ᠲᠡᠷᠢᠭᠦᠨ ᠨᠢᠭᠤᠷ>ᠭᠡᠷ ᠤᠷᠤᠨ>ᠮᠡᠳᠡᠭᠡᠯᠡᠯ

2026-11-19 15:28:28

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

 ᠤᠢᠷ᠎ᠡ ᠳ᠋ᠦ᠂ ᠬᠦᠬᠡᠬᠤᠳᠠ ᠵᠢᠨ ᠡᠪᠯᠡᠯ᠎ᠤᠨ ᠬᠤᠷᠢᠶ᠎ᠠ ᠡᠴᠡ ᠭᠤᠤᠯᠯᠠᠨ ᠡᠷᠭᠢᠯᠡᠭᠰᠡᠨ ᠬᠤᠶᠠᠳᠤᠭᠠᠷ ᠬᠤᠭᠤᠴᠠᠭᠠᠨ᠎ᠤ ᠬᠥᠬᠡᠬᠤᠲᠠ ᠪᠤᠭᠤᠲᠤ᠌ ᠣᠷᠳᠤᠰ ᠤᠯᠠᠭᠠᠨᠴᠠᠪ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶ᠋ᠢᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ ᠵᠢᠴᠢ ᠬᠥᠬᠡᠬᠤᠲᠠ᠎ᠶ᠋ᠢᠨ ᠲᠠᠪᠤᠳᠤᠭᠠᠷ ᠬᠤᠭᠤᠴᠠᠭᠠᠨ᠎ᠤ 《ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠮᠡᠲᠦ᠍ ᠳᠣᠲᠤᠨᠤ · ᠰᠡᠳᠬᠢᠯ ᠨᠢᠭᠡᠳᠦᠨ ᠳᠤᠮᠳᠠᠳᠤ᠎ᠶ᠋ᠢᠨ ᠵᠡᠭᠦᠳᠦ᠎ᠵᠢ ᠬᠠᠮᠲᠤ᠎ᠪᠠᠷ ᠲᠡᠷᠭᠡᠯᠰᠢᠭᠦᠯᠦᠶ᠎ᠡ》 ᠵᠠᠯᠠᠭᠤᠴᠤᠳ ᠪᠠᠭᠠᠴᠤᠳ᠎ᠤᠨ ᠤᠷᠠᠨ ᠪᠢᠴᠢᠯᠭᠡ ᠤᠷᠠᠨ ᠵᠢᠷᠤᠭ᠎ᠤᠨ ᠦᠵᠡᠰᠭᠦᠯᠡᠩ ᠥᠪᠦᠷ ᠮᠣᠩᠭᠤᠯ᠎ᠤᠨ ᠤᠷᠠᠨ ᠵᠢᠷᠤᠭ᠎ᠤᠨ ᠣᠷᠳᠤᠨ᠎ᠳᠤ ᠶᠠᠪᠤᠬᠳᠠᠪᠠ᠃ ᠠᠵᠢᠯᠯᠠᠭ᠎ᠠ᠎ᠨᠢ ᠬᠥᠬᠡᠬᠤᠲᠠ᠂ ᠪᠤᠭᠤᠲᠤ᠌᠂ ᠣᠷᠳᠤᠰ᠂ ᠤᠯᠠᠭᠠᠨᠴᠠᠪ ᠵᠡᠷᠭᠡ ᠳᠥᠷᠪᠡᠨ ᠠᠢᠮᠠᠬ ᠬᠤᠳᠠ ᠵᠢᠴᠢ ᠡᠷᠬᠢᠨ ᠲᠣᠭᠤᠷᠢᠨ᠎ᠤ ᠭᠠᠵᠠᠷ ᠣᠷᠤᠨ᠎ᠤ 17 ᠨᠠᠰᠤᠨ᠎ᠡᠴᠡ ᠳᠣᠷᠤᠭᠰᠢᠬᠢ ᠵᠠᠯᠠᠭᠤᠴᠤᠳ ᠪᠠᠭᠠᠴᠤᠳ ᠬᠡᠦᠬᠡᠳ᠎ᠡᠴᠡ ᠵᠣᠬᠢᠶᠠᠯ ᠪᠦᠲᠦᠭᠡᠯ ᠴᠤᠭᠯᠠᠭᠤᠯᠵᠤ᠂ ᠨᠢᠯᠬᠠᠰ ᠎ᠤᠨ ᠳᠤᠭᠤᠶ᠋ᠢᠯᠠᠩ᠂ ᠬᠡᠦᠬᠡᠳ᠎ᠤᠨ ᠳᠤᠭᠤᠶ᠋ᠢᠯᠠᠩ᠂ ᠪᠠᠭᠠᠴᠤᠳ᠎ᠤᠨ ᠳᠤᠭᠤᠶ᠋ᠢᠯᠠᠩ ᠵᠡᠷᠭᠡ ᠭᠤᠷᠪᠠᠨ ᠳᠤᠭᠤᠶ᠋ᠢᠯᠠᠩ ᠬᠤᠪᠢᠶᠠᠨ ᠲᠡᠯᠭᠡᠨ ᠦᠵᠡᠭᠦᠯᠦᠭᠰᠡᠨ ᠪᠠᠶ᠋ᠢᠨ᠎ᠠ᠃

ᠲᠤᠰ ᠤᠳᠠᠭ᠎ᠠ᠎ᠶ᠋ᠢᠨ ᠠᠵᠢᠯᠯᠠᠭ᠎ᠠ᠎ᠨᠢ ᠤᠷᠠᠨ ᠪᠢᠴᠢᠯᠭᠡ ᠤᠷᠠᠨ ᠵᠢᠷᠤᠭ᠎ᠢᠶᠠᠷ ᠵᠠᠭᠤᠴᠢ ᠪᠣᠯᠭᠠᠵᠤ᠂ ᠭᠤᠸ᠎ᠠ ᠰᠠᠶ᠋ᠢᠬᠠᠨ᠎ᠤ ᠬᠥᠮᠦᠵᠢᠯ᠎ᠢᠶᠠᠷ ᠬᠦᠮᠦᠰ᠎ᠤᠨ ᠰᠡᠳᠬᠢᠯ ᠰᠠᠨᠠᠭ᠎ᠠ᠎ᠵᠢ  ᠬᠦᠭᠵᠢᠭᠡᠨ᠂ ᠦᠨᠳᠦᠰᠦᠲᠡᠨ᠎ᠤ ᠪᠦᠯᠬᠦᠮᠳᠡᠯ ᠬᠠᠤᠯᠢ ᠴᠠᠭᠠᠵᠠ ᠵᠢᠨ ᠤᠬᠠᠭᠤᠯᠭ᠎ᠠ᠂ ᠲᠤᠮᠳᠠᠳᠤ ᠵᠨ ᠦᠨᠳᠦᠰᠦᠳᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ ᠎ᠢ ᠪᠠᠳᠤ ᠴᠤᠭᠴᠠᠯᠠᠬᠤ ᠬᠥᠮᠦᠵᠢᠯ ᠪᠠ ᠤᠷᠠᠯᠢᠭ᠎ᠤᠨ ᠭᠤᠸ᠎ᠠ ᠰᠠᠶ᠋ᠢᠬᠠᠨ᠎ᠤ ᠬᠥᠮᠦᠵᠢᠯ᠎ᠢ ᠣᠷᠭᠠᠨᠢᠭ᠎ᠢᠶᠠᠷ ᠠᠭᠤᠰᠤᠯᠴᠠᠭᠤᠯᠵᠠᠢ᠃ ᠠᠵᠢᠯᠯᠠᠭ᠎ᠠ ᠵᠢ ᠡᠬᠢᠯᠡᠭᠦᠯᠦᠭᠰᠡᠨ᠎ᠡᠴᠡ ᠨᠠᠭᠠᠰᠢ᠂ ᠳᠥᠷᠪᠡᠨ ᠭᠠᠵᠠᠷ᠎ᠤᠨ ᠥᠷᠭᠡᠨ ᠣᠯᠠᠨ ᠪᠠᠭᠰᠢ ᠰᠤᠷᠤᠭᠴᠢᠳ ᠬᠠᠯᠠᠭᠤᠨ᠎ᠢᠶᠠᠷ ᠴᠤᠤᠷᠢᠶᠠᠲᠤᠨ ᠬᠦᠳᠡᠯᠦᠯᠴᠡᠵᠦ᠂ ᠨᠡᠶ᠋ᠢᠲᠡ 200 ᠭᠠᠷᠤᠢ ᠰᠤᠷᠭᠠᠭᠤᠯᠢ᠎ᠶ᠋ᠢᠨ ᠳᠣᠲᠤᠨ᠎ᠠ ᠭᠠᠳᠠᠨᠠᠬᠢ ᠨᠢᠭᠡᠴᠢ᠂ 188 ᠲᠤᠰᠭᠠᠢ ᠮᠡᠷᠭᠡᠵᠢᠯ᠎ᠤᠨ ᠵᠢᠯᠤᠭᠤᠳᠤᠭᠴᠢ ᠪᠠᠭᠰᠢ ᠬᠠᠪᠰᠤᠷᠤᠨ ᠵᠢᠯᠤᠭᠤᠳᠭᠤ᠎ᠳᠤ ᠣᠷᠤᠯᠴᠠᠵᠤ᠂ ᠤᠷᠠᠨ ᠪᠢᠴᠢᠯᠭᠡ ᠤᠷᠠᠨ ᠵᠢᠷᠤᠭ᠂ ᠴᠠᠭᠠᠰᠤᠨ ᠬᠠᠶ᠋ᠢᠴᠢᠯᠠᠮᠠᠯ᠂ ᠭᠠᠷ ᠤᠷᠠᠯᠠᠯ ᠵᠡᠷᠭᠡ ᠡᠯ᠎ᠡ ᠲᠥᠷᠦᠯ᠎ᠤᠨ ᠪᠦᠲᠦᠭᠡᠯ᠎ᠢ 4119 ᠬᠤᠪᠢ ᠴᠤᠭᠯᠠᠭᠤᠯᠪᠠ᠃ ᠣᠷᠤᠨ᠎ᠤ ᠳᠣᠲᠤᠷᠠᠬᠢ ᠤᠷᠠᠨ ᠵᠢᠷᠤᠭᠴᠢᠨ᠂ ᠤᠷᠠᠨ ᠵᠢᠷᠤᠭ᠎ᠤᠨ ᠰᠤᠷᠭᠠᠨ ᠬᠥᠮᠦᠵᠢᠯ᠎ᠤᠨ ᠲᠤᠰᠭᠠᠢ ᠮᠡᠷᠭᠡᠵᠢᠯᠲᠡᠨ᠂ ᠰᠢᠯᠢᠳᠡᠭ ᠤᠷᠠᠨ ᠵᠢᠷᠤᠭ᠎ᠤᠨ ᠪᠠᠭᠰᠢ᠎ᠨᠠᠷ ᠵᠢᠡᠷ ᠪᠦᠷᠢᠯᠳᠦᠭᠰᠡᠨ ᠬᠢᠨᠠᠨ ᠲᠣᠭᠲᠠᠭᠠᠬᠤ ᠺᠣᠮᠢᠰ ᠴᠢᠩᠭ᠎ᠠ ᠰᠢᠯᠢᠨ ᠰᠣᠩᠭᠤᠬᠤ ᠪᠡᠷ ᠲᠠᠮᠵᠢᠨ  436 ᠬᠤᠪᠢ ᠱᠠᠩᠨᠠᠯ ᠣᠯᠤᠭᠰᠠᠨ ᠪᠦᠲᠦᠭᠡᠯ᠎ᠢ ᠰᠢᠯᠭᠠᠷᠠᠭᠤᠯᠤᠨ ᠭᠠᠷᠭᠠᠵᠤ᠂  370 ᠬᠤᠪᠢ᠎ᠶ᠋ᠢ ᠨᠠᠷᠢᠨ ᠰᠣᠩᠭᠤᠵᠤ ᠥᠪᠦᠷ ᠮᠣᠩᠭᠤᠯ᠎ᠤᠨ ᠤᠷᠠᠨ ᠵᠢᠷᠤᠭ᠎ᠤᠨ ᠣᠷᠳᠤᠨ᠎ᠳᠤ ᠲᠥᠪᠯᠡᠷᠡᠭᠦᠯᠦᠨ ᠳᠡᠯᠭᠡᠨ ᠦᠵᠡᠭᠦᠯᠪᠡ᠃ ᠪᠦᠲᠦᠭᠡᠯ᠎ᠤᠨ ᠭᠤᠤᠯ ᠰᠡᠳᠦᠪ᠎ᠨᠢ ᠢᠯᠡ ᠲᠣᠳᠤ᠂ ᠠᠭᠤᠯᠭ᠎ᠠ᠎ᠨᠢ ᠪᠠᠶᠠᠯᠢᠭ  ᠪᠠᠢᠵᠤ᠂ ᠥᠪᠦᠷ ᠮᠣᠩᠭᠤᠯ᠎ᠤᠨ ᠰᠦᠷᠯᠢᠭ ᠰᠠᠶ᠋ᠢᠬᠠᠨ ᠥᠩᠭᠡ ᠦᠵᠡᠮᠵᠢ᠂ ᠬᠥᠬᠡᠬᠤᠲᠠ ᠪᠤᠭᠤᠲᠤ᠌ ᠣᠷᠳᠤᠰ ᠤᠯᠠᠭᠠᠨᠴᠠᠪ ᠳᠥᠷᠪᠡᠨ ᠭᠠᠵᠠᠷ᠎ᠤᠨ ᠬᠠᠮᠵᠢᠯᠴᠠᠨ ᠬᠥᠭᠵᠢᠬᠦ  ᠪᠠ ᠦᠨᠳᠦᠰᠦᠲᠡᠨ᠎ᠨᠦᠭᠦᠳ᠎ᠤᠨ ᠠᠬ᠎ᠠ ᠳᠡᠭᠦᠤ ᠨᠠᠷ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠭᠤᠴᠤ ᠦᠵᠡᠮᠵᠢ᠎ᠶ᠋ᠢ ᠠᠮᠢᠳᠤᠯᠢᠭ᠎ᠢᠶᠠᠷ ᠢᠯᠡᠷᠡᠭᠦᠯᠵᠦ᠍ ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭᠠᠴᠤᠳ᠎ᠤᠨ ᠳᠤᠮᠳᠠᠳᠤ ᠎ᠶ᠋ᠢᠨ ᠰᠣᠶᠤᠯ᠎ᠤᠨ ᠲᠤᠬᠠᠢ ᠣᠶ᠋ᠢᠯᠠᠭᠠᠯᠲᠠ ᠪᠠ ᠤᠯᠠᠮᠵᠢᠯᠠᠯ ᠎ᠢ ᠭᠦᠢᠴᠡᠳ ᠢᠯᠡᠷᠡᠭᠦᠯᠪᠡ᠃ ᠦᠵᠡᠭᠦᠯᠭᠡ᠎ᠶ᠋ᠢ 《ᠬᠥᠬᠡᠬᠤᠲᠠ᠎ᠶ᠋ᠢᠨ ᠡᠪ ᠬᠠᠮᠲᠤ᠌ ᠵᠠᠯᠠᠭᠤᠴᠤᠳ᠎ᠤᠨ ᠡᠪᠯᠡᠯ 》᠂ 《ᠬᠥᠬᠡᠬᠤᠲᠠ᠎ᠶ᠋ᠢᠨ ᠵᠠᠯᠠᠭᠤᠴᠤᠳ ᠎ᠤᠨ ᠬᠤᠯᠪᠤᠭ᠎ᠠ 》 ᠂ 《ᠥᠪᠦᠷ ᠮᠣᠩᠭᠤᠯ᠎ᠤᠨ ᠵᠠᠯᠠᠭᠤᠴᠤᠳ ᠪᠠᠭᠠᠴᠤᠳ᠎ᠤᠨ ᠤᠷᠠᠨ ᠪᠢᠴᠢᠯᠭᠡ ᠤᠷᠠᠨ ᠵᠢᠷᠤᠭ 》 ᠵᠢᠷᠬᠢᠶ᠎ᠡ ᠵᠢᠨ ᠣᠯᠠᠨ ᠨᠡᠶ᠋ᠢᠲᠡ᠎ᠶ᠋ᠢᠨ ᠲᠠᠪᠴᠠᠨᠭ᠌ ᠳᠡᠭᠡᠷ᠎ᠡ ᠵᠡᠷᠭᠡ᠎ᠪᠠᠷ ᠳᠡᠯᠭᠡᠨ ᠦᠵᠡᠭᠦᠯᠪᠡ᠃


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面