ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-10-28 16:17:12

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠤᠮᠠᠷᠠᠲᠤ ᠤᠷᠤᠨ ᠤ᠋ ᠠᠭᠤᠰᠤᠯᠴᠠᠯ᠎ᠤᠨ ᠲᠠᠤᠬᠡ ᠶ᠋ᠢ ᠬᠦᠨᠵᠡᠬᠡᠢ ᠠᠭᠤᠲᠠᠯᠵᠤ᠂ ᠲᠤᠮᠲᠠᠲᠤ ᠵᠢᠨ ᠦᠨᠲᠤᠰᠤᠲᠠᠨ ᠤ᠋ ᠬᠠᠮᠲᠤ ᠵᠢᠨ ᠴᠤᠭᠴᠠ ᠵᠢᠨ ᠦᠵᠡᠯ ᠰᠠᠨᠠᠭᠠᠨ ᠤ᠋ ᠰᠠᠭᠤᠷᠢ ᠶ᠋ᠢ ᠪᠠᠬᠢᠵᠢᠬᠦᠯᠤᠨ᠎ᠠ᠃

ᠣᠷᠳᠣᠰ ᠬᠣᠲᠠ᠎ᠶᠢᠨ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ ᠬᠢᠭᠡᠳ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠭᠰᠠᠭᠠᠲᠠᠨ ᠵᠦᠢ ᠬᠦᠮᠤᠨ ᠵᠦᠢ ᠵᠢᠨ ᠳᠡᠭᠡᠳᠦ ᠰᠤᠷᠭᠠᠭᠤᠯᠢ᠎ᠶᠢᠨ ᠬᠠᠮᠲᠤᠷᠠᠨ ᠡᠷᠭᠢᠯᠡᠭᠰᠡᠨ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠭᠰᠠᠭᠠᠲᠠᠨ ᠵᠦᠢ ᠬᠥᠮᠥᠨ ᠵᠦᠢ᠎ᠶᠢᠨ ᠳᠡᠭᠡᠳᠦ ᠰᠤᠷᠭᠠᠭᠤᠯᠢ᠎ᠶᠢᠨ ᠫᠷᠤᠹᠸᠰᠰᠤᠷ ᠬᠤᠷᠴᠠ᠎ᠶᠢᠨ ᠭᠣᠣᠯᠯᠠᠨ ᠨᠠᠢᠷᠠᠭᠤᠯᠤᠭᠰᠠᠨ 《ᠣᠷᠳᠣᠰ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 2025 ᠣᠨ᠎ᠤ 10 ᠰᠠᠷ᠎ᠠ᠎ᠳᠤ  ᠬᠡᠪᠯᠡᠭᠳᠡᠵᠤ ᠤᠩᠰᠢᠬᠴᠢᠳ ᠲᠠᠢ ᠵᠤᠯᠭᠠᠯ᠎ᠠ᠃ ᠲᠤᠰ ᠪᠦᠲᠦᠭᠡᠯ  ᠪᠤᠯ ᠥᠪᠥᠷ ᠮᠣᠩᠭᠣᠯ᠎ᠤᠨ  ᠤᠷᠤᠨ ᠨᠤᠳᠤᠭ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠩᠬᠠᠳᠠᠭ᠍ᠴᠢ ᠲᠡᠦᠬᠡ ᠵᠢᠨ ᠪᠢᠴᠢᠭ ᠪᠣᠯᠣᠨ᠎ᠠ ᠃

《ᠣᠷᠳᠣᠰ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 ᠳ᠋ᠤ᠂ 15 ᠳ᠋ᠤᠭᠠᠷ ᠵᠠᠭᠤᠨ᠎ᠤ ᠳᠤᠮᠳᠠᠴᠢ᠎ᠪᠠᠷ ᠮᠢᠩ ᠤᠯᠤᠰ᠎ᠤᠨ ᠦᠶ᠎ᠡ᠎ᠶᠢᠨ ᠮᠣᠩᠭᠣᠯ᠎ᠤᠨ ᠪᠠᠷᠠᠭᠤᠨ ᠭᠠᠷᠤᠨ ᠭᠤᠷᠪᠠᠨ ᠲᠦᠮᠡᠨ ᠡᠷᠦᠬᠡ᠎ᠶᠢᠨ ᠨᠢᠭᠡ ᠪᠣᠯᠬᠤ ᠣᠷᠳᠣᠰ ᠠᠢᠮᠠᠭ ᠪᠣᠷᠣᠳᠣᠬᠣᠢ᠎ᠳᠤ ᠣᠷᠣᠵᠤ ᠰᠠᠭᠤᠭᠰᠠᠨ᠎ᠠᠴᠠ ᠴᠢᠩ ᠤᠯᠤᠰ᠎ᠤᠨ ᠦᠶ᠎ᠡ᠎ᠳᠦ ᠳᠣᠲᠣᠭᠠᠳᠤ ᠵᠠᠰᠠᠭ ᠮᠣᠩᠭᠣᠯ᠎ᠤᠨ ᠶᠡᠬᠡ ᠵᠣᠣ᠎ᠶᠢᠨ ᠴᠢᠭᠤᠯᠭᠠᠨ᠎ᠤ ᠣᠷᠳᠣᠰ ᠵᠡᠭᠦᠨ ᠪᠠᠷᠠᠭᠤᠨ ᠭᠠᠷᠤᠨ ᠲᠤᠯᠤᠭᠠᠨ ᠬᠣᠰᠢᠭᠤ ᠪᠣᠯᠣᠨ ᠪᠦᠷᠢᠯᠳᠦᠵᠦ᠂ ᠣᠲᠣ᠌ ᠪᠣᠯᠲᠠᠯ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠳᠣᠰ ᠬᠣᠲᠠ᠎ᠶᠢᠨ ᠵᠠᠰᠠᠭ ᠵᠠᠬᠢᠷᠭᠠᠨ᠎ᠤ ᠣᠷᠣᠨ᠎ᠤ ᠬᠤᠪᠢᠶᠠᠷᠢᠯᠠᠯ  ᠪᠣᠯᠣᠭᠰᠠᠭᠠᠷ ᠢᠷᠡᠭᠰᠡᠨ᠎ᠢ ᠲᠤᠰᠬᠠᠵᠠᠢ᠃ ᠲᠠᠪᠤᠨ ᠮᠢᠩᠭ᠎ᠠ ᠭᠠᠷᠤᠢ ᠵᠢᠯ᠎ᠦᠨ ᠪᠣᠯᠪᠠᠰᠤᠨ᠎ᠤ ᠲᠡᠦᠬᠡᠨ᠎ᠳᠦ ᠣᠷᠳᠣᠰ ᠣᠷᠣᠨ ᠨᠢ ᠳᠤᠮᠳᠠᠳᠤ᠎ᠶᠢᠨ ᠪᠣᠯᠪᠠᠰᠤᠨ᠎ᠤ ᠴᠢᠬᠤᠯᠠ ᠡᠭᠦᠰᠦᠯ᠎ᠦᠨ ᠭᠠᠵᠠᠷ᠎ᠤᠨ ᠨᠢᠭᠡ ᠪᠣᠯᠬᠤ᠎ᠪᠠᠷ ᠪᠠᠷᠠᠬᠤ ᠦᠭᠡᠢ᠂ ᠪᠠᠰᠠ ᠳᠤᠮᠳᠠᠳᠤ ᠤᠯᠤᠰ᠎ᠤᠨ ᠤᠯᠠᠨ ᠦᠨᠳᠦᠰᠦᠲᠡᠨ᠎ᠦ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠂ ᠬᠦᠭᠵᠢᠯ᠎ᠤᠨ ᠲᠡᠦᠬᠡ᠎ᠶᠢᠨ ᠲᠠᠪᠴᠠᠩ ᠪᠣᠯᠤᠭᠰᠠᠨ ᠪᠠᠢᠨ᠎ᠠ᠃ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠨᠵᠡᠭᠡᠢᠷᠡᠬᠦᠯᠬᠦ᠂ ᠤᠯᠤᠰ᠎ᠤᠨ ᠶᠡᠬᠡ ᠨᠢᠭᠡᠳᠦᠯ᠎ᠢ ᠡᠷᠢᠯᠬᠢᠯᠡᠬᠦ᠂ ᠦᠨᠳᠦᠰᠦᠲᠡᠨ᠎ᠦ ᠶᠡᠬᠡ ᠠᠭᠤᠰᠤᠯᠴᠠᠯ᠎ᠢ ᠠᠬᠢᠭᠤᠯᠬᠤ ᠪᠣᠯ ᠢᠮᠠᠭᠲᠠ ᠡᠨᠡ ᠬᠦ᠌ ᠭᠠᠵᠠᠷ ᠣᠷᠣᠨ᠎ᠤ ᠲᠡᠦᠬᠡ᠎ᠶᠢᠨ ᠭᠣᠣᠯ ᠤᠷᠤᠰᠬᠠᠯ ᠪᠣᠯᠣᠨ᠎ᠠ᠃ ᠢᠯᠠᠩᠭᠤᠶ᠎ᠠ ᠣᠷᠴᠢᠨ ᠦᠶ᠎ᠡ᠎ᠡᠴᠡ ᠨᠠᠭᠠᠰᠢ᠂ ᠡᠵᠡᠷᠬᠡᠭ ᠲᠦᠷᠢᠮᠡᠬᠡᠢᠲᠡᠨ᠎ᠢ ᠡᠰᠡᠷᠭᠦᠴᠡᠬᠦ ᠹᠧᠣᠳᠠᠯ ᠶᠤᠰᠤ ᠵᠢ ᠡᠰᠡᠷᠭᠦᠴᠡᠬᠦ᠂ ᠤᠯᠤᠰ᠎ᠤᠨ ᠲᠤᠰᠠᠭᠠᠷ ᠲᠣᠭᠲᠠᠨᠢᠯ ᠪᠣᠯᠣᠨ ᠦᠨᠳᠦᠰᠦᠲᠡᠨ᠎ᠦ ᠴᠢᠯᠦᠭᠡᠯᠡᠯᠲᠡ᠎ᠶᠢ ᠲᠡᠮᠡᠴᠡᠨ ᠣᠯᠬᠤ ᠠᠭᠤᠤ ᠶᠡᠬᠡ ᠲᠡᠮᠡᠴᠡᠯ ᠳᠤᠮᠳᠠ᠂ ᠣᠷᠳᠣᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠦᠯᠬᠦᠮᠳᠡᠨ ᠲᠡᠮᠡᠴᠡᠵᠦ᠂ ᠰᠠᠬᠢᠨ ᠪᠠᠷᠠᠯᠠᠵᠥ ᠬᠠᠷᠢᠯᠴᠠᠨ ᠬᠠᠪᠰᠤᠷᠤᠯᠴᠠᠵᠤ᠂ ᠮᠥᠷᠥ ᠵᠡᠷᠭᠡᠴᠡᠨ ᠪᠠᠢᠯᠳᠤᠵᠤ᠂  ᠳᠤᠮᠳᠠᠳᠤ᠎ᠶᠢᠨ ᠦᠨᠳᠦᠰᠦᠲᠡᠨ᠎ᠦ ᠬᠠᠮᠳᠤ ᠵᠢᠨ ᠲᠠᠨᠢᠯᠳᠠ ᠵᠢ ᠲᠠᠰᠤᠷᠠᠯᠳᠠ ᠦᠭᠡᠢ ᠬᠦᠨᠵᠡᠭᠡᠢᠷᠡᠬᠦᠯᠦᠭᠰᠡᠨ ᠪᠠᠢᠨ᠎ᠠ᠃ ᠣᠷᠳᠣᠰ᠎ᠤᠨ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ ᠪᠣᠯ ᠳᠠᠷᠤᠢ ᠳᠤᠮᠳᠠᠳᠤ᠎ᠶᠢᠨ ᠦᠨᠳᠦᠰᠦᠲᠡᠨ᠎ᠦ ᠲᠡᠦᠬᠡ᠎ᠶᠢᠨ ᠳᠤᠲᠠᠭᠳᠠᠵᠤ ᠪᠣᠯᠣᠰᠢ ᠦᠭᠡᠢ ᠪᠦᠷᠢᠯᠳᠦᠭᠦᠨ ᠬᠡᠰᠡᠭ ᠮᠥᠨ᠃

