ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-09-24 17:09:34

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ᠋ ᠦᠨᠲᠤᠰᠤᠲᠠᠨ ᠤ᠋ ᠬᠡᠷᠡᠭ ᠡᠷᠬᠢᠯᠡᠬᠦ ᠵᠦᠪᠯᠡᠯ ᠡᠴᠠ ᠤᠢᠯᠠᠭᠠᠭᠰᠠᠠ ᠶ᠋ᠢᠡᠷ᠂ ᠣᠢᠷ᠎ᠠ᠎ᠳᠤ ᠡᠷᠢᠶᠡᠨ ᠬᠣᠲᠠ᠎ᠶᠢᠨ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ ᠎ᠤᠨ ᠬᠡᠯᠲᠡᠰ ᠬᠣᠲᠠ ᠎ᠶᠢᠨ ᠰᠣᠶᠣᠯ᠎ᠤᠨ ᠣᠷᠳᠣᠨ᠎ᠲᠠᠢ ᠬᠠᠮᠲᠤᠷᠠᠨ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠪᠡᠶᠡᠴᠢᠯᠡᠨ ᠣᠢᠯᠠᠭᠠᠬᠤ ᠠᠵᠢᠯᠯᠠᠭ᠎ᠠ ᠥᠷᠨᠢᠭᠦᠯᠪᠡ᠃

ᠤᠯᠤᠰ᠎ᠲᠠᠭᠠᠨ ᠪᠤᠴᠠᠵᠤ ᠢᠷᠡᠭᠰᠡᠨ ᠳᠤᠮᠳᠠᠳᠤ᠎ᠶᠢᠨ ᠬᠠᠷᠢᠶᠠᠲᠤ᠂ ᠬᠠᠷᠢᠶᠠᠲᠤ ᠨᠠᠷ᠎ᠤᠨ ᠭᠡᠷ ᠪᠦᠯᠢ᠂ ᠦᠨᠳᠦᠰᠦᠲᠡᠨ ᠱᠠᠰᠢᠨ ᠰᠤᠷᠲᠠᠬᠤᠨ᠎ᠤ ᠡᠲᠡᠭᠡᠳ᠎ᠦᠨ ᠲᠥᠯᠥᠭᠡᠯᠡᠭᠴᠢ ᠬᠥᠮᠥᠰ ᠵᠢᠴᠢ ᠪᠣᠳᠠᠰ᠎ᠤᠨ ᠪᠤᠰᠤ ᠰᠣᠶᠣᠯ ᠎ᠤᠨ ᠥᠪ᠎ᠦᠨ ᠤᠯᠠᠮᠵᠢᠯᠠᠭ᠍ᠴᠢ ᠨᠡᠶ᠋ᠢᠲᠡ 40 ᠭᠠᠷᠤᠢ ᠬᠥᠮᠥᠨ ᠲᠣᠰ ᠤᠳᠠᠭᠠᠨ᠎ᠤ ᠠᠵᠢᠯᠯᠠᠭ᠎ᠠ᠎ᠳᠤ ᠣᠷᠣᠯᠴᠠᠵᠠᠢ᠃

