ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-09-22 10:28:50

ᠵᠣᠬᠢᠶᠠᠭ᠍ᠴᠢ᠄ ᠪᠤᠤ ᠢᠤᠢ ᠶᠢᠩ ᠣᠩᠱᠢᠭ᠍ᠰᠠᠨ ᠣᠳᠠᠭ᠎ᠠ᠄ 3

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢᠨ ᠰᠠᠭᠤᠷᠢ᠎ᠶᠢ ᠪᠡᠬᠢᠵᠢᠭᠦᠯᠤᠨ᠎ᠠ


《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ》 ᠶ᠋ᠢ ᠵᠢᠩᠬᠢᠨᠢ᠎ᠪᠡᠷ ᠬᠡᠷᠡᠭᠵᠢᠭᠦᠯᠦᠭᠰᠡᠨ᠎ᠦ ᠳᠠᠷᠠᠭᠠᠬᠢ ᠠᠩᠬᠠᠳᠠᠭ᠍ᠴᠢ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠤᠬᠠᠭᠤᠯᠭ᠎ᠠ᠎ᠶᠢᠨ ᠭᠠᠷᠠᠭ ᠬᠦᠷᠴᠦ ᠢᠷᠡᠬᠦ ᠲᠠᠰᠢᠷᠠᠮ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠤᠬᠠᠭᠤᠯᠬᠤ ᠬᠡᠯᠲᠡᠰ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠷᠤᠯᠴᠠᠯᠭ᠎ᠠ᠎ᠶᠢᠨ ᠠᠰᠠᠭᠤᠯᠲᠠ ᠬᠠᠷᠢᠭᠤᠯᠲᠠ》 ᠳ᠋ᠤ᠌ ᠵᠠᠰᠠᠪᠤᠷᠢ ᠣᠷᠣᠭᠤᠯᠬᠤ᠎ᠶᠢᠨ ᠬᠠᠮᠲᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠰᠤᠷᠤᠯᠴᠠᠯᠭ᠎ᠠ᠎ᠶᠢᠨ ᠠᠰᠠᠭᠤᠯᠲᠠ ᠬᠠᠷᠢᠭᠤᠯᠲᠠ》 ᠵᠢ ᠨᠠᠢᠷᠠᠭᠤᠯᠤᠨ ᠲᠤᠭᠤᠷᠪᠢᠵᠦ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠤᠯᠠᠮ ᠨᠢᠭᠡ ᠠᠯᠬᠤᠮ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶᠢ ᠰᠠᠢᠲᠤᠷ ᠨᠠᠢᠳᠠᠪᠤᠷᠢᠵᠢᠭᠤᠯᠤᠨ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠣᠨᠣᠯ᠎ᠤᠨ ᠠᠭᠤᠯᠤᠭᠳᠠᠬᠤᠨ᠂ ᠴᠢᠬᠤᠯᠠ ᠶᠡᠬᠡ ᠠᠴᠢ ᠬᠣᠯᠪᠣᠭᠳᠠᠯ ᠪᠠ ᠦᠢᠯᠡᠳᠦᠯᠭᠡ᠎ᠶᠢᠨ ᠱᠠᠭᠠᠷᠳᠠᠯᠭ᠎ᠠ᠎ᠵᠢ ᠣᠨᠣᠪᠴᠢᠲᠠᠶ ᠡᠵᠡᠮᠰᠢᠭᠦᠯᠪᠡ᠃

ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠦᠵᠡᠯ ᠰᠠᠨᠠᠭᠠᠨ᠎ᠤ ᠰᠠᠭᠤᠷᠢ ᠮᠥᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠢᠯᠡᠳᠦᠯᠭᠡ᠎ᠶᠢᠨ ᠲᠤᠯᠭᠠᠭᠤᠷᠢᠯᠠᠯ ᠮᠥᠨ᠃ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠷᠤᠯᠴᠠᠯᠭ᠎ᠠ᠎ᠶᠢᠨ ᠠᠰᠠᠭᠤᠯᠲᠠ ᠬᠠᠷᠢᠭᠤᠯᠲᠠ》 ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ᠌ ᠴᠢᠬᠤᠯᠠ ᠶᠡᠬᠡ ᠤᠤᠭᠠᠯ ᠡᠭᠦᠳᠦᠯᠲᠡ᠎ᠶᠢᠨ ᠴᠢᠨᠠᠷᠲᠠᠢ ᠨᠤᠲᠠᠯᠠᠯᠲᠠ᠎ᠪᠠᠷ ᠭᠣᠣᠯ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠶᠣᠰᠣ᠌ ᠤᠴᠢᠷ᠂ ᠶᠣᠰᠣ᠌ ᠵᠦᠢ᠂ ᠭᠦᠨ ᠤᠬᠠᠭᠠᠨ᠎ᠢ ᠬᠦᠴᠦᠯᠡᠨ ᠲᠣᠳᠣᠷᠬᠠᠢ ᠶᠠᠷᠢᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷ ᠤᠯᠠᠨ ᠲᠦᠮᠡᠨ᠎ᠢ ᠬᠠᠪᠰᠤᠷᠤᠨ ᠵᠥᠪ ᠤᠯᠤᠰ᠎ᠤᠨ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠦ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ᠎ᠶᠢ ᠪᠠᠲᠤ ᠪᠤᠢ ᠪᠣᠯᠭᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠰᠡᠳᠬᠢᠯ᠎ᠦᠨ ᠭᠦᠨ᠎ᠳᠦ ᠦᠨᠳᠦᠰᠦᠯᠡᠭᠦᠯᠪᠡ᠃ ᠲᠣᠰ ᠤᠳᠠᠭ᠎ᠠ᠎ᠶᠢᠨ ᠨᠣᠮ᠎ᠤᠨ ᠨᠣᠣᠷᠠᠭ ᠨᠢ 2023 ᠣᠨ᠎ᠤ ᠬᠡᠪᠯᠡᠯ᠎ᠦᠨ ᠵᠠᠰᠠᠪᠤᠷᠢ ᠣᠷᠣᠭᠤᠯᠤᠭᠰᠠᠨ ᠨᠣᠣᠷᠠᠭ ᠪᠠᠢᠵᠦ᠂ ᠭᠣᠣᠯᠳᠠᠭᠤ ᠳᠣᠣᠷᠠᠬᠢ ᠮᠡᠲᠤ ᠵᠠᠰᠠᠪᠤᠷᠢ ᠣᠷᠣᠭᠤᠯᠵᠠᠢ᠄ 2024 ᠣᠨ᠎ᠤ ᠪᠦᠬᠦ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠬᠥᠬᠢᠭᠦᠯᠦᠨ ᠰᠠᠢᠰᠢᠶᠠᠬᠤ ᠶᠡᠬᠡ ᠬᠤᠷᠠᠯ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ᠂ ᠳᠥᠷᠪᠡᠳᠦᠭᠡᠷ ᠪᠦᠬᠦᠳᠠ ᠬᠤᠷᠠᠯ ᠵᠡᠷᠭᠡ ᠬᠠᠮᠤᠭ᠎ᠤᠨ ᠰᠢᠨ᠎ᠡ ᠴᠢᠬᠤᠯᠠ ᠵᠣᠷᠢᠭ᠋ ᠰᠠᠨᠠᠭ᠎ᠠ᠎ᠶᠢ ᠮᠥᠷᠳᠡᠨ ᠰᠢᠩᠭᠡᠬᠡᠨ ᠠᠪᠴᠤ᠂ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠶᠢᠨ ᠦᠵᠡᠯᠲᠡ᠎ᠶᠢ 《ᠲᠦᠷᠪᠡᠨ ᠬᠠᠮᠲᠤ》 ᠪᠠᠢᠭᠰᠠᠨ᠎ᠡᠴᠡ 《ᠲᠠᠪᠤᠨ ᠬᠠᠮᠲᠤ》 ᠪᠣᠯᠭᠠᠨ ᠰᠢᠨᠡᠳᠬᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠤᠭᠠᠯ ᠡᠭᠦᠳᠦᠯᠲᠡ᠎ᠶᠢᠨ ᠴᠢᠨᠠᠷᠲᠠᠢ ᠴᠢᠬᠤᠯᠠ ᠶᠡᠬᠡ ᠨᠤᠲᠠᠯᠠᠯᠲᠠ᠎ᠶᠢᠨ ᠬᠥᠭᠵᠢᠯᠲᠡ᠎ᠶᠢᠨ ᠰᠤᠳᠠᠰᠤ᠎ᠶᠢ ᠲᠡᠭᠦᠯᠳᠡᠷᠵᠢᠭᠦᠯᠪᠡ; ᠬᠠᠤᠯᠢ᠎ᠪᠠᠷ ᠵᠠᠰᠠᠬᠤ ᠲᠤᠰᠬᠠᠢ ᠰᠡᠳᠦᠪᠲᠦ ᠠᠰᠠᠭᠤᠯᠲᠠ ᠬᠠᠷᠢᠭᠤᠯᠲᠠ᠎ᠶᠢ ᠰᠢᠨ᠎ᠡ᠎ᠪᠡᠷ ᠨᠡᠮᠡᠭᠳᠡᠭᠦᠯᠵᠦ᠂ ᠪᠥᠬᠥ ᠨᠣᠮ᠎ᠤᠨ 《ᠣᠨᠣᠯ — ᠲᠡᠦᠬᠡ — ᠦᠢᠯᠡᠳᠦᠯᠭᠡ — ᠬᠠᠤᠯᠢ᠎ᠪᠠᠷ ᠵᠠᠰᠠᠬᠤ — ᠤᠯᠤᠰ ᠲᠥᠷᠥ᠎ᠶᠢᠨ ᠪᠠᠲᠤᠯᠠᠭ᠎ᠠ》 ᠵᠢᠨ ᠯᠣᠭᠢᠭ᠋᠎ᠤᠨ ᠪᠣᠷᠣ᠌ ᠲᠥᠯᠥᠪ᠎ᠢ ᠳᠠᠬᠢᠨ ᠪᠠᠢᠭᠤᠯᠪᠠ; ᠵᠠᠩᠭᠢᠯᠠᠭ᠎ᠠ᠎ᠶᠢᠨ ᠤᠬᠠᠭᠳᠠᠬᠤᠨ᠎ᠢ ᠰᠢᠰᠲᠸᠮᠵᠢᠬᠥᠯᠤᠨ ᠲᠠᠢᠯᠪᠤᠷᠢᠯᠠᠬᠤ ᠵᠢ ᠭᠦᠨᠵᠡᠭᠡᠢᠷᠡᠭᠦᠯᠵᠦ᠂ ᠵᠥᠪ 《ᠲᠠᠪᠤᠨ ᠦᠵᠡᠯᠲᠡ》 ᠵᠢ ᠪᠤᠢ ᠪᠤᠯᠭᠠᠬᠤ ᠵᠡᠷᠭᠡ ᠭᠣᠣᠯ ᠤᠬᠠᠭᠳᠠᠬᠤᠨ᠎ᠤ ᠲᠠᠢᠯᠪᠤᠷᠢᠯᠠᠯᠲᠠ᠎ᠶᠢ ᠨᠡᠮᠡᠵᠦ ᠨᠥᠬᠥᠪᠦᠷᠢᠯᠡᠪᠡ; ᠮᠡᠳᠡᠯᠭᠡ᠎ᠶᠢᠨ ᠬᠤᠯᠪᠤᠭᠠᠰᠦ᠂ ᠬᠠᠤᠯᠢ᠎ᠶᠢᠨ ᠵᠦᠢᠯ ᠵᠤᠷᠪᠤᠰ᠎ᠤᠨ ᠲᠤᠪᠬᠢᠮᠠᠯ ᠵᠡᠷᠭᠡ ᠬᠡᠰᠡᠭ᠎ᠢ ᠨᠡᠮᠡᠨ ᠲᠣᠬᠢᠷᠠᠭᠤᠯᠵᠤ᠂ ᠬᠡᠰᠡᠭ ᠬᠡᠷᠡᠯ ᠵᠢᠷᠤᠭ᠎ᠢ ᠰᠢᠨᠡᠳᠬᠡᠵᠦ᠂ ᠪᠥᠬᠥ ᠨᠣᠮ᠎ᠤᠨ ᠡᠷᠬᠡ ᠰᠦᠷᠲᠦ ᠴᠢᠨᠠᠷ᠂ ᠰᠢᠰᠲᠧᠮᠲᠦ ᠴᠢᠨᠠᠷ ᠪᠠ ᠤᠩᠰᠢᠪᠦᠷᠢᠳᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃

《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠰᠤᠷᠤᠯᠴᠠᠯᠭ᠎ᠠ᠎ᠵᠢᠨ ᠠᠰᠠᠭᠤᠯᠲᠠ ᠬᠠᠷᠢᠭᠤᠯᠲᠠ》 ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠡᠨᠡ ᠬᠦ᠌ ᠦᠢᠯᠡᠳᠦᠯᠭᠡ᠎ᠶᠢᠨ ᠰᠡᠳᠦᠪ᠎ᠦᠨ ᠲᠣᠭᠣᠷᠢᠨ᠎ᠳᠤ ᠲᠡᠭᠦᠨ᠎ᠦ ᠰᠢᠨᠵᠢᠯᠡᠬᠦ ᠤᠬᠠᠭᠠᠨᠴᠢ ᠠᠭᠤᠯᠤᠭᠳᠠᠬᠤᠨ᠂ ᠬᠠᠷᠠᠯᠲᠠ ᠡᠭᠦᠷᠭᠡ ᠪᠣᠯᠣᠨ ᠦᠢᠯᠡᠳᠦᠯᠭᠡ᠎ᠶᠢᠨ ᠱᠠᠭᠠᠷᠳᠠᠯᠭ᠎ᠠ᠎ᠶᠢ ᠰᠢᠰᠲᠧᠮ᠎ᠲᠠᠢ ᠲᠠᠢᠯᠪᠤᠷᠢᠯᠠᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠢ ᠬᠠᠪᠰᠤᠷᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠬᠠᠮᠢᠶ᠎ᠠ ᠪᠦᠬᠦᠢ ᠮᠡᠳᠡᠯᠭᠡ᠎ᠶᠢ ᠣᠨᠣᠪᠴᠢᠲᠠᠶ ᠣᠢᠯᠠᠭᠠᠨ ᠡᠵᠡᠮᠰᠢᠭᠦᠯᠵᠦ᠂ ᠪᠣᠳᠠᠲᠠᠢ ᠠᠵᠢᠯ᠎ᠤᠨ ᠳᠤᠮᠳᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠤᠬᠠᠮᠰᠠᠷ᠎ᠡᠴᠡ᠎ᠪᠠᠨ ᠰᠠᠨᠠᠭᠠᠴᠢᠯᠠᠭ᠎ᠠ᠎ᠡᠴᠡ᠎ᠪᠠᠨ ᠠᠬᠢᠭᠤᠯᠬᠤ ᠪᠣᠯᠭᠠᠪᠠ᠃ ᠪᠦᠬᠦ ᠨᠣᠮ ᠨᠡᠶ᠋ᠢᠲᠡ 6 ᠲᠦᠮᠡ ᠭᠠᠷᠤᠢ ᠦᠰᠦᠭ᠎ᠲᠠᠢ᠂ ᠡᠯ᠎ᠡ ᠬᠦᠷᠢᠶᠡᠨ᠎ᠦ ᠠᠵᠢᠯ᠎ᠤᠨ ᠬᠡᠷᠡᠭᠴᠡᠭᠡ᠎ᠳᠦ ᠴᠢᠭᠯᠡᠭᠦᠯᠦᠨ᠂ 8 ᠲᠠᠯ᠎ᠠ᠎ᠶᠢᠨ ᠠᠰᠠᠭᠤᠳᠠᠯ᠎ᠢ ᠨᠠᠷᠢᠨ ᠨᠢᠮᠪᠠᠢ ᠲᠥᠯᠥᠪᠯᠡᠵᠦ᠂ ᠭᠤᠤᠯᠳᠠᠭᠤ ᠤᠯᠤᠰ ᠲᠥᠷᠥ᠎ᠶᠢᠨ ᠪᠠᠢᠭᠤᠯᠤᠯᠲᠠ᠂ ᠠᠵᠤ ᠠᠬᠤᠢ᠎ᠶᠢᠨ ᠪᠦᠲᠦᠭᠡᠨ ᠪᠠᠢᠭᠤᠯᠤᠯᠲᠠ᠂ ᠰᠣᠶᠣᠯ᠎ᠤᠨ ᠪᠠᠢᠭᠤᠯᠤᠯᠲᠠ᠂ ᠨᠡᠢᠭᠡᠮ᠎ᠦᠨ ᠪᠠᠢᠭᠤᠯᠤᠯᠲᠠ᠂ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ ᠪᠠ ᠨᠠᠮ᠎ᠤᠨ ᠪᠠᠢᠭᠤᠯᠤᠯᠲᠠ᠎ᠶᠢᠨ ᠳᠤᠮᠳᠠ ᠬᠡᠷᠬᠢᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠲᠤᠬᠠᠢ ᠨᠢᠭᠡᠳ ᠨᠢᠭᠡ᠎ᠪᠡᠷ ᠲᠠᠢᠯᠤᠮᠵᠢ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ 《1571》 ᠠᠵᠢᠯ᠎ᠤᠨ ᠪᠠᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠶᠢᠨ ᠵᠣᠷᠢᠭ᠋ ᠰᠠᠨᠠᠭ᠎ᠠ᠎ᠶᠢ ᠭᠦᠢᠴᠡᠳ ᠬᠠᠷᠠᠭᠤᠯᠵᠤ᠂ ᠵᠣᠬᠢᠶᠠᠯ᠎ᠤᠨ ᠰᠤᠷᠲᠠᠯ ᠪᠣᠷᠣᠭᠵᠢᠭᠤᠨ ᠪᠠᠢᠵᠤ᠂ ᠪᠠᠰᠠ ᠠᠮᠢᠳᠤᠯᠢᠭ᠋ ᠪᠠᠶᠠᠯᠢᠭ᠋ ᠵᠢᠷᠤᠭ ᠪᠠ ᠮᠡᠳᠡᠯᠭᠡ᠎ᠶᠢᠨ ᠬᠤᠯᠪᠤᠭᠠᠰᠦ ᠲᠣᠬᠢᠷᠠᠭᠤᠯᠵᠤ᠂ ᠺᠠᠳ᠋ᠷ ᠣᠯᠠᠨ ᠲᠦᠮᠡᠨ᠎ᠢ ᠬᠠᠪᠰᠤᠷᠤᠨ ᠬᠠᠮᠢᠶ᠎ᠠ ᠪᠦᠬᠦᠢ ᠮᠡᠳᠡᠯᠭᠡ᠎ᠶᠢ ᠪᠣᠳᠠᠲᠠᠢ ᠠᠵᠢᠯᠯᠠᠬᠤ ᠴᠢᠳᠠᠪᠤᠷᠢ ᠪᠣᠯᠭᠠᠨ ᠬᠤᠪᠢᠷᠠᠭᠤᠯᠵᠤ᠂ ᠰᠤᠷᠤᠭᠰᠠᠨ᠎ᠢᠶᠠᠨ ᠬᠡᠷᠡᠭᠯᠡᠬᠦ᠂ ᠢᠳᠡᠪᠬᠢᠲᠡᠢ ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠯᠭᠠᠬᠤ᠎ᠵᠢ ᠵᠤᠷᠢᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面