2026-11-11 16:21:09
ᠪᠤᠭᠤᠲᠤ ᠬᠤᠳᠠ ᠵᠢᠨ ᠵᠢᠦᠶᠤᠸᠠᠨ ᠲᠤᠭᠤᠷᠢᠬ᠎ᠤᠨ ᠹᠸᠩ ᠬᠤᠸᠠ ᠦᠵᠡᠭᠦᠯᠭᠡ᠎ᠶ᠋ᠢᠨ ᠲᠢᠩᠬᠢᠮ᠎ᠳᠦ 《ᠠᠨᠠᠷ᠎ᠤᠨ ᠦᠷ᠎ᠡ》 ᠪᠢᠴᠢᠬᠠᠨ ᠲᠠᠢᠯᠪᠤᠷᠢᠯᠠᠭᠴᠢ ᠪᠠᠷᠢᠮᠵᠢᠶᠠᠲᠤ᠌ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ 《ᠵᠣᠤ ᠵᠢᠶᠦ᠋ᠨ ᠪᠤᠭᠤᠮᠳᠠ ᠵᠢᠨ ᠭᠠᠳᠠᠨ᠎ᠠ ᠮᠤᠷᠳᠠᠬᠰᠠᠨ ᠨᠢ》 ᠭᠡᠬᠦ ᠦᠯᠢᠭᠡᠷ᠎ᠢ ᠬᠠᠪᠤᠯᠢᠭ ᠰᠠᠢᠬᠠᠨ ᠲᠠᠢᠯᠪᠤᠷᠢᠯᠠᠨ ᠶᠠᠷᠢᠨ᠎ᠠ; 《ᠤᠯᠤᠰ᠎ᠤᠨ ᠬᠡᠦᠬᠡᠳ》 ᠪᠣᠳᠠᠰ᠎ᠤᠨ ᠪᠤᠰᠤ ᠰᠣᠶᠤᠯ᠎ᠤᠨ ᠥᠪ᠎ᠦᠨ ᠴᠠᠭᠠᠰᠤᠨ ᠬᠠᠢᠴᠢᠯᠠᠮᠠᠯ᠎ᠤᠨ ᠦᠵᠡᠭᠦᠯᠭᠡ᠎ᠵᠢᠨ ᠡᠮᠦᠨ᠎ᠡ ᠬᠡᠦᠬᠡᠳ᠎ᠦᠳ ᠠᠷᠠᠳ᠎ᠤᠨ ᠵᠠᠩ ᠦᠢᠯᠡ ᠶ᠋ᠢ ᠪᠡᠶᠡᠴᠢᠯᠡᠨ ᠤᠢᠯᠠᠭᠠᠵᠤ᠌᠂ ᠬᠠᠮᠳᠤ ᠪᠡᠷ ᠴᠣᠩᠬᠤᠨ ᠴᠡᠴᠡᠭ ᠬᠠᠢᠴᠢᠯᠠᠵᠤ᠂ 《ᠭᠤᠷᠪᠠᠨ ᠮᠢᠩᠭᠠᠨ ᠥᠨᠦᠴᠢᠨ ᠬᠡᠦᠬᠡᠳ ᠥᠪᠦᠷ ᠮᠣᠩᠭᠤᠯ᠎ᠳᠤ ᠢᠷᠡᠭᠰᠡᠨ》 ᠲᠡᠦᠬᠡ᠎ᠶ᠋ᠢᠨ ᠰᠠᠢᠬᠠᠨ ᠲᠠᠭᠤᠷᠢᠰᠬᠠᠯ᠎ᠢ ᠲᠠᠬᠢᠨᠳᠠ ᠢᠯᠡᠷᠡᠭᠦᠯᠦᠨ᠎ᠡ᠃ ᠡᠨᠡ ᠪᠣᠯ ᠵᠢᠦᠶᠤᠸᠠᠨ ᠲᠣᠭᠤᠷᠢᠭ᠎ᠤᠨ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ᠌ ᠡᠳᠦᠷ ᠲᠤᠲᠤᠮ᠎ᠤᠨ ᠦᠵᠡᠭᠳᠡᠯ ᠪᠣᠯᠤᠨ᠎ᠠ᠃

