ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-09-15 10:21:21

ᠵᠣᠬᠢᠶᠠᠭ᠍ᠴᠢ᠄ ᠬᠠᠨ ᠯᠢᠩ ᠯᠢᠩ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 14 ᠎ᠤ᠋ ᠦᠲᠡ ᠢ᠋ᠢᠨ ᠡᠮᠦᠨ᠎ᠡ᠂ 《ᠠᠨᠠᠷ᠎ᠤᠨ ᠴᠡᠴᠡᠭ ᠪᠠᠲᠠᠷᠠᠨ ᠲᠡᠯᠭᠡᠷᠡᠨ᠎ᠠ·ᠠᠨᠠᠷ᠎ᠤᠨ ᠦᠷ᠎ᠡ ᠰᠢᠭ ᠨᠢᠬᠲᠠᠷᠠᠨ ᠪᠦᠯᠬᠦᠮᠲᠡᠨ᠎ᠠ》 ᠰᠦᠯᠵᠢᠶᠡᠨ᠎ᠦ ᠭᠣᠣᠯ ᠰᠡᠳᠦᠪᠲᠦ ᠳᠠᠮᠵᠢᠭᠤᠯᠭ᠎ᠠ᠎ᠶᠢᠨ ᠠᠵᠢᠯᠯᠠᠭ᠎ᠠ᠎ᠶᠢᠨ ᠡᠬᠢᠯᠡᠯᠲᠡ᠎ᠶᠢᠨ ᠶᠣᠰᠣᠯᠠᠯ ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠶ᠎ᠠ᠎ᠶᠢᠨ ᠥᠪᠥᠷ ᠮᠣᠩᠭᠣᠯ᠎ᠤᠨ ᠶᠡᠷᠦᠩᠬᠡᠢ ᠥᠷᠲᠡᠭᠡ᠎ᠳᠦ ᠶᠠᠪᠤᠭᠳᠠᠪᠠ᠃ ᠲᠤᠰ ᠤᠳᠠᠭ᠎ᠠ᠎ᠶᠢᠨ ᠠᠵᠢᠯᠯᠠᠭ᠎ᠠ᠎ᠶᠢ ᠲᠦᠪ᠎ᠤᠨ ᠰᠦᠯᠵᠢᠶᠡᠨ᠎ᠤ ᠠᠮᠤᠷ ᠲᠦᠪᠱᠢᠨ᠎ᠪᠠ ᠮᠡᠳᠡᠭᠡ ᠵᠠᠩᠭᠢᠵᠢᠯᠲᠠ᠎ᠶ᠋ᠢᠨ ᠬᠤᠷᠢᠶ᠎ᠠ ᠢ᠋ᠢᠨ ᠠᠯᠪᠠᠨ ᠬᠡᠷ᠎ᠦᠨ ᠰᠦᠯᠵᠢᠶᠡᠨ᠎ᠦ ᠳᠠᠮᠵᠢᠭᠤᠯᠭ᠎ᠠ᠎ᠶᠢᠨ ᠲᠣᠪᠴᠢᠶ᠎ᠠ ᠡᠴᠡ ᠵᠢᠯᠤᠭᠣᠳᠴᠤ᠂ ᠦᠪᠡᠷᠲᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠰᠦᠯᠵᠢᠶᠡᠨ᠎ᠤ ᠠᠮᠤᠷ ᠲᠦᠪᠱᠢᠨ ᠪᠠ ᠮᠡᠳᠡᠭᠡ ᠵᠠᠩᠭᠢᠵᠢᠯᠲᠠ᠎ᠶ᠋ᠢᠨ ᠬᠤᠷᠢᠶᠠᠨ᠎ᠤ ᠠᠯᠪᠠᠨ ᠭᠡᠷ᠎ᠡᠴᠡ ᠭᠣᠣᠯᠯᠠᠨ ᠡᠷᠬᠢᠯᠡᠨ᠂ ᠲᠥᠪ ᠲᠧᠯᠸᠢᠰ᠎ᠦᠨ ᠰᠦᠯᠵᠢᠶ᠎ᠡ ᠡᠴᠡ ᠳᠠᠭᠠᠭᠠᠴᠢᠯᠠᠨ ᠡᠷᠬᠢᠯᠡᠵᠡᠢ᠂ ᠠᠵᠢᠯᠯᠠᠭ᠎ᠠ 11 ᠰᠠᠷ᠎ᠠ ᠬᠦᠷᠲᠡᠯ᠎ᠡ ᠦᠷᠭᠦᠯᠵᠢᠯᠡᠨ᠎ᠡ᠃

ᠤᠷᠲᠤ ᠬᠤᠭᠤᠴᠠᠭᠠᠨ᠎ᠤ ᠲᠤᠷᠰᠢ᠂ ᠥᠪᠥᠷ ᠮᠣᠩᠭᠣᠯ 《ᠠᠨᠠᠷ᠎ᠤᠨ ᠴᠡᠴᠡᠭ ᠪᠠᠲᠠᠷᠠᠨ ᠲᠡᠯᠭᠡᠷᠡᠨ᠎ᠠ·ᠠᠨᠠᠷ᠎ᠤᠨ ᠦᠷ᠎ᠡ ᠰᠢᠭ ᠨᠢᠬᠲᠠᠷᠠᠨ ᠪᠦᠯᠬᠦᠮᠲᠡᠨ᠎ᠠ》 ᠰᠦᠯᠵᠢᠶᠡᠨ᠎ᠦ ᠤᠬᠠᠭᠤᠯᠭ᠎ᠠ᠎ᠶᠢᠨ ᠲᠦᠷᠦᠯ ᠲᠡᠮᠳᠡᠭ᠎ᠢ ᠦᠷᠭᠦᠯᠵᠢᠯᠡᠨ ᠠᠯᠳᠠᠷᠰᠢᠭᠤᠯᠵᠤ᠂ ᠲᠥᠪ᠎ᠤᠨ ᠪᠠ ᠣᠷᠣᠨ ᠨᠤᠲᠤᠭ᠎ᠤᠨ ᠬᠠᠮᠲᠤᠷᠠᠭᠰᠠᠨ ᠵᠠᠭᠤᠴᠢᠯᠠᠭᠤᠷ᠎ᠤᠨ ᠵᠢᠭ᠍ᠰᠠᠭᠠᠯ᠎ᠳᠤ ᠲᠦᠰᠢᠭᠯᠡᠨ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠶᠡᠬᠡ ᠬᠡᠮᠵᠢᠶᠡᠨ᠎ᠦ ᠦᠨᠳᠦᠰᠦᠲᠡᠨ᠎ᠦ ᠪᠦᠯᠬᠦᠮᠳᠡᠯ᠎ᠦᠨ ᠨᠡᠢᠲᠡᠯᠢᠭ ᠵᠢᠱ᠌ᠢᠶ᠎ᠡ᠎ᠶᠢ ᠢᠯᠡᠷᠡᠭᠦᠯᠵᠦ᠂ ᠲᠠᠮᠵᠢᠭᠤᠯᠬᠤ ᠬᠦᠴᠦᠨ᠂ ᠨᠥᠯᠥᠭᠡᠯᠡᠬᠦ ᠬᠦᠴᠦᠨ᠎ᠢ ᠢᠯᠡᠷᠡᠭᠦᠯᠦᠭᠰᠡᠨ ᠠᠯᠢ ᠤᠯᠠᠨ ᠰᠢᠨ᠎ᠡ ᠵᠠᠭᠤᠴᠢᠯᠠᠭᠤᠷ᠎ᠤᠨ ᠪᠦᠲᠦᠭᠡᠯ᠎ᠢ ᠡᠭᠦᠳᠴᠦ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ᠎ᠦᠨ ᠢᠳᠡᠪᠬᠢ ᠬᠦᠴᠦᠨ᠎ᠢ ᠰᠦᠯᠵᠢᠶᠡᠨ᠎ᠦ ᠣᠷᠣᠨ ᠵᠠᠢ᠎ᠳᠤ ᠥᠷᠭᠡᠨ᠎ᠢᠶᠡᠷ ᠲᠠᠮᠵᠢᠭᠤᠯᠵᠦ᠂ ᠪᠦᠬᠦ ᠨᠡᠢᠭᠡᠮ᠎ᠢᠶᠡᠷ᠎ᠢᠶᠡᠨ ᠰᠡᠳᠬᠢᠯ᠎ᠨᠢᠭᠡᠲᠦᠨ ᠡᠷᠡᠮᠡᠬᠡᠢᠯᠡᠨ ᠤᠷᠤᠭᠰᠢᠯᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠ᠃ ᠲᠤᠰ ᠤᠳᠠᠭ᠎ᠠ᠎ᠶᠢᠨ ᠠᠵᠢᠯᠯᠠᠭ᠎ᠠ᠎ᠳᠤ 《〈ᠰᠢᠨ᠎ᠡ〉 ᠪᠦᠬᠦᠨ ᠳᠠᠨ ᠳᠠᠢ ᠬᠤᠯᠪᠤᠭ᠎ᠠ ᠳᠠᠢ》᠂ 《ᠰᠠᠢᠨ ᠪᠠᠢᠨᠠᠤ ᠬᠠᠳᠤᠨ ᠭᠣᠣᠯ》 ᠭᠡᠬᠦ ᠬᠣᠶᠠᠷ ᠶᠡᠭᠡ ᠲᠦᠷᠦᠯ᠎ᠤᠨ ᠰᠦᠯᠵᠢᠶᠡᠨ᠎ᠦ ᠭᠣᠣᠯ ᠰᠡᠳᠦᠪᠲᠦ ᠳᠠᠮᠵᠢᠭᠤᠯᠭ᠎ᠠ᠎ᠶᠢᠨ ᠠᠵᠢᠯᠯᠠᠭ᠎ᠠ᠎ᠶᠢ ᠵᠡᠷᠭᠡ ᠪᠡᠷ ᠡᠬᠢᠯᠡᠭᠦᠯᠵᠦ᠂ ᠤᠯᠠᠨ ᠡᠰᠢᠲᠦ ᠳᠠᠮᠵᠢᠭᠤᠯᠭ᠎ᠠ᠎ᠶᠢᠨ ᠬᠡᠯᠪᠡᠷᠢ᠎ᠪᠡᠷ ᠪᠦᠬᠦ ᠣᠷᠣᠨ᠎ᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠬᠤ ᠠᠮᠢᠳᠤᠯᠢᠭ᠋ ᠦᠢᠯᠡᠳᠦᠯᠭᠡ᠎ᠶᠢ ᠪᠣᠰᠣᠭ᠎ᠠ ᠴᠣᠭᠴᠠ᠎ᠪᠠᠷ ᠢᠯᠡᠷᠡᠭᠦᠯᠬᠦ ᠪᠤᠯᠤᠨ᠎ᠠ᠃

ᠲᠤᠰ ᠤᠳᠠᠭ᠎ᠠ᠎ᠶᠢᠨ ᠡᠬᠢᠯᠡᠯᠲᠡ᠎ᠶᠢᠨ ᠶᠣᠰᠣᠯᠠᠯ ᠨᠢ 《ᠥᠩᠭᠡᠷᠡᠭᠰᠡᠨ᠂ ᠤᠳᠤ᠂ ᠢᠷᠡᠭᠡᠳᠦᠢ》 ᠪᠡᠷ ᠰᠢᠵᠢᠮ ᠪᠤᠯᠭᠠᠵᠦ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠨ ᠰᠣᠯᠢᠯᠴᠠᠵᠦ ᠠᠭᠤᠰᠤᠯᠴᠠᠬᠰᠠᠨ᠂ ᠦᠷᠭᠦᠯᠵᠢᠯᠡᠨ ᠲᠡᠮᠡᠴᠡᠵᠦ ᠤᠷᠤᠭᠰᠢᠯᠠᠨ ᠳᠠᠪᠰᠢᠭᠰᠠᠨ ᠬᠥᠭᠵᠢᠯᠲᠡ᠎ᠶᠢᠨ ᠬᠠᠭᠤᠳᠠᠰᠤ᠎ᠶᠢ ᠪᠦᠬᠦ ᠲᠠᠯ᠎ᠠ᠎ᠪᠠᠷ ᠳᠡᠯᠭᠡᠨ ᠦᠵᠡᠭᠦᠯᠵᠡᠢ᠃ ᠶᠤᠰᠤᠯᠠᠯ᠎ᠳᠤ᠂ 2025 ︱2026 ᠣᠨ᠎ᠤ ᠥᠪᠥᠷ ᠮᠣᠩᠭᠣᠯ᠎ᠤᠨ ᠢᠳᠡᠪᠬᠢ ᠬᠦᠴᠦᠨ᠎ᠦ ᠲᠠᠮᠵᠢᠭᠤᠯᠭ᠎ᠠ ᠵᠢᠨ ᠪᠦᠲᠦᠭᠡᠯ ᠎ᠢ ᠨᠡᠢᠲᠡᠯᠡᠵᠦ᠂ ᠰᠣᠶᠣᠯ᠎ᠤᠨ ᠡᠷᠳᠡᠮᠲᠡᠳ ᠡᠴᠡ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠤᠷᠳᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠭᠦᠨ ᠵᠤᠵᠠᠭᠠᠨ ᠠᠭᠤᠯᠤᠬᠲᠠᠬᠤᠨ᠎ᠢ ᠲᠠᠢᠯᠪᠤᠷᠢᠯᠠᠪᠠ᠃ ᠡᠭᠦᠨ᠎ᠦ ᠬᠠᠮᠲᠤ᠂ ᠪᠦᠬᠦ ᠤᠯᠤᠰ᠎ᠤᠨ ᠬᠦᠲᠡᠯᠮᠦᠷᠢ ᠢ᠋ᠢᠨ ᠵᠢᠱ᠌ᠢᠶᠡᠴᠢ᠂ ᠵᠠᠭᠤᠴᠢᠯᠠᠭᠤᠷ᠎ᠤᠨ ᠠᠵᠢᠯᠳᠠᠨ᠂ ᠦᠨᠳᠦᠰᠦᠨ ᠱᠠᠲᠤᠨ᠎ᠤ ᠤᠯᠠᠨ ᠲᠦᠮᠡᠨ᠎ᠦ ᠲᠥᠯᠥᠭᠡᠯᠡᠭᠴᠢ᠎ᠡᠴᠡ ᠲᠠᠯ᠎ᠠ ᠨᠤᠲᠤᠭ᠎ᠲᠤ ᠦᠨᠳᠦᠰᠦᠯᠡᠭᠰᠡᠨ᠂ ᠠᠮᠢ ᠠᠬᠤᠢ᠎ᠶᠢ ᠰᠠᠬᠢᠨ ᠬᠠᠮᠠᠭᠠᠯᠠᠭᠰᠠᠨ᠂ ᠬᠠᠷᠢᠯᠴᠠᠨ ᠬᠠᠪᠰᠤᠷᠤᠯᠴᠠᠭᠰᠠᠨ ᠰᠡᠳᠬᠢᠯ᠎ᠢ ᠳᠤᠯᠠᠭᠠᠴᠠᠭᠤᠯᠤᠭᠰᠠᠨ ᠦᠯᠢᠭᠡᠷ᠎ᠵᠢᠡᠨ ᠬᠤᠪᠢᠶᠠᠯᠴᠠᠪᠠ᠃ ᠶᠤᠰᠤᠯᠠᠯ᠎ᠳᠤ ᠪᠠᠰᠠ AI ᠪᠦᠲᠦᠭᠡᠯᠴᠢ ᠸᠢᠳᠢᠤ᠋᠎ᠪᠠᠷ ᠲᠣᠭᠠᠴᠢᠯᠠᠭᠰᠠᠨ ᠰᠢᠨᠵᠢᠯᠡᠬᠦ ᠤᠬᠠᠭᠠᠨ ᠲᠸᠭᠨᠢᠢᠡ᠋ ᠮᠡᠷᠭᠡᠵᠢᠯ᠎ᠦᠨ ᠲᠠᠯ᠎ᠠ ᠨᠤᠲᠤᠭ᠎ᠤᠨ ᠬᠥᠭᠵᠢᠯᠲᠡ᠎ᠳᠤ ᠬᠦᠴᠦᠨ ᠨᠡᠮᠡᠷᠢᠯᠡᠵᠦ ᠪᠦᠬᠦᠢ ᠴᠣ ᠰᠢᠨ᠎ᠡ ᠠᠮᠢᠵᠢᠷᠠᠯ᠎ᠤᠨ ᠬᠦᠴᠦᠨ᠎ᠢ ᠳᠡᠯᠭᠡᠨ ᠦᠵᠡᠭᠦᠯᠵᠡᠢ᠃

ᠡᠬᠢᠯᠡᠯᠲᠡ᠎ᠶᠢᠨ ᠶᠣᠰᠣᠯᠠᠯ᠎ᠤᠨ ᠳᠠᠷᠠᠭ᠎ᠠ᠂ ᠵᠠᠭᠤᠴᠢᠯᠠᠭᠤᠷ᠎ᠤᠨ ᠰᠤᠷᠪᠤᠯᠵᠢᠯᠠᠬᠤ ᠪᠦᠯᠬᠦᠮ᠎ᠦᠨ ᠬᠢᠨ ᠬᠥᠬᠡᠬᠣᠲᠠ᠂ ᠤᠯᠠᠭᠠᠨᠴᠠᠪ᠂ ᠪᠤᠭᠤᠲᠤ᠂ ᠣᠷᠳᠣᠰ ᠵᠡᠷᠭᠡ ᠣᠯᠠᠨ ᠭᠠᠵᠠᠷ᠎ᠤᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠵᠦ᠂ ᠰᠢᠨ᠎ᠡ ᠰᠣᠷᠭᠣᠭ ᠪᠣᠷᠣ᠌ ᠮᠠᠲᠧᠷᠢᠶᠠᠯ᠎ᠢ ᠭᠦᠨ ᠠᠭᠤᠳᠠᠯᠵᠤ᠂ ᠰᠣᠳᠣᠨ ᠪᠦᠳᠦᠭᠡᠯ᠎ᠢ ᠦᠷᠭᠦᠯᠵᠢᠯᠡᠨ ᠵᠤᠬᠢᠶᠠᠨ ᠪᠦᠲᠦᠭᠡᠵᠦ᠂ ᠪᠥᠬᠥ ᠲᠠᠯ᠎ᠠ᠎ᠶᠢᠨ᠂ ᠪᠣᠰᠣᠭ᠎ᠠ ᠴᠣᠭᠴᠠᠲᠤ ᠰᠦᠯᠵᠢᠶᠡᠨ᠎ᠦ ᠳᠠᠮᠵᠢᠭᠤᠯᠭ᠎ᠠ᠎ᠶᠢᠨ ᠵᠢᠭ᠍ᠰᠠᠭᠠᠯ᠎ᠢ ᠪᠠᠶ᠋ᠢᠭᠤᠯᠵᠤ᠂ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠥᠯᠢᠭᠡᠷ᠎ᠢ ᠦᠷᠭᠦᠯᠵᠢᠯᠡᠨ ᠰᠠᠢᠲᠤᠷ ᠤᠬᠠᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面