ᠲᠡᠷᠢᠭᠦᠨ ᠨᠢᠭᠤᠷ>ᠭᠡᠷ ᠤᠷᠤᠨ>ᠤᠯᠠᠮᠵᠢᠯᠠᠯᠲᠤ ᠤᠷ᠎ᠠ ᠮᠡᠷᠭᠡᠵᠢᠯ᠎ᠢ ᠰᠤᠨᠢᠷᠬᠠᠵᠤ· ᠠᠭᠤᠰᠤᠯᠴᠠᠯ᠎ᠤᠨ ᠦᠯᠢᠭᠡᠷ᠎ᠢ ᠰᠤᠨᠤᠰᠤᠶ᠎ᠠ

2022-09-09 10:38:46

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠲᠠᠶ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠤᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠍᠂ ᠠᠮᠢ ᠠᠬᠤᠶ ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠯᠳᠡ ᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠵᠤ᠂ ᠦᠨᠳᠦᠰᠦᠲᠡᠨ ᠎ᠨᠦᠭᠦᠳ ᠎ᠦᠨ ᠭᠦᠨ ᠳᠠᠪᠬᠤᠷᠭ᠎ᠠ ᠎ᠶ᠋ᠢᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠡᠯ᠎ᠠ ᠦᠨᠳᠤᠰᠦᠳᠡᠨ᠎ᠤ ᠠᠷᠠᠳ ᠲᠦᠮᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠮᠤᠷ ᠲᠣᠭ᠍ᠲᠠᠭᠤᠨ ᠡᠶ᠎ᠡ ᠵᠣᠬᠢᠴᠠᠩᠭᠤᠶ ᠵᠤᠯ ᠵᠢᠷᠭᠠᠯᠳᠤ ᠬᠡᠷ ᠤᠷᠤᠨ᠎ᠢ ᠴᠤᠭᠴᠠᠯᠠᠨ᠎ᠪᠠᠢᠭᠤᠯᠤᠨ᠎ᠠ᠃

ᠪᠣᠬᠢᠷᠲᠤᠯ ᠥᠬᠡᠶ ᠬᠥᠭ᠌ᠵᠢᠯᠳᠡ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠭᠤᠢᠪᠢᠰᠢ ᠥᠬᠡᠶ ᠵᠠᠮᠨᠠᠨ᠎ᠠ

ᠳᠡᠯᠭᠡᠷ ᠰᠠᠢᠬᠠᠨ ᠵᠤᠨ᠎ᠤ ᠤᠯᠠᠷᠢᠯ᠎ᠳᠤ᠂ ᠱᠢᠯᠢ᠎ᠶ᠋ᠢᠨ ᠭᠣᠣᠯ᠎ᠤᠨ ᠤᠯᠠᠭᠠᠶ᠎ᠶ᠋ᠢᠨ ᠲᠠᠯ᠎ᠠ ᠨᠤᠲᠤᠭ ᠲᠸ᠋ ᠡᠪᠡᠰᠦ ᠪᠡᠯᠴᠢᠭᠡᠷ ᠬᠥᠬᠡᠷᠡᠨ ᠨᠣᠭᠣᠭᠠᠷᠠᠵᠤ᠂ ᠦᠨᠭᠭᠡ ᠵᠢᠨ ᠴᠡᠴᠡᠭ ᠮᠢᠷᠠᠯᠵᠠᠨ ᠳᠡᠯᠭᠡᠷᠡᠵᠦ᠍᠂ ᠦᠬᠡᠷ ᠬᠣᠨᠢᠳ ᠲᠠᠯ᠎ᠠ ᠳᠦᠭᠦᠷᠡᠩ ᠪᠡᠯᠴᠢᠨ᠎ᠠ᠃ ᠤᠯᠠᠭᠠᠶ ᠬᠠᠮᠢᠶᠠᠷᠤᠯᠲᠠ᠎ᠶ᠋ᠢᠨ ᠣᠷᠣᠨ᠎ᠤ ᠬᠠᠯᠠᠭᠠᠢᠲᠤ ᠲᠠᠷᠢᠶᠠᠯᠠᠩ ᠮᠠᠯᠵᠢᠯ᠎ᠤᠨ ᠲᠠᠯᠠᠪᠠᠶ᠎ᠶ᠋ᠢᠨ ᠮᠠᠯᠴᠢᠨ ᠴᠢ ᠬᠦᠶ ᠯᠦᠩ᠎ᠤᠨ ᠡᠭᠦᠳᠦᠨ ᠪᠠᠢᠭᠤᠯᠤᠭ᠍ᠰᠠᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠰᠠᠭᠤᠷᠢᠨ ᠨᠢ ᠮᠠᠰᠢ ᠣᠯᠠᠨ ᠵᠢᠭᠤᠯᠴᠢᠯᠠᠭᠰᠠᠳ᠎ᠦᠨ ᠠᠨᠭᠬᠠᠷᠤᠯ᠎ᠢ ᠲᠠᠳᠠᠨ᠎ᠠ ᠃

20 ᠭᠠᠷᠤᠶ ᠵᠢᠯ᠎ᠦᠨ ᠡᠮᠦᠨ᠎ᠡ᠂ ᠠᠭᠤᠷ ᠠᠮᠢᠰᠭᠤᠯ᠎ᠤᠨ ᠬᠤᠪᠢᠷᠠᠯᠲᠠ᠂ ᠬᠡᠲᠦᠷᠡᠲᠡᠯ᠎ᠡ ᠮᠠᠯᠵᠢᠭ᠍ᠰᠠᠨ᠎ᠵᠡᠷᠭᠡ ᠰᠢᠯᠳᠠᠭᠠᠨ ᠡᠴᠡ ᠪᠣᠯᠵᠣ᠂ ᠡᠨᠳᠡᠬᠢ ᠵᠢᠨ ᠨᠤᠳᠤᠭ ᠪᠡᠯᠴᠢᠭᠡᠷ ᠬᠦᠨᠳᠦ ᠨᠣᠴᠢᠲᠠᠶ ᠡᠪᠳᠡᠭᠳᠡᠵᠡᠢ᠃ ᠴᠢ ᠬᠦᠶ ᠯᠦᠩ ᠵᠠᠰᠠᠭ᠎ᠤᠨ ᠣᠷᠳᠣᠨ᠎ᠤ ᠤᠷᠢᠶᠠᠯᠠᠭ᠎ᠠ᠎ᠶ᠋ᠢ ᠢᠳᠡᠪᠬᠢᠲᠡᠶ ᠴᠤᠤᠷᠢᠶᠠᠲᠤᠨ ᠳᠠᠭᠠᠵᠤ᠂ ᠤᠯᠠᠮᠵᠢᠯᠠᠯᠲᠤ ᠮᠠᠯᠵᠢᠬᠤ ᠠᠷᠭ᠎ᠠ ᠬᠡᠯᠪᠡᠷᠢ᠎ᠪᠡᠨ ᠬᠤᠪᠢᠷᠠᠭᠤᠯᠤᠨ᠂ ᠮᠠᠯ ᠪᠡᠯᠴᠢᠭᠡᠷ᠎ᠢ ᠲᠡᠩᠴᠡᠭᠦᠷᠢᠳᠠᠢ ᠪᠠᠢᠯᠭᠠᠬᠤ᠎ᠶ᠋ᠢ ᠴᠢᠬᠤᠯᠠᠴᠢᠯᠠᠵᠤ᠂ ᠦᠬᠡᠷ ᠬᠣᠨᠢᠨ᠎ᠤ ᠲᠣᠭ᠎ᠠ ᠬᠡᠮᠵᠢᠶ᠎ᠡ᠎ᠶ᠋ᠢ ᠪᠠᠭᠠᠰᠭᠠᠨ᠂ ᠡᠭᠦᠯᠳᠡᠷ ᠰᠠᠢᠵᠢᠷᠠᠭᠤᠯᠬᠤ᠂ ᠪᠡᠯᠴᠢᠭᠡᠷᠯᠡᠬᠦᠯᠬᠦ᠎ᠶ᠋ᠢ ᠴᠠᠭᠠᠵᠠᠯᠠᠬᠤ ᠵᠡᠷᠭᠡ ᠠᠷᠭ᠎ᠠ ᠬᠡᠮᠵᠢᠶ᠎ᠠ ᠠᠪᠴᠠᠢ᠃ 10 ᠭᠠᠷᠤᠢ ᠵᠢᠯ᠎ᠦᠨ ᠲᠤᠷᠰᠢ ᠂ ᠲᠠᠯ᠎ᠠ ᠨᠤᠲᠤᠭ᠎ᠤᠨ ᠠᠮᠢ ᠠᠬᠤᠢ ᠠᠭᠠᠵᠢᠮ᠎ᠢᠶᠠᠷ ᠰᠠᠢᠵᠢᠷᠠᠵᠤ ᠢᠷᠡᠪᠡ᠃ ᠲᠦᠷᠦᠭᠦᠦ ᠵᠢᠯ ᠤ᠋ᠤᠨ᠎ᠲᠸ᠋ ᠂ ᠴᠢ ᠬᠦᠶ ᠯᠦᠩ ᠲᠠᠯ᠎ᠠ ᠨᠤᠲᠤᠭ᠎ᠤᠨ ᠠᠮᠢ ᠠᠬᠤᠶ᠎ᠶ᠋ᠢᠨ ᠵᠢᠭᠤᠯᠴᠢᠯᠠᠯ᠎ᠢ ᠬᠥᠭ᠌ᠵᠢᠭᠦᠯᠬᠦ ᠪᠡᠷ ᠰᠡᠳᠤᠵᠤ᠂ ᠥᠪᠡᠷ᠎ᠦᠨ ᠨᠤᠲᠤᠭ ᠪᠡᠯᠴᠢᠭᠡᠷ᠎ᠦᠨ᠎ᠢᠶᠡᠨ ᠲᠤᠤᠷ ᠬᠦᠷᠢᠶ᠎ᠡ᠂ ᠬᠠᠱᠢᠶ᠎ᠠ ᠰᠠᠷᠠᠪᠴᠢ᠂ ᠬᠦᠷᠢᠶ᠎ᠡ ᠬᠡᠷᠡᠮ ᠵᠡᠷᠭᠡ᠎ᠶ᠋ᠢ ᠨᠤᠷᠠᠭᠠᠵᠤ᠂ ᠲᠠᠯ᠎ᠠ ᠨᠤᠲᠤᠭ᠎ᠤᠨ ᠪᠠᠢᠭᠠᠯᠢ᠎ᠶ᠋ᠢᠨ ᠳᠦᠷᠰᠦ ᠪᠠᠢᠳᠠᠯ᠎ᠢ ᠰᠡᠷᠭᠦᠭᠡᠵᠠᠢ᠃ ᠡᠳᠦᠭᠡ ᠲᠡᠬᠦᠨ᠎ᠤ ᠪᠡᠯᠴᠢᠭᠡᠷ᠎ᠲᠦ ᠬᠦᠭᠡ ᠲᠤᠭᠤᠷᠤᠤ᠂ ᠬᠡᠭᠡᠷ᠎ᠡ᠎ᠶ᠋ᠢᠨ ᠨᠤᠭᠤᠰᠤ᠂ ᠬᠤᠨ ᠭᠠᠯᠠᠭᠤ᠂ ᠲᠠᠷᠪᠠᠭ᠎ᠠ ᠵᠡᠷᠭᠡ ᠬᠡᠭᠡᠷ᠎ᠡ᠎ᠶ᠋ᠢᠨ ᠠᠮᠢᠲᠠᠳ ᠭᠠᠵᠠᠷ ᠪᠣᠯᠭᠠᠨ᠎ᠳᠤ ᠬᠠᠷᠠᠭ᠍ᠳᠠᠵᠤ᠂ ᠤᠢᠷ᠎ᠠ ᠬᠠᠪᠢ ᠳ᠋ᠠᠭᠠᠨ ᠨᠡᠷ᠎ᠠ ᠠᠯᠳᠠᠷᠰᠢᠬᠰᠠᠨ ᠵᠢᠭᠤᠯᠴᠢᠯᠠᠯ᠎ᠤᠨ ᠭᠠᠵᠠᠷ ᠪᠣᠯᠤᠭ᠍ᠰᠠᠨ ᠪᠠᠢᠨ᠎ᠠ᠃ 《ᠣᠲᠣᠬᠠᠨ ᠳ᠋ᠤ ᠲᠠᠯ᠎ᠠ ᠨᠤᠲᠤᠭ᠎ᠤᠨ ᠠᠮᠢ ᠠᠬᠤᠶ ᠰᠠᠢᠵᠢᠷᠠᠵᠤ ᠂ ᠵᠢᠭᠤᠯᠴᠢᠯᠠᠨ ᠲᠤᠭᠤᠷᠢᠬᠤ᠂ ᠬᠡᠷᠡᠯ ᠵᠢᠷᠤᠭ ᠲᠠᠲᠠᠬᠤ ᠬᠥᠮᠦᠰ ᠶᠠᠪᠤᠬᠤ ᠲᠤᠲᠤᠮ ᠣᠯᠠᠱᠢᠷᠠᠬᠤ ᠵᠢᠨ ᠬᠠᠮᠳᠤ᠂ ᠢᠳᠡᠭᠡᠨ ᠤᠮᠳᠠᠭᠠᠨ᠂ ᠬᠣᠨᠣᠭ ᠪᠠᠭᠤᠳᠠᠯ ᠂ ᠮᠢᠬ᠎ᠠ ᠰᠦ ᠬᠤᠳᠠᠯᠳᠤᠬᠤ ᠵᠡᠷᠭᠡ ᠵᠢᠨ ᠣᠷᠣᠯᠭ᠎ᠠ ᠥᠩᠭᠡᠷᠡᠭ᠌ᠰᠡᠨ᠎ᠦ ᠬᠢ᠎ᠡᠴᠡ ᠬᠡᠳᠦᠨ ᠳᠠᠬᠢᠨ ᠨᠡᠮᠡᠭ᠌ᠳᠡᠪᠡ》ᠭᠡᠵᠦ᠍ ᠴᠢ ᠬᠦᠢ ᠯᠦᠩ ᠪᠠᠶᠠᠷᠳᠠᠢᠬᠠᠨ ᠶᠠᠷᠢᠨ᠎ᠠ᠃ ᠣᠯᠠᠨ ᠵᠢᠯ᠎ᠦᠨ ᠲᠤᠷᠰᠢ᠂ ᠲᠤᠬᠠᠶ᠎ᠶ᠋ᠢᠨ ᠭᠠᠵᠠᠷ᠎ᠦᠨ ᠬᠢᠨ ᠤᠯᠠᠮᠵᠢᠯᠠᠯᠲᠤ ᠮᠠᠯ ᠠᠵᠤ ᠠᠬᠤᠶ᠎ᠠᠴᠠ᠎ᠪᠠᠨ ᠠᠮᠢ ᠠᠬᠤᠶ᠎ᠶ᠋ᠢᠨ ᠵᠢᠭᠤᠯᠴᠢᠯᠠᠯ᠎ᠤᠨ ᠮᠠᠯ ᠠᠵᠤ ᠠᠬᠤᠶ ᠲᠡᠢᠰᠢ ᠬᠤᠪᠢᠷᠠᠵᠤ᠂ ᠠᠮᠢ ᠠᠬᠤᠶ᠂ ᠠᠵᠤ ᠠᠬᠤᠶ᠎ᠶ᠋ᠢᠨ ᠦᠷ᠎ᠡ ᠠᠱᠢᠭ᠎ᠤᠨ ᠬᠤᠤᠰ ᠡᠯᠪᠡᠭ ᠬᠤᠷᠢᠶᠠᠯᠲᠠ᠎ᠶ᠋ᠢ ᠪᠡᠶᠡᠯᠡᠭᠦᠯᠪᠡ᠃

《ᠠᠷᠪᠠᠨ ᠭᠤᠷᠪᠠᠳᠤᠭᠠᠷ ᠲᠠᠪᠤᠨ ᠵᠢᠯ 》 ᠎ᠤ᠋ᠨ ᠬᠤᠭᠤᠴᠠᠭᠠᠨ᠎ᠳᠤ᠂ ᠥᠪᠥᠷ ᠮᠣᠩᠭᠣᠯ᠎ᠤᠨ ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠶᠠᠰᠤ ᠴᠢᠨᠠᠷ ᠲᠣᠭ᠍ᠲᠠᠭᠤᠨ᠎ᠢᠶᠠᠷ ᠳᠡᠭᠡᠭ᠌ᠰᠢᠯᠡᠵᠦ᠍᠂ ᠠᠵᠤ ᠦᠢᠯᠡᠰ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ 57 ᠶᠠᠳᠠᠭᠤ ᠬᠦᠴᠢᠷᠳᠡᠯᠲᠡᠢ ᠬᠣᠱᠢᠭᠤ ᠱᠢᠶᠠᠨ᠂ 3681 ᠶᠠᠳᠠᠭᠤ ᠬᠦᠴᠢᠷᠳᠡᠯᠲᠡᠢ ᠭᠠᠴᠠᠭ᠎ᠠ ᠲᠣᠰᠭᠣᠨ ᠪᠦᠬᠦᠨ᠎ᠢᠶᠡᠷ᠎ᠢᠶᠡᠨ ᠶᠠᠳᠠᠭᠤ᠎ᠠᠴᠠ ᠠᠩᠭᠢᠵᠢᠷᠠᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ ᠲᠠᠰᠤᠷᠠᠯᠳᠠ ᠦᠭᠡᠢ ᠴᠢᠩᠭᠠᠷᠠᠪᠠ᠃

ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠦᠨᠵᠡᠭᠡᠢ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ

ᠬᠥᠯᠥᠨ ᠪᠣᠢᠷ ᠬᠤᠳᠠ ᠵᠢᠨ ᠵᠠᠯᠠᠨ ᠠᠢᠯ ᠬᠣᠲᠠ᠎ᠶ᠋ᠢᠨ ᠳᠠᠭᠤᠷ ᠦᠨᠳᠦᠰᠦᠲᠡᠨ᠎ᠦ ᠱᠢᠶᠠᠩ᠎ᠦᠨ ᠨᠣᠶᠠᠨᠳᠤᠪᠤ ᠲᠣᠰᠭᠣᠨ᠎ᠤ ᠦᠨᠳᠦᠰᠦᠲᠡᠨ᠎ᠦ ᠭᠠᠷ ᠤᠷᠠᠯᠠᠯ᠎ᠦᠨ ᠤᠯᠠᠮᠵᠢᠯᠠᠯ ᠦᠵᠡᠭᠦᠯᠭᠡ ᠵᠢᠨ ᠲᠥᠪ᠎ᠲᠸ᠋ ᠲᠤᠰᠬᠤᠨ᠎ᠤ ᠠᠷᠠᠳ ᠳ᠋ᠦ᠋ ᠬᠦᠶ ᠶᠢᠩ ᠰᠠᠶᠢᠬᠠᠨ ᠰᠡᠢᠯᠵᠦ ᠲᠠᠭᠤᠰᠤᠭᠰᠠᠨ ᠦᠬᠡᠷ᠎ᠦᠨ ᠠᠷᠠᠰᠤᠨ ᠰᠡᠢᠯᠦᠮᠡᠯ᠎ᠢᠶᠠᠨ ᠪᠠᠬᠠᠷᠬᠠᠨ ᠪᠠᠬᠠᠷᠤᠭᠰᠠᠭᠠᠷ ᠬᠡᠷ ᠤᠷᠤᠭᠤ ᠪᠠᠨ ᠪᠠᠶᠠᠷᠳᠠᠢᠬᠠᠨ ᠶᠠᠪᠤᠯ᠎ᠠ᠃ ᠳ᠋ᠦ᠋ ᠬᠦᠢ ᠶᠢᠩ ᠡᠨᠡ ᠵᠢᠯ 55 ᠨᠠᠰᠤᠲᠠᠢ᠂ ᠡᠸᠡᠩᠬᠢ ᠦᠨᠳᠦᠰᠦᠲᠡᠨ᠂ ᠲᠡᠭᠦᠨ᠎ᠦ ᠡᠷ᠎ᠡ ᠨᠥᠬᠥᠷ ᠹᠠᠨ ᠼᠦᠢ ᠯᠢᠨ ᠪᠣᠯ ᠳᠠᠭᠤᠷ ᠦᠨᠳᠦᠰᠦᠲᠡᠨ ᠪᠣᠯᠤᠨ᠎ᠠ᠃ ᠣᠳᠣ ᠬᠡᠦᠬᠡᠤᠨ᠎ᠦ᠋ᠦᠨ ᠨᠢ ᠪᠦᠷ ᠠᠢᠯ ᠭᠡᠷ ᠪᠣᠯᠵᠤ᠂ ᠰᠤᠯᠠ ᠰᠡᠯᠡᠬᠦᠤ ᠪᠤᠯᠤᠭᠰᠠᠨ ᠳ᠋ᠦ᠋ ᠬᠦᠢ ᠶᠢᠩ ᠬᠦᠳᠡᠭᠡ ᠪᠠᠭᠤᠵᠤ ᠠᠷᠠᠰᠤᠨ ᠡᠳ᠋ᠯᠡᠯ ᠤᠷᠠᠯᠠᠵᠤ ᠰᠡᠢᠯᠬᠦ ᠭᠠᠷ ᠤᠷᠠᠯᠠᠯ᠎ᠦᠨ ᠮᠡᠷᠭᠡᠵᠢᠯ᠎ᠢ ᠰᠤᠷᠴᠤ᠂ ᠶᠠᠪᠤᠬᠤ ᠲᠤᠳᠤᠮ ᠪᠣᠯᠪᠠᠰᠤᠷᠠᠩᠭᠤᠶ ᠪᠣᠯᠵᠠᠶ᠃ ᠨᠣᠶᠠᠨᠳᠤᠪᠤ ᠲᠣᠰᠭᠣᠨ ᠪᠣᠯ ᠨᠢᠭᠡᠨ ᠵᠢᠵᠢᠭ ᠲᠣᠰᠭᠣᠨ ᠪᠠᠢᠵᠤ᠂ ᠪᠠᠢᠩᠭᠤ ᠰᠠᠭᠤᠭ᠎ᠠ ᠬᠥᠮᠦᠨ ᠠᠮᠠ ᠨᠢ 300 ᠭᠠᠷᠤᠶ ᠪᠤᠢ᠂ ᠡᠭᠦᠨ᠎ᠦ ᠳᠣᠲᠣᠷ᠎ᠠ ᠴᠥᠭᠡᠨ ᠲᠣᠭᠠᠲᠤ ᠦᠨᠳᠦᠰᠦᠲᠡᠨ᠎ᠦ ᠬᠥᠮᠦᠨ ᠠᠮᠠ 1/3 ᠎ᠶ᠋ᠢ ᠡᠵᠡᠯᠡᠵᠦ᠍ ᠪᠠᠢᠳᠠᠭ᠃ ᠬᠦᠷᠢᠶᠡᠨ᠎ᠦ ᠪᠠᠨ ᠡᠭᠦᠳᠡᠨ ᠡᠮᠤᠨ᠎ᠠ ᠳᠦ ᠬᠦᠶ ᠶᠢᠩ ᠰᠠᠶᠢᠬᠠᠨ ᠴᠢᠬᠢ ᠮᠣᠳᠣᠨ᠎ᠤ ᠬᠦᠷᠢᠶᠡᠯᠡᠩ᠎ᠡᠴᠡ ᠬᠠᠷᠢᠵᠤ ᠢᠷᠡᠭ᠌ᠰᠡᠨ ᠡᠷ᠎ᠡ ᠨᠥᠬᠥᠷ᠎ᠲᠡᠶ᠎ᠪᠡᠨ ᠠᠭᠤᠯᠵᠠᠵᠠᠶ᠃ ᠹᠠᠨ ᠼᠦᠢ ᠯᠢᠨ ᠱᠢᠶᠠᠩ᠎ᠤᠨ ᠵᠢᠡᠨ ᠣᠢᠲᠤ ᠭᠠᠵᠠᠷ᠎ᠤᠨ ᠬᠠᠮᠢᠶᠠᠷᠤᠯᠲᠠ ᠪᠠ ᠬᠠᠮᠠᠭᠠᠯᠠᠯᠲᠠ᠎ᠶ᠋ᠢᠨ ᠠᠵᠢᠯ᠎ᠢ ᠬᠠᠷᠢᠭᠤᠴᠠᠵᠤ ᠪᠤᠢ᠃ ᠬᠣᠶᠠᠭᠤᠯᠠ ᠭᠡᠷ ᠲᠡᠭᠡᠨ ᠤᠷᠤᠬᠤ ᠳ᠋ᠤ ᠥᠬᠢᠨ ᠹᠠᠨ ᠢᠦᠢ ᠵᠢᠩ ᠨᠢ ᠡᠪᠦᠭᠡ ᠵᠢᠨ᠎ᠢᠶᠡᠨ ᠭᠠᠷ᠎ᠡᠴᠡ ᠠᠳᠬᠤᠵᠤ ᠪᠠᠶᠠᠷ ᠬᠦᠷ ᠲᠠᠢ ᠵᠤᠭᠤᠭ ᠲᠠᠯᠭᠡᠵᠤ ᠪᠠᠢᠯ᠎ᠠ᠃ ᠡᠪᠦᠭᠡ ᠨᠢ ᠹᠠᠨ ᠴᠤᠸᠠᠨ ᠵᠢᠶᠠᠩ ᠮᠠᠨᠵᠤ ᠦᠨᠳᠦᠰᠦᠲᠡᠨ᠂ ᠡᠮᠡᠭᠡ ᠨᠢ ᠺᠠᠩ ᠹᠧᠩ ᡁᠢ ᠳᠠᠭᠤᠷ ᠦᠨᠳᠦᠰᠦᠲᠡᠨ ᠪᠠᠢᠵᠠᠢ᠃ 《ᠤᠤᠯ ᠳ᠋ᠠᠭᠠᠨ᠂ ᠱᠢᠨᠡᠯᠡᠬᠦ᠌ ᠪᠣᠯᠭᠠᠨ ᠡᠮᠡᠭᠡ ᠴᠢᠨᠢ ᠮᠢᠬ᠎ᠠ ᠴᠢᠨᠠᠵᠤ᠂ ᠪᠢ ᠰᠠᠴᠢᠮᠠ ᠬᠢᠳᠡᠭ᠃ ᠵᠡᠷᠭᠡᠯᠡᠳᠡᠭᠡ ᠠᠢᠯ᠎ᠦᠨ ᠬᠢᠨ ᠪᠦᠷ ᠮᠠᠨᠤᠰ᠎ᠢ ᠪᠠᠬᠠᠷᠬᠠᠨ᠎ᠠ᠂ ᠴᠠᠭᠠᠨ ᠰᠠᠷ᠎ᠠ ᠬᠣᠶᠠᠷ ᠵᠦᠶ᠋ᠯ᠎ᠦᠨ ᠠᠮᠲᠠᠲᠤ ᠢᠳᠡᠭᠡᠨ ᠲᠠᠢ》 ᠭᠡᠵᠦ ᠳ᠋ᠦ᠋ ᠬᠦᠢ ᠶᠢᠩ ᠬᠡᠯᠡᠬᠦ ᠳ᠋ᠤ ᠬᠦᠦ ᠪᠡᠷᠢ ᠨᠢ᠄ 《ᠤᠳᠤ ᠮᠠᠨᠠᠢᠬᠢᠨ ᠤᠯᠠᠮ ᠬᠥᠭ᠌ᠵᠢᠶᠡᠨ᠎ᠲᠡᠶ ᠪᠣᠯᠵᠠᠢ! ᠮᠢᠨᠦ᠍ ᠬᠠᠳᠠᠮ ᠡᠵᠢ ᠪᠣᠯ ᠡᠸᠡᠩᠬᠢ ᠦᠨᠳᠦᠰᠦᠲᠡᠨ᠂ ᠪᠢ ᠬᠢᠲᠠᠳ ᠦᠨᠳᠦᠰᠦᠲᠡᠨ᠃ ᠣᠲᠣ ᠱᠢᠨᠡᠯᠡᠬᠦ ᠳ᠋ᠤ ᠮᠠᠨ᠎ᠤ ᠬᠢᠨ ᠳᠥᠷᠪᠡᠨ ᠵᠦᠶ᠋ᠯ᠎ᠦᠨ ᠠᠮᠲᠠᠲᠤ ᠢᠳᠡᠭᠡᠨ ᠪᠠᠵᠠᠭᠠᠵᠤ ᠬᠦᠭᠡᠷᠦᠯᠳᠤᠳᠡᠭ》ᠬᠡᠨ᠎ᠡ᠃ ᠬᠦᠭᠵᠢᠶᠡᠨ ᠨᠠᠷᠬᠢᠶᠠᠨ᠎ᠤ ᠲᠤᠮᠳᠠ ᠲᠠᠨᠭᠰᠤᠭ ᠰᠠᠢᠬᠠᠨ ᠦᠳᠡᠰᠢ᠎ᠶ᠋ᠢᠨ ᠬᠣᠭᠣᠯᠠ ᠱᠢᠷᠡᠭᠡᠨ᠎ᠳᠦ ᠲᠠᠯᠪᠢᠭᠳᠠᠪᠡ᠃ ᠨᠢᠭᠡ ᠭᠡᠷ᠎ᠦᠨ ᠳᠥᠷᠪᠡᠨ ᠦᠶ᠎ᠡ᠎ᠶ᠋ᠢᠨ ᠬᠢᠨ᠂ ᠳᠥᠷᠪᠡᠨ ᠦᠨᠳᠦᠰᠦᠲᠡᠨ ᠪᠠᠶᠠᠷ ᠬᠦᠷ ᠲᠠᠢ ᠠᠵᠤ ᠲᠦᠷᠦᠨ᠎ᠡ ᠪᠢᠯᠡ᠃

ᠳᠠᠭᠤᠷ ᠦᠨᠳᠦᠰᠦᠲᠡᠨ᠎ᠦ ᠱᠢᠶᠠᠩ᠎ᠳᠤ ᠹᠠᠨ ᠣᠪᠣᠭ᠍ᠲᠤ᠎ᠶ᠋ᠢᠨ ᠬᠢ ᠱᠢᠭ᠋ ᠣᠯᠠᠨ ᠦᠨᠳᠦᠰᠦᠲᠡᠨ ᠵᠢᠡᠷ ᠪᠦᠷᠢᠯᠳᠦᠭᠰᠡᠨ ᠡᠷᠦᠬᠡ ᠬᠡᠳᠦᠨ ᠠᠷᠪᠠ ᠪᠤᠢ᠃ ᠱᠢᠶᠠᠩ᠎ᠤᠨ ᠨᠠᠮ᠎ᠤᠨ ᠬᠣᠷᠢᠶᠠᠨ᠎ᠤ ᠳᠡᠳ᠋ ᠱᠦᠵᠢ ᠺᠠᠢ ᠨᠠᠨ᠄ 《ᠡᠳᠡᠭᠡᠷ 〈ᠦᠨᠳᠦᠰᠦᠳᠡᠨ ᠎ᠤ ᠪᠦᠯᠬᠦᠮᠳᠡᠯ ᠎ᠤᠨ ᠡᠷᠦᠬᠡ〉 ᠨᠤᠬᠦᠳ᠎ᠤᠨ ᠵᠣᠯ ᠵᠢᠷᠭᠠᠯᠳᠤ ᠠᠮᠢᠳᠤᠷᠠᠯ ᠪᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢᠨ ᠠᠮᠢᠳᠤᠯᠢᠭ ᠵᠢᠷᠤᠭᠯᠠᠯ ᠮᠥᠨ》ᠬᠡᠵᠤ ᠶᠠᠷᠢᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠦᠪᠡᠷᠳᠡᠭᠡᠨ ᠵᠠᠰᠠᠬᠤ ᠤᠷᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠣᠭ᠍ᠴᠠᠯᠠᠵᠤ᠂ ᠨᠠᠮ᠎ᠤᠨ ᠦᠨᠳᠦᠰᠦᠲᠡᠨ᠎ᠦ ᠲᠦᠷᠦ᠍᠎ᠶ᠋ᠢᠨ ᠪᠤᠳᠤᠯᠭ᠎ᠠ᠎ᠶ᠋ᠢ ᠲᠠᠰᠤᠷᠠᠯᠳᠠ ᠦᠭᠡᠢ ᠤᠬᠠᠭᠤᠯᠵᠤ᠂ ᠡᠯ᠎ᠡ ᠵᠦᠢᠯ᠎ᠦᠨ ᠠᠵᠢᠯᠯᠠᠭ᠎ᠠ ᠥᠷᠨᠢᠭᠦᠯᠵᠦ᠍ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠬᠦᠨᠵᠡᠭᠡᠢ ᠠᠬᠢᠭᠤᠯᠵᠤ᠂ ᠦᠨᠳᠦᠰᠦᠳᠡᠨ ᠨᠤᠬᠦᠳ ᠪᠦᠯᠬᠦᠮᠳᠡᠨ ᠨᠢᠭᠡ ᠬᠡᠷ ᠪᠦᠯᠢ ᠵᠢᠨ ᠮᠡᠳᠦ ᠲᠤᠳᠤᠨᠤ ᠰᠠᠢᠨ ᠰᠠᠢᠬᠠᠨ ᠪᠠᠢᠳᠠᠯ᠎ᠢ ᠲᠠᠰᠤᠷᠠᠯᠳᠠ ᠦᠭᠡᠢ ᠪᠡᠬᠢᠵᠢᠬᠦᠯᠦᠨ᠎ᠡ᠃

ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠠᠮᠤᠷ ᠲᠣᠭ᠍ᠲᠠᠭᠤᠨ ᠡᠶ᠎ᠡ ᠵᠣᠬᠢᠴᠠᠩᠭᠤᠶ ᠵᠤᠯ ᠵᠢᠷᠭᠠᠯᠳᠤ ᠬᠡᠷ ᠤᠷᠤᠨ᠎ᠢ ᠴᠤᠭᠴᠠᠯᠠᠨ᠎ᠠ

ᠬᠥᠯᠥᠨ ᠪᠣᠢᠷ ᠬᠣᠲᠠ᠎ᠶ᠋ᠢᠨ ᠱᠢᠨ᠎ᠡ ᠪᠠᠷᠭᠤ ᠪᠠᠷᠠᠭᠤᠨ ᠬᠣᠱᠢᠭᠤᠨ᠎ᠤ ᠠᠯᠲᠠᠨ ᠡᠮᠡᠭᠡᠯ ᠪᠠᠯᠭᠠᠰᠤᠨ᠎ᠤ ᠱᠠᠩᠳᠠ ᠭᠠᠴᠠᠭ᠎ᠠ᠎ᠨᠢ ᠬᠡᠷ ᠪᠠᠢᠱᠢᠩ ᠵᠢᠭᠳᠡᠷᠡᠨ᠂ ᠬᠣᠨᠢᠨ ᠰᠦᠷᠦᠭ ᠲᠠᠷᠭᠤ ᠰᠠᠢᠲᠠᠶ ᠪᠠᠢᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠠᠮᠢᠳᠤᠷᠠᠯ ᠡᠳᠦᠷ ᠡᠴᠡ ᠡᠳᠦᠷ ᠰᠠᠢᠵᠢᠷᠠᠨ᠎ᠠ᠃

2017 ᠣᠨ᠎ᠳᠤ ᠱᠠᠩᠳᠠ ᠭᠠᠴᠠᠭᠠᠨ᠎ᠤ ᠬᠢᠨ 100 ᠲᠦᠮᠡᠨ ᠲᠥᠭᠥᠷᠢᠭ᠎ᠤᠨ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠭᠦᠯᠦᠯᠲᠡ ᠵᠢᠨ ᠪᠠᠯᠠ ᠮᠥᠩᠭᠥ ᠵᠢ ᠬᠡᠷᠡᠭᠯᠡᠨ 1275 ᠬᠤᠷᠠᠭ᠎ᠠ ᠬᠤᠳᠠᠯᠳᠤᠨ ᠠᠪᠴᠤ᠌᠂ ᠲᠡᠵᠢᠭᠡᠨ ᠦᠷᠡᠵᠢᠭᠦᠯᠬᠦ᠌ ᠰᠠᠭᠤᠷᠢᠨ᠎ᠢ ᠪᠠᠢᠭᠤᠯᠪᠠ᠃ 2019 ᠣᠨ᠎ᠠᠴᠠ ᠡᠬᠢᠯᠡᠨ᠂ ᠭᠠᠴᠠᠭᠠᠨ᠎ᠠᠴᠠ 1000 ᠭᠠᠷᠤᠶ ᠡᠬᠡ ᠮᠠᠯ᠎ᠢ ᠬᠠᠷᠢᠴᠠᠩᠭᠤᠶ ᠶᠠᠳᠠᠭᠤ ᠬᠦᠴᠢᠷᠳᠡᠯᠲᠡᠶ ᠮᠠᠯᠴᠢᠳ᠎ᠲᠤ ᠳᠠᠭᠠᠭᠠᠴᠢᠯᠠᠭᠤᠯᠵᠤ᠂ ᠬᠡᠳᠦᠨ ᠵᠢᠯ᠎ᠦᠨ ᠬᠥᠭ᠌ᠵᠢᠯᠲᠡ᠎ᠪᠡᠷ ᠳᠡᠮᠵᠢᠨ᠂ ᠭᠠᠴᠠᠭᠠᠨ᠎ᠤ ᠬᠠᠮᠲᠤ᠎ᠶ᠋ᠢᠨ ᠠᠵᠤ ᠠᠬᠤᠶ᠎ᠶ᠋ᠢᠨ ᠣᠷᠣᠯᠭ᠎ᠠ ᠂ ᠮᠠᠯᠴᠢᠳ᠎ᠤᠨ ᠤᠷᠤᠯᠭ᠎ᠠ ᠵᠢ ᠨᠡᠮᠡᠭᠳᠡᠬᠦᠯᠵᠦ᠂ ᠪᠣᠬᠢᠷᠲᠤᠯ ᠥᠬᠡᠶ᠎ᠪᠠᠶᠠᠵᠢᠯ᠎ᠤᠨ ᠵᠠᠮ᠎ᠢ ᠨᠡᠭᠡᠭᠡᠭ᠌ᠰᠡᠨ ᠪᠠᠢᠨ᠎ᠠ᠃