ᠪᠤᠭᠤᠲᠤ ᠬᠤᠳᠠ ᠵᠢᠨ ᠵᠢᠦᠶᠤᠸᠠᠨ ᠲᠣᠭᠤᠷᠢᠭ ᠰᠤᠷᠭᠠᠨ ᠬᠦᠮᠦᠵᠢᠯ᠎ᠤᠨ ᠦᠢᠯᠡᠳᠦᠯᠭᠡ᠎ᠶ᠋ᠢᠨ ᠵᠢᠭᠰᠠᠭᠠᠯ᠎ᠤᠨ ᠭᠠᠵᠠᠷ᠎ᠢ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠬᠡᠷᠡᠭᠯᠡᠬᠦ ᠴᠢᠬᠤᠯᠠ ᠠᠴᠢᠶᠠᠯᠠᠪᠤᠷᠢ ᠪᠣᠯᠭᠠᠵᠤ᠂ ᠡᠯ᠎ᠡ ᠱᠠᠲᠤᠨ᠎ᠤ ᠡᠯ᠎ᠡ ᠲᠦᠷᠦᠯ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠦᠪᠵᠢᠭᠦᠯᠵᠦ᠍᠂ ᠵᠢᠭᠰᠠᠭᠠᠯ᠎ᠤᠨ ᠭᠠᠵᠠᠷ᠎ᠤᠨ ᠪᠦᠳᠦᠭᠡᠨ ᠪᠠᠶ᠋ᠢᠭᠤᠯᠤᠯᠲᠠ᠎ᠶ᠋ᠢ ᠪᠦᠲᠦᠮᠵᠢᠲᠡᠢ ᠠᠬᠢᠭᠤᠯᠵᠤ ᠪᠤᠢ᠃ ᠲᠤᠬᠠᠢ᠎ᠶ᠋ᠢᠨ ᠭᠠᠵᠠᠷ᠎ᠤᠨ 8 ᠰᠤᠷᠭᠠᠨ ᠬᠥᠮᠦᠵᠢᠯ᠎ᠤᠨ ᠦᠢᠯᠡᠳᠦᠯᠭᠡ᠎ᠶ᠋ᠢᠨ ᠰᠠᠭᠤᠷᠢᠨ᠎ᠨᠢ ᠲᠡᠦᠬᠡ ᠰᠣᠶᠤᠯ᠂ ᠬᠤᠳᠠ᠎ᠶ᠋ᠢᠨ ᠲᠥᠯᠦᠪᠵᠢᠭᠦᠯᠭᠡ᠂ ᠰᠢᠨᠵᠢᠯᠡᠬᠦ᠌ ᠤᠬᠠᠭᠠᠨ᠎ᠢ ᠲᠦᠭᠡᠮᠡᠯᠵᠢᠭᠦᠯᠬᠦ᠌᠂ ᠬᠤᠪᠢᠰᠭᠠᠯ᠎ᠤᠨ ᠲᠡᠦᠭᠡ ᠰᠤᠶᠤᠯ᠎ᠢ ᠰᠤᠳᠤᠯᠤᠨ ᠰᠤᠷᠤᠯᠴᠠᠬᠤ᠎ᠶ᠋ᠢ ᠨᠢᠭᠡ ᠴᠤᠭᠴᠠᠵᠢᠭᠤᠯᠤᠭᠰᠠᠨ ᠦᠭᠡ ᠬᠡᠯᠡᠨ᠎ᠤ ᠬᠦᠮᠦᠵᠢᠯ ᠦᠢᠯᠡᠳᠦᠯᠭᠡ᠎ᠶ᠋ᠢᠨ ᠪᠠᠶ᠋ᠢᠷᠢᠰᠢᠯ᠎ᠢ ᠠᠩᠬ᠎ᠠ ᠠᠯᠬᠤᠮ ᠪᠦᠷᠢᠯᠳᠦᠭᠦᠯᠪᠡ᠃ ᠵᠢᠤᠶᠤᠸᠠᠨ ᠲᠤᠭᠤᠷᠢᠬ᠎ᠤᠨ ᠹᠧᠩ ᠬᠤᠸᠠ ᠦᠵᠡᠭᠦᠯᠭᠡ᠎ᠶ᠋ᠢᠨ ᠲᠢᠩᠬᠢᠮ ᠳ᠋ᠦ ᠨᠠᠷᠢᠨ ᠪᠣᠳᠠᠲᠠᠢ ᠲᠡᠦᠬᠡᠨ ᠮᠠᠲᠧᠷᠢᠶᠠᠯ᠎ᠢᠶᠠᠷ ᠡᠯ᠎ᠡ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠩᠭᠡᠷᠡᠯᠲᠡ᠎ᠶ᠋ᠢ ᠢᠯᠡᠷᠡᠭᠦᠯᠵᠦ᠍᠂ 