2026-09-22 11:17:53
ᠤᠯᠠᠭᠠᠨᠬᠠᠳᠠ ᠬᠣᠲᠠ ᠦᠨᠳᠦᠰᠦᠲᠡᠨ ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ᠎ᠶᠢᠨ ᠠᠵᠢᠯᠯᠠᠭ᠎ᠠ ᠡᠷᠭᠢᠯᠡᠪᠡ
ᠣᠢᠷ᠎ᠠ᠎ᠳᠤ᠂ ᠤᠯᠠᠭᠠᠨᠬᠠᠳᠠ ᠬᠣᠲᠠ᠎ᠶᠢᠨ 43 ᠳ᠋ᠤᠭᠠᠷ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ᠎ᠶᠢᠨ ᠰᠠᠷ᠎ᠠ ᠵᠢᠴᠢ ᠠᠩᠬᠠᠳᠠᠭ᠍ᠴᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠭᠠᠷᠠᠭ᠎ᠤᠨ ᠭᠣᠣᠯ ᠲᠠᠯᠠᠪᠤᠷ᠎ᠤᠨ ᠠᠵᠢᠯᠯᠠᠭ᠎ᠠ ᠤᠯᠠᠭᠠᠨᠬᠠᠳᠠ ᠶᠡᠬᠡ ᠰᠤᠷᠭᠠᠭᠤᠯᠢ᠎ᠳᠤ ᠶᠠᠪᠤᠭᠳᠠᠪᠠ᠃
ᠠᠵᠢᠯᠯᠠᠭ᠎ᠠ᠎ᠶᠢ ᠤᠯᠠᠭᠠᠨᠬᠠᠳᠠ ᠬᠣᠲᠠ᠎ᠶᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠬᠣᠲᠠ ᠶᠢᠨ ᠦᠨᠲᠤᠰᠤᠲᠠᠨ ᠤ᠋ ᠬᠡᠷᠡᠭ ᠡᠷᠬᠢᠯᠡᠬᠦ ᠵᠥᠪᠯᠡᠯ᠂ ᠤᠯᠠᠭᠠᠨᠬᠠᠳᠠ ᠶᠡᠬᠡ ᠰᠤᠷᠭᠠᠭᠤᠯᠢ ᠬᠠᠮᠲᠤᠷᠠᠨ ᠭᠣᠣᠯᠯᠠᠨ ᠡᠷᠭᠢᠯᠡᠵᠦ᠂ ᠣᠨᠣᠯ᠎ᠤᠨ ᠲᠠᠢᠯᠤᠮᠵᠢ᠂ ᠤᠷᠠᠨ ᠰᠠᠢᠬᠠᠨ᠎ᠤ ᠦᠵᠡᠭᠦᠯᠭᠡ ᠲᠣᠭᠯᠠᠯᠲᠠ᠂ ᠬᠡᠷᠡᠯ ᠵᠢᠷᠤᠭ ᠦᠵᠡᠭᠦᠯᠭᠡ᠂ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ᠂ ᠰᠤᠳᠤᠯᠤᠨ ᠰᠤᠷᠤᠯᠴᠠᠬᠤ ᠵᠡᠷᠭᠡ ᠣᠯᠠᠨ ᠵᠦᠢᠯ᠎ᠦᠨ ᠠᠭᠤᠯᠭ᠎ᠠ᠎ᠶᠢ ᠲᠣᠬᠢᠷᠠᠭᠤᠯᠵᠠᠢ᠃
ᠠᠵᠢᠯᠯᠠᠭ᠎ᠠ ᠨᠢ ᠰᠤᠷᠭᠠᠭᠤᠯᠢ᠎ᠳᠤ ᠪᠠᠢᠭ᠎ᠠ ᠣᠶᠤᠲᠠᠳ᠎ᠲᠤ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢᠨ ᠤᠩᠰᠢᠬᠤ ᠪᠢᠴᠢᠭ᠎ᠢ ᠪᠡᠯᠡᠭᠯᠡᠵᠦ᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠵᠢᠨ ᠬᠠᠤᠯᠢ ᠲᠣᠭᠲᠠᠭᠠᠭᠰᠠᠨ ᠠᠬᠤᠢ ᠪᠠᠢᠳᠠᠯ᠂ ᠴᠢᠬᠤᠯᠠ ᠠᠴᠢ ᠬᠣᠯᠪᠣᠭᠳᠠᠯ᠎ᠢ ᠲᠤᠬᠠᠢ᠎ᠶᠢᠨ ᠲᠠᠯᠠᠪᠠᠶ᠎ᠳᠤ ᠲᠠᠢᠯᠤᠮᠵᠢ ᠬᠢᠵᠠᠢ; ᠤᠯᠠᠭᠠᠨᠬᠠᠳᠠ ᠶᠡᠬᠡ ᠰᠤᠷᠭᠠᠭᠤᠯᠢ᠎ᠶᠢᠨ ᠪᠠᠭ᠍ᠰᠢ ᠰᠤᠷᠤᠭ᠍ᠴᠢᠳ ᠣᠯᠠᠨ ᠭᠣᠢᠳᠠ ᠰᠠᠢᠬᠠᠨ ᠤᠷᠠᠨ ᠰᠠᠢᠬᠠᠨ᠎ᠤ ᠲᠣᠭᠯᠠᠯᠲᠠ ᠭᠠᠷᠭᠠᠵᠤ᠂ ᠵᠠᠯᠠᠭᠤ ᠨᠠᠰᠤᠨ᠎ᠤ ᠴᠣᠭ ᠵᠢᠪᠬᠤᠭ᠎ᠠ᠎ᠪᠠᠷ ᠦᠨᠳᠦᠰᠦᠲᠡᠨ᠎ᠦ ᠪᠦᠯᠬᠦᠮᠳᠡᠯ ᠤᠨ ᠴᠢᠬᠤᠯᠠ ᠠᠴᠢ ᠬᠣᠯᠪᠣᠭᠳᠠᠯ᠎ᠢ ᠲᠠᠢᠯᠪᠤᠷᠢᠯᠠᠪᠠ; ᠲᠤᠬᠠᠢ᠎ᠶᠢᠨ ᠲᠠᠯᠠᠪᠠᠢ᠎ᠳᠤ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ ᠤ ᠤᠯᠠᠭᠠᠨ ᠴᠡᠷᠢᠭ᠎ᠦᠨ ᠤᠷᠳᠤ ᠵᠠᠮ᠎ᠤᠨ ᠠᠶᠠᠨ ᠲᠠᠢ᠍ᠢᠨ᠎ᠦ ᠢᠯᠠᠯᠲᠠ ᠣᠯᠣᠭᠰᠠᠨ 90 ᠵᠢᠯ᠎ᠦᠨ ᠤᠢ᠎ᠶᠢ ᠳᠤᠷᠠᠰᠬᠠᠬᠤ ᠭᠣᠣᠯ ᠰᠡᠳᠦᠪᠲᠦ ᠤᠷᠠᠨ ᠵᠢᠷᠤᠭ᠎ᠤᠨ ᠪᠦᠲᠦᠭᠡᠯ᠎ᠢ ᠲᠤᠬᠠᠢ᠎ᠶᠢᠨ ᠲᠠᠯᠠᠪᠠᠢ᠎ᠳᠤ ᠳᠡᠯᠭᠡᠨ ᠦᠵᠡᠭᠦᠯᠬᠦ ᠵᠢᠨ ᠬᠠᠮᠲᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠳᠡᠯᠭᠡᠨ ᠦᠵᠡᠭᠦᠯᠵᠦ ᠪᠡᠶᠡᠴᠢᠯᠡᠨ ᠣᠢᠯᠠᠭᠠᠬᠤ ᠭᠣᠭᠴᠣᠭ᠎ᠠ ᠶᠢ ᠣᠨᠴᠠᠭᠠᠢᠯᠠᠨ ᠲᠣᠬᠢᠷᠠᠭᠤᠯᠵᠤ᠂ ᠡᠯᠪᠡᠭ ᠪᠠᠶᠠᠯᠢᠭ᠋ ᠪᠣᠳᠠᠰ᠎ᠤᠨ ᠪᠤᠰᠤ ᠰᠣᠶᠣᠯ᠎ᠤᠨ ᠥᠪ ᠦᠨ ᠦᠷ᠎ᠡ ᠪᠦᠲᠦᠭᠡᠯ᠎ᠢ ᠲᠥᠪᠯᠡᠷᠡᠭᠦᠯᠦᠨ ᠢᠯᠡᠷᠡᠭᠦᠯᠵᠦ᠂ ᠦᠨᠳᠦᠰᠦᠲᠡᠨ᠎ᠦ ᠪᠦᠯᠬᠦᠮᠳᠡᠯ ᠦᠨ ᠭᠦᠨ ᠵᠤᠵᠠᠭᠠᠨ ᠠᠭᠤᠯᠤᠭᠳᠠᠬᠤᠨ᠎ᠢ ᠢᠯᠡᠷᠡᠭᠦᠯᠵᠠᠢ᠃
ᠤᠯᠠᠭᠠᠨᠬᠠᠳᠠ ᠶᠡᠬᠡ ᠰᠤᠷᠭᠠᠭᠤᠯᠢ ᠶᠢᠨ 2026 ᠣᠨ ᠤ ᠰᠢᠨ᠎ᠡ ᠰᠤᠷᠤᠭ᠍ᠴᠢᠳ᠎ᠤᠨ ᠲᠥᠯᠥᠭᠡᠯᠡᠭᠴᠢᠳ ᠪᠠᠰᠠ ᠳᠤᠮᠳᠠᠳᠤ᠎ᠶᠢᠨ ᠦᠨᠳᠦᠰᠦᠲᠡᠨ ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ ᠦᠨ ᠰᠠᠭᠤᠷᠢᠨ᠎ᠳᠤ ᠬᠦᠷᠴᠦ ᠲᠣᠭᠣᠷᠢᠨ ᠦᠵᠡᠵᠦ ᠰᠤᠳᠤᠯᠤᠨ ᠰᠤᠷᠤᠯᠴᠠᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