 《ᠣᠷᠳᠣᠰ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 ᠨᠢ ᠠᠳᠠᠯᠢ ᠪᠤᠰᠤ ᠴᠠᠭ ᠦᠶ᠎ᠡ᠎ᠶᠢᠨ ᠣᠷᠳᠣᠰ᠎ᠤᠨ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢ ᠶᠡᠷᠦᠩᠬᠡᠢᠯᠡᠨ ᠠᠵᠢᠭ᠍ᠯᠠᠭᠰᠠᠨ ᠰᠠᠭᠤᠷᠢᠨ ᠳᠡᠭᠡᠷ᠎ᠡ᠂ ᠲᠣᠰ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠵᠢᠨ ᠲᠠᠰᠤᠷᠠᠯᠲᠠ ᠦᠭᠡᠢ ᠬᠥᠭᠵᠢᠵᠦ ᠠᠬᠢᠭ᠍ᠰᠠᠨ ᠬᠠᠷᠢᠴᠠᠭ᠎ᠠ ᠵᠢ ᠢᠯᠡᠷᠡᠬᠦᠯᠪᠡ᠃  ᠲᠤᠰ ᠨᠤᠮ ᠠᠷᠪᠠᠨ ᠨᠢᠭᠡᠨ ᠪᠦᠯᠦᠭ᠎ᠵᠢᠡᠷ ᠪᠦᠷᠢᠯᠳᠦᠵᠦ᠂ ᠪᠠᠯᠠᠷ ᠡᠷᠲᠠᠨ ᠤ᠋ ᠦᠶ᠎ᠠ ᠡᠴᠠ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠭᠲᠠᠬᠤ ᠬᠦᠷᠲᠠᠯᠠᠬᠢ ᠲᠠᠤᠬᠡ ᠶ᠋ᠢ ᠲᠠᠯᠬᠡᠨ ᠦᠵᠡᠬᠦᠯᠪᠠ᠃ ᠪᠠᠯᠠᠷ ᠡᠷᠲᠡᠨ᠎ᠦ ᠦᠶ᠎ᠡ᠎ᠡᠴᠡ ᠴᠢᠨ ᠤᠯᠤᠰ ᠬᠠᠨ ᠤᠯᠤᠰ ᠬᠦᠷᠲᠡᠯᠡᠬᠢ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ᠂ ᠸᠧᠢ᠎ᠶᠢᠨ ᠡᠮᠦᠨᠡᠲᠦ ᠤᠮᠠᠷᠠᠲᠤ ᠲᠥᠷᠥ᠎ᠶᠢᠨ ᠰᠦᠢ ᠳᠠᠩ᠎ᠤᠨ ᠦᠶ᠎ᠡ᠎ᠶᠢᠨ ᠰᠣᠯᠢᠯᠴᠠᠭ᠎ᠠ ᠠᠭᠤᠰᠤᠯᠴᠠᠯ᠂ ᠯᠢᠶᠣᠤ ᠰᠦᠩ ᠰᠢᠶᠠ ᠠᠯᠲᠠᠨ ᠤᠯᠤᠰ ᠶᠤᠸᠠᠨ ᠤᠯᠤᠰ᠎ᠤᠨ ᠦᠶ᠎ᠡ᠎ᠶᠢᠨ ᠠᠭᠤᠰᠤᠯᠴᠠᠯ᠂ ᠣᠷᠳᠣᠰ ᠠᠢᠮᠠᠭ ᠪᠣᠷᠣᠳᠣᠬᠣᠢ᠎ᠳᠤ ᠣᠷᠣᠵᠤ ᠰᠠᠭᠤᠭᠰᠠᠨ ᠪᠠ ᠮᠢᠩ ᠤᠯᠤᠰ᠎ᠲᠸ᠋ ᠠᠯᠪᠠ ᠪᠠᠷᠢᠭᠰᠠᠨ᠂ ᠴᠢᠩ ᠤᠯᠤᠰ᠎ᠤᠨ ᠦᠶ᠎ᠡ᠎ᠶᠢᠨ ᠵᠠᠰᠠᠭ ᠵᠠᠬᠢᠷᠭᠠᠨ᠎ᠤ ᠪᠠᠢᠭᠤᠯᠤᠯ ᠬᠢᠭᠡᠳ ᠣᠯᠠᠨ ᠡᠰᠢᠲᠦ ᠨᠢᠭᠡ ᠴᠣᠭᠴᠠᠵᠢᠭ᠍ᠰᠠᠨ ᠤᠯᠤᠰ ᠲᠥᠷᠥ᠎ᠶᠢᠨ ᠪᠠᠢᠷᠢᠰᠢᠯ᠎ᠤᠨ ᠪᠡᠬᠢᠵᠢᠯ᠂ ᠴᠢᠩ ᠤᠯᠤᠰ᠎ᠤᠨ ᠦᠶ᠎ᠡ᠎ᠶᠢᠨ ᠲᠠᠷᠢᠶᠠᠯᠠᠩ ᠮᠠᠯ ᠠᠵᠤ ᠠᠬᠤᠢ᠎ᠶᠢᠨ ᠬᠥᠭᠵᠢᠯᠲᠡ᠂ ᠴᠢᠩ ᠤᠯᠤᠰ᠎ᠤᠨ ᠦᠶ᠎ᠡ᠎ᠶᠢᠨ ᠡᠯ᠎ᠡ ᠦᠨᠳᠦᠰᠦᠲᠡᠨ᠎ᠦ ᠰᠣᠶᠣᠯ᠎ᠤᠨ ᠠᠭᠤᠰᠤᠯᠴᠠᠯ᠂ ᠢᠷᠭᠡᠨ ᠤᠯᠤᠰ᠎ᠤᠨ ᠦᠶ᠎ᠡ᠎ᠶᠢᠨ ᠤᠯᠤᠰ ᠲᠦᠷᠦ᠎ᠶᠢᠨ ᠬᠤᠪᠢᠰᠤᠯᠲᠠ᠂ ᠣᠯᠠᠨ ᠡᠰᠢᠲᠦ ᠠᠵᠤ ᠠᠬᠤᠢ᠎ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠵᠢᠴᠢ ᠡᠯ᠎ᠡ ᠦᠨᠳᠦᠰᠦᠲᠡᠨ᠎ᠦ ᠰᠣᠶᠣᠯ᠎ᠤᠨ ᠭᠦᠨᠵᠡᠭᠡᠢ ᠠᠭᠤᠰᠤᠯᠴᠠᠯ᠎ᠢ ᠢᠯᠡᠷᠡᠬᠦᠯᠪᠡ᠃ ᠲᠤᠰ ᠪᠦᠳᠦᠭᠡᠯ ᠬᠠᠭᠤᠴᠢ ᠰᠤᠳᠤᠯᠤᠯ᠎ᠤᠨ ᠮᠠᠲᠧᠷᠢᠶᠠᠯ᠎ᠢ ᠭᠦᠢᠴᠡᠳ ᠠᠰᠢᠬᠯᠠᠵᠤ᠂ ᠣᠷᠳᠣᠰ ᠣᠷᠣᠨ᠎ᠤ ᠥᠨᠢ ᠤᠳᠠᠭᠠᠨ ᠲᠡᠦᠬᠡ ᠪᠠ ᠦᠨᠳᠦᠰᠦᠲᠡᠨ᠎ᠨᠦᠭᠦᠳ᠎ᠦᠨ ᠣᠯᠠᠨ ᠶᠠᠩᠵᠤᠲᠤ ᠰᠣᠶᠣᠯ᠎ᠤᠨ ᠠᠭᠤᠯᠤᠭᠳᠠᠬᠤᠨ᠎ᠢ ᠢᠯᠡᠷᠡᠭᠦᠯᠵᠤ᠂ ᠠᠳᠠᠯᠢ ᠪᠤᠰᠤ ᠴᠠᠭ ᠦᠶ᠎ᠡ᠎ᠶᠢᠨ ᠣᠷᠳᠣᠰ᠎ᠤᠨ ᠦᠨᠳᠦᠰᠦᠲᠡᠨ᠎ᠨᠦᠭᠦᠳ᠎ᠦᠨ ᠳᠤᠮᠳᠠᠳᠤ ᠤᠯᠤᠰ᠎ᠤᠨ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠪᠦᠷᠢᠯᠳᠦᠯ ᠪᠠ ᠬᠥᠭᠵᠢᠯᠲᠡ᠎ᠶᠢᠨ ᠶᠠᠪᠤᠴᠠ᠎ᠳᠠᠬᠢ ᠪᠠᠢᠷᠢ ᠰᠠᠭᠤᠷᠢ ᠪᠠ ᠦᠢᠯᠡᠳᠦᠯ᠎ᠢ ᠭᠦᠢᠴᠡᠳ ᠨᠤᠳᠠᠯᠠᠵᠠᠢ᠃

《ᠣᠷᠳᠣᠰ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ》 ᠨᠢ ᠮᠠᠷᠺᠰ᠎ᠤᠨ ᠦᠵᠡᠯ᠎ᠦᠨ ᠲᠡᠦᠬᠡ᠎ᠶᠢᠨ ᠪᠣᠳᠠᠰᠴᠢ ᠦᠵᠡᠯ᠎ᠦᠨ ᠵᠣᠭᠰᠣᠯᠲᠠ᠂ ᠦᠵᠡᠯᠲᠡ ᠪᠣᠯᠣᠨ ᠠᠷᠭ᠎ᠠ᠎ᠶᠢ ᠪᠠᠷᠢᠮᠲᠠᠯᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠪᠠᠳᠠᠷᠠᠭᠤᠯᠵᠤ᠂ ᠣᠷᠳᠣᠰ ᠣᠷᠣᠨ᠎ᠤ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢᠨ ᠰᠤᠳᠠᠰᠤ ᠪᠣᠯᠣᠨ ᠳᠣᠲᠣᠭᠠᠳᠤ ᠵᠢᠮ᠎ᠡ ᠶᠣᠰᠣ᠌᠎ᠶᠢ ᠪᠦᠬᠦ ᠲᠠᠯ᠎ᠠ᠎ᠪᠠᠷ ᠡᠮᠬᠢᠯᠡᠬᠦ᠎ᠪᠡᠷ ᠳᠠᠮᠵᠢᠠ᠂ ᠳᠤᠮᠳᠠᠳᠤ᠎ᠶᠢᠨ ᠦᠨᠳᠦᠰᠦᠲᠡᠨ᠎ᠦ ᠤᠯᠠᠨ ᠡᠰᠢᠳᠦ ᠨᠢᠭᠡ ᠴᠣᠭᠴᠠᠵᠢᠭ᠍ᠰᠠᠨ ᠪᠠᠢᠷᠢᠰᠢᠯ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠷᠢᠯᠳᠦᠯ ᠪᠣᠯᠣᠨ ᠬᠥᠭᠵᠢᠯᠲᠡ᠎ᠶᠢᠨ ᠳᠤᠮᠳᠠᠬᠢ ᠲᠡᠦᠬᠡᠨ ᠪᠠᠢᠷᠢ ᠰᠠᠭᠤᠷᠢ ᠪᠣᠯᠣᠨ ᠴᠢᠬᠤᠯᠠ ᠬᠤᠪᠢ ᠨᠡᠮᠡᠷᠢ᠎ᠶᠢ ᠢᠯᠡᠷᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠬᠦᠴᠦᠲᠡᠢ ᠲᠡᠦᠬᠡ᠎ᠶᠢᠨ ᠲᠣᠯᠢᠳᠠᠯ ᠪᠣᠯᠣᠨ ᠤᠨᠤᠯ᠎ᠤᠨ ᠲᠤᠯᠭᠠᠭᠤᠷᠢᠯᠠᠯ ᠬᠠᠩᠭᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠵᠣᠣ ᠱᠦ᠍ ᠭᠤᠸᠠᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ ᠎ᠤᠨ ᠮᠤᠩᠭᠤᠯ ᠬᠡᠯᠡᠨ᠎ᠦ ᠰᠤᠨᠢᠨ ᠮᠡᠳᠡᠭᠡ ᠎ᠶ᠋ᠢᠨ ᠰᠦᠯᠵᠢᠶ᠎ᠡ
兼容浏览器的HTML页面