ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-11-09 10:32:25

ᠵᠣᠬᠢᠶᠠᠭ᠍ᠴᠢ᠄ ᠪᠤᠤ ᠢᠤᠢ ᠶᠢᠡᠭ ᠣᠩᠱᠢᠭ᠍ᠰᠠᠨ ᠣᠳᠠᠭ᠎ᠠ᠄ 3

ᠲᠦᠷᠦᠭᠦᠭᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠡᠴᠡ ᠵᠢᠯᠤᠭᠣᠳᠴᠤ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ ᠵᠥᠪᠯᠡᠯ᠎ᠡᠴᠡ ᠵᠣᠬᠢᠶᠠᠨ ᠪᠠᠢᠭᠤᠯᠤᠭᠰᠠᠨ ᠪᠥᠬᠥ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ ᠎ᠶᠢᠨ ᠲᠣᠭᠣᠷᠢᠨ ᠦᠵᠡᠬᠦ ᠪᠦᠯᠬᠦᠮ ᠬᠥᠬᠡᠬᠣᠲᠠ᠎ᠳᠤ ᠪᠠᠢᠭᠤᠯᠤᠬᠳᠠᠬᠰᠠᠨ ᠪᠦᠭᠡᠳ ᠪᠦᠯᠬᠦᠮ ᠪᠠᠶ᠋ᠢᠭᠤᠯᠬᠤ ᠳᠠᠢᠴᠢᠯᠠᠯᠲᠠ᠎ᠶᠢᠨ ᠬᠤᠷᠠᠯ ᠬᠤᠷᠠᠯᠳᠤᠭᠤᠯᠪᠠ᠃

ᠤᠢᠯᠠᠭᠠᠬᠰᠠᠨ ᠵᠢᠡᠷ᠂ ᠲᠣᠭᠣᠷᠢᠨ ᠦᠵᠡᠬᠦ ᠪᠦᠯᠬᠦᠮ᠎ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠣᠣᠯ ᠰᠢᠵᠢᠮ᠎ᠢ ᠴᠢᠩᠭ᠎ᠠ ᠡᠵᠡᠮᠳᠡᠠ᠂ ᠡᠯ᠎ᠡ ᠰᠠᠯᠠᠭ᠎ᠠ ᠮᠥᠴᠢᠷ ᠡᠯ᠎ᠡ ᠠᠵᠢᠯ ᠲᠥᠷᠥᠯ᠎ᠦᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ᠎ᠶᠢᠨ ᠥᠯᠢᠭᠡᠷ ᠳᠠᠭᠤᠷᠢᠶᠠᠯ᠎ᠤᠨ ᠬᠦᠴᠦᠨ ᠪᠣᠯᠣᠨ ᠵᠢᠱ᠌ᠢᠶ᠎ᠡ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠨ᠎ᠡ ᠴᠠᠭ ᠦᠶ᠎ᠡ᠎ᠶᠢᠨ ᠥᠪᠥᠷ ᠮᠣᠩᠭᠣᠯ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠥᠯᠢᠭᠡᠷ᠎ᠢ ᠠᠮᠢᠳᠤᠯᠢᠭ᠋ ᠰᠠᠢᠬᠠᠨ ᠶᠠᠷᠢᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠤᠨ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠎ᠳᠦ ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ᠎ᠢ ᠨᠢᠭ᠍ᠲᠠᠷᠠᠭᠤᠯᠤᠨ᠎ᠠ᠃

ᠬᠤᠷᠠᠯ ᠡᠴᠠ᠂ ᠲᠣᠭᠣᠷᠢᠨ ᠦᠵᠡᠬᠦ ᠪᠦᠯᠬᠦᠮ ᠤ᠋ᠨ ᠬᠢᠨ ᠲᠤᠰ ᠤᠳᠠᠭ᠎ᠠ᠎ᠶᠢᠨ ᠲᠣᠭᠣᠷᠢᠨ ᠦᠵᠡᠭᠰᠡᠨ᠂ ᠰᠤᠨᠤᠰᠤᠬᠰᠠᠨ᠂ ᠰᠡᠳᠭᠢᠬᠰᠡᠨ᠂ ᠤᠢᠯᠠᠭᠠᠬᠰᠠᠨ ᠵᠦᠢᠯᠡᠰ ᠵᠢᠡᠨ ᠠᠵᠢᠯ᠎ᠤᠨ ᠪᠠᠢᠷᠢ᠎ᠳᠠᠭᠠᠨ ᠠᠪᠠᠴᠢᠵᠤ᠂ ᠦᠨᠳᠦᠰᠦᠨ ᠱᠠᠲᠤᠨ᠎ᠳᠤ ᠠᠪᠴᠢᠷᠠᠵᠤ᠂ ᠤᠯᠠᠨ ᠲᠦᠮᠡᠨ᠎ᠳᠦ ᠬᠦᠷᠭᠡᠵᠦ᠂ ᠦᠨᠳᠦᠰᠦᠲᠡᠨ᠎ᠦ ᠪᠦᠯᠬᠦᠮᠳᠡᠯ ᠎ᠦᠨ ᠦᠯᠢᠭᠡᠷ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠦᠯᠢᠭᠡᠷ ᠎ᠢ ᠰᠠᠢᠲᠤᠷ ᠶᠠᠷᠢᠵᠤ᠂ ᠵᠢᠱ᠌ᠢᠶᠡᠴᠢ ᠳᠠᠭᠠᠭᠤᠯᠬᠤ ᠦᠢᠯᠡᠳᠦᠯ᠂ ᠬᠥᠭᠥᠷᠭᠡ ᠬᠣᠯᠪᠣᠭᠠᠰᠤ᠎ᠶᠢᠨ ᠦᠢᠯᠡᠳᠦᠯ᠂ ᠦᠯᠢᠭᠡᠷ ᠳᠠᠭᠤᠷᠢᠶᠠᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠬᠥᠲᠥᠯᠥᠨ ᠳᠠᠭᠠᠭᠤᠯᠵᠤ ᠠᠨᠠᠷ᠎ᠤᠨ ᠦᠷ᠎ᠡ ᠰᠢᠭ ᠨᠢᠭ᠍ᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ᠋᠎ᠢᠶᠠᠷ ᠢᠵᠢᠯᠢ ᠴᠢᠭᠯᠡᠯ᠎ᠢᠶᠡᠷ ᠬᠠᠮᠲᠤ᠎ᠪᠠᠷ ᠤᠷᠤᠭᠰᠢᠯᠠᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠬᠠᠭᠤᠳᠠᠰᠤ᠎ᠶᠢ ᠬᠠᠮᠲᠤ᠎ᠪᠠᠷ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃

ᠲᠣᠭᠣᠷᠢᠨ ᠦᠵᠡᠬᠦ ᠪᠦᠯᠬᠦᠮ᠎ᠦᠨ ᠪᠦᠷᠢᠯᠳᠦᠭᠦᠨ ᠪᠣᠯ ᠪᠦᠬᠦ ᠤᠯᠤᠰ ᠪᠦᠬᠦ ᠣᠷᠣᠨ᠎ᠤ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠵᠢᠱ᠌ᠢᠶᠡᠴᠢ ᠬᠠᠮᠲᠤ ᠪᠠ ᠵᠢᠱ᠌ᠢᠶᠡᠴᠢ ᠬᠤᠪᠢ ᠬᠥᠮᠥᠨ᠎ᠦ ᠲᠥᠯᠥᠭᠡᠯᠡᠭᠴᠢ ᠪᠠᠢᠵᠦ᠂ ᠲᠡᠳᠡ ᠪᠦᠬᠦ ᠣᠷᠣᠨ᠎ᠤ ᠡᠯ᠎ᠡ ᠭᠠᠵᠠᠷ ᠣᠷᠣᠨ ᠡᠯ᠎ᠡ ᠠᠵᠢᠯ ᠲᠦᠷᠦᠯ ᠡᠯ᠎ᠡ ᠰᠠᠯᠠᠭ᠎ᠠ ᠮᠥᠴᠢᠷ᠎ᠲᠦ ᠦᠨᠳᠦᠰᠦᠯᠡᠵᠦ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠦᠨ ᠡᠮᠦᠨ᠎ᠡ ᠹᠷᠣᠨᠲ᠎ᠲᠤ ᠲᠡᠮᠡᠴᠡᠵᠦ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠂ ᠰᠢᠨ᠎ᠡ ᠴᠠᠭ ᠦᠶ᠎ᠡ᠎ᠳᠦ《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠎ᠤ᠋ ᠡᠷᠬᠢᠮ ᠳᠡᠭᠡᠳᠦ ᠢᠷᠠᠭᠤ ᠠᠯᠳᠠᠷ᠎ᠢ ᠦᠷᠭᠦᠯᠵᠢᠯᠡᠨ ᠪᠠᠲᠤᠯᠠᠬᠤ᠎ᠳᠤ ᠢᠳᠡᠪᠬᠢᠲᠡᠢ ᠬᠤᠪᠢ ᠨᠡᠮᠡᠷᠢ ᠪᠠᠨ  ᠦᠵᠡᠭᠦᠯᠪᠡ ᠃ ᠲᠣᠭᠣᠷᠢᠨ ᠦᠵᠡᠬᠦ ᠪᠦᠯᠬᠦᠮ᠎ᠤᠨ ᠬᠢᠨ 10 ᠰᠠᠷ᠎ᠠ ᠵᠢᠨ 27ᠡᠴᠡ 31᠎ᠤ᠋ ᠡᠳᠤᠷ ᠪᠤᠯᠳᠠᠯ᠎ᠠ  ᠪᠡᠭᠡᠵᠢᠩ ᠬᠣᠲᠠ᠂ ᠾᠧᠪᠧᠢ ᠮᠤᠵᠢ᠎ᠳᠤ ᠬᠦᠷᠴᠦ ᠲᠣᠭᠣᠷᠢᠨ ᠦᠵᠡᠵᠦ ᠰᠤᠷᠤᠯᠴᠠᠪᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面