《ᠠᠨᠠᠷ᠎ᠤᠨ ᠦᠷ᠎ᠡ》 ᠪᠢᠴᠢᠬᠠᠨ ᠲᠠᠶ᠋ᠢᠯᠪᠤᠷᠢᠯᠠᠭᠴᠢ᠎ᠶ᠋ᠢᠨ ᠲᠠᠶ᠋ᠢᠯᠪᠤᠷᠢᠯᠠᠯᠲᠠ᠎ᠨᠢ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠦᠯᠢᠭᠡᠷ᠎ᠢ ᠰᠠᠢᠲᠤᠷ ᠶᠠᠷᠢᠬᠤ ᠰᠢᠨ᠎ᠡ ᠰᠣᠷᠭᠤᠭ ᠠᠴᠢᠶᠠᠯᠠᠪᠤᠷᠢ ᠪᠣᠯᠵᠠᠢ᠃
ᠦᠭᠡ ᠬᠡᠯᠡᠨ᠎ᠦ ᠬᠦᠴᠦᠨ ᠨᠢ ᠶᠡᠷᠦ᠎ᠨᠢ ᠦᠷᠭᠦᠯᠵᠢ ᠬᠡᠷᠡᠭᠯᠡᠬᠦ ᠳ᠋ᠦ ᠪᠠᠢᠳᠠᠭ᠃ ᠡᠨᠡ ᠵᠢᠯ᠎ᠤᠨ ᠠᠷᠪᠠᠨ ᠰᠠᠷ᠎ᠠ᠎ᠳᠤ《ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠲᠤᠭ᠎ᠢ ᠥᠨᠳᠦᠷ ᠮᠠᠨᠳᠤᠭᠤᠯᠤᠨ ᠨᠠᠮ᠎ᠢᠶᠠᠨ ᠳᠠᠭᠠᠵᠤ ᠤᠷᠤᠬᠰᠢᠯᠠᠨ᠎ᠠ · ᠪᠠᠭᠠᠴᠤᠳ ᠬᠡᠤᠬᠡᠳ ᠰᠢᠨ᠎ᠡ ᠤᠷᠲᠤ᠌ ᠵᠠᠮ᠎ᠤᠨ ᠠᠶᠠᠨ ᠳᠠᠶ᠋ᠢᠨ᠎ᠤ ᠪᠤᠤᠬᠢᠶ᠎ᠠ ᠵᠢ ᠳᠠᠮᠵᠢᠭᠤᠯᠤᠨ᠎ᠠ》 ᠭᠡᠬᠦ ᠳᠤᠮᠳᠠᠳᠤ ᠤᠯᠤᠰ᠎ᠤᠨ ᠪᠠᠭᠠᠴᠤᠳ᠎ᠤᠨ ᠬᠤᠰᠢᠭᠤᠴᠢ ᠠᠩᠭᠢ ᠪᠠᠶ᠋ᠢᠭᠤᠯᠤᠭᠳᠠᠭᠰᠠᠨ 77 ᠵᠢᠯ᠎ᠤᠨ ᠤᠢ᠎ᠶ᠋ᠢ ᠳᠤᠷᠠᠰᠭᠠᠬᠤ ᠭᠤᠤᠯ ᠰᠡᠳᠦᠪᠲᠦ᠍ ᠠᠩᠭᠢ᠎ᠶ᠋ᠢᠨ ᠡᠳᠦᠷᠯᠢᠭ᠎ᠤᠨ ᠠᠵᠢᠯᠯᠠᠭ᠎ᠠ ᠮᠠ ᡂᠢ ᠭᠤᠤᠯ ᠪᠠᠭ᠎ᠠ ᠰᠤᠷᠭᠠᠭᠤᠯᠢ᠎ᠶ᠋ᠢᠨ ᠰᠤᠷᠭᠠᠨ ᠬᠥᠮᠦᠵᠢᠯ᠎ᠤᠨ ᠪᠦᠯᠦᠭᠯᠡᠯ᠎ᠳᠤ ᠶᠠᠪᠤᠭᠳᠠᠪᠠ᠃ ᠤᠯᠠᠭᠠᠨ ᠲᠤᠬ ᠦᠨᠳᠦᠷ ᠲᠸ᠋ ᠨᠠᠮᠢᠷᠠᠬᠤ᠎ᠶ᠋ᠢ ᠳᠠᠭᠠᠯᠳᠤᠨ ᠪᠦᠬᠦ᠌ ᠪᠠᠭᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠳ ᠲᠥᠪ ᠵᠤᠬᠰᠤᠨ ᠶᠤᠰᠤᠯᠠᠵᠤ᠂ 《ᠪᠢᠳᠡ ᠪᠣᠯ ᠡᠪ ᠬᠠᠮᠲᠤ᠌ ᠶᠣᠰᠤᠨ᠎ᠤ ᠵᠠᠯᠭᠠᠮᠵᠢᠯᠠᠭᠴᠢ ᠮᠥᠨ》 ᠭᠡᠬᠦ᠌ ᠳᠠᠭᠤᠤ ᠰᠤᠷᠭᠠᠭᠤᠯᠢ᠎ᠶ᠋ᠢᠨ ᠬᠦᠷᠢᠶᠡᠨ᠎ᠳᠦ ᠴᠤᠤᠷᠢᠶᠠᠲᠤᠵᠦ᠂ ᠰᠢᠨ᠎ᠡ ᠪᠡᠷ ᠡᠯᠰᠡᠭᠳᠡᠭᠰᠡᠨ 45 ᠪᠠᠭᠠᠴᠤᠳ᠎ᠤᠨ ᠬᠤᠰᠢᠭᠤᠴᠢ ᠠᠩᠬᠢ ᠵᠢᠨ ᠭᠡᠰᠢᠭᠦᠨ ᠪᠠᠭᠠᠴᠤᠳ᠎ᠤᠨ ᠬᠤᠰᠢᠭᠤᠴᠢ ᠠᠩᠭᠢ᠎ᠶ᠋ᠢᠨ ᠲᠤᠭ᠎ᠤᠨ ᠳᠣᠤᠷ᠎ᠠ ᠲᠥᠪ ᠴᠢᠩᠭ᠎ᠠ᠎ᠪᠠᠷ ᠲᠠᠩᠭᠠᠷᠢᠭᠯᠠᠪᠠ᠃ ᠦᠭᠡ ᠦᠭᠦᠯᠡᠪᠦᠷᠢ ᠪᠦᠷᠢ ᠨᠢ ᠴᠦᠮ ᠪᠠᠭᠠᠴᠤᠳ ᠬᠡᠤᠬᠡᠳ᠎ᠤᠨ ᠤᠯᠤᠰ᠎ᠤᠨ ᠨᠡᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠦᠨ ᠲᠤᠬᠠᠢ ᠬᠠᠮᠤᠭ᠎ᠤᠨ ᠦᠨᠡᠨ ᠪᠤᠳᠠᠳᠠᠢ ᠣᠢᠯᠠᠭᠠᠯᠲᠠ ᠪᠠᠢᠯ᠎ᠠ᠃
ᠰᠣᠯᠢᠯᠴᠠᠭ᠎ᠠ ᠦᠵᠡᠭᠦᠯᠭᠡ ᠨᠢ ᠣᠢᠯᠠᠭᠠᠯᠴᠠᠭ᠎ᠠ ᠵᠢ ᠤᠯᠠᠮ ᠢᠯᠡᠬᠦᠦ ᠨᠡᠮᠡᠭᠳᠡᠭᠦᠯᠵᠦ ᠨᠡᠩ ᠤᠢᠷ᠎ᠡ ᠲᠤᠳᠤᠨᠤ ᠪᠤᠯᠭᠠᠳᠠᠬ᠃ ᠵᠢᠦᠶᠤᠸᠠᠨ ᠲᠣᠭᠤᠷᠢᠭ᠎ᠤᠨ ᠡᠪᠯᠡᠯ᠎ᠤᠨ ᠬᠤᠷᠢᠶ᠎ᠠ ᠪᠤᠭᠤᠲᠤ᠌ ᠬᠤᠲᠠ᠎ᠶ᠋ᠢᠨ ᠰᠠᠢᠨ ᠲᠤᠷ᠎ᠠ ᠵᠢᠨ ᠦᠢᠯᠡᠴᠢᠯᠡᠭᠡᠨ᠎ᠤ ᠠᠵᠢᠯᠴᠢᠨ᠎ᠤ ᠬᠤᠯᠪᠤᠭ᠎ᠠ᠂ ᠰᠠᠶ᠋ᠢᠬᠠᠨ ᠵᠡᠭᠡᠯᠢ ᠭᠤᠳᠤᠮᠵᠢ᠎ᠶ᠋ᠢᠨ ᠬᠦᠸᠸ ᠶᠤᠸᠠᠨ ᠨᠡᠶ᠋ᠢᠭᠡᠮ ᠲᠣᠭᠤᠷᠢᠭ᠎ᠲᠠᠢ ᠬᠠᠮᠲᠤᠷᠠᠨ ᠵᠠᠯᠠᠭᠤᠴᠤᠳ ᠪᠠᠭᠠᠴᠤᠳ᠎ᠤᠨ ᠰᠠᠢᠨ ᠲᠤᠷ᠎ᠠ ᠵᠢᠨ ᠦᠢᠯᠡᠴᠢᠯᠡᠭᠡᠨ᠎ᠤ ᠵᠢᠭᠰᠠᠭᠠᠯ᠎ᠤᠨ ᠭᠠᠵᠠᠷ᠎ᠢ ᠪᠠᠶ᠋ᠢᠭᠤᠯᠵᠤ᠂ ᠡᠨᠡ ᠵᠢᠯ᠎ᠠᠴᠠ ᠨᠠᠭᠠᠰᠢ 78 ᠲᠠᠯᠠᠪᠠᠢ ᠤᠳᠠᠭ᠎ᠠ ᠦᠢᠯᠡᠴᠢᠯᠡᠭᠡ ᠥᠷᠨᠢᠭᠦᠯᠪᠡ᠃
