2026-10-06 13:05:13
ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠬᠠᠮᠲᠤᠷᠠᠨ 《ᠠᠨᠠᠷ᠎ᠤᠨ ᠦᠷ᠎ᠡ ᠡᠬᠡ ᠤᠯᠤᠰ᠎ᠢᠶᠠᠨ ᠬᠠᠢᠷᠠᠯᠠᠬᠤ》 ᠪᠥᠬᠥ ᠣᠷᠣᠨ᠎ᠤ ᠰᠣᠩᠭᠣᠳᠠᠭ ᠵᠤᠬᠢᠶᠠᠯ ᠤ᠋ᠨ ᠤᠩᠰᠢᠯᠭ᠎ᠠ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ᠎ᠢ ᠭᠣᠣᠯᠯᠠᠨ ᠡᠷᠭᠢᠯᠡᠪᠡ᠃ ᠤᠷᠤᠯᠳᠤᠭᠠᠨ ᠨᠢ ᠪᠥᠬᠥ ᠣᠷᠣᠨ᠎ᠤ ᠥᠷᠭᠡᠨ ᠣᠯᠠᠨ ᠵᠠᠯᠠᠭᠤᠴᠤᠳ ᠪᠠᠭᠠᠴᠤᠳ᠎ᠢ ᠬᠥᠮᠥᠵᠢᠭᠦᠯᠦᠨ ᠵᠢᠯᠤᠭᠣᠳᠴᠤ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠤᠨ ᠤᠯᠠᠮᠵᠢᠯᠠᠵᠤ᠂ ᠤᠯᠤᠰ᠎ᠢᠶᠠᠨ ᠬᠠᠢᠷᠠᠯᠠᠬᠤ ᠬᠠᠢᠷ᠎ᠠ ᠰᠡᠳᠬᠢᠯᠭᠡ᠎ᠶᠢ ᠵᠤᠵᠠᠭᠠᠳᠬᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠶᠢ ᠵᠤᠷᠢᠪᠠ᠃
ᠤᠢᠯᠠᠭᠠᠭᠰᠠᠨ ᠶ᠋ᠢᠡᠷ᠂ ᠲᠣᠰ ᠤᠳᠠᠭᠠᠨ᠎ᠤ ᠤᠷᠤᠯᠳᠤᠭᠠᠨ᠎ᠳᠦ ᠪᠥᠬᠥ ᠣᠷᠣᠨ᠎ᠤ 12 ᠠᠢᠮᠠᠭ ᠬᠣᠲᠠ᠎ᠶᠢᠨ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠤᠷᠠᠨ ᠪᠦᠲᠦᠭᠡᠯ᠎ᠢ ᠥᠷᠭᠡᠨ᠎ᠢᠶᠡᠷ ᠡᠯᠰᠡᠵᠦ᠂ ᠡᠬᠦᠨ ᠳ᠋ᠤ 22 ᠰᠣᠳᠣᠨ ᠪᠦᠲᠦᠭᠡᠯ᠎ᠢ ᠪᠥᠬᠥ ᠣᠷᠣᠨ᠎ᠤ ᠰᠢᠢᠳᠪᠦᠷᠢᠲᠦ ᠤᠷᠤᠯᠳᠤᠭᠠᠨ᠎ᠳᠤ ᠣᠷᠤᠯᠴᠠᠭᠤᠯᠵᠤ᠂ ᠰᠢᠨ᠎ᠡ ᠴᠠᠭ ᠦᠶ᠎ᠡ᠎ᠶᠢᠨ ᠵᠠᠯᠠᠭᠤᠴᠤᠳ ᠪᠠᠭᠠᠴᠤᠳ᠎ᠤᠨ ᠢᠳᠡᠪᠬᠢᠲᠡᠢ ᠪᠡᠷ ᠥᠭᠡᠳᠡᠯᠡᠨ ᠳᠠᠪᠰᠢᠬᠤ ᠣᠶᠤᠨ ᠰᠠᠨᠠᠭᠠᠨ᠎ᠤ ᠳᠦᠷᠰᠦ ᠪᠠᠢᠳᠠᠯ᠎ᠢ ᠪᠥᠬᠥ ᠲᠠᠯ᠎ᠠ᠎ᠪᠠᠷ ᠢᠯᠡᠷᠡᠭᠦᠯᠪᠡ᠃ ᠤᠷᠤᠯᠳᠤᠭᠠᠨ᠎ᠳᠤ ᠣᠷᠣᠯᠴᠠᠭᠰᠠᠨ ᠪᠦᠲᠦᠭᠡᠯ᠎ᠦᠨ ᠠᠭᠤᠯᠭ᠎ᠠ ᠨᠢ ᠪᠠᠶᠠᠯᠢᠭ᠋᠂ ᠤᠳᠬ᠎ᠠ ᠰᠠᠨᠠᠭ᠎ᠠ ᠨᠢ ᠭᠦᠨ ᠭᠦᠨᠵᠡᠭᠡᠢ ᠪᠠᠢᠵᠤ᠂ ᠮᠢᠩᠭᠠᠨ ᠵᠢᠯ ᠤᠯᠠᠮᠵᠢᠯᠠᠭᠳᠠᠭᠰᠠᠨ ᠳᠤᠮᠳᠠᠳᠤ᠎ᠶᠢᠨ ᠰᠣᠩᠭᠣᠳᠠᠭ ᠵᠣᠬᠢᠶᠠᠯ ᠪᠠᠢᠬᠤ᠎ᠪᠠᠷ ᠪᠠᠷᠠᠬᠤ ᠦᠭᠡᠢ᠂ ᠪᠠᠰᠠ ᠴᠠᠭ ᠦᠶ᠎ᠡ᠎ᠶᠢᠨ ᠵᠢᠱ᠌ᠢᠶᠡᠴᠢ᠎ᠳᠦ ᠬᠦᠨᠳᠦᠳᠬᠡᠯ ᠳᠡᠪᠰᠢᠭᠦᠯᠦᠭᠰᠡᠨ ᠰᠡᠳᠬᠢᠯ ᠬᠥᠳᠡᠯᠭᠡᠮ᠎ᠡ ᠵᠣᠬᠢᠶᠠᠯ ᠪᠤᠢ᠂ ᠪᠠᠰᠠ ᠥᠪᠥᠷ ᠮᠣᠩᠭᠣᠯ᠎ᠤᠨ ᠭᠠᠵᠠᠷ ᠣᠷᠣᠨ᠎ᠤ ᠣᠨᠴᠠᠯᠢᠭ᠋᠎ᠢ ᠠᠭᠤᠯᠤᠭᠰᠠᠨ ᠤᠤᠭᠠᠯ ᠡᠭᠦᠳᠦᠯᠲᠡ᠎ᠶᠢᠨ ᠬᠤᠪᠢᠰᠬᠠᠯ᠎ᠤᠨ ᠦᠯᠢᠬᠡᠷ ᠪᠤᠢ᠃
《ᠪᠢ ᠳᠤᠷᠠᠲᠠᠶ᠎ᠠ ᠵᠢᠵᠢᠭᠬᠡᠨ ᠠᠨᠠᠷ᠎ᠤᠨ ᠦᠷ᠎ᠡ ᠪᠣᠯᠵᠤ᠂ ᠦᠨᠳᠦᠰᠦᠲᠡᠨ᠎ᠨᠦᠭᠦᠳ᠎ᠦᠨ ᠪᠢᠴᠢᠬᠠᠨ ᠨᠠᠢᠵᠠ ᠨᠠᠷ᠎ᠲᠠᠢ ᠪᠠᠨ ᠨᠢᠭ᠍ᠲᠠᠷᠠᠨ ᠪᠦᠯᠬᠦᠮᠳᠡᠵᠦ᠂ ᠨᠤᠲᠤᠭ ᠤᠰᠤ᠎ᠪᠠᠨ ᠬᠠᠢᠷᠠᠯᠠᠵᠤ᠂ ᠡᠬᠡ ᠤᠯᠤᠰ᠎ᠢᠶᠠᠨ ᠬᠠᠢᠷᠠᠯᠠᠨ᠎ᠠ᠃ ᠬᠣᠢᠰᠢᠳᠠ ᠨᠤᠲᠤᠭᠤᠰᠤᠨ ᠤ᠋ ᠪᠠᠨ ᠦᠯᠢᠭᠡᠷ᠎ᠢ ᠦᠷᠭᠦᠯᠵᠢᠯᠡᠨ ᠰᠠᠢᠲᠤᠷ ᠶᠠᠷᠢᠵᠤ᠂ ᠥᠪᠥᠷ ᠮᠣᠩᠭᠣᠯ᠎ᠤᠨ ᠳᠠᠭᠤᠨ᠎ᠢ ᠨᠡᠩ ᠤᠯᠠᠨ ᠬᠥᠮᠥᠨ᠎ᠳᠦ ᠰᠣᠨᠣᠰᠬᠠᠨ᠎ᠠ》 ᠭᠡᠵᠦ ᠤᠷᠤᠯᠳᠤᠭᠠᠨ᠎ᠳᠤ ᠣᠷᠣᠯᠴᠠᠭᠰᠠᠨ ᠪᠢᠴᠢᠬᠠᠨ ᠨᠠᠢᠵᠢ ᠠᠨ ᠶᠠ ᠰᠢᠨ ᠬᠡᠯᠡᠪᠡ᠃ ᠲᠣᠰ ᠤᠳᠠᠭᠠᠨ᠎ᠤ ᠤᠷᠤᠯᠳᠤᠭᠠᠨ ᠪᠣᠯ ᠥᠪᠥᠷ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠭᠤᠸ᠎ᠠ ᠰᠠᠢᠬᠠᠨ᠎ᠤ ᠬᠥᠮᠦᠵᠢᠯ᠎ᠦᠨ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ ᠬᠢᠭᠡᠳ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠡᠭᠦᠳᠦᠨ ᠪᠠᠶ᠋ᠢᠭᠤᠯᠬᠤ ᠠᠮᠢᠳᠤᠯᠢᠭ᠋ ᠦᠢᠯᠡᠳᠦᠯᠭᠡ ᠪᠣᠯᠣᠨ᠎ᠠ᠃ ᠦᠨᠳᠦᠰᠦᠲᠡᠨ ᠨᠤᠭᠦᠳ᠎ᠦᠨ ᠵᠠᠯᠠᠭᠤᠴᠤᠳ ᠪᠠᠭᠠᠴᠤᠳ ᠢᠳᠡᠪᠬᠢᠲᠡᠢ ᠣᠷᠣᠯᠴᠠᠵᠤ᠂ ᠨᠢᠬᠡ ᠲᠠᠢᠰᠠᠨ ᠳ᠋ᠤ ᠰᠠᠨᠠᠯ᠎ᠢᠶᠠᠨ ᠰᠣᠯᠢᠯᠴᠠᠬᠤ ᠳᠤᠮᠳᠠ ᠤᠯᠤᠰ᠎ᠢᠶᠠᠨ ᠬᠠᠢᠷᠠᠯᠠᠬᠤ ᠬᠠᠢᠷ᠎ᠠ ᠰᠡᠳᠬᠢᠯᠭᠡ ᠪᠡᠨ ᠵᠤᠵᠠᠭᠠᠳᠬᠠᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠪᠠ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