢᠨ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠪᠦᠭᠦ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ ᠵᠢᠨ ᠤᠬᠠᠮᠰᠠᠷ᠎ᠢ ᠪᠠᠲᠤ ᠴᠤᠬᠴᠠᠯᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠵᠡᠷᠭᠡ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ᠎ᠶᠢ ᠴᠢᠷᠮᠠᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠬᠤ᠎ᠳᠤ ᠬᠦᠴᠦᠨ ᠴᠢᠳᠠᠯ᠎ᠢᠶᠠᠨ ᠨᠡᠮᠡᠷᠢᠯᠡᠬᠦ ᠵᠢ ᠵᠣᠷᠢᠭ᠍ᠵᠢᠭᠤᠯᠤᠨ ᠬᠥᠲᠥᠯᠥᠨ ᠵᠢᠯᠤᠭᠣᠳᠬᠤ ᠪᠤᠯᠤᠨ᠎ᠠ᠃

ᠠᠵᠢᠯ᠎ᠤᠨ ᠲᠥᠰᠥᠯ᠎ᠳᠦ ᠡᠨᠡ ᠵᠢᠯ᠎ᠦᠨ ᠠᠵᠢᠯᠯᠠᠭᠠᠨ᠎ᠤ ᠰᠠᠷ᠎ᠠ᠎ᠶᠢᠨ ᠭᠣᠣᠯ ᠡᠭᠦᠷᠭᠡ᠎ᠶᠢ ᠲᠣᠳᠣᠷᠬᠠᠢ ᠲᠣᠭᠲᠠᠭᠠᠵᠠᠢ᠃ ᠨᠢᠭᠡ᠎ᠳᠦ᠂ ᠦᠨᠳᠦᠰᠦᠲᠡᠨ ᠨᠤᠬᠦᠳ᠎ᠦᠨ ᠪᠦᠯᠬᠦᠮᠳᠡᠨ ᠲᠡᠮᠡᠴᠡᠬᠦ ᠬᠠᠮᠲᠤ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠰᠠᠭᠤᠷᠢ᠎ᠶᠢ ᠪᠦᠭᠦ ᠲᠠᠯ᠎ᠠ᠎ᠪᠠᠷ ᠪᠡᠬᠢᠵᠢᠭᠦᠯᠵᠦ᠂ ᠨᠠᠮ᠎ᠤᠨ ᠦᠨᠳᠦᠰᠦᠲᠡᠨ᠎ᠦ ᠠᠵᠢᠯ᠎ᠤᠨ ᠰᠢᠨ᠎ᠡ ᠡᠬᠦᠳᠦᠯᠳᠡ ᠵᠢᠨ ᠤᠨᠤᠯ᠎ᠢ ᠭᠦᠨᠵᠡᠭᠡᠢ ᠰᠤᠷᠤᠯᠴᠠᠨ ᠨᠠᠷᠢᠨ ᠣᠢᠯᠠᠭᠠᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠨᠠᠮ᠎ᠤᠨ ᠦᠨᠳᠦᠰᠦᠲᠡᠨ᠎ᠦ ᠲᠦᠷᠦ᠎ᠶᠢᠨ ᠪᠣᠳᠣᠯᠭ᠎ᠠ᠎ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠲᠥᠯᠥᠨ ᠵᠢᠯᠤᠭᠣᠳᠴᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠤᠬᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠬᠤ ᠵᠢ ᠱᠠᠭᠠᠷᠳᠠᠪᠠ᠃ ᠬᠣᠶᠠᠷ᠎ᠲᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠨ ᠠᠭᠤᠳᠠᠮ ᠠᠴᠢᠶᠠᠯᠠᠪᠤᠷᠢ᠎ᠶᠢᠨ ᠲᠠᠪᠴᠠᠩ᠎ᠢ ᠪᠦᠭᠦ ᠲᠠᠯ᠎ᠠ᠎ᠪᠠᠷ ᠪᠠᠢᠭᠤᠯᠵᠤ᠂ ᠤᠯᠠᠮ ᠨᠢᠭᠡ ᠠᠯᠬᠤᠮ ᠠᠷᠭ᠎ᠠ ᠬᠡᠮᠵᠢᠶ᠎ᠡ᠎ᠶᠢᠨ ᠰᠢᠨ᠎ᠡ᠎ᠶᠢ ᠡᠭᠦᠳᠴᠦ᠂ ᠦᠨᠳᠦᠰᠦᠲᠡᠨ᠎ᠨᠦᠭᠦᠳ᠎ᠦᠨ ᠪᠦᠯᠬᠦᠮᠳᠡᠵᠤ ᠡᠶ᠎ᠡ ᠨᠠᠢᠷᠰᠠᠭ᠎ᠢᠶᠠᠷ ᠬᠠᠷᠢᠯᠴᠠᠨ ᠠᠭᠤᠰᠤᠯᠴᠠᠨ ᠤᠷᠤᠰᠢᠨ ᠰᠠᠭᠤᠬᠤ᠎ᠶᠢ ᠠᠬᠢᠭᠤᠯᠤᠨ᠎ᠠ; ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ᠎ᠶᠢ ᠰᠢᠨ᠎ᠡ᠎ᠶᠢ ᠡᠭᠦᠳᠦᠨ ᠰᠦᠪᠡᠭᠴᠢᠯᠡᠬᠦ᠂ ᠲᠦᠷᠦᠯ ᠲᠡᠮᠳᠡᠭᠵᠢᠭᠦᠯᠦᠨ ᠪᠦᠲᠦᠭᠡᠨ ᠪᠠᠢᠭᠤᠯᠬᠤ᠂ ᠪᠠᠢᠩᠭᠤᠵᠢᠭᠤᠯᠤᠨ ᠥᠷᠨᠢᠭᠦᠯᠬᠦ᠎ᠶᠢ ᠴᠢᠨᠠᠭᠰᠢᠳᠠ ᠠᠬᠢᠭᠤᠯᠵᠤ᠂ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠦᠨᠳᠦᠰᠦᠲᠡᠨ᠎ᠦ ᠣᠮᠣᠭ ᠪᠠᠬᠠᠳᠤᠯᠳᠤ ᠰᠡᠳᠬᠢᠯᠭᠡ ᠪᠠ ᠢᠲᠡᠭᠡᠯ ᠵᠣᠷᠢᠭ᠋᠎ᠢ ᠨᠡᠮᠡᠭᠳᠡᠭᠦᠯᠬᠦ᠎ᠶᠢ ᠬᠥᠲᠥᠯᠥᠨ ᠵᠢᠯᠣᠭᠣᠳᠤᠨ᠎ᠠ; ᠰᠣᠶᠣᠯ ᠵᠢᠭᠤᠯᠴᠢᠯᠠᠯ᠎ᠤᠨ ᠠᠭᠤᠰᠤᠯᠴᠠᠯ᠎ᠢ ᠴᠢᠨᠠᠭᠰᠢᠳᠠ ᠠᠬᠢᠭᠤᠯᠵᠤ 《ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ》 ᠤ᠋ᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠵᠤ᠂ ᠵᠢᠭᠤᠯᠴᠢᠯᠠᠯ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠥᠪᠥᠷ ᠮᠣᠩᠭᠣᠯ᠎ᠤᠨ ᠦᠯᠢᠭᠡᠷ ᠳᠠᠭᠤᠷᠢᠶᠠᠯ᠎ᠢ ᠪᠦᠷᠢᠯᠳᠦᠭᠦᠯᠬᠦ᠎ᠶᠢ ᠠᠬᠢᠭᠤᠯᠤᠨ᠎ᠠ; ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠡᠭᠦᠳᠦᠨ ᠪᠠᠢᠭᠤᠯᠤᠯᠲᠠ᠎ᠶᠢᠨ ᠲᠠᠰ ᠳᠡᠪᠰᠢᠬᠦ᠎ᠶᠢ ᠤᠯᠠᠮ ᠨᠢᠭᠡ ᠠᠯᠬᠤᠮ ᠠᠬᠢᠭᠤᠯᠵᠤ᠂ ᠠᠷᠪᠠᠨ ᠭᠤᠷᠪᠠᠳᠤᠭᠠᠷ ᠪᠦᠯᠦᠭ᠎ᠦᠨ ᠪᠦᠭᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶ᠎ᠡ ᠦᠵᠡᠭᠦᠯᠭᠦ ᠣᠷᠣᠨ ᠵᠢᠱ᠌ᠢᠶ᠎ᠡ ᠦᠵᠡᠭᠦᠯᠭᠦ ᠨᠢᠭᠡᠴᠢ᠎ᠶᠢ ᠴᠢᠨᠠᠷ ᠰᠠᠢᠲᠠᠢ ᠡᠭᠦᠳᠦᠨ ᠪᠠᠢᠭᠤᠯᠬᠤ ᠵᠢ ᠱᠠᠭᠠᠷᠳᠠᠪᠠ᠃ ᠭᠤᠷᠪᠠ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠰᠠᠨ ᠨᠡᠢᠲᠡᠯᠢᠭ ᠬᠡᠷᠡᠭ᠎ᠦᠨ ᠵᠢᠱ᠌ᠢᠶ᠎ᠡ ᠪᠠ ᠠᠮᠵᠢᠯᠲᠠ᠎ᠲᠠᠢ ᠲᠤᠷᠰᠢᠯᠭ᠎ᠠ᠎ᠶᠢ ᠳ᠋ᠦᠩᠨᠡᠵᠦ᠂ ᠪᠣᠯᠪᠠᠰᠤᠷᠠᠭᠤᠯᠤᠨ ᠪᠠᠳᠠᠷᠠᠭᠤᠯᠵᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠤᠬᠠᠭᠤᠯᠭ᠎ᠠ᠎ᠶᠢᠨ ᠭᠠᠷᠠᠭ᠂ 29 ᠳ᠋ᠤᠭᠡᠷ ᠬᠤᠭᠤᠴᠠᠭᠠᠨ᠎ᠤ ᠲᠡᠯᠬᠡᠷᠡᠬᠦᠯᠦᠨ ᠲᠦᠭᠡᠮᠡᠯᠵᠢᠭᠦᠯᠬᠦ ᠭᠠᠷᠠᠭ ᠵᠡᠷᠭᠡ ᠲᠤᠰᠬᠠᠢ ᠰᠡᠳᠦᠪᠲᠦ ᠠᠵᠢᠯᠯᠠᠭ᠎ᠠ᠎ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠯᠢᠭᠡᠷ᠎ᠢ ᠰᠠᠢᠲᠤᠷ ᠶᠠᠷᠢᠵᠤ᠂ ᠭᠦᠨ ᠵᠤᠵᠠᠭᠠᠨ ᠨᠡᠢᠭᠡᠮ᠎ᠦᠨ ᠠᠭᠤᠷ ᠠᠮᠢᠰᠬᠤᠯ᠎ᠢ ᠡᠭᠦᠳᠬᠦ ᠵᠢ ᠱᠠᠭᠠᠷᠳᠠᠵᠡᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面