《ᠠᠨᠠᠷ᠎ᠤᠨ ᠦᠷ᠎ᠡ ᠵᠢᠵᠢᠭ ᠬᠢᠴᠢᠶᠡᠯ᠎ᠦᠨ ᠲᠠᠩᠬᠢᠮ》 ᠲᠡᠭᠡᠷ᠎ᠡ ᠬᠡᠦᠬᠡᠳ᠎ᠦᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠦᠰᠦᠭ ᠪᠢᠴᠢᠭ ᠵᠢᠡᠷ ᠪᠦᠯᠭᠦᠮᠳᠡᠯ᠎ᠦᠨ ᠦᠯᠢᠭᠡᠷ᠎ᠢ ᠶᠠᠷᠢᠵᠤ᠂ ᠪᠤᠤᠬᠢᠶ᠎ᠠ ᠳᠠᠮᠵᠢᠭᠤᠯᠤᠨ ᠰᠠᠭᠠᠳ ᠲᠠᠪᠠᠬᠤ᠂ ᠰᠤᠨᠢᠷᠬᠠᠯᠲᠤ ᠲᠡᠭᠡᠰᠦ ᠲᠠᠳᠠᠬᠤ ᠬᠦᠳᠡᠯᠭᠡᠭᠡᠨ ᠳ᠋ᠤ ᠦᠨᠳᠦᠰᠦᠲᠡᠨ᠎ᠤ ᠪᠦᠯᠬᠦᠮᠳᠡᠯ᠎ᠤᠨ ᠠᠰᠠᠭᠤᠯᠳᠠ ᠬᠠᠷᠢᠭᠤᠯᠳᠠ ᠵᠢ ᠠᠭᠤᠰᠤᠯᠴᠠᠭᠤᠯᠵᠤ᠂ 《ᠪᠠᠭᠠᠴᠤᠳ᠎ᠤᠨ ᠬᠡᠷᠡᠭ ᠵᠥᠪᠯᠡᠬᠦ ᠦᠰᠦᠨ ᠪᠤᠶ᠋ᠢᠵᠢᠯᠳᠠ ᠵᠢᠨ ᠬᠤᠸᠠᠷᠠᠨ》 ᠨᠢ ᠪᠠᠰᠠ ᠬᠡᠦᠬᠡᠳ᠎ᠢ ᠳᠠᠭᠠᠭᠤᠯᠤᠨ ᠨᠡᠶ᠋ᠢᠭᠡᠮ ᠲᠣᠭᠤᠷᠢᠭ ᠲᠸ᠋ ᠬᠦᠨᠵᠡᠭᠡᠢᠷᠡᠨ ᠰᠢᠷᠠᠯᠵᠢ ᠠᠷᠢᠯᠭᠠᠬᠤ ᠬᠦᠳᠡᠯᠭᠡᠭᠡᠨ ᠵᠡᠷᠭᠡ ᠳ᠋ᠦ ᠤᠷᠤᠯᠴᠠᠭᠤᠯᠪᠠ᠃ ᠬᠠᠮᠲᠤ᠌ ᠰᠤᠷᠤᠯᠴᠠᠬᠤ ᠬᠠᠮᠲᠤ᠌ ᠣᠷᠤᠰᠢᠬᠤ ᠳᠤᠮᠳᠠ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠨᠢ ᠡᠯ᠎ᠡ ᠦᠨᠳᠦᠰᠦᠲᠡᠨ᠎ᠤ ᠵᠠᠯᠠᠭᠤᠴᠤᠳ ᠪᠠᠭᠠᠴᠤᠳ᠎ᠤᠨ ᠨᠡᠪᠲᠡᠷᠡᠯᠴᠠᠨ ᠬᠠᠷᠢᠯᠴᠠᠬᠤ 《ᠰᠡᠳᠬᠢᠯ᠎ᠤᠨ ᠬᠤᠯᠪᠤᠭᠠᠰᠤ》 ᠪᠣᠯᠵᠠᠢ᠃
