2026-09-24 17:04:02
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ᠂ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ》ᠵᠢᠨ ᠤᠬᠠᠭᠤᠯᠭ᠎ᠠ᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢᠨ ᠲᠥᠯᠥᠭᠡ᠂ ᠲᠦᠷᠦᠬᠦᠬᠡᠨ ᠠᠯᠠᠱᠠ ᠪᠠᠷᠠᠭᠤᠨ ᠬᠣᠰᠢᠭᠤ 《ᠲᠡᠮᠡᠭᠡᠲᠦ ᠨᠤᠲᠤᠭ ᠤᠨ ᠪᠦᠯᠬᠦᠮᠳᠡᠯ ᠦᠨ ᠰᠢᠨ᠎ᠡ ᠬᠠᠭᠤᠳᠠᠰᠤ᠎ᠶᠢ ᠬᠠᠮᠲᠤ᠎ᠪᠠᠷ ᠵᠢᠷᠤᠭᠯᠠᠶ᠎ᠠ》 ᠭᠡᠬᠦ ᠦᠨᠳᠦᠰᠦᠲᠡᠨ᠎ᠦ ᠪᠦᠯᠬᠦᠮᠳᠡᠯ ᠦᠨ ᠥᠯᠢᠭᠡᠷ᠎ᠦᠨ ᠦᠵᠡᠭᠦᠯᠭᠡ᠎ᠶᠢᠨ ᠠᠵᠢᠯᠯᠠᠭ᠎ᠠ ᠡᠷᠭᠢᠯᠡᠵᠦ᠂ ᠦᠨᠳᠦᠰᠦᠨ ᠱᠠᠲᠤᠨ᠎ᠤ ᠠᠮᠢᠳᠤᠯᠢᠭ᠋ ᠰᠠᠢᠬᠠᠨ ᠥᠯᠢᠭᠡᠷ᠎ᠢᠶᠡᠷ ᠦᠨᠳᠦᠰᠦᠲᠡᠨ᠎ᠦ ᠪᠦᠯᠬᠦᠮᠳᠡᠯ᠎ᠦᠨ ᠬᠠᠢᠷ᠎ᠠ ᠰᠡᠳᠬᠢᠯᠭᠡ᠎ᠶᠢ ᠳᠠᠮᠵᠢᠭᠤᠯᠵᠤ᠂ ᠰᠡᠳᠬᠢᠯ ᠨᠢᠭᠡᠳᠦᠨ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠪᠠ᠃
ᠲᠣᠰ ᠤᠳᠠᠭᠠᠨ ᠤ ᠦᠵᠡᠭᠦᠯᠭᠡ᠎ᠶᠢᠨ ᠠᠵᠢᠯᠯᠠᠭ᠎ᠠ ᠨᠢ ᠦᠨᠳᠦᠰᠦᠨ ᠱᠠᠲᠤᠨ᠎ᠤ ᠦᠨᠳᠦᠰᠦᠲᠡᠨ᠎ᠦ ᠪᠦᠯᠬᠦᠮᠳᠡᠯ ᠦᠨ ᠠᠮᠢᠳᠤᠯᠢᠭ᠋ ᠦᠢᠯᠡᠳᠦᠯᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠪᠥᠬᠥ ᠬᠣᠰᠢᠭᠤᠨ᠎ᠤ ᠡᠯ᠎ᠡ ᠰᠤᠮᠤ ᠪᠠᠯᠭᠠᠰᠤ᠂ ᠡᠯ᠎ᠡ ᠬᠦᠷᠢᠶᠡᠨ᠎ᠦ 11 ᠲᠥᠯᠥᠭᠡᠯᠡᠭᠴᠢᠳ᠎ᠦᠨ ᠠᠩᠭᠢ ᠤᠷᠤᠯᠳᠤᠭᠠᠨ᠎ᠳᠤ ᠣᠷᠣᠯᠴᠠᠵᠠᠢ᠃ ᠦᠵᠡᠭᠦᠯᠭᠡ ᠨᠢ ᠦᠨᠳᠦᠰᠦᠲᠡᠨ ᠦ ᠪᠦᠯᠬᠦᠮᠳᠡᠯ᠎ᠦᠨ ᠭᠣᠣᠯ ᠰᠢᠵᠢᠮ᠎ᠢ ᠴᠢᠩᠭ᠎ᠠ ᠡᠵᠡᠮᠳᠡᠵᠦ᠂ ᠲᠡᠮᠡᠭᠡᠲᠦ ᠨᠤᠲᠤᠭ ᠤ᠋ᠨ ᠬᠥᠭᠵᠢᠯᠲᠡ᠎ᠶᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠡᠯ᠎ᠡ ᠠᠵᠢᠯ ᠲᠦᠷᠦᠯ᠎ᠦᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠤᠨ ᠲᠥᠯᠥᠭᠡᠯᠡᠭᠴᠢ ᠥᠪᠡᠷ᠎ᠦᠨ ᠥᠩᠭᠡᠷᠡᠯᠲᠡ᠂ ᠳᠡᠷᠭᠡᠳᠡᠬᠢ ᠪᠣᠳᠠᠲᠤ ᠵᠢᠱ᠌ᠢᠶ᠎ᠡ ᠪᠡᠷ ᠭᠠᠷᠳᠠᠬᠤ ᠴᠡᠭ ᠪᠣᠯᠭᠠᠵᠤ᠂ ᠪᠣᠷᠣᠭᠵᠢᠭᠤᠨ ᠦᠭᠡ ᠬᠡᠯᠡ᠂ ᠴᠢᠩ ᠦᠨᠡᠨᠴᠢ ᠬᠠᠢᠷ᠎ᠠ ᠰᠡᠳᠬᠢᠯᠭᠡ᠎ᠪᠡᠷ ᠦᠨᠳᠦᠰᠦᠲᠡᠨ᠎ᠨᠦᠭᠦᠳ ᠦᠨ ᠣᠯᠠᠨ ᠲᠦᠮᠡᠨ᠎ᠦ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠭᠠᠷ ᠬᠣᠯᠪᠣᠨ ᠬᠠᠮᠲᠤ ᠪᠠᠷ ᠤᠷᠤᠭᠰᠢᠯᠠᠭᠰᠠᠨ ᠰᠡᠳᠬᠢᠯ᠎ᠢ ᠳᠤᠯᠠᠭᠠᠴᠠᠭᠤᠯᠤᠭᠰᠠᠨ ᠥᠯᠢᠭᠡᠷ᠎ᠢ ᠠᠮᠢᠳᠤᠯᠢᠭ᠋᠎ᠢᠶᠠᠷ ᠶᠠᠷᠢᠵᠠᠢ᠃
ᠲᠣᠰ ᠤᠳᠠᠭᠠᠨ᠎ᠤ ᠠᠵᠢᠯᠯᠠᠭ᠎ᠠ ᠨᠢ ᠲᠣᠰ ᠭᠠᠵᠠᠷ ᠣᠷᠣᠨ᠎ᠤ ᠦᠨᠳᠦᠰᠦᠲᠡᠨ᠎ᠦ ᠪᠦᠯᠬᠦᠮᠳᠡᠯ᠎ᠦᠨ ᠲᠡᠷᠢᠭᠦᠨ᠎ᠦ ᠦᠶ᠋ᠯᠡ ᠠᠵᠢᠯᠯᠠᠭ᠎ᠠ᠎ᠶᠢ ᠭᠦᠨᠵᠡᠭᠡᠢ ᠠᠭᠤᠳᠠᠯᠵᠤ᠂ ᠦᠨᠳᠦᠰᠦᠨ ᠱᠠᠲᠤᠨ᠎ᠳᠤ ᠣᠢᠷᠠᠲᠤᠭᠰᠠᠨ᠂ ᠦᠨᠳᠦᠰᠦᠲᠡᠨ᠎ᠦ ᠪᠦᠯᠬᠦᠮᠳᠡᠯ᠎ᠦᠨ ᠤᠬᠠᠭᠤᠯᠭ᠎ᠠ ᠬᠥᠮᠦᠵᠢᠯ᠎ᠦᠨ ᠠᠮᠢᠳᠤᠯᠢᠭ᠋ ᠵᠢᠭᠠᠬᠤ ᠮᠠᠲᠧᠷᠢᠶᠠᠯ᠎ᠢ ᠪᠣᠶ ᠪᠣᠯᠭᠠᠪᠠ᠃
ᠲᠠᠷᠠᠭᠠᠴᠢ᠎ᠶᠢᠨ ᠠᠯᠬᠤᠮ᠎ᠳᠤ᠂ ᠠᠯᠠᠱᠠ ᠪᠠᠷᠠᠭᠤᠨ ᠬᠣᠰᠢᠭᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ ᠬᠥᠮᠦᠵᠢᠯ᠎ᠢ ᠦᠷᠭᠦᠯᠵᠢᠯᠡᠨ ᠭᠦᠨᠵᠡᠭᠡᠢᠷᠡᠭᠦᠯᠵᠦ᠂ ᠲᠡᠮᠡᠭᠡᠲᠦ ᠨᠤᠲᠤᠭ᠎ᠤᠨ ᠪᠦᠯᠬᠦᠮᠳᠡᠯ᠎ᠦᠨ ᠥᠯᠢᠭᠡᠷ᠎ᠢ ᠦᠷᠭᠦᠯᠵᠢᠯᠡᠨ ᠰᠠᠢᠲᠤᠷ ᠶᠠᠷᠢᠵᠤ᠂ ᠦᠨᠳᠦᠰᠦᠲᠡᠨ᠎ᠦ ᠪᠦᠯᠬᠦᠮᠳᠡᠯ᠎ᠦᠨ ᠢᠳᠡᠪᠬᠢ ᠬᠦᠴᠦᠨ᠎ᠢ ᠤᠯᠠᠮᠵᠢᠯᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠡᠳᠬᠢᠯ ᠨᠢᠭᠡᠳᠦᠨ ᠭᠠᠷ ᠬᠣᠯᠪᠣᠨ ᠬᠠᠮᠲᠤ᠎ᠪᠠᠷ ᠤᠷᠤᠭᠰᠢᠯᠠᠬᠤ᠎ᠶᠢ ᠬᠥᠲᠥᠯᠥᠨ ᠵᠢᠯᠤᠭᠣᠳᠴᠤ᠂ ᠪᠥᠬᠥ ᠬᠣᠰᠢᠭᠤᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