ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-11-05 11:45:16

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠤᠢᠷ᠎ᠠ ᠳ᠋ᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠭᠣᠣᠯᠯᠠᠨ ᠡᠷᠭᠢᠯᠡᠭᠰᠡᠨ ᠥᠪᠥᠷ ᠮᠣᠩᠭᠣᠯ᠎ᠤᠨ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠤᠭᠰᠠᠨ ᠦᠷ᠎ᠡ ᠪᠦᠲᠦᠭᠡᠯ᠎ᠦᠨ ᠦᠵᠡᠬᠦᠯᠬᠡ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶᠢᠨ ᠶᠡᠬᠡ ᠰᠤᠷᠭᠠᠭᠤᠯᠢ᠎ᠳᠤ ᠶᠠᠪᠤᠭᠳᠠᠪᠠ᠃

ᠲᠣᠰ ᠤᠳᠠᠭᠠᠨ᠎ᠤ ᠦᠵᠡᠬᠦᠯᠬᠡ ᠨᠢ 《ᠬᠠᠤᠯᠢ ᠎ᠪᠠᠷ ᠵᠠᠰᠠᠬᠤ ᠪᠡᠷ ᠠᠶᠠᠯᠠᠯ᠎ᠢ ᠬᠠᠮᠠᠭᠠᠯᠠᠬᠤ᠂ ᠣᠨᠣᠯ᠎ᠢᠶᠠᠷ ᠬᠦᠴᠤᠨ ᠤᠯᠭᠤᠬᠤ᠂ ᠦᠢᠯᠡᠳᠦᠯᠭᠡ᠎ᠵᠢᠨ ᠰᠢᠨ᠎ᠡ ᠎ᠶᠢ ᠡᠭᠦᠳᠬᠦ》 ᠪᠠᠷ ᠭᠣᠣᠯ ᠰᠡᠳᠦᠪ ᠪᠣᠯᠭᠠᠵᠤ᠂《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠶ᠋ᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ᠎ᠶᠢ ᠪᠥᠬᠥ ᠲᠠᠯ᠎ᠠ ᠎ᠪᠠᠷ ᠳᠡᠯᠭᠡᠨ ᠦᠵᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ ᠎ᠦ ᠪᠦᠯᠬᠦᠮᠳᠡᠯ ᠳᠠᠪᠰᠢᠯᠲᠠ᠎ᠶᠢᠨ ᠦᠢᠯᠡᠰ ᠎ᠦᠨ ᠬᠥᠭᠵᠢᠯᠲᠡ᠎ᠶᠢᠨ ᠠᠤᠭ᠎ᠠ ᠰᠦᠷᠯᠢᠭ ᠲᠡᠦᠬᠡᠨ ᠶᠠᠪᠤᠴᠠ᠎ᠶᠢ ᠰᠢᠰᠲᠧᠮ᠎ᠲᠠᠢ ᠡᠷᠭᠢᠴᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠎ᠶᠢ ᠠᠬᠢᠭᠤᠯᠤᠭᠰᠠᠨ ᠲᠤᠷᠰᠢᠯᠭ᠎ᠠ᠎ᠶᠢ ᠲᠥᠪᠯᠡᠷᠡᠭᠦᠯᠦᠨ ᠢᠯᠡᠷᠡᠭᠦᠯᠵᠦ᠂ ᠰᠢᠨ᠎ᠡ ᠴᠠᠭ ᠦᠶ᠎ᠡ ᠎ᠶᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠥᠯᠢᠭᠡᠷ ᠎ᠢ ᠪᠥᠬᠥ ᠲᠠᠯ᠎ᠠ᠎ᠪᠠᠷ ᠰᠠᠢᠲᠤᠷ ᠶᠠᠷᠢᠵᠠᠢ᠃

ᠦᠵᠡᠬᠦᠯᠬᠡ ᠨᠢ ᠬᠠᠤᠯᠢ ᠲᠣᠭᠲᠠᠭᠠᠵᠤ ᠰᠠᠭᠤᠷᠢ ᠲᠠᠯᠪᠢᠬᠤ᠎ᠡᠴᠡ ᠣᠨᠣᠯ᠎ᠢ ᠭᠦᠨᠵᠡᠭᠡᠢᠷᠡᠭᠦᠯᠬᠦ ᠬᠦᠷᠲᠡᠯ᠎ᠡ᠂ᠣᠨᠣᠯ᠎ᠢᠶᠠᠷ ᠬᠥᠲᠥᠯᠥᠨ ᠳᠠᠭᠠᠭᠤᠯᠵᠤ ᠦᠢᠯᠡᠳᠦᠯᠭᠡ᠎ᠳᠦ ᠬᠦᠴᠦᠨ ᠨᠡᠮᠡᠷᠢᠯᠡᠬᠦ᠂ ᠦᠢᠯᠡᠳᠦᠯᠭᠡ᠎ᠪᠡᠷ ᠰᠦᠭ ᠰᠦᠨᠡᠰᠦ᠎ᠶᠢ ᠴᠣᠭᠴᠠᠯᠠᠬᠤ ᠪᠦᠷᠢᠨ ᠪᠦᠲᠦᠨ ᠰᠤᠳᠠᠰᠤ ᠎ᠶᠢᠨ ᠲᠤᠭᠤᠷᠢᠨ᠎ᠳᠦ᠂ 《ᠬᠠᠤᠯᠢ᠎ᠪᠠᠷ ᠵᠠᠰᠠᠬᠤ ᠪᠡᠷ ᠠᠶᠠᠯᠠᠯ᠎ᠢ ᠬᠠᠮᠠᠭᠠᠯᠠᠬᠤ·ᠦᠪᠤᠷ ᠮᠤᠡᠭᠭᠤᠯ  ᠤ᠋ᠨ ᠬᠦᠴᠦᠲᠡᠢ ᠠᠵᠢᠯᠯᠠᠭ᠎ᠠ》᠂ ᠣᠨᠣᠯ᠎ᠢᠶᠠᠷ ᠬᠦᠴᠤᠨ ᠤᠯᠭᠤᠬᠤ·ᠥᠪᠥᠷ ᠮᠣᠩᠭᠣᠯ᠎ᠤᠨ ᠬᠤᠪᠢ ᠨᠡᠮᠡᠷᠢ》᠂《ᠦᠢᠯᠡᠳᠦᠯᠭᠡ᠎ᠶᠢᠨ ᠰᠢᠨ᠎ᠡ᠎ᠶᠢ ᠡᠭᠦᠳᠬᠦ·ᠥᠪᠥᠷ ᠮᠣᠩᠭᠣᠯ᠎ᠤᠨ ᠬᠠᠷᠢᠭᠤᠯᠲᠠ᠎ᠶᠢᠨ ᠬᠠᠭᠤᠳᠠᠰᠤ》 ᠭᠡᠬᠦ ᠭᠤᠷᠪᠠᠨ ᠬᠡᠰᠡᠭ᠎ᠢ ᠪᠠᠢᠷᠢᠯᠠᠭᠤᠯᠵᠤ᠂《ᠬᠠᠤᠯᠢ᠂ᠤᠨᠤᠯ᠂ᠦᠢᠯᠡᠲᠦᠯᠭᠡ》 ᠶ᠋ᠢ ᠣᠷᠭᠠᠨᠢᠭ᠋᠎ᠢᠶᠠᠷ ᠨᠡᠪᠲᠡᠷᠡᠯᠴᠡᠭᠦᠯᠵᠦ᠂ ᠨᠢᠭᠡ ᠴᠣᠭᠴᠠᠵᠢᠭᠤᠯᠤᠨ ᠠᠬᠢᠭᠤᠯᠬᠤ᠎ᠶᠢ ᠪᠡᠶᠡᠯᠡᠭᠦᠯᠪᠡ᠃ ᠨᠢᠭᠡᠳᠦᠭᠡᠷ ᠬᠡᠰᠡᠭ᠎ᠲᠦ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ》 ᠶ᠋ᠢ ᠰᠢᠰᠲᠧᠮ᠎ᠲᠠᠢ ᠤᠬᠠᠭᠤᠯᠤᠨ ᠲᠠᠢᠯᠪᠤᠷᠢᠯᠠᠵᠤ᠂ ᠬᠠᠤᠯᠢ ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠤᠭᠰᠠᠨ ᠠᠷᠭ᠎ᠠ ᠬᠢᠳᠡᠯ ᠪᠠ ᠦᠷ᠎ᠡ ᠪᠦᠲᠦᠮᠵᠢ᠎ᠶᠢ ᠪᠦᠬᠦᠯᠢ ᠴᠣᠭᠴᠠ᠎ᠪᠠᠷ ᠢᠯᠡᠷᠡᠭᠦᠯᠪᠡ; ᠬᠣᠶᠠᠳᠤᠭᠠᠷ ᠬᠡᠰᠡᠭ᠎ᠲᠦ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠤᠳᠤᠯᠭᠠᠨ (ᠪᠣᠢᠵᠢᠭᠤᠯᠬᠤ) ᠤ᠋ ᠰᠠᠭᠤᠷᠢᠨ᠂ ᠡᠯ᠎ᠡ ᠠᠢᠮᠠᠭ ᠬᠤᠳᠠ᠎ᠶᠢᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠎ᠦᠨ ᠳᠡᠪᠰᠢᠭᠦᠯᠦᠭᠰᠡᠨ 4000 ᠭᠠᠷᠤᠢ ᠬᠤᠪᠢ ᠦᠷ᠎ᠡ ᠪᠦᠲᠦᠭᠡᠯ᠎ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠨᠤᠯ᠎ᠤᠨ ᠰᠢᠰᠲᠧᠮ᠎ᠦᠨ ᠪᠠᠢᠭᠤᠯᠤᠯᠲᠠ᠎ᠳᠤ ᠥᠪᠥᠷ ᠮᠣᠩᠭᠣᠯ᠎ᠤᠨ ᠦᠵᠡᠭᠦᠯᠦᠭᠰᠡᠨ ᠢᠯᠡᠳᠲᠡ ᠬᠤᠪᠢ ᠨᠡᠮᠡᠷᠢ᠎ᠶᠢ ᠭᠦᠢᠴᠡᠳ ᠢᠯᠡᠷᠡᠭᠦᠯᠵᠠᠢ; ᠭᠤᠷᠪᠠᠳᠤᠭᠠᠷ ᠬᠡᠰᠡᠭ᠎ᠲᠦ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭᠠᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠲᠦᠭᠡᠨ ᠪᠠᠶ᠋ᠢᠭᠤᠯᠬᠤ》 ᠪᠠᠷ ᠲᠡᠮᠡᠴᠡᠬᠦ ᠬᠠᠷᠠᠯᠲᠠ᠎ᠪᠣᠯᠭᠠᠵᠤ᠂ ᠠᠯᠢ ᠣᠯᠠᠨ ᠲᠥᠷᠥ᠎ᠶᠢᠨ ᠪᠣᠳᠣᠯᠭ᠎ᠠ ᠠᠷᠭ᠎ᠠ ᠬᠡᠮᠵᠢᠶ᠎ᠡ᠎ᠲᠣᠭᠲᠠᠭᠠᠵᠤ᠂ ᠭᠣᠣᠯ ᠰᠢᠵᠢᠮ ᠤ᠋ᠨ ᠱᠠᠭᠠᠷᠳᠠᠯᠭ᠎ᠠ ᠎ᠶᠢ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠪᠥᠬᠥ ᠶᠠᠪᠤᠴᠠ ᠡᠯ᠎ᠡ ᠬᠦᠷᠢᠶᠡᠨ᠎ᠳᠦ ᠨᠠᠢᠳᠠᠪᠤᠷᠢᠵᠢᠭᠤᠯᠤᠭᠰᠠᠨ ᠠᠮᠢᠳᠤᠯᠢᠭ᠋ ᠦᠢᠯᠡᠳᠦᠯᠭᠡ ᠪᠠ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠪᠥᠬᠥ ᠲᠠᠯ᠎ᠠ᠎ᠪᠠᠷ ᠢᠯᠡᠷᠡᠭᠦᠯᠪᠡ᠃

ᠲᠣᠰ ᠤᠳᠠᠭᠠᠨ᠎ᠤ ᠦᠵᠡᠭᠦᠯᠭᠡ ᠨᠢ 2027 ᠣᠨ ᠎ᠤ 10 ᠰᠠᠷ᠎ᠠ᠎ᠶᠢᠨ ᠡᠴᠦᠰ ᠪᠣᠯᠲᠠᠯ᠎ᠠ ᠶᠠᠪᠤᠭᠳᠠᠵᠦ᠂ ᠬᠠᠤᠯᠢ᠎ᠪᠠᠷ ᠵᠠᠰᠠᠬᠤ ᠤᠬᠠᠭᠤᠯᠭ᠎ᠠ᠂ ᠣᠨᠣᠯ ᠎ᠤᠨ ᠲᠠᠢᠯᠪᠤᠷᠢᠯᠠᠯᠲᠠ᠂ ᠦᠢᠯᠡᠳᠦᠯᠭᠡ᠎ᠶᠢᠨ ᠦᠵᠡᠭᠦᠯᠭᠡ᠎ᠶᠢ ᠨᠢᠭᠡ ᠴᠣᠭᠴᠠᠵᠢᠭᠤᠯᠤᠭᠰᠠᠨ ᠲᠣᠭᠲᠠᠮᠠᠯ ᠤᠬᠠᠭᠤᠯᠭ᠎ᠠ᠎ᠶᠢᠨ ᠵᠢᠭ᠍ᠰᠠᠭᠠᠯ ᠎ᠤᠨ ᠭᠠᠵᠠᠷ᠎ᠢ ᠪᠣᠶ ᠪᠣᠯᠭᠠᠵᠤ᠂ ᠨᠠᠮ᠎ᠤᠨ ᠭᠡᠰᠢᠭᠦᠨ ᠺᠠᠳ᠋ᠷ᠂  ᠪᠠᠭ᠍ᠰᠢ ᠰᠤᠷᠤᠭ᠍ᠴᠢ᠂ ᠦᠨᠳᠦᠰᠦᠨ ᠱᠠᠲᠤᠨ ᠎ᠤ ᠣᠯᠠᠨ ᠲᠦᠮᠡᠨ᠎ᠳᠦ ᠬᠠᠨᠳᠤᠭᠤᠯᠤᠨ ᠳᠤᠮᠳᠠᠳᠤ ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠤᠬᠠᠭᠤᠯᠭ᠎ᠠ ᠬᠥᠮᠦᠵᠢᠯ᠎ᠢ ᠬᠦᠨᠵᠡᠭᠡᠢᠷᠡᠬᠦᠯᠦᠨ ᠠᠬᠢᠭᠤᠯᠬᠤ ᠪᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面