2026-10-02 08:44:00
— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠴᠢᠨ ᠭᠤᠷᠪᠠᠳ᠋ᠡᠬᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠠᠵᠢᠯᠯᠠᠭ᠎ᠠ᠎ᠶᠢᠨ ᠰᠠᠷ᠎ᠠ᠎ᠳᠤ ᠤᠯᠠᠨ ᠬᠢᠯᠠᠰ ᠴᠡᠭ ᠢᠯᠡᠷᠡᠪᠡ
ᠠᠨᠠᠷ᠎ᠤᠨ ᠴᠡᠴᠡᠭᠡᠰ ᠭᠠᠵᠠᠷ ᠪᠣᠯᠭᠠᠨ᠎ᠳᠤ ᠮᠢᠷᠠᠯᠵᠠᠨ ᠳᠡᠯᠭᠡᠷᠡᠵᠦ᠂ ᠪᠦᠯᠬᠦᠮᠳᠡᠯ᠎ᠦᠨ ᠦᠯᠢᠭᠡᠷ᠎ᠤᠳ ᠵᠢᠷᠦᠬᠡ ᠵᠢ ᠲᠤᠬᠳᠤᠯᠤᠭᠤᠯᠵᠤ ᠰᠡᠳᠬᠢᠯ᠎ᠢ ᠲᠤᠯᠠᠭᠠᠴᠠᠭᠤᠯᠤᠨ᠎ᠠ᠃ 9 ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠦᠴᠢᠨ ᠭᠤᠷᠪᠠᠳ᠋ᠡᠬᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠠᠷ᠎ᠠ ᠵᠢᠨ ᠠᠵᠢᠯᠯᠠᠭ᠎ᠠ ᠪᠠᠶᠠᠯᠢᠭ ᠠᠭᠤᠯᠭ᠎ᠠ ᠲᠠᠢ ᠶᠠᠪᠤᠬᠳᠠᠪᠠ᠃ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠭᠦᠨᠵᠡᠭᠡᠢ ᠲᠤᠭᠤᠰᠢᠯᠠᠭᠤᠯᠤᠨ ᠬᠡᠷᠡᠭᠵᠢᠭᠦᠯᠵᠦ ᠳᠤᠮᠳᠠᠳᠤ᠎ᠶᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠲᠥᠪᠯᠡᠩᠬᠦᠢ ᠬᠦᠴᠦᠨ᠎ᠢ ᠤᠯᠠᠮ ᠴᠢᠨᠠᠭᠰᠢᠳᠠ ᠴᠢᠩᠭᠠᠳᠬᠠᠬᠤ 》 ᠭᠣᠣᠯ ᠰᠡᠳᠦᠪ᠎ᠦᠨ ᠲᠣᠭᠣᠷᠢᠨ᠎ᠳᠤ᠂ ᠥᠪᠥᠷ ᠮᠣᠩᠭᠣᠯ ᠣᠯᠠᠨ ᠬᠡᠯᠪᠡᠷᠢ᠎ᠵᠢᠨ ᠠᠭᠤᠯᠭ᠎ᠠ ᠪᠠᠶᠠᠯᠢᠭ᠋ ᠠᠵᠢᠯᠯᠠᠭ᠎ᠠ᠎ᠶᠢ ᠤᠬᠠᠭᠠᠯᠠᠨ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠲᠠ ᠦᠭᠡᠢ ᠪᠠᠲᠤ ᠴᠣᠭᠴᠠᠯᠠᠪᠠ᠃
9 ᠰᠠᠷ᠎ᠠ᠎ᠶᠢᠨ 22 ᠤ᠋ᠨ ᠡᠳᠦᠷ᠂ ᠠᠩᠬᠠᠳᠠᠭ᠍ᠴᠢ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠭ᠎ᠠ᠎ᠶᠢᠨ ᠭᠠᠷᠠᠭ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠣᠣᠯ ᠲᠠᠯᠠᠪᠠᠶ ᠠᠵᠢᠯᠯᠠᠭ᠎ᠠ ᠥᠪᠥᠷ ᠮᠣᠩᠭᠣᠯ᠎ᠤᠨ ᠮᠦᠽᠧᠢ᠎ᠳᠦ ᠶᠠᠪᠤᠭᠳᠠᠪᠠ᠃
《〈ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ〉 ᠵᠢ ᠠᠯᠢ ᠤᠨ ᠳ᠋ᠤ ᠪᠠᠲᠤᠯᠠᠭᠰᠠᠨ ᠪᠤᠢ?》᠂ 《 ᠮᠠᠨ᠎ᠤ ᠤᠯᠤᠰ᠎ᠤᠨ ᠦᠨᠳᠦᠰᠦᠲᠡᠨ᠎ᠦ ᠠᠵᠢᠯ᠎ᠤᠨ ᠭᠣᠣᠯ ᠰᠢᠵᠢᠮ ᠨᠢ ᠶᠠᠭᠤ ᠪᠤᠢ?》᠂ ᠠᠵᠢᠯᠯᠠᠭ᠎ᠠ᠎ᠶᠢᠨ ᠲᠤᠬᠠᠢ᠎ᠶᠢᠨ ᠲᠠᠯᠠᠪᠠᠶ᠎ᠳᠤ《 ᠰᠡᠳᠬᠢᠯ ᠨᠢᠭᠡᠲᠦᠨ ᠬᠦᠴᠦ᠎ᠪᠡᠨ ᠬᠠᠮᠲᠤᠳᠬᠠᠬᠤᠢ ᠨᠢᠰᠬᠦ ᠰᠢᠲᠠᠷ᠎ᠠ》ᠭᠡᠬᠦ ᠮᠡᠳᠡᠯᠭᠡ᠎ᠵᠢᠨ ᠪᠣᠭᠣᠮᠲᠠ ᠳᠠᠪᠠᠬᠤ ᠰᠣᠨᠢᠷᠬᠠᠯᠲᠠᠢ ᠲᠣᠭᠯᠠᠭᠠᠮ᠎ᠤᠨ ᠲᠤᠭᠤᠷᠢᠭ᠎ᠲᠦ ᠬᠥᠮᠥᠨᠬᠠᠷᠠ ᠴᠤᠭᠯᠠᠷᠠᠨ᠂ ᠣᠷᠣᠯᠴᠠᠭ᠍ᠰᠠᠳ ᠪᠣᠭᠣᠮᠲᠠ᠎ᠵᠢ ᠤᠷᠤᠭᠰᠢᠲᠠᠢ ᠳᠠᠪᠠᠪᠠᠯ ᠰᠣᠶᠣᠯ᠎ᠤᠨ ᠪᠦᠳᠦᠬᠡᠯᠴᠢ ᠰᠡᠳᠬᠢᠮᠵᠢ ᠵᠢᠨ ᠦᠢᠯᠡᠳᠬᠦᠨ᠎ᠤ ᠵᠢᠵᠢᠭ ᠪᠡᠯᠡᠭ ᠬᠦᠷᠳᠡᠨ᠎ᠠ᠃ ᠱᠠᠨᠳᠥᠢ᠍ᠩᠦᠨ ᠶᠠᠨᠲ᠋ᠠᠢ᠎ᠡᠴᠡ ᠢᠷᠡᠭᠰᠡᠨ ᠵᠢᠭᠤᠯᠴᠢᠯᠠᠭᠴᠢ ᠮᠦ᠍ ᠠᠪᠠᠬᠠᠢ ᠨᠠᠢᠵᠠ᠎ᠲᠠᠢ᠎ᠪᠠᠨ ᠤᠷᠮ᠎ᠠ ᠲᠠᠢ ᠲᠤᠬᠯᠠᠵᠤ᠂ ᠨᠢᠭᠡᠨ ᠰᠣᠶᠣᠯ᠎ᠤᠨ ᠪᠦᠳᠦᠬᠡᠯᠴᠢ ᠰᠡᠳᠬᠢᠮᠵᠢ ᠵᠢᠨ ᠦᠢᠯᠡᠳᠬᠦᠨ᠎ᠤ ᠪᠥᠰᠪᠣᠭᠴᠣ᠌ ᠣᠯᠪᠠ᠃ ᠲᠡᠷᠡ᠄ 《ᠪᠢᠳᠡ ᠪᠠᠰᠠ AI ᠰᠡᠭᠦᠳᠡᠷᠯᠡᠬᠦ ᠮᠠᠰᠢᠨ᠎ᠢᠶᠠᠷ ᠨᠢᠭᠡ ᠬᠤᠪᠢ ᠦᠨᠳᠦᠰᠦᠲᠡᠨ᠎ᠦ ᠬᠡᠪ ᠨᠠᠮᠪᠠᠪᠦᠬᠦᠢ ᠭᠡᠷᠡᠯ ᠵᠢᠷᠤᠭ ᠲᠠᠲᠠᠪᠠ᠂ ᠦᠨᠡᠬᠡᠷ ᠰᠢᠨ᠎ᠡ ᠰᠡᠪᠡᠭᠦᠨ ᠪᠠᠢᠨ᠎ᠠ᠃ ᠡᠢᠮᠦᠷᠬᠦᠦ ᠨᠠᠭᠠᠳᠤᠮ ᠲᠤᠭᠯᠠᠭᠠᠮᠵᠢᠡᠷ ᠬᠥᠮᠦᠵᠢᠯ ᠬᠦᠷᠲᠡᠭᠡᠬᠦ ᠠᠷᠭ᠎ᠠ᠎ᠪᠠᠷ ᠦᠨᠳᠦᠰᠦᠲᠡᠨ᠎ᠦ ᠪᠦᠯᠬᠦᠮᠳᠡᠯ᠎ᠦᠨ ᠬᠥᠮᠦᠵᠢᠯ ᠥᠷᠨᠢᠭᠦᠯᠬᠦ ᠨᠢ ᠦᠷ᠎ᠡ ᠪᠦᠲᠦᠮᠵᠢ ᠮᠠᠰᠢ ᠰᠠᠢᠨ》ᠭᠡᠵᠦ ᠪᠠᠶᠠᠷᠯᠠᠨ ᠬᠡᠯᠡᠪᠡ᠃
ᠠᠵᠢᠯᠯᠠᠭ᠎ᠠ᠎ᠶᠢᠨ ᠳᠤᠮᠳᠠ᠂ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠤᠬᠠᠭᠤᠯᠤᠨ ᠲᠠᠢᠯᠪᠤᠷᠢᠯᠠᠬᠤ ᠠᠩᠭᠢ》ᠵᠢᠨ ᠲᠥᠯᠥᠭᠡᠯᠡᠭᠴᠢ᠂ ᠬᠥᠬᠡᠬᠣᠲᠠ᠎ᠶᠢᠨ ᠨᠠᠮ᠎ᠤᠨ ᠬᠣᠷᠢᠶᠠᠨ᠎ᠤ ᠨᠠᠮ᠎ᠤᠨ ᠰᠤᠷᠭᠠᠭᠤᠯᠢ᠎ᠶᠢᠨ ᠪᠠᠭ᠍ᠰᠢ ᠰᠦᠨ ᠷᠦᠸᠸ ᠨᠠᠨ 《ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠰᠠᠨᠠᠭᠠᠴᠢᠯᠠᠭ᠎ᠠ》 ᠭᠠᠷᠭᠠᠪᠠ᠃ ᠲᠡᠷᠡ᠄ 《ᠦᠨᠳᠦᠰᠦᠨ ᠱᠠᠲᠤᠨ᠎ᠤ ᠤᠬᠠᠭᠤᠯᠤᠨ ᠲᠠᠢᠯᠪᠤᠷᠢᠯᠠᠬᠤ ᠠᠩᠭᠢ᠎ᠶᠢᠨ ᠨᠢᠭᠡ ᠭᠡᠰᠢᠭᠦᠨ ᠪᠣᠯᠤᠭᠰᠠᠨ᠎ᠤ ᠬᠤᠪᠢ᠎ᠳᠤ᠂ ᠪᠢᠳᠡ ᠦᠷᠭᠦᠯᠵᠢ ᠲᠠᠷᠢᠶᠠᠨ ᠦᠵᠦᠬᠦᠷ᠂ ᠪᠠᠢᠭᠤᠯᠭ᠎ᠠ ᠨᠢᠭᠡᠴᠢ᠂ ᠰᠤᠷᠭᠠᠭᠤᠯᠢ᠎ᠳᠤ ᠭᠦᠨᠵᠡᠭᠡᠢᠷᠡᠨ ᠤᠬᠠᠭᠤᠯᠤᠨ ᠲᠠᠢᠯᠪᠤᠷᠢᠯᠠᠵᠤ᠂ ᠪᠥᠬᠥ ᠨᠡᠢᠭᠡᠮ ᠵᠢᠨᠷ ᠵᠢᠡᠨ ᠤᠬᠠᠮᠰᠠᠷ᠎ᠡᠴᠡ᠎ᠪᠠᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠠᠯᠭᠠᠮᠵᠢᠯᠠᠭ᠍ᠴᠢ ᠂ ᠦᠢᠯᠡᠳᠦᠯᠭᠡᠵᠢᠭᠦᠯᠦᠭᠴᠢ ᠪᠣᠯᠬᠤ᠎ᠶᠢ ᠬᠥᠲᠥᠯᠥᠨ ᠲᠠᠭᠠᠭᠤᠯᠤᠨ᠎ᠠ》 ᠭᠡᠪᠡ᠃
ᠠᠯᠲᠠᠨ ᠨᠠᠮᠤᠷ᠎ᠤᠨ ᠶᠢᠰᠦᠨ ᠰᠠᠷ᠎ᠠ᠎ᠳᠤ᠂ ᠥᠪᠥᠷ ᠮᠣᠩᠭᠣᠯ᠎ᠤᠨ ᠡᠬᠡ ᠭᠠᠵᠠᠷ᠎ᠲᠤ ᠦᠨᠳᠦᠰᠦᠲᠡᠨ᠎ᠦ ᠪᠦᠯᠬᠦᠮᠳᠡᠯ᠎ᠦᠨ ᠬᠠᠯᠠᠭᠤᠨ ᠥᠷᠨᠢᠯᠲᠡ ᠭᠠᠷᠪᠠ᠃
ᠬᠢᠩᠭᠠᠨ ᠠᠢᠮᠠᠭ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠰᠠᠷ᠎ᠠ᠎ᠶᠢᠨ ᠭᠣᠣᠯ ᠲᠠᠯᠠᠪᠠᠢ ᠠᠵᠢᠯᠯᠠᠭ᠎ᠠ᠎ᠶᠢ ᠨᠡᠢᠭᠡᠮ ᠲᠣᠭᠣᠷᠢᠭ᠋᠎ᠤᠨ ᠰᠠᠭᠤᠭᠠᠯᠢ ᠠᠷᠠᠳ᠎ᠤᠨ ᠭᠡᠷ᠎ᠦᠨ ᠡᠭᠦᠳᠡᠨ᠎ᠳᠦ ᠪᠠᠢᠷᠢᠯᠠᠭᠤᠯᠵᠤ᠂ ᠰᠡᠳᠬᠢᠯ ᠨᠢᠭᠡᠳᠬᠦ ᠪᠦᠵᠢᠭ᠎ᠤᠨ ᠲᠠᠪᠴᠠᠩ᠂ ᠰᠡᠳᠬᠢᠯ ᠨᠢᠭᠡᠳᠬᠦ ᠤᠬᠠᠭᠤᠯᠭ᠎ᠠ ᠬᠥᠮᠥᠵᠢᠯ᠂ ᠰᠡᠳᠬᠢᠯ ᠨᠢᠭᠡᠳᠦᠨ ᠠᠷᠠᠳ᠎ᠲᠤ ᠠᠰᠢᠭ᠋ ᠬᠦᠷᠲᠡᠭᠡᠬᠦ᠂ ᠰᠡᠳᠬᠢᠯ ᠨᠢᠭᠡᠳᠦᠨ ᠬᠦᠴᠦ᠎ᠪᠡᠨ ᠬᠠᠮᠲᠤᠳᠬᠠᠬᠤ᠂ ᠰᠡᠳᠬᠢᠯ ᠨᠢᠭᠡᠳᠦᠨ ᠬᠠᠮᠲᠤ ᠪᠡᠷ ᠪᠠᠶᠠᠰᠬᠤ ᠴᠢᠳᠠᠮᠵᠢᠳᠤ ᠣᠷᠣᠨ᠎ᠢ ᠰᠢᠨ᠎ᠡ᠎ᠪᠡᠷ ᠡᠭᠦᠳᠦᠨ ᠪᠠᠢᠭᠤᠯᠵᠤ᠂ ᠰᠣᠶᠣᠯ᠎ᠤᠨ ᠲᠣᠭᠯᠠᠯᠲᠠ᠂ ᠲᠦᠷᠦ᠎ᠶᠢᠨ ᠪᠣᠳᠣᠯᠭ᠎ᠠ᠎ᠶᠢᠨ ᠤᠬᠠᠭᠤᠯᠭ᠎ᠠ᠂ ᠰᠠᠢᠨ ᠳᠤᠷ᠎ᠠ᠎ᠶᠢᠨ ᠦᠢᠯᠡᠴᠢᠯᠡᠭᠡ᠂ ᠬᠠᠷᠢᠯᠴᠠᠨ ᠬᠦᠳᠡᠯᠦᠯᠴᠡᠵᠤ ᠪᠡᠶᠡᠴᠢᠯᠡᠨ ᠣᠢᠯᠠᠭᠠᠬᠤ ᠵᠡᠷᠭᠡ ᠠᠵᠢᠯᠯᠠᠭ᠎ᠠ᠎ᠶᠢ ᠵᠡᠷᠭᠡ ᠪᠡᠷ ᠥᠷᠨᠢᠭᠦᠯᠪᠡ᠃
ᠤᠯᠠᠭᠠᠨᠬᠠᠳᠠ ᠬᠣᠲᠠ ᠭᠣᠣᠯ ᠲᠠᠯᠠᠪᠠᠢ ᠠᠵᠢᠯᠯᠠᠭ᠎ᠠ᠎ᠶᠢ ᠶᠡᠬᠡ ᠳᠡᠭᠡᠳᠦ ᠰᠤᠷᠭᠠᠭᠤᠯᠢ᠎ᠳᠤ ᠪᠠᠢᠷᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢᠨ ᠬᠢᠴᠢᠶᠡᠯ᠎ᠤᠨ ᠲᠠᠨᠭᠬᠢᠮ᠎ᠢ ᠨᠡᠬᠡᠬᠡᠵᠦ᠂ 《ᠪᠣᠳᠠᠰ᠎ᠤᠨ ᠪᠤᠰᠤ ᠰᠣᠶᠣᠯ᠎ᠤᠨ ᠥᠪ᠎ᠦᠨ ᠭᠤᠸ᠎ᠠ ᠰᠠᠢᠬᠠᠨ᠎ᠢ ᠰᠣᠨᠢᠷᠬᠠᠵᠤ ᠦᠨᠳᠦᠰᠦᠲᠡᠨ᠎ᠦ ᠪᠦᠯᠬᠦᠮᠳᠡᠯ᠎ᠤᠨ ᠰᠡᠳᠬᠢᠯ᠎ᠢ ᠱᠤᠭᠤᠬᠤ》 ᠪᠡᠶᠡᠴᠢᠯᠡᠨ ᠣᠢᠯᠠᠭᠠᠬᠤ ᠲᠤᠭᠤᠷᠢᠭ᠎ᠢ ᠪᠠᠢᠭᠤᠯᠵᠤ᠂ 《ᠠᠨᠠᠷ᠎ᠤᠨ ᠦᠷ᠎ᠡ ᠰᠢᠭ ᠰᠡᠳᠬᠢᠯ ᠨᠢᠭᠡᠳᠦᠨ ᠬᠦᠰᠡᠯ ᠵᠡᠭᠦᠳᠦ᠎ᠪᠡᠨ ᠲᠡᠷᠭᠡᠯᠰᠢᠭᠦᠯᠵᠤ ᠠᠨᠠᠷ᠎ᠤᠨ ᠴᠡᠴᠡᠭᠡᠰ ᠤᠯᠠᠭᠠᠨᠬᠠᠳᠠ᠎ᠵᠢ ᠪᠦᠷᠬᠦᠨ ᠳᠡᠯᠭᠡᠷᠡᠨᠠᠮ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠥᠯᠢᠭᠡᠷ᠎ᠦᠨ ᠭᠣᠣᠯ ᠰᠡᠳᠦᠪᠲᠦ ᠦᠵᠡᠭᠦᠯᠭᠡ ᠵᠡᠷᠭᠡ ᠠᠵᠢᠯᠯᠠᠭ᠎ᠠ ᠵᠢ ᠥᠷᠨᠢᠭᠦᠯᠪᠡ᠃
ᠪᠠᠶᠠᠨᠨᠠᠭᠤᠷ ᠬᠣᠲᠠ ᠭᠣᠣᠯ ᠲᠠᠯᠠᠪᠠᠢ ᠠᠵᠢᠯᠯᠠᠭ᠎ᠠ᠎ᠶᠢ ᠪᠣᠳᠠᠰ᠎ᠤᠨ ᠪᠤᠰᠤ ᠰᠣᠶᠣᠯ᠎ᠤᠨ ᠥᠪ᠎ᠦᠨ ᠵᠢᠵᠢᠭ ᠪᠠᠯᠭᠠᠰᠤᠨ᠎ᠳᠤ ᠪᠠᠢᠷᠢᠯᠠᠭᠤᠯᠵᠤ᠂ ᠪᠣᠳᠠᠰ᠎ᠤᠨ ᠪᠤᠰᠤ ᠰᠣᠶᠣᠯ᠎ᠤᠨ ᠥᠪ᠎ᠪᠤᠯᠬᠤ ᠲᠤᠤᠯᠢᠰ 《ᠵᠢᠩᠭᠠᠷ》᠎ᠢ᠋ ᠭᠣᠢᠳᠠ ᠰᠠᠢᠬᠠᠨ ᠲᠣᠭᠯᠠᠭᠰᠠᠨ᠎ᠢᠶᠠᠷ ᠪᠠᠷᠠᠬᠤ ᠦᠭᠡᠢ᠂ ᠪᠠᠰᠠ 《ᠤᠯᠠᠨ ᠲᠦᠮᠡᠨ ᠡᠴᠡ ᠣᠯᠠᠨ ᠲᠦᠮᠡᠨ᠎ᠳᠦ ᠶᠠᠷᠢᠵᠤ ᠥᠭᠬᠦ》 ᠪᠦᠯᠬᠦᠮ᠎ᠦᠨ ᠬᠢᠨ ᠠᠮᠢᠳᠤᠯᠢᠭ᠋᠎ᠢᠶᠠᠷ ᠤᠬᠠᠭᠤᠯᠤᠨ ᠲᠠᠢᠯᠪᠤᠷᠢᠯᠠᠪᠠ; ᠭᠡᠷ᠎ᠦᠨ ᠰᠤᠷᠲᠠᠯ᠎ᠤᠨ ᠠᠮᠢᠳᠤᠯᠢᠭ᠋ ᠰᠠᠢᠬᠠᠨ ᠲᠣᠭᠯᠠᠯᠲᠠ ᠪᠠᠢᠬᠤ᠎ᠪᠠᠷ ᠪᠠᠷᠠᠬᠤ ᠦᠭᠡᠢ᠂ ᠪᠠᠰᠠ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠵᠢᠯᠯᠠᠭ᠎ᠠ᠎ᠳᠤ ᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠎ᠢ ᠭᠦᠢᠴᠡᠳ ᠳᠠᠶ᠋ᠢᠴᠢᠯᠠᠪᠠ᠃
ᠪᠦᠬᠦ ᠣᠷᠣᠨ᠎ᠤ ᠡᠯ᠎ᠡ ᠠᠵᠢᠯ ᠲᠦᠷᠦᠯ ᠡᠯ᠎ᠡ ᠬᠦᠷᠢᠶᠡᠨ᠎ᠦ ᠬᠢᠨ ᠡᠭᠦᠷᠭᠡ ᠲᠤᠰᠢᠶᠠᠯ ᠬᠠᠷᠢᠭᠤᠴᠠᠯᠭ᠎ᠠ᠎ᠲᠠᠢ ᠪᠠᠨ ᠭᠦᠢᠴᠡᠳ ᠤᠶᠠᠯᠳᠤᠭᠤᠯᠵᠤ᠂ ᠡᠬᠢ ᠪᠠᠶᠠᠯᠢᠭ᠋᠎ᠤᠨ ᠳᠠᠪᠠᠭᠤᠯᠢᠭ᠋᠎ᠢᠶᠠᠨ ᠪᠠᠳᠠᠷᠠᠭᠤᠯᠵᠤ᠂ ᠤᠯᠠᠨ ᠲᠦᠮᠡᠨ᠎ᠲᠠᠢ ᠣᠢᠷᠠᠲᠤᠭᠰᠠᠨ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠭᠰᠠᠨ ᠣᠨᠴᠠᠯᠢᠭ ᠪᠦᠬᠦᠢ ᠬᠢᠯᠠᠰ ᠴᠡᠭ ᠪᠤᠯᠤᠬᠰᠠᠨ ᠠᠵᠢᠯᠯᠠᠭ᠎ᠠ᠎ᠶᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠬᠠᠢᠷ᠎ᠠ ᠰᠡᠳᠬᠢᠯᠭᠡ᠎ᠶᠢᠨ ᠬᠣᠯᠪᠣᠭᠠᠰᠤ᠎ᠶᠢ ᠲᠠᠰᠤᠷᠠᠯᠲᠠ ᠦᠭᠡᠢ ᠴᠢᠩᠭᠠᠯᠠᠪᠠ᠃
ᠲᠥᠪ᠎ᠦᠨ ᠤᠬᠠᠭᠤᠯᠬᠤ ᠬᠡᠯᠲᠡᠰ᠎ᠡᠴᠡ ᠲᠥᠪ᠎ᠦᠨ ᠨᠢᠭᠡᠳᠦᠮᠡᠯ ᠹᠷᠣᠨᠲ᠎ᠤᠨ ᠬᠡᠯᠲᠡᠰ᠂ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠲᠠᠢ ᠬᠠᠮᠲᠤᠷᠠᠨ ᠥᠷᠨᠢᠭᠦᠯᠦᠭᠰᠡᠨ《ᠬᠠᠮᠲᠤ᠎ᠶᠢᠨ ᠴᠣᠭᠴᠠ᠎ᠶᠢ ᠪᠠᠲᠤ ᠴᠣᠭᠴᠠᠯᠠᠵᠤ ᠳᠤᠮᠳᠠᠳᠤ᠎ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ᠌》ᠭᠣᠣᠯ ᠰᠡᠳᠦᠪᠲᠦ ᠤᠬᠠᠭᠤᠯᠭ᠎ᠠ᠎ᠶᠢᠨ ᠠᠵᠢᠯᠯᠠᠭ᠎ᠠ᠎ᠶᠢᠨ ᠲᠦᠷᠦᠭᠦᠦ ᠪᠦᠯᠦᠭ᠎ᠤᠨ ᠰᠣᠷᠪᠤᠯᠵᠢᠯᠠᠭ᠎ᠠ ᠥᠪᠥᠷ ᠮᠣᠩᠭᠣᠯ᠎ᠳᠤ ᠶᠠᠪᠤᠭᠳᠠᠵᠤ᠂ ᠵᠠᠭᠤᠴᠢᠯᠠᠭᠤᠷ᠎ᠤᠨ ᠰᠤᠷᠪᠤᠯᠵᠢᠯᠠᠭ᠍ᠴᠢᠳ ᠥᠪᠥᠷ ᠮᠣᠩᠭᠣᠯ᠎ᠤᠨ ᠡᠬᠡ ᠭᠠᠵᠠᠷ᠎ᠲᠤ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠵᠢᠷᠭᠠᠯ ᠵᠣᠪᠠᠯᠠᠩ᠎ᠢᠶᠠᠨ ᠬᠠᠮᠲᠤᠳᠬᠠᠬᠤ᠂ ᠠᠯᠳᠠᠷ ᠭᠤᠳᠤᠮᠰᠢᠭ᠎ᠢᠶᠠᠨ ᠬᠠᠮᠲᠤᠳᠬᠠᠬᠤ᠂ ᠦᠬᠦᠵᠦ ᠰᠡᠬᠡᠬᠦ᠎ᠪᠡᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ᠎ᠶᠢᠨ ᠴᠣᠭᠴᠠ᠎ᠶᠢᠨ ᠣᠢᠯᠠᠭᠠᠭᠳᠠᠬᠤᠨ᠎ᠢ ᠭᠦᠨᠵᠡᠭᠡᠢ ᠣᠢᠯᠠᠭᠠᠵᠤ᠂ ᠰᠡᠳᠭᠢᠯ ᠰᠠᠨᠠᠭ᠎ᠠ ᠨᠡᠢᠯᠡᠯᠴᠡᠭᠰᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ᠂ ᠠᠮᠢ ᠠᠬᠤᠢ ᠰᠠᠢᠵᠢᠷᠠᠭᠰᠠᠨ᠂ ᠠᠵᠤ ᠦᠢᠯᠡᠰ ᠮᠠᠨᠳᠤᠭᠰᠠᠨ᠂ ᠤᠯᠠᠨ ᠲᠦᠮᠡᠨ ᠵᠣᠯ ᠵᠢᠷᠭᠠᠯ᠎ᠲᠠᠢ ᠪᠠᠢᠬᠤ ᠬᠠᠯᠠᠭᠤᠨ ᠳᠤᠯᠠᠭᠠᠨ ᠦᠯᠢᠭᠡᠷ᠎ᠢ ᠲᠡᠮᠳᠡᠭᠯᠡᠭᠰᠡᠨ ᠪᠠᠢᠨ᠎ᠠ᠃
ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠥᠪᠥᠷ ᠮᠣᠩᠭᠣᠯ᠎ᠤᠨ ᠬᠡᠪᠯᠡᠯ᠎ᠦᠨ ᠪᠦᠯᠦᠭᠯᠡᠯ᠎ᠲᠠᠢ ᠬᠠᠮᠲᠤᠷᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠥᠪᠥᠷ ᠮᠣᠩᠭᠣᠯ᠎ᠤᠨ ᠦᠨᠳᠦᠰᠦᠲᠡᠨ᠎ᠦ ᠡᠷᠲᠡᠨ᠎ᠦ ᠨᠤᠮ ᠪᠢᠴᠢᠭ᠎ᠦᠨ ᠠᠵᠢᠯ᠎ᠤᠨ ᠦᠷ᠎ᠡ ᠪᠦᠲᠦᠭᠡᠯ᠎ᠢ ᠳᠡᠯᠭᠡᠷᠡᠭᠦᠯᠬᠦ ᠠᠵᠢᠯᠯᠠᠭ᠎ᠠ᠎ᠶᠢ ᠭᠣᠣᠯᠯᠠᠨ ᠡᠷᠭᠢᠯᠡᠵᠦ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠷᠲᠡᠨ᠎ᠦ ᠨᠤᠮ ᠪᠢᠴᠢᠭ᠎ᠢ ᠡᠮᠬᠢᠳᠬᠡᠭᠰᠡᠨ ᠰᠢᠷᠢᠰ ᠨᠣᠮ ᠪᠢᠴᠢᠭ᠂ ᠥᠪᠥᠷ ᠮᠣᠩᠭᠣᠯ᠎ᠤᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠷᠲᠡᠨ᠎ᠦ ᠨᠤᠮ ᠪᠢᠴᠢᠭ᠎ᠢ ᠡᠮᠬᠢᠳᠬᠡᠨ ᠰᠤᠳᠤᠯᠬᠤ ᠰᠢᠷᠢᠰ ᠨᠣᠮ ᠪᠢᠴᠢᠭ᠎ᠦᠨ ᠦᠷ᠎ᠡ ᠪᠦᠲᠦᠭᠡᠯ᠎ᠢ ᠲᠠᠨᠢᠯᠴᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠡᠦᠬᠡ᠎ᠶᠢᠨ ᠳᠤᠷᠠᠰᠬᠠᠯᠲᠦ ᠵᠦᠢᠯᠡᠰ ᠡᠷᠲᠡᠨ᠎ᠦ ᠨᠤᠮ ᠪᠢᠴᠢᠭ᠎ᠦᠨ ᠲᠣᠭᠣᠷᠢᠨ ᠦᠵᠡᠭᠦᠯᠭᠡ (ᠪᠠᠭᠠᠷᠢᠨ ᠪᠠᠷᠠᠭᠤᠨ ᠬᠣᠰᠢᠭᠤ ᠥᠷᠲᠡᠭᠡ)ᠢ᠋ᠢᠨ ᠰᠦᠯᠵᠢᠶᠡᠨ ᠳᠡᠭᠡᠷ᠎ᠡ ᠳᠡᠯᠭᠡᠨ ᠦᠵᠡᠭᠦᠯᠬᠦ ᠲᠢᠩᠬᠢᠮ᠎ᠢ ᠨᠡᠢᠲᠡᠯᠡᠵᠦ᠂ ᠪᠥᠬᠥ ᠣᠷᠣᠨ᠎ᠤ ᠡᠷᠲᠡᠨ᠎ᠦ ᠨᠤᠮ ᠪᠢᠴᠢᠭ᠎ᠦᠨ ᠦᠷ᠎ᠡ ᠪᠦᠲᠦᠭᠡᠯ᠎ᠢ ᠳᠡᠯᠭᠡᠨ ᠦᠵᠡᠭᠦᠯᠬᠦ᠂ ᠲᠤᠷᠰᠢᠯᠭ᠎ᠠ᠎ᠪᠠᠨ ᠰᠣᠯᠢᠯᠴᠠᠬᠤ ᠴᠢᠬᠤᠯᠠ ᠲᠠᠪᠴᠠᠩ᠎ᠢ ᠪᠠᠢᠭᠤᠯᠪᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠢᠭᠡᠳᠦᠮᠡᠯ ᠹᠷᠣᠨᠲ᠎ᠤᠨ ᠬᠡᠯᠲᠡᠰ᠎ᠦᠨ ᠵᠢᠯᠣᠭᠣᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠬᠠᠮᠲᠤᠷᠠᠨ ᠭᠤᠷᠪᠠᠳᠤᠭᠠᠷ ᠬᠤᠭᠤᠴᠠᠭᠠᠨ᠎ᠤ 《ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠪᠦᠯᠬᠦᠮᠳᠡᠨ ᠲᠡᠮᠡᠴᠡᠬᠦ》 ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠵᠢ ᠦᠨᠳᠦᠰᠦᠨ ᠱᠠᠲᠤᠨ᠎ᠳᠤ ᠤᠬᠠᠭᠤᠯᠬᠤ᠎ᠵᠢ ᠭᠦᠨᠵᠡᠭᠡᠢᠷᠡᠭᠦᠯᠬᠦ ᠠᠵᠢᠯᠯᠠᠭ᠎ᠠ᠎ᠶᠢ ᠭᠤᠤᠯᠯᠠᠨ ᠡᠷᠬᠢᠯᠡᠵᠦ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠂ ᠲᠥᠷᠥ᠎ᠶᠢᠨ ᠪᠣᠳᠣᠯᠭ᠎ᠠ᠎ᠶᠢ ᠤᠬᠠᠭᠤᠯᠤᠨ ᠲᠠᠢᠯᠪᠤᠷᠢᠯᠠᠬᠤ᠂ ᠨᠡᠢᠭᠡᠮ ᠲᠣᠭᠣᠷᠢᠭ᠋᠎ᠤᠨ ᠴᠤᠭᠯᠠᠭ᠎ᠠ ᠮᠠᠢᠮᠠᠢ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠦᠵᠡᠭᠦᠯᠭᠡ ᠵᠡᠷᠭᠡ ᠪᠤᠳᠠᠳᠤ ᠴᠤᠭᠴᠠ᠎ᠶᠢᠨ ᠭᠣᠣᠯ ᠰᠡᠳᠦᠪᠲᠦ ᠠᠵᠢᠯᠯᠠᠭ᠎ᠠ᠎ᠪᠡᠷ ᠳᠠᠮᠵᠢᠨ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠤᠷᠢᠬᠠᠨ ᠰᠠᠯᠬᠢ ᠥᠭᠭᠢᠶᠡᠮᠦᠷ ᠬᠤᠷ᠎ᠠ᠎ᠶᠢᠨ ᠳᠤᠮᠳᠠ ᠬᠠᠮᠲᠤ᠎ᠶᠢᠨ ᠲᠠᠨᠢᠯᠲᠠ᠎ᠪᠠᠨ ᠨᠡᠮᠡᠭᠳᠡᠭᠦᠯᠵᠦ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ ᠬᠠᠮᠲᠤ᠎ᠶᠢᠨ ᠲᠠᠨᠢᠯᠲᠠ᠎ᠪᠠᠨ ᠨᠢᠭ᠍ᠲᠠᠷᠠᠭᠤᠯᠪᠠ᠃
ᠥᠪᠥᠷ ᠮᠣᠩᠭᠣᠯ᠎ᠤᠨ ᠡᠨᠧᠷᠭᠢ᠎ᠶᠢᠨ ᠪᠦᠯᠦᠭᠯᠡᠯ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠦᠯᠦᠭᠯᠡᠯ ᠵᠡᠷᠭᠡ ᠡᠯ᠎ᠡ ᠲᠣᠮᠣ᠌ ᠤᠯᠤᠰ᠎ᠤᠨ ᠥᠮᠴᠢᠯᠡᠯ᠎ᠤᠨ ᠠᠵᠤ ᠠᠬᠤᠢᠯᠠᠯ᠎ᠤᠳ 《ᠤᠯᠠᠭᠠᠨ ᠠᠨᠠᠷ》 ᠲᠠᠷᠢᠶᠠᠯᠠᠩ᠎ᠢ ᠲᠤᠰᠠᠯᠠᠬᠤ ᠰᠢᠭᠤᠳ ᠨᠡᠪᠲᠡᠷᠡᠭᠦᠯᠭᠡ᠎ᠶᠢᠨ ᠲᠠᠰᠤᠭ᠎ᠢ ᠡᠷᠬᠢᠯᠡᠵᠤ᠂ 《ᠠᠨᠠᠷ᠎ᠤᠨ ᠦᠷ᠎ᠡ》ᠢ᠋ᠢᠨ ᠰᠠᠢᠨ ᠳᠤᠷ᠎ᠠ᠎ᠶᠢᠨ ᠦᠢᠯᠡᠴᠢᠯᠡᠭᠡ᠎ᠶᠢ ᠥᠷᠨᠢᠭᠦᠯᠪᠡ; ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠠᠵᠤ ᠦᠢᠯᠡᠳᠪᠦᠷᠢ᠎ᠶᠢᠨ ᠶᠡᠬᠡ ᠰᠤᠷᠭᠠᠭᠤᠯᠢ᠂ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ ᠵᠡᠷᠭᠡ ᠶᠡᠬᠡ ᠳᠡᠭᠡᠳᠦ ᠰᠤᠷᠭᠠᠭᠤᠯᠢ᠎ᠡᠴᠡ ᠦᠨᠳᠦᠰᠦᠲᠡᠨ᠎ᠨᠦᠭᠦᠳ᠎ᠦᠨ ᠰᠤᠷᠤᠭ᠍ᠴᠢᠳ᠎ᠢ ᠵᠣᠬᠢᠶᠠᠨ ᠪᠠᠢᠭᠤᠯᠵᠤ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠣᠷᠣᠪᠠ; ᠤᠯᠠᠭᠠᠨᠴᠠᠪ ᠬᠣᠲᠠ᠎ᠶᠢᠨ ᠪᠠᠢᠴᠠᠭᠠᠬᠤ ᠬᠣᠷᠢᠶ᠎ᠠ᠂ ᠬᠥᠯᠥᠨ ᠪᠣᠶ᠋ᠢᠷ ᠬᠣᠲᠠ᠎ᠶᠢᠨ ᠪᠠᠢᠴᠠᠭᠠᠬᠤ ᠬᠣᠷᠢᠶ᠎ᠠ ᠵᠡᠷᠭᠡ ᠨᠢ 《ᠬᠠᠤᠯᠢ᠎ᠪᠠᠷ ᠰᠡᠳᠬᠢᠯ᠎ᠢ ᠳᠤᠯᠠᠭᠠᠴᠡᠭᠤᠯᠵᠤ᠂ ᠪᠦᠯᠬᠦᠮᠳᠡᠨ ᠬᠠᠮᠲᠤ᠎ᠪᠠᠷ ᠤᠷᠤᠭᠰᠢᠯᠠᠬᠤᠢ ᠠᠨᠠᠷ᠎ᠤᠨ ᠦᠷ᠎ᠡ ᠬᠠᠤᠯᠢ᠎ᠪᠠᠷ ᠵᠠᠰᠠᠬᠤ ᠴᠤᠭᠯᠠᠭᠠᠨ》᠎ᠤ᠋ ᠠᠵᠢᠯᠯᠠᠭ᠎ᠠ᠎ᠶᠢ ᠡᠷᠭᠢᠯᠡᠪᠡ; ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠂ ᠲᠦᠩᠯᠢᠶᠣᠣ ᠬᠣᠲᠠ᠎ᠶᠢᠨ ᠬᠣᠷᠴᠢᠨ ᠵᠡᠭᠦᠨ ᠭᠠᠷᠤᠨ ᠳᠤᠮᠳᠠᠳᠤ ᠬᠣᠰᠢᠭᠤ᠂ ᠰᠢᠯᠢ᠎ᠶᠢᠨ ᠭᠣᠣᠯ ᠠᠢᠮᠠᠭ᠎ᠤᠨ ᠵᠡᠭᠦᠨ ᠦᠵᠦᠮᠦᠴᠢᠨ ᠬᠣᠰᠢᠭᠤ᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋᠂ ᠦᠬᠠᠢ ᠬᠣᠲᠠ᠎ᠶᠢᠨ ᠬᠠᠢᠷᠤᠪ᠎ᠤᠨ ᠲᠣᠬᠣᠢ ᠲᠣᠭᠣᠷᠢᠭ᠋ ᠵᠡᠷᠭᠡ ᠭᠠᠵᠠᠷ᠎ᠲᠤ ᠬᠥᠳᠡᠭᠡ ᠲᠣᠰᠬᠣᠨ᠂ ᠠᠭᠤᠳᠠᠮ ᠲᠠᠯᠠᠪᠠᠶ᠂ ᠬᠤᠳᠠᠯᠳᠤᠭᠠᠨ᠎ᠤ ᠲᠣᠭᠣᠷᠢᠭ᠋᠂ ᠴᠡᠴᠡᠷᠯᠢᠭ ᠵᠡᠷᠭᠡ ᠣᠯᠠᠨ ᠲᠦᠮᠡᠨ᠎ᠦ ᠰᠣᠯᠢᠯᠴᠠᠭ᠎ᠠ ᠠᠭᠤᠰᠤᠯᠴᠠᠯ᠎ᠤᠨ ᠲᠠᠯᠠᠪᠤᠷ᠎ᠲᠤ ᠭᠣᠣᠯ ᠰᠢᠵᠢᠮ ᠨᠢ ᠢᠯᠡ ᠲᠣᠳᠣ᠌ ᠂ ᠠᠭᠤᠯᠭ᠎ᠠ ᠨᠢ ᠪᠠᠶᠠᠯᠢᠭ᠋ ᠤᠬᠠᠭᠤᠯᠭ᠎ᠠ᠎ᠶᠢᠨ ᠠᠵᠢᠯᠯᠠᠭ᠎ᠠ ᠨᠤᠭᠤᠳ ᠢᠳᠡ ᠬᠦᠭ ᠲᠠᠢ ᠶᠠᠪᠤᠬᠳᠠᠪᠠ ᠁
ᠰᠡᠳᠬᠢᠯ ᠨᠢᠭᠡᠳᠦᠨ ᠬᠠᠮᠵᠢᠯᠴᠠᠵᠤ ᠰᠠᠢᠨ ᠰᠠᠢᠬᠠᠨ ᠢᠷᠡᠭᠡᠳᠦᠢ᠎ᠪᠠᠨ ᠴᠤᠭᠴᠠᠯᠠᠵᠤ᠂ ᠪᠦᠯᠬᠦᠮᠳᠡᠯ᠎ᠦᠨ ᠴᠡᠴᠡᠭᠡᠰ ᠭᠠᠵᠠᠷ ᠪᠤᠯᠭᠠᠨ᠎ᠳᠤ ᠮᠢᠷᠠᠯᠵᠠᠨ ᠳᠡᠯᠭᠡᠷᠡᠨ᠎ᠡ᠃ ᠪᠠᠢᠭᠤᠯᠭ᠎ᠠ ᠠᠵᠤ ᠠᠬᠤᠢᠯᠠᠯ᠎ᠡᠴᠡ ᠰᠤᠷᠭᠠᠭᠤᠯᠢ᠎ᠶᠢᠨ ᠬᠦᠷᠢᠶ᠎ᠡ ᠬᠦᠷᠲᠡᠯ᠎ᠡ᠂ ᠨᠡᠢᠭᠡᠮ ᠲᠣᠭᠣᠷᠢᠭ᠋ ᠰᠢᠶᠠᠩ ᠪᠠᠯᠭᠠᠰᠤ᠎ᠡᠴᠡ ᠴᠡᠴᠡᠷᠯᠢᠭ ᠠᠭᠤᠳᠠᠮ ᠲᠠᠯᠠᠪᠠᠢ ᠬᠦᠷᠲᠡᠯ᠎ᠡ᠂ ᠥᠪᠥᠷ ᠮᠣᠩᠭᠣᠯ᠎ᠤᠨ ᠡᠬᠡ ᠭᠠᠵᠠᠷ᠎ᠲᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠪᠦᠯᠬᠦᠮᠳᠡᠯ᠎ᠦᠨ ᠬᠠᠢᠷ᠎ᠠ ᠰᠡᠳᠬᠢᠯᠭᠡ ᠪᠢᠯᠬᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠰᠡᠳᠬᠢᠯ ᠵᠢᠷᠦᠬᠡ᠎ᠪᠡᠨ ᠬᠣᠯᠪᠣᠵᠤ᠂ ᠬᠠᠷᠢᠯᠴᠠᠨ ᠶᠠᠪᠤᠯᠴᠠᠵᠤ ᠰᠣᠯᠢᠯᠴᠠᠨ ᠠᠭᠤᠰᠤᠯᠴᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠤ᠋ ᠠᠯᠳᠠᠨ ᠱᠤᠰᠢᠭ᠎ᠠ᠎ᠶᠢ ᠦᠷᠭᠦᠯᠵᠢᠯᠡᠨ ᠭᠡᠷᠡᠯᠲᠦᠭᠦᠯᠵᠦ᠂ ᠦᠵᠡᠰᠬᠦᠯᠡᠩᠲᠦ ᠰᠠᠢᠬᠠᠨ ᠥᠪᠥᠷ ᠮᠣᠩᠭᠣᠯ᠎ᠢᠶᠠᠨ ᠪᠦᠲᠦᠭᠡᠨ ᠪᠠᠢᠭᠤᠯᠵᠤ᠂ ᠠᠭᠤᠤ ᠶᠡᠬᠡ ᠳᠤᠮᠳᠠᠳᠤ᠎ᠶᠢᠨ ᠵᠡᠭᠦᠳᠦ᠎ᠪᠡᠨ ᠬᠠᠮᠲᠤ᠎ᠪᠠᠷ ᠲᠡᠷᠭᠡᠯᠰᠢᠭᠦᠯᠬᠦ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