ᠲᠡᠷᠢᠭᠦᠨ ᠨᠢᠭᠤᠷ>ᠭᠡᠷ ᠤᠷᠤᠨ>ᠤᠯᠠᠮᠵᠢᠯᠠᠯᠲᠤ ᠤᠷ᠎ᠠ ᠮᠡᠷᠭᠡᠵᠢᠯ᠎ᠢ ᠰᠤᠨᠢᠷᠬᠠᠵᠤ· ᠠᠭᠤᠰᠤᠯᠴᠠᠯ᠎ᠤᠨ ᠦᠯᠢᠭᠡᠷ᠎ᠢ ᠰᠤᠨᠤᠰᠤᠶ᠎ᠠ

2026-09-09 11:36:38

ᠵᠣᠬᠢᠶᠠᠭ᠍ᠴᠢ᠄ ᠪᠠᠢ ᠰᠡᠴᠡᠨ ᠣᠩᠱᠢᠭ᠍ᠰᠠᠨ ᠣᠳᠠᠭ᠎ᠠ᠄ 3

ᠤᠢᠷ᠎ᠠ᠎ᠶ᠋ᠢᠨ ᠵᠢᠯ᠎ᠠᠴᠠ ᠣᠷᠳᠤᠰ ᠬᠤᠲᠠ᠎ᠶ᠋ᠢᠨ ᠬᠠᠩᠬᠢᠨ ᠬᠤᠰᠢᠭᠤ ᠲᠤᠮᠳᠠᠳᠤ᠎ᠶ᠋ᠢᠨ ᠦᠨᠳᠦᠰᠦᠳᠡᠨ᠎ᠤ ᠬᠠᠮᠳᠤ᠎ᠶ᠋ᠢᠨ ᠴᠤᠭᠴᠠ᠎ᠶ᠋ᠢᠨ ᠤᠬᠠᠮᠰᠠᠷ᠎ᠢ ᠪᠠᠳᠤ ᠴᠤᠭᠴᠠᠯᠠᠬᠤ᠎ᠪᠠᠷ ᠭᠤᠤᠯ ᠰᠢᠵᠢᠮ ᠪᠤᠯᠭᠠᠬᠤ᠎ᠶ᠋ᠢ ᠪᠠᠷᠢᠮᠳᠠᠯᠠᠵᠤ᠂ ᠰᠤᠶᠤᠯ ᠵᠢᠭᠤᠯᠴᠢᠯᠠᠯ᠎ᠢᠶᠠᠷ ᠦᠨᠳᠦᠰᠦᠳᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠬᠤ ᠠᠵᠢᠯ᠎ᠤᠨ ᠱᠠᠭᠠᠷᠳᠠᠯᠭ᠎ᠠ᠎ᠶ᠋ᠢ ᠭᠦᠨᠵᠡᠭᠡᠢ ᠨᠠᠶ᠋ᠢᠳᠠᠪᠤᠷᠢᠵᠢᠭᠤᠯᠵᠤ᠂ ᠰᠢᠨ᠎ᠠ ᠴᠠᠭ ᠦᠶ᠎ᠠ᠎ᠶ᠋ᠢᠨ ᠦᠨᠳᠦᠰᠦᠳᠡᠨ᠎ᠤ ᠪᠦᠯᠬᠦᠮᠳᠡᠯ ᠲᠠᠪᠰᠢᠯᠳᠠ᠎ᠶ᠋ᠢᠨ ᠦᠢᠯᠡᠰ᠎ᠢ ᠯᠠᠪᠳᠠᠭᠤᠨ ᠪᠠᠳᠤᠳᠠᠢ ᠠᠬᠢᠭᠤᠯᠵᠤ ᠪᠠᠢᠨ᠎ᠠ᠃ ᠴᠢᠨᠠᠷ ᠰᠠᠶ᠋ᠢᠲᠠᠢ ᠨᠤᠲᠤᠭ ᠪᠡᠯᠴᠢᠭᠡᠷ ᠪᠠ ᠭᠦᠨ ᠵᠤᠵᠠᠭᠠᠨ ᠪᠣᠳᠠᠰ᠎ᠤᠨ ᠪᠤᠰᠤ ᠰᠣᠶᠤᠯ᠎ᠤᠨ ᠥᠪ᠎ᠤᠨ ᠡᠬᠢ ᠪᠠᠶᠠᠯᠢᠭ᠎ᠲᠤ᠌ ᠰᠠᠭᠤᠷᠢᠯᠠᠵᠤ᠂ ᠰᠣᠶᠤᠯ ᠵᠢᠭᠤᠯᠴᠢᠯᠠᠯ᠎ᠢ ᠭᠦᠨᠵᠡᠭᠡᠢ ᠠᠭᠤᠰᠤᠯᠴᠠᠭᠤᠯᠬᠤ᠎ᠪᠡᠷ ᠭᠠᠷᠳᠠᠴᠠ ᠪᠣᠯᠭᠠᠨ᠂ 《ᠤᠶᠤᠨᠲᠤ᠌ ᠨᠤᠲᠤᠭ ᠪᠡᠯᠴᠢᠭᠡᠷ + ᠪᠣᠳᠠᠰ᠎ᠤᠨ ᠪᠤᠰᠤ ᠰᠤᠶᠤᠯ᠎ᠦᠨ ᠦᠪ᠎ᠦᠨ ᠦᠢᠯᠡᠳᠬᠡᠯ᠎ᠤᠨ ᠭᠠᠵᠠᠷ》᠎ᠤ᠋ᠨ ᠲᠦᠷᠦᠯ ᠵᠦᠢᠯ᠎ᠢ ᠬᠡᠷᠡᠭᠵᠢᠬᠦᠯᠵᠦ᠂ ᠠᠮᠢ ᠠᠬᠤᠢ᠎ᠶ᠋ᠢ ᠬᠠᠮᠠᠭᠠᠯᠠᠬᠤ᠂ ᠲᠤᠮᠳᠠᠳᠤ ᠵᠢᠨ ᠦᠨᠳᠦᠰᠦᠳᠡᠨ᠎ᠤ ᠰᠢᠯᠢᠳᠡᠭ ᠤᠯᠠᠮᠵᠢᠯᠠᠯᠳᠤ ᠰᠣᠶᠤᠯ᠎ᠢ ᠤᠯᠠᠮᠵᠢᠯᠠᠨ ᠬᠦᠭᠵᠢᠬᠦᠯᠬᠦ᠂ ᠤᠯᠠᠨ ᠲᠦᠮᠡᠨ᠎ᠤ ᠣᠷᠤᠯᠭ᠎ᠠ᠎ᠶ᠋ᠢ ᠨᠡᠮᠡᠭᠳᠡᠭᠦᠯᠬᠦ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠠᠬᠢᠭᠤᠯᠬᠤ ᠵᠠᠮ᠎ᠢᠶᠡᠷ ᠢᠳᠡᠷᠡᠬᠦᠨ ᠤᠷᠤᠭᠰᠢᠯᠠᠨ᠎ᠠ᠃


QQ截图20260909114917.png


