2026-09-23 11:25:00
ᠣᠶ᠋ᠢᠷ᠎ᠠ᠎ᠳᠤ᠂ ᠬᠥᠬᠡᠬᠤᠲᠠ᠎ᠶ᠋ᠢᠨ ᠬᠤᠲᠤᠩ ᠠᠷᠠᠳ᠎ᠤᠨ ᠲᠣᠭᠤᠷᠢᠭ᠎ᠤᠨ ᠭᠤᠤ ᠯᠦᠨ ᠲᠧ ᠨᠡᠶ᠋ᠢᠭᠡᠮ ᠲᠣᠭᠤᠷᠢᠭ᠎ᠤᠨ ᠠᠵᠢᠯᠯᠠᠭ᠎ᠠ ᠶ᠋ᠢᠨ ᠥᠷᠦᠭᠡᠨ᠎ᠳᠤ᠂ 《ᠭᠡᠷ᠎ᠪᠦᠯᠢ ᠵᠢᠨ ᠬᠦᠴᠦᠨ ᠴᠢᠳᠠᠯ》ᠨᠡᠶ᠋ᠢᠲᠡ᠎ᠶ᠋ᠢᠨ ᠠᠰᠠᠷᠠᠮᠵᠢ ᠶ᠋ᠢᠨ ᠨᠣᠮ ᠤᠩᠰᠢᠬᠤ ᠬᠦᠳᠡᠯᠭᠡᠭᠡᠨ ᠬᠦᠷ ᠬᠦᠭᠵᠢᠶᠡᠨ ᠲᠠᠢ ᠶᠠᠪᠤᠬᠳᠠᠵᠤ᠂ ᠪᠠᠭᠰᠢ ᠡᠴᠡ ᠬᠡᠦᠬᠡᠳ᠎ᠤᠨ ᠦᠰᠦᠨ ᠪᠤᠶ᠋ᠢᠵᠢᠯᠲᠠ᠎ᠶ᠋ᠢ 《ᠲᠣᠮᠤ ᠮᠣᠳᠤ》 ᠪᠡᠷ ᠵᠦᠢᠷᠯᠡᠨ᠂ ᠨᠡᠶ᠋ᠢᠭᠡᠮ᠎ᠤᠨ ᠰᠤᠷᠭᠠᠨ ᠬᠥᠮᠦᠵᠢᠯ᠎ᠢ ᠨᠠᠪᠴᠢ ᠨᠠᠬᠢᠶ᠎ᠠ᠂ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠢ ᠰᠠᠯᠠᠭ᠎ᠠ ᠮᠥᠴᠢᠷ᠂ ᠡᠴᠢᠭᠡ ᠡᠭᠡ ᠵᠢ ᠮᠣᠳᠤᠨ᠎ᠤ ᠡᠰᠢ ᠦᠨᠳᠦᠰᠦ ᠪᠡᠷ ᠲᠤᠰ ᠲᠤᠰ ᠵᠦᠢᠷᠯᠡᠵᠦ᠂ ᠲᠠᠶ᠋ᠢᠰᠠᠨ ᠲᠤᠤᠷ᠎ᠠ ᠡᠯ᠎ᠡ ᠦᠨᠳᠦᠰᠦᠲᠡᠨ᠎ᠤ ᠭᠡᠷ᠎ᠤᠨ ᠠᠬᠠᠮᠠᠳ ᠬᠡᠦᠬᠡᠳ᠎ᠲᠠᠢ ᠬᠠᠮᠲᠤ ᠰᠤᠷᠤᠯᠴᠠᠵᠤ᠂ ᠬᠠᠮᠲᠤ ᠤᠩᠰᠢᠵᠤ᠂ ᠭᠡᠷ ᠪᠦᠯᠢ᠎ᠶ᠋ᠢᠨ ᠬᠠᠷᠢᠭᠤᠴᠠᠯᠭ᠎ᠠ᠂ ᠭᠡᠷ᠎ᠤᠨ ᠰᠤᠷᠲᠠᠯ᠎ᠤᠨ ᠲᠣᠭᠤᠷᠢᠨ ᠳᠤ ᠣᠯᠤᠯᠲᠠ ᠲᠦᠷᠦᠭᠳᠡᠯ ᠵᠢᠡᠨ ᠬᠤᠪᠢᠶᠠᠯᠴᠠᠨ᠎ᠠ᠃ ᠡᠨᠡᠪᠤᠯ ᠬᠥᠬᠡᠬᠤᠲᠠ᠎ᠶ᠋ᠢᠨ ᠡᠮᠡᠭᠲᠡᠶ᠋ᠢᠴᠦᠳ ᠤᠨ ᠬᠤᠯᠪᠤᠭ᠎ᠠ᠎ᠶ᠋ᠢᠨ ᠭᠡᠷ᠎ᠤᠨ ᠬᠥᠮᠦᠵᠢᠯ᠎ᠢ ᠨᠡᠶ᠋ᠢᠭᠡᠮ ᠲᠣᠭᠤᠷᠢᠭ᠎ᠲᠤ᠌ ᠣᠷᠤᠭᠤᠯᠬᠤ ᠰᠢᠷᠢᠰ ᠠᠵᠢᠯᠯᠠᠭ᠎ᠠ᠎ᠶ᠋ᠢᠨ ᠠᠮᠢᠳᠤᠯᠢᠭ ᠦᠵᠡᠭᠳᠡᠯ ᠪᠣᠯᠤᠨ᠎ᠠ᠃


《ᠭᠡᠷ᠎ᠪᠦᠯᠢ ᠵᠢᠨ ᠬᠦᠴᠦᠨ ᠴᠢᠳᠠᠯ》 ᠨᠡᠶ᠋ᠢᠲᠡ᠎ᠶ᠋ᠢᠨ ᠠᠰᠠᠷᠠᠮᠵᠢ᠎ᠶ᠋ᠢᠨ ᠨᠣᠮ ᠤᠩᠰᠢᠬᠤ ᠠᠵᠢᠯᠯᠠᠭ᠎ᠠ
2026 ᠣᠨ᠎ᠠᠴᠠ ᠨᠠᠭᠠᠰᠢ᠂ ᠬᠥᠬᠡᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ《ᠭᠡᠷ᠎ᠤᠨ ᠰᠤᠷᠲᠠᠯ ᠵᠢᠡᠷ ᠤᠷᠤᠨ᠎ᠤ ᠲᠦᠪ ᠬᠤᠳᠠ ᠵᠢ ᠪᠠᠢᠭᠤᠯᠵᠤ ᠨᠤᠮ ᠤᠩᠰᠢᠯᠭ᠎ᠠ ᠪᠡᠷ ᠵᠣᠯ ᠵᠢᠷᠭᠠᠯᠲᠤ᠌ ᠭᠡᠷ ᠪᠦᠯᠢ ᠵᠢ ᠴᠤᠬᠴᠠᠯᠠᠨᠠᠮ》 ᠡᠴᠢᠭᠡ ᠡᠬᠡ ᠦᠷ᠎ᠡ ᠬᠡᠤᠬᠡᠳ᠎ᠤᠨ ᠨᠤᠮ ᠤᠩᠰᠢᠯᠭ᠎ᠠ ᠵᠢ ᠦᠷᠨᠢᠬᠦᠯᠬᠦ᠎ᠪᠠᠷ ᠭᠠᠷᠳᠠᠴᠠ ᠪᠣᠯᠭᠠᠵᠤ᠂ ᠪᠦᠬᠦ᠌ ᠬᠤᠳᠠ᠎ᠶ᠋ᠢᠨ ᠡᠯ᠎ᠡ ᠬᠤᠰᠢᠭᠤ ᠰᠢᠶᠠᠨ ᠲᠣᠭᠤᠷᠢᠭ᠎ᠤᠨ ᠡᠮᠡᠭᠲᠡᠶ᠋ᠢᠴᠦᠳ᠎ᠤᠨ ᠬᠤᠯᠪᠤᠭ᠎ᠠ ᠪᠣᠯᠤᠨ ᠡᠯ᠎ᠡ ᠲᠦᠷᠦᠯ᠎ᠤᠨ ᠤᠯᠠᠨ ᠨᠡᠶ᠋ᠢᠲᠡ᠎ᠶ᠋ᠢᠨ ᠰᠣᠶᠤᠯ ᠤᠨ ᠵᠢᠭᠰᠠᠭᠠᠯ᠎ᠤᠨ ᠭᠠᠵᠠᠷ᠎ᠲᠠᠢ ᠬᠤᠯᠪᠤᠭᠠᠯᠠᠨ᠂ ᠡᠴᠢᠭᠡ ᠡᠬᠡ ᠦᠷ᠎ᠡ ᠬᠡᠤᠬᠡᠳ᠎ᠤᠨ ᠤᠩᠰᠢᠯᠭ᠎ᠠ ᠶ᠋ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠲᠤ ᠴᠤᠬᠴᠠᠯᠠᠬᠤ ᠴᠢᠬᠤᠯᠠ ᠠᠴᠢᠶᠠᠯᠠᠪᠤᠷᠢ ᠪᠣᠯᠭᠠᠵᠤ᠂ ᠰᠠᠶ᠋ᠢᠨ ᠪᠦᠳᠦᠭᠡᠯ ᠵᠢᠡᠷ ᠦᠨᠳᠦᠰᠦᠲᠡᠨ᠎ᠨᠦᠭᠦᠳ᠎ᠤᠨ ᠭᠡᠷ ᠪᠦᠯᠢ ᠵᠢᠨ ᠬᠠᠶ᠋ᠢᠷ᠎ᠠ ᠰᠡᠳᠬᠢᠯᠭᠡ᠎ᠶ᠋ᠢᠨ ᠬᠤᠯᠪᠤᠭᠠᠰᠤ ᠪᠣᠯᠭᠠᠵᠤ᠂ ᠨᠤᠮ᠎ᠤᠨ ᠬᠡᠰᠢᠭ ᠵᠢᠡᠷ ᠲᠦᠭ ᠲᠦᠮᠡᠨ ᠠᠶ᠋ᠢᠯ ᠡᠷᠦᠬᠡ᠎ᠶ᠋ᠢ ᠬᠡᠢᠭᠦᠯᠦᠨᠡ᠃
ᠬᠤᠲᠤᠩ ᠠᠷᠠᠳ᠎ᠤᠨ ᠲᠣᠭᠤᠷᠢᠭ᠎ᠤᠨ ᠬᠤᠶᠠᠳᠤᠭᠠᠷ ᠬᠡᠦᠬᠡᠳ᠎ᠤᠨ ᠴᠡᠴᠡᠷᠯᠢᠭᠲᠤ᠌ 《ᠪᠢᠴᠢᠬᠠᠨ ᠠᠨᠠᠷ᠎ᠤᠨ ᠦᠷ᠎ᠡ ᠨᠥᠬᠦᠷᠰᠡᠭ ᠲᠤᠳᠤᠨᠤ ᠶᠠᠪᠤᠯᠴᠠᠨᠠᠮ》 ᠭᠡᠬᠦ ᠪᠡᠷ ᠭᠤᠤᠯ ᠰᠡᠳᠦᠪ ᠪᠤᠯᠭᠠᠭᠰᠠᠨ ᠡᠴᠢᠭᠡ ᠡᠬᠡ ᠦᠷ᠎ᠡ ᠬᠡᠦᠬᠡᠳ᠎ᠤᠨ ᠤᠩᠰᠢᠯᠭ᠎ᠠ᠎ᠶ᠋ᠢᠨ ᠠᠵᠢᠯᠯᠠᠭ᠎ᠠ᠎ᠨᠢ《ᠠᠨᠠᠷ᠎ᠤᠨ ᠦᠷ᠎ᠡ ᠶᠠᠭᠠᠬᠢᠭᠠᠳ ᠨᠢᠭᠲᠠᠷᠠᠵᠤ ᠪᠠᠶ᠋ᠢᠬᠤ》 ᠰᠣᠨᠢᠷᠬᠠᠯᠲᠤ᠌ ᠠᠰᠠᠭᠤᠯᠲᠠ᠎ᠪᠠᠷ ᠡᠬᠢᠯᠡᠵᠦ᠍᠂ ᠪᠠᠭ᠎ᠠ ᠨᠠᠰᠤᠨ᠎ᠤ ᠬᠡᠦᠬᠡᠳ᠎ᠤᠨ ᠰᠣᠨᠤᠰᠴᠤ᠌ ᠣᠶ᠋ᠢᠯᠠᠭᠠᠬᠤ ᠦᠭᠡ ᠬᠡᠯᠡ᠎ᠪᠠᠷ ᠳᠤᠮᠳᠠᠳᠤ᠎ᠶ᠋ᠢᠨ ᠦᠨᠳᠦᠰᠦᠲᠡᠨ᠎ᠤ ᠤᠯᠠᠨ ᠡᠰᠢᠲᠦ᠍ ᠨᠢᠭᠡ ᠴᠣᠭᠴᠠᠵᠢᠭᠰᠠᠨ᠂ ᠪᠦᠯᠬᠦᠮᠳᠡᠨ ᠬᠠᠪᠰᠤᠷᠤᠯᠴᠠᠬᠤ ᠰᠢᠯᠢᠳᠡᠭ ᠤᠯᠠᠮᠵᠢᠯᠠᠯ᠎ᠢ ᠲᠠᠶ᠋ᠢᠯᠪᠤᠷᠢᠯᠠᠨ᠎ᠠ᠃ ᠭᠡᠷ᠎ᠦᠨ ᠠᠬᠠᠮᠠᠳ ᠪᠣᠯᠤᠨ ᠬᠡᠦᠬᠡᠳ《ᠮᠢᠨᠦ᠍ ᠠᠪᠤ》 ᠵᠡᠷᠭᠡ ᠵᠢᠷᠤᠭᠲᠤ᠌ ᠳᠡᠪᠲᠡᠷ᠎ᠢ ᠬᠠᠮᠲᠤ᠎ᠪᠠᠷ ᠤᠩᠰᠢᠭᠰᠠᠨ᠎ᠤ ᠳᠠᠷᠠᠭ᠎ᠠ᠂ 《ᠮᠢᠨᠦ᠍ ᠰᠡᠳᠭᠢᠯ᠎ᠳᠡᠬᠢ ᠠᠪᠤ》᠂《ᠮᠢᠨᠦ᠍ ᠡᠬᠡ ᠤᠯᠤᠰ》ᠬᠡᠬᠦ ᠮᠡᠳᠦ ᠵᠢᠨ ᠵᠢᠷᠤᠬ᠎ᠢ ᠵᠣᠬᠢᠶᠠᠨ ᠪᠦᠲᠦᠭᠡᠵᠦ᠍᠂ ᠬᠡᠦᠬᠡᠳ᠎ᠦᠨ ᠰᠡᠳᠭᠢᠯ᠎ᠳᠦ ᠲᠥᠷᠦᠯ ᠰᠠᠳᠤᠨ᠎ᠤ ᠬᠠᠢᠷ᠎ᠠ ᠰᠡᠳᠭᠢᠯᠭᠡᠪᠤᠯᠤᠨ ᠡᠬᠡ ᠤᠯᠤᠰ᠎ᠢᠶᠠᠨ ᠬᠠᠢᠷᠠᠯᠠᠬᠤ ᠦᠷ᠎ᠡ᠎ᠶ᠋ᠢ ᠰᠠᠴᠤᠪᠠ᠃
ᠡᠢᠮᠦᠷᠬᠦᠦ ᠬᠠᠯᠠᠭᠤᠨ ᠲᠤᠳᠤᠨᠤ ᠦᠵᠡᠭᠳᠡᠯ ᠬᠥᠬᠡᠬᠤᠲᠠ᠎ᠶ᠋ᠢᠨ ᠡᠯ᠎ᠡ ᠭᠠᠵᠠᠷ ᠲᠸ᠋ ᠨᠡᠢᠳᠡᠮ ᠬᠠᠷᠠᠭᠳᠠᠨ᠎ᠠ᠄ ᠲᠣᠭᠲᠠᠬᠤ ᠰᠢᠶᠠᠨ᠎ᠤ ᠡᠮᠡᠭᠲᠡᠶ᠋ᠢᠴᠦᠳ᠎ᠤᠨ ᠬᠤᠯᠪᠤᠭ᠎ᠠ ᠱᠤᠸᠠᠩ ᠾᠧ ᠪᠠᠯᠭᠠᠰᠤᠨ᠎ᠤ ᠬᠠᠭᠤᠴᠢᠨ ᠬᠤᠳᠠ ᠨᠡᠶ᠋ᠢᠭᠡᠮ ᠲᠣᠭᠤᠷᠢᠭ᠎ᠲᠤ᠌ ᠬᠦᠷᠴᠦ᠍᠂ ᠡᠴᠢᠭᠡ ᠡᠬᠡ ᠦᠷ᠎ᠡ ᠬᠡᠦᠬᠡᠳ᠎ᠤᠨ ᠬᠠᠮᠲᠤ ᠵᠢᠨ ᠨᠤᠮ ᠤᠩᠰᠢᠯᠭ᠎ᠠ᠂ ᠣᠷᠤᠨ ᠨᠤᠲᠤᠭ᠎ᠤᠨ ᠲᠡᠦᠬᠡ ᠰᠤᠶᠤᠯ᠎ᠤᠨ ᠤᠬᠠᠭᠤᠯᠤᠨ ᠲᠠᠶ᠋ᠢᠯᠪᠤᠷᠢᠯᠠᠯᠲᠠ᠂ ᠰᠣᠨᠢᠷᠬᠠᠯᠲᠤ᠌ ᠣᠨᠢᠰᠤᠭ᠎ᠠ ᠳᠠᠭᠠᠬᠤᠵᠡᠷᠭᠡ ᠠᠵᠢᠯᠯᠠᠭ᠎ᠠ ᠦᠷᠨᠢᠭᠦᠯᠵᠦ; ᠦᠴᠤᠸᠠᠨ ᠰᠢᠶᠠᠨ᠎ᠤ ᠡᠮᠡᠭᠲᠡᠶ᠋ᠢᠴᠦᠳ᠎ᠤᠨ ᠬᠤᠯᠪᠤᠭ᠎ᠠ ᠣᠨᠴᠠᠭᠠᠢ ᠰᠤᠷᠭᠠᠨ ᠬᠥᠮᠦᠵᠢᠯ᠎ᠤᠨ ᠰᠤᠷᠭᠠᠭᠤᠯᠢ᠎ᠳᠤ ᠣᠷᠤᠵᠤ᠂ 《ᠡᠯ᠎ᠡ ᠦᠨᠳᠦᠰᠦᠲᠡᠨ ᠠᠨᠠᠷ᠎ᠤᠨ ᠦᠷ᠎ᠡ ᠮᠡᠲᠤ ᠨᠢᠭᠲᠠᠷᠠᠨ ᠪᠦᠯᠬᠦᠮᠳᠡᠬᠦ᠌》 ᠵᠢᠨ ᠭᠦᠨᠵᠡᠭᠡᠢ ᠠᠭᠤᠯᠤᠭᠳᠠᠬᠤᠨ᠎ᠢ ᠲᠠᠶ᠋ᠢᠯᠪᠤᠷᠢᠯᠠᠵᠤ᠂ ᠬᠡᠦᠬᠡᠳ ᠲᠠᠢ ᠬᠠᠮᠳᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠠᠨᠠᠷ᠎ᠤᠨ ᠦᠷ᠎ᠡ ᠵᠢᠨ ᠴᠠᠭᠠᠰᠤᠨ ᠬᠠᠶ᠋ᠢᠴᠢᠯᠠᠮᠠᠯᠢ ᠪᠡᠶᠡᠴᠢᠯᠡᠨ ᠤᠢᠯᠠᠭᠠᠪᠠ᠃ ᠡᠨᠡ ᠵᠢᠯ᠎ᠤᠨ ᠵᠣᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ᠂ ᠬᠦᠬᠡᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ 7 ᠬᠤᠰᠢᠭᠤ ᠰᠢᠶᠠᠨ᠂ ᠲᠣᠭᠤᠷᠢᠭ ᠵᠢᠴᠢ ᠨᠡᠭᠡᠭᠡᠯᠲᠡ᠎ᠶ᠋ᠢᠨ ᠲᠣᠭᠤᠷᠢᠭ ᠲᠠᠢ ᠬᠤᠯᠪᠤᠭᠠᠯᠠᠨ᠂ 10 ᠨᠡᠶ᠋ᠢᠭᠡᠮ ᠲᠣᠭᠤᠷᠢᠭ ᠪᠠ ᠲᠠᠯᠠᠪᠤᠷ ᠤᠷᠳᠤᠨ ᠵᠢᠭᠰᠠᠭᠠᠯ ᠤᠨ ᠭᠠᠵᠠᠷ ᠵᠢᠡᠷ ᠠᠴᠢᠶᠠᠯᠠᠪᠤᠷᠢ ᠪᠤᠯᠭᠠᠵᠤ᠂ ᠵᠣᠨ᠎ᠤ ᠠᠮᠠᠷᠠᠯᠲᠠ᠎ᠶ᠋ᠢᠨ ᠬᠤᠭᠤᠴᠠᠭᠠᠨ ᠤ ᠨᠠᠶ᠋ᠢᠳᠠᠨ ᠬᠠᠮᠢᠶᠠᠷᠤᠭᠤᠯᠬᠤ ᠠᠩᠭᠢ ᠡᠷᠭᠢᠯᠡᠵᠦ᠍᠂ ᠬᠤᠪᠢᠰᠭᠠᠯᠲᠤ᠌ ᠬᠥᠮᠦᠵᠢᠯ᠂ ᠪᠣᠳᠠᠰ᠎ᠤᠨ ᠪᠤᠰᠤ ᠰᠣᠶᠤᠯ᠎ᠤᠨ ᠥᠪ᠎ᠢ ᠪᠡᠶᠡᠴᠢᠯᠡᠨ ᠣᠶ᠋ᠢᠯᠠᠭᠠᠬᠤ᠂ ᠨᠤᠮ ᠤᠩᠰᠢᠯᠭ᠎ᠠ ᠵᠢ ᠵᠢᠭᠠᠨ ᠵᠢᠯᠤᠭᠤᠳᠬᠤ ᠠᠵᠢᠯᠯᠠᠭ᠎ᠠ ᠶᠠᠪᠤᠭᠳᠠᠭᠤᠯᠵᠤ᠂ ᠳᠤᠮᠳᠠᠳᠤ ᠤᠯᠤᠰ᠎ᠤᠨ ᠡᠪ ᠬᠠᠮᠲᠤ᠌ ᠨᠠᠮ ᠪᠠᠶ᠋ᠢᠭᠤᠯᠤᠭᠳᠠᠭᠰᠠᠨ 105 ᠵᠢᠯ᠎ᠤᠨ ᠤᠢ᠂ ᠳᠤᠮᠳᠠᠳᠤ ᠤᠯᠤᠰ᠎ᠤᠨ ᠠᠵᠢᠯᠴᠢᠨ ᠲᠠᠷᠢᠶᠠᠴᠢᠨ᠎ᠤ ᠤᠯᠠᠭᠠᠨ ᠴᠡᠷᠢᠭ᠎ᠤᠨ ᠤᠷᠳᠤ ᠵᠠᠮ᠎ᠤᠨ ᠠᠶᠠᠨ ᠲᠠᠶ᠋ᠢᠨ ᠢᠯᠠᠯᠲᠠ ᠣᠯᠤᠭᠰᠠᠨ 90 ᠵᠢᠯ᠎ᠤᠨ ᠤᠢ᠂《ᠪᠠᠭᠠᠴᠤᠳ ᠬᠡᠤᠬᠡᠳ ᠤᠷᠳᠤ ᠵᠠᠮ᠎ᠤᠨ ᠠᠶᠠᠨ ᠲᠠᠶ᠋ᠢᠨ᠎ᠤ ᠰᠢᠯᠦᠭ ᠳᠠᠭᠤᠯᠠᠯ᠎ᠢ ᠤᠩᠰᠢᠬᠤ》᠂ 《ᠨᠠᠮ᠎ᠤᠨ ᠲᠡᠦᠬᠡ᠎ᠶ᠋ᠢᠨ ᠦᠯᠢᠭᠡᠷ᠎ᠢ ᠤᠯᠠᠨ᠎ᠢᠶᠠᠷ᠎ᠢᠶᠠᠨ ᠶᠠᠷᠢᠬᠤ》 ᠵᠡᠷᠭᠡ ᠠᠵᠢᠯᠯᠠᠭ᠎ᠠ᠎ᠶ᠋ᠢ ᠵᠠᠯᠭᠠᠭ᠎ᠠ᠎ᠪᠠᠷ ᠥᠷᠨᠢᠭᠦᠯᠪᠡ᠃
ᠨᠤᠮ᠎ᠤᠨ ᠬᠡᠰᠢᠭ ᠭᠡᠷ᠎ᠤᠨ ᠰᠤᠷᠲᠠᠯ᠎ᠢ ᠤᠯᠠᠮᠵᠢᠯᠠᠵᠤ᠂ ᠲᠡᠦᠭᠡ ᠰᠣᠶᠤᠯ ᠭᠡᠷ᠎ᠤᠨ ᠰᠤᠷᠭᠠᠯ ᠳ᠋ᠦ ᠴᠢᠳᠠᠪᠤᠷᠢ ᠤᠯᠭᠤᠨ᠎ᠠ᠃ ᠥᠷᠭᠡᠨ ᠣᠯᠠᠨ ᠪᠠᠭᠠᠴᠤᠳ ᠬᠡᠦᠬᠡᠳᠨᠤᠮ ᠤᠩᠰᠢᠯᠭ᠎ᠠ ᠪᠡᠷ ᠲᠠᠮᠵᠢᠨ ᠲᠤᠮᠳᠠᠳᠤ ᠵᠢᠨ ᠰᠣᠶᠤᠯ᠎ᠤᠨ ᠲᠤᠬᠠᠢ ᠬᠠᠮᠳᠤ ᠵᠢᠨ ᠲᠠᠨᠢᠯᠳᠠ ᠪᠣᠯᠤᠨ ᠢᠲᠡᠭᠡᠯ ᠵᠢᠡᠨ ᠨᠡᠮᠡᠭᠳᠡᠭᠦᠯᠪᠡ᠃ ᠲᠠᠷᠠᠭᠠᠴᠢ ᠪᠡᠷ᠂ ᠪᠥᠬᠦ᠌ ᠬᠤᠲᠠ᠎ᠶ᠋ᠢᠨ ᠡᠮᠡᠭᠲᠡᠶ᠋ᠢᠴᠦᠳ ᠤᠨ ᠬᠤᠯᠪᠤᠭ᠎ᠠ ᠵᠢᠨ ᠰᠢᠰᠲᠧᠮᠤᠨᠬᠢᠨᠬᠤᠯᠪᠤᠭᠠ》 ᠶ᠋ᠢᠨ ᠳᠠᠪᠠᠭᠤᠯᠢᠭ᠎ᠢᠶᠠᠨ ᠦᠷᠭᠦᠯᠵᠢᠯᠡᠨ ᠪᠠᠳᠠᠷᠠᠭᠤᠯᠵᠤ᠂ ᠣᠯᠠᠨ ᠨᠡᠶ᠋ᠢᠲᠡ᠎ᠶ᠋ᠢᠨ ᠰᠣᠶᠤᠯ᠎ᠤᠨ ᠪᠠᠶ᠋ᠢᠭᠤᠯᠤᠮᠵᠢ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠍᠂ ᠡᠴᠢᠭᠡ ᠡᠬᠡ ᠦᠷ᠎ᠡ ᠬᠡᠤᠬᠡᠳ᠎ᠤᠨ ᠬᠠᠮᠳᠤ ᠵᠢᠨ ᠤᠩᠰᠢᠯᠭ᠎ᠠ᠂ ᠭᠤᠸ᠎ᠠ ᠰᠠᠢᠬᠠᠨ᠎ᠤ ᠬᠦᠮᠦᠵᠢᠯ᠂ ᠪᠤᠳᠠᠰ᠎ᠤᠨ ᠪᠤᠰᠤ ᠰᠤᠶᠤᠯ᠎ᠤᠨ ᠦᠪ᠎ᠢ ᠤᠯᠠᠮᠵᠢᠯᠠᠨ ᠵᠠᠯᠭᠠᠮᠵᠢᠯᠠᠬᠤ ᠵᠡᠷᠭᠡ ᠣᠨᠴᠠᠯᠢᠭᠲᠦ ᠬᠦᠳᠡᠯᠭᠡᠭᠡᠨ᠎ᠢ ᠦᠷᠭᠡᠨ ᠵᠢᠡᠷ ᠦᠷᠨᠢᠭᠦᠯᠦᠨ᠎ᠡ ᠬᠡᠵᠦ ᠬᠥᠬᠡᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ ᠵᠢᠨ ᠨᠠᠮ᠎ᠤᠨ ᠤᠳᠤᠷᠢᠳᠭᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠠᠷᠢᠭᠤᠨ ᠰᠤᠷᠪᠤᠯᠵᠢᠯᠠᠬᠴᠢ ᠳ᠋ᠦ ᠬᠡᠯᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