ᠠᠵᠢᠯᠯᠠᠭ᠎ᠠ᠎ᠶᠢᠨ ᠠᠬᠤᠢ ᠲᠠᠯᠠᠪᠠᠢ᠎ᠳᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠤᠯᠠᠮᠵᠢᠯᠠᠭ᠍ᠴᠢ ᠡᠴᠠ ᠤᠯᠠᠮᠵᠢᠯᠠᠯᠲᠤ ᠪᠣᠳᠠᠰ᠎ᠤᠨ ᠪᠤᠰᠤ ᠰᠣᠶᠣᠯ᠎ᠤᠨ ᠥᠪ᠎ᠦᠨ ᠬᠠᠢᠴᠢᠯᠠᠮᠠᠯ᠂ ᠢᠰᠡᠭᠡᠢ ᠬᠠᠳᠬᠤᠮᠠᠯ ᠎ᠤᠨ ᠤᠷᠠᠯᠢᠭ᠋ ᠎ᠤᠨ ᠰᠣᠶᠣᠯ ᠎ᠤᠨ ᠠᠭᠤᠯᠤᠭᠳᠠᠬᠤᠨ᠂ ᠤᠷᠠᠯᠢᠭ᠋᠎ᠤᠨ ᠣᠨᠴᠠᠯᠢᠭ᠋᠎ᠢ ᠨᠠᠷᠢᠨ ᠲᠠᠢᠯᠪᠤᠷᠢᠯᠠᠵᠤ᠂ ᠵᠢᠷᠤᠭ᠎ᠤᠨ ᠪᠦᠲᠦᠴᠡ᠎ᠶᠢᠨ ᠭᠤᠸ᠎ᠠ ᠵᠦᠢ᠎ᠡᠴᠡ ᠭᠠᠷ ᠤᠷᠠᠯᠠᠯ᠎ᠤᠨ ᠨᠠᠷᠢᠨ ᠵᠦᠢᠯᠡᠰ᠂ ᠦᠢᠯᠡᠳᠬᠦ ᠭᠣᠣᠯᠳᠠᠯᠭ᠎ᠠ ᠬᠦᠷᠲᠡᠯ᠎ᠡ᠂ ᠤᠯᠠᠨ᠎ᠢ ᠳᠠᠭᠠᠭᠤᠯᠤᠨ ᠪᠣᠳᠠᠰ᠎ᠤᠨ ᠪᠤᠰᠤ ᠰᠣᠶᠣᠯ᠎ᠤᠨ ᠥᠪ᠎ᠢ ᠲᠠᠨᠢᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠣᠢᠯᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ᠎ᠢ ᠬᠠᠢᠷᠠᠯᠠᠨ ᠬᠠᠮᠠᠭᠠᠯᠠᠬᠤ ᠵᠢ ᠠᠬᠢᠭᠤᠯᠪᠠ᠃ ᠭᠠᠷ ᠤᠷᠠᠯᠠᠯ᠎ᠤᠨ ᠪᠡᠶᠡᠴᠢᠯᠡᠨ ᠣᠢᠯᠠᠭᠠᠬᠤ ᠭᠣᠭᠴᠣᠭ᠎ᠠ᠎ᠳᠤ᠂ ᠣᠯᠠᠨ᠎ᠢᠶᠠᠷ᠎ᠢᠶᠠᠨ ᠴᠥᠮ ᠭᠠᠷ ᠬᠥᠳᠡᠯᠦᠨ ᠣᠷᠣᠯᠴᠠᠵᠤ᠂ ᠨᠠᠷᠢᠨ ᠬᠢᠨᠠᠮᠠᠭᠠᠢ᠎ᠪᠠᠷ ᠮᠠᠲᠧᠷᠢᠶᠠᠯ ᠰᠣᠩᠭᠣᠨ᠂ ᠵᠠᠰᠠᠯ ᠴᠢᠮᠡᠭᠯᠡᠯ᠎ᠢ ᠲᠣᠬᠢᠷᠠᠭᠤᠯᠵᠤ᠂ ᠨᠢᠭᠡ ᠲᠠᠯ᠎ᠠ ᠎ᠪᠠᠷ ᠣᠯᠣᠯᠲᠠ ᠲᠥᠷᠥᠭᠳᠡᠯ᠎ᠢᠶᠡᠨ ᠰᠣᠯᠢᠯᠴᠠᠵᠤ᠂ ᠨᠥᠭᠥᠭᠡ ᠲᠠᠯ᠎ᠠ᠎ᠪᠠᠷ ᠥᠪᠡᠷᠮᠢᠴᠡ ᠪᠦᠲᠦᠭᠡᠯᠴᠢ ᠰᠡᠳᠬᠢᠮᠵᠢ᠎ᠪᠡᠨ ᠪᠠᠳᠠᠷᠠᠭᠤᠯᠤᠨ᠂ ᠪᠠᠶᠠᠷ ᠬᠥᠷ᠎ᠲᠠᠢ ᠠᠭᠤᠷ ᠠᠮᠢᠰᠬᠤᠯ᠎ᠤᠨ ᠳᠤᠮᠳᠠ ᠤᠯᠠᠮᠵᠢᠯᠠᠯᠲᠤ ᠭᠠᠷ ᠤᠷᠠᠯᠠᠯ᠎ᠤᠨ ᠥᠪᠡᠷᠮᠢᠴᠡ ᠷᠢᠳᠢ ᠰᠢᠳᠢ᠎ᠶᠢ ᠮᠡᠳᠡᠷᠡᠪᠡ᠃

ᠲᠣᠰ ᠤᠳᠠᠭᠠᠨ᠎ᠤ ᠠᠵᠢᠯᠯᠠᠭ᠎ᠠ ᠎ᠪᠠᠷ ᠳᠡᠮᠵᠢᠨ᠂ ᠨᠢᠭᠡᠳᠦᠮᠡᠯ ᠹᠷᠣᠨᠲ᠎ᠤᠨ ᠡᠯ᠎ᠡ ᠡᠲᠡᠭᠡᠳ᠎ᠦᠨ ᠲᠥᠯᠥᠭᠡᠯᠡᠭᠴᠢ ᠬᠥᠮᠥᠰ ᠪᠣᠳᠠᠰ ᠎ᠤᠨ ᠪᠤᠰᠤ ᠰᠣᠶᠣᠯ ᠎ᠤᠨ ᠥᠪ ᠎ᠦᠨ ᠭᠠᠷ ᠤᠷᠠᠯᠠᠯ᠎ᠤᠨ ᠦᠢᠯᠡᠳᠦᠯᠭᠡ ᠳᠤᠮᠳᠠ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠢᠯᠠᠭᠠᠵᠤ᠂ ᠪᠣᠳᠠᠰ᠎ᠤᠨ ᠪᠤᠰᠤ ᠰᠣᠶᠣᠯ᠎ᠤᠨ ᠥᠪ ᠎ᠢ ᠮᠡᠳᠡᠷᠡᠵᠦ᠂ ᠭᠦᠨ ᠭᠦᠨᠵᠡᠭᠡᠢ ᠣᠢᠯᠠᠭᠠᠯᠲᠠ ᠳᠤᠮᠳᠠ ᠳᠤᠮᠳᠠᠳᠤ᠎ᠶᠢᠨ ᠰᠣᠶᠣᠯ᠎ᠤᠨ ᠵᠣᠷᠢᠭ᠋ ᠰᠠᠨᠠᠭᠠᠨ᠎ᠤ ᠠᠭᠤᠯᠤᠭᠳᠠᠬᠤᠨ᠎ᠤ ᠲᠤᠬᠠᠢ ᠣᠢᠯᠠᠭᠠᠯᠲᠠ᠎ᠪᠠᠨ ᠭᠦᠨᠵᠡᠭᠡᠢᠷᠡᠭᠦᠯᠪᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面