《ᠥᠩᠭᠡᠷᠡᠭᠰᠡᠨ᠎ᠤ ᠦᠵᠡᠮᠵᠢ᠎ᠶ᠋ᠢᠨ ᠣᠷᠤᠨ᠎ᠤ ᠪᠣᠳᠠᠰ᠎ᠤᠨ ᠪᠤᠰᠤ ᠰᠣᠶᠤᠯ᠎ᠤᠨ ᠥᠪ᠎ᠤᠨ ᠦᠵᠡᠭᠦᠯᠭᠡ᠎ᠵᠢᠨ ᠣᠯᠠᠩᠬᠢ ᠨᠢ ᠲᠠᠶ᠋ᠢᠰᠠᠨ᠎ᠤ ᠦᠵᠡᠭᠦᠯᠭᠡ᠎ᠪᠠᠷ ᠭᠤᠤᠯ ᠪᠣᠯᠭᠠᠵᠤ᠂ ᠬᠡᠯᠪᠡᠷᠢ᠎ᠨᠢ ᠲᠠᠩ ᠴᠤᠯᠭᠤᠢ᠂ ᠬᠠᠷᠢᠯᠴᠠᠨ ᠦᠢᠯᠡᠳᠦᠯᠴᠡᠬᠦ ᠲᠡᠯ᠎ᠠ᠎ᠪᠠᠷ ᠬᠦᠷᠦᠯᠴᠡᠬᠦ᠌ ᠥᠬᠡᠢ ᠪᠠᠶ᠋ᠢᠵᠠᠢ᠂ ᠡᠨᠡ ᠨᠢ ᠵᠢᠭᠤᠯᠴᠢᠯᠠᠭᠰᠠᠳ᠎ᠲᠸ᠋ ᠬᠦᠨᠵᠡᠭᠡᠢ ᠰᠠᠭᠤᠭᠳᠠᠯ ᠦᠯᠡᠳᠡᠭᠡᠵᠤ ᠲᠡᠢᠯᠬᠦ ᠦᠭᠡᠢ ᠪᠠᠢᠳᠠᠭ》 ᠭᠡᠵᠦ ᠣᠷᠳᠤᠰ᠎ᠤᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠣᠷᠤᠨ᠎ᠤ ᠶᠡᠷᠦᠩᠬᠡᠶ᠋ᠢᠯᠡᠭᠰᠡᠨ ᠬᠡᠷᠡᠭ ᠶᠠᠪᠤᠳᠠᠯ᠎ᠤᠨ ᠳᠠᠭᠠᠭᠠᠮᠠᠯ ᠭᠤᠤ ᠰᠢᠶᠠ ᠬᠡᠯᠡᠪᠡ᠃ ᠲᠡᠷᠡ᠂ ᠤᠳᠤ ᠪᠥᠲᠦᠭᠡᠨ ᠪᠠᠢᠭᠤᠯᠵᠤ ᠪᠠᠢᠭ᠎ᠠ ᠪᠣᠳᠠᠰ᠎ᠤᠨ ᠪᠤᠰᠤ ᠰᠣᠶᠤᠯ᠎ᠤᠨ ᠥᠪ᠎ᠤᠨ ᠣᠶᠤᠨᠴᠢ ᠦᠢᠯᠡᠳᠭᠡᠯ᠎ᠦᠨ ᠭᠠᠵᠠᠷ ᠨᠢ ᠦᠵᠡᠮᠵᠢ᠎ᠶ᠋ᠢᠨ ᠣᠷᠤᠨ᠎ᠤ ᠭᠤᠤᠯ ᠣᠷᠤᠨ ᠪᠦᠰᠡ᠎ᠳᠤ ᠪᠠᠢᠷᠢᠯᠠᠵᠤ᠂ ᠦᠩᠭᠡᠷᠡᠭᠰᠡᠨ᠎ᠤ ᠲᠣᠭᠠᠴᠢᠯᠠᠭᠰᠠᠨ ᠳᠠᠮᠵᠢᠭᠤᠯᠭ᠎ᠠ᠎ᠶ᠋ᠢᠨ ᠲᠠᠯ᠎ᠠ ᠵᠢᠨ ᠳᠤᠲᠠᠭᠤᠳᠠᠯ᠎ᠢ ᠭᠤᠤᠯᠳᠠᠯᠭ᠎ᠠ᠎ᠲᠠᠢ ᠨᠥᠬᠦᠪᠦᠷᠢᠯᠡᠵᠦ᠍᠂ ᠬᠦᠨ ᠨᠡᠪᠴᠢᠬᠦᠯᠬᠦ ᠮᠠᠶᠢᠭ᠎ᠤᠨ ᠪᠡᠶᠡᠴᠢᠯᠡᠨ ᠤᠢᠯᠠᠭᠠᠯᠳᠠ ᠪᠡᠷ ᠤᠯᠤᠰ᠎ᠤᠨ ᠳᠣᠲᠤᠭᠠᠳᠤ ᠭᠠᠳᠠᠭᠠᠳᠤ᠎ᠶ᠋ᠢᠨ ᠵᠢᠭᠤᠯᠴᠢᠯᠠᠭᠰᠠᠳ᠎ᠲᠤ᠌ ᠲᠠᠯ᠎ᠠ ᠨᠤᠲᠤᠭ᠎ᠤᠨ ᠰᠣᠶᠤᠯ᠎ᠢ ᠬᠦᠨᠵᠡᠭᠡᠢ ᠤᠢᠯᠠᠭᠠᠭᠤᠯᠵᠤ᠂ ᠦᠨᠳᠦᠰᠦᠲᠡᠨ᠎ᠤ ᠨᠥᠬᠦᠷᠯᠡᠯ᠎ᠢ ᠵᠤᠵᠠᠭᠠᠳᠬᠠᠬᠤ ᠰᠣᠯᠢᠯᠴᠠᠭᠠᠨ᠎ᠤ ᠲᠠᠪᠴᠠᠩ᠎ᠢ ᠪᠠᠶ᠋ᠢᠭᠤᠯᠵᠤ ᠥᠭᠬᠦᠨ᠎ᠠ ᠬᠡᠵᠠᠢ᠃

《ᠲᠡᠭᠡᠳᠦ ᠱᠠᠳᠤᠨ᠎ᠤ ᠬᠠᠪᠰᠤᠷᠤᠨ ᠲᠡᠳᠬᠦᠬᠦ᠌ ᠪᠡᠯᠡ ᠮᠥᠩᠭᠦ᠎ᠶ᠋ᠢ ᠨᠠᠷᠢᠯᠢᠭ ᠤᠨᠤᠴᠠᠳᠠᠢ ᠪᠡᠷ ᠬᠡᠷᠡᠭᠯᠡᠵᠦ᠂ ᠤᠯᠠᠨ ᠲᠦᠮᠡᠨ᠎ᠳᠤ ᠠᠰᠢᠭ ᠬᠦᠷᠲᠡᠭᠡᠬᠦ᠎ᠳᠤ ᠢᠮᠠᠭᠲᠠ ᠳᠤᠮᠳᠠᠳᠤ᠎ᠶ᠋ᠢᠨ ᠦᠨᠳᠦᠰᠦᠲᠡᠨ᠎ᠤ ᠬᠠᠮᠲᠤ᠎ᠶ᠋ᠢᠨ ᠴᠣᠭᠴᠠ᠎ᠶ᠋ᠢᠨ ᠤᠬᠠᠮᠰᠠᠷ᠎ᠢ ᠪᠠᠲᠤ᠌ ᠴᠣᠭᠴᠠᠯᠠᠬᠤ ᠲᠣᠭᠤᠷᠢᠨ᠎ᠳᠤ ᠲᠦᠷᠦᠯ ᠵᠦᠢᠯ᠎ᠢ ᠲᠥᠯᠦᠪᠵᠢᠭᠦᠯᠵᠦ᠍᠂ ᠬᠥᠭᠵᠢᠯᠲᠡ᠎ᠶ᠋ᠢ ᠳᠠᠶ᠋ᠢᠴᠢᠯᠠᠬᠤ ᠬᠡᠷᠡᠭᠳᠡᠢ》ᠬᠡᠵᠤ ᠬᠠᠩᠭᠢᠨ ᠬᠤᠰᠢᠭᠤᠨ᠎ᠤ ᠦᠨᠳᠦᠰᠦᠲᠡᠨ᠎ᠤ ᠬᠡᠷᠡᠭ ᠡᠷᠬᠢᠯᠡᠬᠦ᠌ ᠵᠥᠪᠯᠡᠯ᠎ᠤᠨ ᠳᠡᠳ᠋ ᠡᠷᠬᠢᠯᠡᠭᠴᠢ ᠰᠡᠴᠡᠨᠴᠤᠭᠳᠤ ᠬᠡᠯᠡᠪᠡ᠃ ᠲᠡᠷᠡ᠂ ᠲᠥᠷᠦᠯ ᠵᠦᠢᠯ᠎ᠨᠢ ᠲᠥᠯᠦᠪᠵᠢᠭᠦᠯᠭᠡ᠎ᠶ᠋ᠢᠨ ᠡᠬᠢᠨ᠎ᠤ ᠬᠤᠭᠤᠴᠠᠭᠠᠨ ᠳ᠋ᠤ ᠦᠵᠡᠮᠵᠢ᠎ᠶ᠋ᠢᠨ ᠣᠷᠤᠨ ᠪᠣᠯᠤᠨ ᠲᠣᠰᠭᠤᠨ᠎ᠤ ᠬᠠᠮᠲᠤ᠎ᠶ᠋ᠢᠨ ᠠᠰᠢᠭ ᠲᠤᠰᠠ᠎ᠶ᠋ᠢᠨ ᠬᠤᠯᠪᠤᠭᠠᠨ᠎ᠤ ᠲᠣᠭᠲᠠᠴᠠ᠎ᠶ᠋ᠢ ᠪᠠᠶ᠋ᠢᠭᠤᠯᠵᠤ᠂ ᠰᠣᠶᠤᠯ ᠵᠢᠭᠤᠯᠴᠢᠯᠠᠯ᠎ᠢᠶᠡᠷ ᠲᠠᠷᠢᠶᠠᠯᠠᠩ᠎ᠤᠨ ᠠᠵᠤ ᠦᠢᠯᠡᠰ᠎ᠢ ᠬᠦᠭᠵᠢᠬᠦᠯᠬᠦ ᠪᠢᠲᠡᠭᠦᠦ ᠴᠠᠭᠠᠷᠢᠭ᠎ᠢ ᠪᠦᠷᠢᠨᠰᠢᠬᠦᠯᠦᠨ᠎ᠡ ᠭᠡᠪᠡ᠃ ᠵᠢᠱ᠌ᠢᠯᠳᠠ᠎ᠪᠠᠷ 2027 ᠣᠨ᠎ᠤ 6 ᠰᠠᠷ᠎ᠠ᠎ᠳᠤ ᠠᠰᠢᠭᠯᠠᠯᠳᠠ᠎ᠳᠤ ᠣᠷᠤᠭᠤᠯᠵᠤ᠂ ᠪᠠᠶ᠋ᠢᠭᠤᠯᠵᠤ ᠳᠠᠭᠤᠰᠤᠭᠰᠠᠨ᠎ᠤ ᠳᠠᠷᠠᠭ᠎ᠠ ᠵᠢᠯ ᠪᠦᠷᠢ ᠶᠡᠬᠡᠠᠤᠰᠤ ᠰᠤᠮᠤ᠎ᠶ᠋ᠢᠨ ᠣᠷᠤᠯᠭ᠎ᠠ᠎ᠶ᠋ᠢ 26 ᠲᠦᠮᠡᠨ ᠲᠥᠭᠦᠷᠢᠭ ᠣᠷᠴᠢᠮ ᠨᠡᠮᠡᠭᠳᠡᠭᠦᠯᠵᠦ᠍᠂ ᠠᠰᠢᠭ ᠣᠷᠤᠯᠭ᠎ᠠ᠎ᠶ᠋ᠢ ᠬᠠᠷᠢᠶ᠎ᠠ ᠣᠷᠤᠨ᠎ᠤ 12 ᠭᠠᠴᠠᠭ᠎ᠠ ᠲᠣᠰᠭᠤᠨ᠎ᠳᠤ ᠨᠢᠭᠡᠳᠦᠯᠲᠡᠢ ᠲᠥᠯᠦᠪᠵᠢᠬᠦᠯᠦᠨ ᠬᠤᠪᠢᠶᠠᠷᠢᠯᠠᠵᠤ᠂ ᠲᠣᠰᠭᠤᠨ᠎ᠤ ᠬᠠᠮᠲᠤ᠎ᠶ᠋ᠢᠨ ᠠᠵᠤ ᠠᠬᠤᠢ᠎ᠶ᠋ᠢ ᠦᠷᠭᠦᠯᠵᠢᠯᠡᠨ ᠬᠥᠭᠵᠢᠭᠦᠯᠵᠦ᠍᠂ ᠰᠣᠶᠤᠯ ᠵᠢᠭᠤᠯᠴᠢᠯᠠᠯ᠎ᠤᠨ ᠬᠥᠭᠵᠢᠯᠲᠡ᠎ᠶ᠋ᠢᠨ ᠦᠷ᠎ᠡ ᠠᠰᠢᠭ᠎ᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠲᠣᠭᠲᠠᠭᠤᠨ᠎ᠢᠶᠠᠷ ᠡᠳ᠋ᠯᠡᠭᠦᠯᠦᠨ᠎ᠡ ᠬᠡᠵᠤ ᠲᠠᠨᠢᠯᠴᠠᠭᠤᠯᠤᠯ᠎ᠠ᠃


QQ截图20260909114937.png


ᠣᠳᠤᠬᠠᠨ᠎ᠳᠤ᠂ ᠲᠦᠷᠦᠯ ᠵᠦᠢᠯ᠎ᠤᠨ ᠪᠦᠳᠦᠭᠡᠨ ᠪᠠᠢᠭᠤᠯᠤᠯᠳᠠ ᠵᠢ ᠨᠢᠭᠡᠨᠳᠡ ᠡᠬᠢᠯᠡᠬᠦᠯᠵᠦ᠂ ᠲᠣᠭᠠᠴᠢᠯᠠᠭᠰᠠᠨ ᠰᠢᠰᠲᠧᠮ᠂ ᠲᠥᠬᠦᠭᠡᠷᠦᠮᠵᠢ ᠬᠤᠳᠠᠯᠳᠤᠨ ᠠᠪᠬᠤ ᠠᠵᠢᠯ᠎ᠢ ᠡᠮᠬᠢ ᠵᠢᠷᠤᠮ᠎ᠲᠠᠢ᠎ᠪᠠᠷ ᠠᠬᠢᠭᠤᠯᠵᠤ ᠪᠠᠶ᠋ᠢᠨ᠎ᠠ᠃ ᠲᠥᠷᠦᠯ ᠵᠤᠶ᠋ᠢᠯ᠎ᠨᠢ ᠵᠠᠰᠠᠭ᠎ᠤᠨ ᠣᠷᠳᠤᠨ ᠬᠤᠳᠠᠯᠳᠤᠨ ᠠᠪᠬᠤ᠎ᠶ᠋ᠢ ᠴᠢᠩᠭ᠎ᠠ ᠬᠡᠷᠡᠭᠵᠢᠭᠦᠯᠵᠦ᠍᠂ ᠪᠦᠬᠦ᠌ ᠶᠠᠪᠤᠴᠠ ᠳ᠋ᠤ ᠵᠠᠰᠠᠭ᠎ᠦᠨ ᠠᠵᠢᠯ᠎ᠦᠨ ᠪᠦᠲᠦᠮᠵᠢ᠎ᠶ᠋ᠢᠨ ᠦᠨᠡᠯᠡᠯᠲᠡ᠎ᠶ᠋ᠢ ᠬᠡᠷᠡᠭᠵᠢᠭᠦᠯᠵᠦ᠍᠂ ᠵᠢᠭᠤᠯᠴᠢᠯᠠᠯ᠎ᠦᠨ ᠤᠷᠤᠨ ᠪᠠ ᠲᠣᠰᠭᠤᠨ᠎ᠤ ᠠᠰᠢᠭ ᠲᠤᠰᠠ᠎ᠶ᠋ᠢ ᠬᠤᠯᠪᠤᠬᠤ᠂ ᠬᠠᠮᠲᠤ᠎ᠶ᠋ᠢᠨ ᠠᠵᠤ ᠠᠬᠤᠢ᠎ᠶ᠋ᠢᠨ ᠣᠷᠤᠯᠭ᠎ᠠ᠎ᠶ᠋ᠢ ᠨᠡᠮᠡᠭᠳᠡᠭᠦᠯᠬᠦ᠎ᠶ᠋ᠢ ᠳᠠᠶ᠋ᠢᠴᠢᠯᠠᠬᠤ᠂ ᠦᠨᠳᠦᠰᠦᠲᠡᠨ᠎ᠤ ᠰᠣᠶᠤᠯ᠎ᠤᠨ ᠠᠭᠤᠰᠤᠯᠴᠠᠯ᠎ᠢ ᠠᠬᠢᠭᠤᠯᠬᠤ᠎ᠪᠠᠷ ᠭᠤᠤᠯ ᠪᠣᠯᠭᠠᠵᠤ᠂ ᠪᠡᠯᠡ ᠮᠥᠩᠭᠦ᠎ᠶ᠋ᠢᠨ ᠬᠡᠷᠡᠭᠯᠡᠯᠲᠡ ᠪᠠ ᠪᠦᠲᠦᠭᠡᠨ ᠪᠠᠶ᠋ᠢᠭᠤᠯᠤᠯᠲᠠ᠎ᠶ᠋ᠢᠨ ᠶᠠᠰᠤ ᠴᠢᠨᠠᠷ᠎ᠢ ᠴᠢᠩᠭ᠎ᠠ ᠡᠵᠡᠮᠳᠡᠨ᠂ ᠲᠤᠰᠭᠠᠢ ᠪᠡᠯᠡ ᠮᠥᠩᠭᠦ᠎ᠶ᠋ᠢ ᠦᠨᠡᠨ ᠬᠦ᠌ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠦᠨᠳᠦᠰᠦᠨ ᠱᠠᠲᠤᠨ᠎ᠤ ᠠᠵᠤ ᠤᠶ᠋ᠢᠯᠡᠰ᠎ᠤᠨ ᠬᠥᠭᠵᠢᠯᠲᠡ᠎ᠶ᠋ᠢᠨ ᠪᠣᠳᠠᠲᠤ᠌ ᠦᠷ᠎ᠡ ᠪᠦᠲᠦᠭᠡᠯ ᠪᠣᠯᠭᠠᠨ ᠬᠤᠪᠢᠷᠠᠭᠤᠯᠤᠨ᠎ᠠ᠃

ᠪᠤᠳᠠᠰ᠎ᠦᠨ ᠪᠤᠰᠤ ᠰᠣᠶᠤᠯ᠎ᠤᠨ ᠦᠪ᠎ᠤᠨ ᠤᠯᠠᠮᠵᠢᠯᠠᠯ᠎ᠨᠢ ᠦᠨᠳᠦᠰᠦᠲᠡᠨ᠎ᠨᠤᠬᠦᠳ᠎ᠤᠨ ᠭᠦᠨᠵᠡᠭᠡᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠰᠣᠶᠤᠯ᠎ᠤᠨ ᠰᠠᠭᠤᠷᠢ᠎ᠶ᠋ᠢ ᠵᠤᠵᠠᠭᠠᠳᠬᠠᠨ᠎ᠠ᠃ ᠲᠥᠷᠦᠯ ᠵᠦᠢᠯ᠎ᠨᠢ ᠬᠦᠷᠤ ᠳᠠᠭᠤᠤ᠂ ