ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-09-19 11:37:24

ᠵᠣᠬᠢᠶᠠᠭ᠍ᠴᠢ᠄ ᠰᠠᠴᠤᠷᠠᠯ ᠣᠩᠱᠢᠭ᠍ᠰᠠᠨ ᠣᠳᠠᠭ᠎ᠠ᠄ 3

9 ᠰᠠᠷ᠎ᠠ᠎ᠶᠢᠨ 18 ᠎ᠤ᠋ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠡᠴᠡ ᠭᠣᠣᠯᠯᠠᠨ ᠡᠷᠬᠢᠯᠡᠭᠰᠡᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ ᠥᠪᠥᠷ ᠮᠣᠩᠭᠣᠯ᠎ᠤᠨ ᠦᠨᠳᠦᠰᠦᠲᠡᠨ᠎ᠦ ᠰᠤᠳᠤᠷ ᠪᠢᠴᠢᠭ ᠎ᠤᠨ ᠠᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ ᠠᠵᠢᠯᠯᠠᠭ᠎ᠠ ᠬᠥᠬᠡᠬᠣᠲᠠ᠎ᠳᠤ ᠶᠠᠪᠤᠭᠳᠠᠵᠦ᠂ ᠣᠷᠣᠨ᠎ᠤ ᠳᠣᠲᠣᠨ᠎ᠠ ᠭᠠᠳᠠᠨᠠᠬᠢ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ ᠵᠢᠴᠢ ᠶᠡᠬᠡ ᠳᠡᠭᠡᠳᠦ ᠰᠤᠷᠭᠠᠭᠤᠯᠢ᠎ᠶᠢᠨ 80 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠠᠵᠢᠯᠯᠠᠭ᠎ᠠ᠎ᠳᠤ ᠣᠷᠣᠯᠴᠠᠵᠠᠢ᠃

ᠲᠤᠰ ᠤᠳᠠᠭᠠᠨ᠎ᠤ ᠠᠵᠢᠯᠯᠠᠭ᠎ᠠ ᠨᠢ ᠦᠷ᠎ᠡ ᠪᠦᠲᠦᠭᠡᠯ᠎ᠢ ᠨᠡᠢᠲᠡᠯᠡᠬᠦ᠂ ᠲᠤᠰᠬᠠᠢ ᠰᠡᠳᠦᠪ᠎ᠢᠶᠡᠷ ᠲᠠᠨᠢᠯᠴᠠᠭᠤᠯᠬᠤ᠂ ᠲᠤᠷᠰᠢᠯᠭ᠎ᠠ᠎ᠪᠠᠨ ᠰᠣᠯᠢᠯᠴᠠᠬᠤ᠂ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠬᠠᠷᠢᠯᠴᠠᠨ ᠬᠦᠳᠡᠯᠦᠯᠴᠡᠵᠦ ᠪᠡᠶᠡᠴᠢᠯᠡᠨ ᠣᠢᠯᠠᠭᠠᠬᠤ ᠵᠡᠷᠭᠡ ᠠᠭᠤᠯᠭ᠎ᠠ᠎ᠵᠢ ᠲᠤᠬᠢᠷᠠᠭᠤᠯᠵᠦ᠂ ᠮᠠᠨ᠎ᠤ ᠣᠷᠣᠨ᠎ᠤ ᠦᠨᠳᠦᠰᠦᠲᠡᠨ᠎ᠦ ᠰᠤᠳᠤᠷ ᠪᠢᠴᠢᠭ᠎ᠢ ᠬᠠᠮᠠᠭᠠᠯᠠᠨ ᠡᠮᠬᠢᠯᠡᠵᠦ ᠠᠰᠢᠭ᠍ᠯᠠᠭᠰᠠᠨ ᠦᠢᠯᠡᠳᠦᠯᠭᠡ᠎ᠶᠢᠨ ᠦᠷ᠎ᠡ ᠪᠦᠲᠦᠮᠵᠢ᠎ᠶᠢ ᠲᠥᠪᠯᠡᠷᠡᠭᠦᠯᠦᠨ ᠳᠡᠯᠭᠡᠨ ᠦᠵᠡᠭᠦᠯᠪᠡ᠃ ᠠᠵᠢᠯᠯᠠᠭ᠎ᠠ᠎ᠳᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ ᠰᠤᠳᠤᠷ ᠪᠢᠴᠢᠭ᠎ᠢ ᠡᠮᠬᠢᠳᠬᠡᠭᠰᠡᠨ ᠰᠤᠳᠤᠯᠭᠠᠨ᠎ᠤ ᠦᠷ᠎ᠡ ᠪᠦᠳᠦᠭᠡᠯ᠎ᠢ ᠲᠤᠰᠬᠠᠢ ᠰᠡᠳᠦᠪ᠎ᠢᠶᠡᠷ ᠲᠠᠢᠯᠪᠤᠷᠢᠯᠠᠵᠤ᠂ ᠨᠢᠭᠡᠨᠲᠡ ᠬᠡᠪᠯᠡᠭᠳᠡᠭᠰᠡᠨ 6 ᠵᠦᠢᠯ᠎ᠦᠨ 7 ᠳᠡᠪᠲᠡᠷ ᠰᠤᠳᠤᠷ ᠪᠢᠴᠢᠭ᠎ᠦᠨ ᠦᠷ᠎ᠡ ᠪᠦᠲᠦᠭᠡᠯ᠎ᠢ ᠲᠠᠨᠢᠯᠴᠠᠭᠤᠯᠪᠠ᠃ ᠠᠵᠢᠯᠯᠠᠭ᠎ᠠ᠎ᠳᠤ ᠪᠠᠰᠠ ᠤᠯᠠᠨ ᠵᠢᠡᠷ ᠵᠢᠡᠨ ᠰᠦᠯᠵᠢᠶᠡᠨ ᠳᠡᠭᠡᠷ᠎ᠡ ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ ᠵᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠡᠷᠲᠡᠨ᠎ᠦ ᠳᠤᠷᠠᠰᠬᠠᠯᠲᠤ ᠵᠦᠢᠯᠡᠰ ᠎ᠦᠨ ᠰᠤᠳᠤᠷ ᠪᠢᠴᠢᠭ᠎ᠤᠨ ᠳᠡᠯᠭᠡᠨ ᠦᠵᠡᠭᠦᠯᠭᠡ (ᠪᠠᠭᠠᠷᠢᠨ ᠪᠠᠷᠠᠭᠤᠨ ᠬᠣᠰᠢᠭᠤᠨ᠎ᠤ ᠥᠷᠲᠡᠭᠡ) ᠵᠢᠨ ᠦᠵᠡᠭᠦᠯᠭᠡ᠎ᠶᠢᠨ ᠲᠢᠩᠬᠢᠮ ᠎ᠢ ᠤᠢᠯᠠᠭᠠᠵᠦ᠂ ᠲᠣᠭᠠᠴᠢᠯᠠᠭᠰᠠᠨ ᠠᠷᠭ᠎ᠠ ᠪᠠᠷᠢᠯ᠎ᠢᠶᠠᠷ ᠴᠠᠭ ᠪᠠ ᠤᠷᠤᠨ ᠵᠠᠢ ᠠᠯᠤᠰᠯᠠᠬᠰᠠᠨ ᠡᠬᠢ ᠪᠠᠶᠠᠯᠢᠭ᠋᠎ᠢ ᠬᠠᠮᠳᠦ ᠪᠡᠷ ᠡᠳ᠋ᠯᠡᠬᠦ᠎ᠶᠢ ᠪᠡᠶᠡᠯᠡᠭᠦᠯᠪᠡ᠃ ᠦᠷ᠎ᠡ ᠪᠦᠲᠦᠭᠡᠯ᠎ᠦᠨ ᠦᠵᠡᠭᠦᠯᠭᠡ᠎ᠶᠢᠨ ᠲᠣᠭᠣᠷᠢᠭ᠋᠎ᠲᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠤᠳᠤᠷ ᠪᠢᠴᠢᠭ᠎ᠦᠨ ᠬᠡᠪᠯᠡᠯ᠎ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠰᠤᠳᠤᠷ ᠪᠢᠴᠢᠭ᠎ᠦᠨ ᠨᠡᠶ᠋ᠢᠲᠡ᠎ᠶᠢᠨ ᠠᠰᠠᠷᠠᠮᠵᠢ᠎ᠶᠢᠨ ᠬᠢᠨᠠᠨ ᠲᠣᠭᠲᠠᠭᠠᠯᠲᠠ᠂ ᠬᠠᠷᠢᠯᠴᠠᠨ ᠪᠡᠶᠡᠴᠢᠯᠡᠨ ᠣᠢᠯᠠᠭᠠᠬᠤ ᠣᠷᠣᠨ ᠪᠦᠰᠡ᠎ᠶᠢ ᠨᠡᠭᠡᠭᠡᠵᠦ᠂ ᠰᠤᠳᠤᠷ ᠪᠢᠴᠢᠭ᠎ᠢ ᠬᠠᠭᠤᠯᠬᠤ᠂ ᠭᠠᠷᠴᠠᠭᠯᠠᠬᠤ᠂ ᠵᠠᠰᠠᠨ ᠰᠡᠷᠭᠦᠭᠡᠬᠦ᠂ ᠲᠣᠭᠠᠴᠢᠯᠠᠬᠤ᠎ᠪᠦᠷᠢᠨ ᠪᠦᠲᠦᠨ ᠴᠤᠪᠤᠷᠠᠯ᠎ᠢ ᠰᠢᠭᠤᠳ ᠳᠡᠯᠭᠡᠨ ᠦᠵᠡᠭᠦᠯᠪᠡ᠃

ᠮᠠᠨ᠎ᠤ ᠣᠷᠣᠨ ᠲᠠᠷᠠᠭᠠᠴᠢ᠎ᠶᠢᠨ ᠠᠯᠬᠤᠮ᠎ᠳᠤ ᠦᠨᠳᠦᠰᠦᠲᠡᠨ᠎ᠦ ᠰᠤᠳᠤᠷ ᠪᠢᠴᠢᠭ᠎ᠤᠨ ᠡᠬᠢ ᠪᠠᠶᠠᠯᠢᠭ᠋᠎ᠢ ᠠᠮᠢᠳᠤᠯᠢᠭ᠍ᠵᠢᠭᠤᠯᠤᠨ ᠠᠰᠢᠭ᠍ᠯᠠᠨ ᠬᠠᠮᠠᠭᠠᠯᠠᠬᠤ᠎ᠶᠢ ᠦᠷᠭᠦᠯᠵᠢᠯᠡᠨ ᠠᠬᠢᠭᠤᠯᠵᠤ᠂ ᠰᠤᠳᠤᠷ ᠪᠢᠴᠢᠭ᠎ᠦᠨ ᠲᠡᠦᠬᠡ᠎ᠶᠢᠨ ᠮᠠᠲᠧᠷᠢᠶᠠᠯ ᠎ᠤᠨ ᠭᠡᠷᠡᠴᠢᠯᠡᠯ ᠪᠠ ᠤᠬᠠᠭᠤᠯᠭ᠎ᠠ ᠬᠥᠮᠦᠵᠢᠯ᠎ᠦᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠦ ᠴᠤᠬᠴᠠᠯᠠᠬᠤ ᠲᠡᠦᠬᠡ ᠰᠣᠶᠣᠯ᠎ᠤᠨ ᠰᠠᠭᠤᠷᠢ᠎ᠶᠢ ᠪᠡᠬᠢᠵᠢᠬᠦᠯᠣᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面