ᠰᠡᠳᠭᠢᠯ ᠰᠠᠨᠠᠭ᠎ᠠ ᠨᠡᠪᠲᠡᠷᠡᠯᠴᠡᠪᠠᠯ ᠨᠡᠢᠯᠡᠯ ᠬᠦᠴᠦᠨ᠎ᠢ ᠪᠦᠷᠢᠯᠳᠦᠭᠦᠯᠦᠨ᠎ᠡ᠃ ᠵᠢᠦᠶᠤᠸᠠᠨ ᠲᠣᠭᠤᠷᠢᠭ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠲᠤ᠌ ᠴᠣᠭᠴᠠᠯᠠᠬᠤ ᠭᠤᠤᠯ ᠰᠢᠵᠢᠮ᠎ᠲᠠᠢ ᠨᠢᠭᠲᠠ ᠤᠶᠠᠯᠳᠤᠭᠤᠯᠵᠤ᠂ ᠤᠯᠤᠰ᠎ᠤᠨ ᠨᠡᠶ᠋ᠢᠳᠡᠮ ᠬᠡᠷᠡᠭᠯᠡᠬᠦ᠌ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠲᠦᠭᠡᠮᠡᠯᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ᠎ᠶ᠋ᠢ ᠠᠬᠢᠭᠤᠯᠵᠤ᠂ ᠦᠭᠡ ᠬᠡᠯᠡ᠎ᠶ᠋ᠢ ᠵᠢᠷᠤᠮᠵᠢᠭᠤᠯᠬᠤ᠎ᠶ᠋ᠢ ᠡᠯ᠎ᠡ ᠦᠨᠳᠦᠰᠦᠲᠡᠨ᠎ᠤ ᠵᠠᠯᠠᠭᠤᠴᠤᠳ ᠪᠠᠭᠠᠴᠤᠳ᠎ᠤᠨ ᠬᠠᠷᠠᠭ᠎ᠠ᠎ᠪᠠᠨ ᠥᠷᠭᠡᠳᠬᠡᠬᠦ᠂ ᠨᠡᠶ᠋ᠢᠭᠡᠮ᠎ᠳᠤ ᠠᠭᠤᠰᠤᠯᠴᠠᠬᠤ᠂ ᠦᠰᠦᠨ ᠪᠤᠶ᠋ᠢᠵᠢᠵᠤ ᠴᠢᠳᠠᠪᠤᠷᠢᠲᠠᠨ ᠪᠣᠯᠬᠤ᠎ᠶ᠋ᠢᠨ ᠪᠠᠲᠤ᠌ ᠴᠢᠩᠭ᠎ᠠ ᠲᠤᠯᠭᠠᠭᠤᠷᠢᠯᠠᠯ ᠪᠣᠯᠭᠠᠵᠤ᠂ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠡᠷᠡᠮᠡᠬᠡᠢᠯᠡᠨ ᠤᠷᠤᠭᠰᠢᠯᠠᠬᠤ ᠬᠦᠴᠦᠨ ᠴᠢᠳᠠᠯ᠎ᠢ ᠨᠢᠭᠲᠠᠷᠠᠭᠤᠯᠤᠨ᠎ᠠ ᠭᠡᠪᠡ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠣᠷᠬᠢᠯ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