ᠡᠬᠡ ᠤᠯᠤᠰ᠎ᠤᠨ ᠤᠮᠠᠷᠠᠲᠤ᠎ᠶ᠋ᠢᠨ 4200 ᠭᠠᠷᠤᠶ ᠺᠢᠯᠣᠮᠧᠲ᠋ᠷ᠎ᠦᠨ ᠬᠢᠯᠢ᠎ᠶ᠋ᠢᠨ ᠱᠤᠭᠤᠮ ᠳᠡᠭᠡᠷ᠎ᠡ᠂ ᠥᠪᠥᠷ ᠮᠣᠩᠭᠣᠯ᠎ᠤᠨ 20 ᠬᠢᠯᠢ᠎ᠶ᠋ᠢᠨ ᠬᠣᠱᠢᠭᠤ ᠬᠣᠲᠠ (ᠲᠣᠭᠣᠷᠢᠭ) ᠲᠠᠷᠬᠠᠵᠤ ᠪᠠᠢᠳᠠᠭ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠠᠴᠠ ᠨᠠᠭᠠᠰᠢ᠂ ᠥᠪᠥᠷ ᠮᠣᠩᠭᠣᠯ ᠬᠢᠯᠢ ᠬᠢᠵᠠᠭᠠᠷ ᠣᠷᠣᠨ᠎ᠢ ᠪᠡᠬᠢᠵᠢᠭᠦᠯᠦᠨ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠶᠡᠬᠡ ᠪᠡᠷ ᠠᠬᠢᠭᠤᠯᠵᠤ᠂ ᠲᠥᠪ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ ᠴᠥᠭᠡᠨ ᠲᠣᠭᠠᠲᠤ ᠦᠨᠳᠦᠰᠦᠲᠡᠨ᠎ᠦ ᠬᠥᠭ᠌ᠵᠢᠭᠦᠯᠦᠯᠲᠡ᠎ᠶ᠋ᠢᠨ ᠪᠠᠯᠠ ᠮᠥᠩᠭᠥ᠎ᠶ᠋ᠢ ᠨᠡᠢᠲᠡ 56.8636 ᠳ᠋ᠦᠩᠱᠢᠭᠤᠷ ᠲᠥᠭᠥᠷᠢᠭ ᠪᠠᠭᠤᠯᠭᠠᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ ᠪᠦᠯᠬᠦᠮᠳᠡᠨ ᠲᠡᠮᠡᠴᠡᠵᠦ᠍᠂ ᠬᠢᠯᠢ ᠬᠢᠵᠠᠭᠠᠷ ᠣᠷᠣᠨ᠎ᠢᠶᠠᠨ ᠬᠥᠭ᠌ᠵᠢᠭᠦᠯᠦᠨ ᠮᠠᠨᠳᠤᠭᠤᠯᠵᠠᠶ᠃

《ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠨ᠎ᠠ》᠃ ᠡᠳᠦᠭᠡ᠂ ᠥᠪᠥᠷ ᠮᠣᠩᠭᠣᠯ᠎ᠤᠨ ᠡᠨᠡ ᠬᠦ᠌ ᠦᠨᠢᠷ ᠪᠠᠶᠠᠯᠢᠭ ᠦᠵᠡᠰᠭᠦᠯᠡᠩᠲᠦ ᠰᠠᠢᠬᠠᠨ ᠨᠤᠲᠤᠭ ᠳᠡᠪᠢᠰᠭᠡᠷ ᠳᠡᠭᠡᠷ᠎ᠡ᠂ 2400 ᠲᠦᠮᠡᠨ ᠬᠥᠪᠡᠭᠦᠳ ᠥᠬᠢᠳ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠵᠤ᠂ ᠡᠷᠡᠮᠡᠬᠡᠢᠯᠡᠨ ᠤᠷᠤᠭ᠍ᠰᠢᠯᠠᠵᠤ᠂ ᠡᠬᠡ ᠤᠯᠤᠰ᠎ᠤᠨ ᠤᠮᠠᠷᠠᠲᠤ᠎ᠶ᠋ᠢᠨ ᠡᠨᠡ ᠬᠦ᠌ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠳᠦᠭᠡᠨ ᠪᠠᠢᠭᠤᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面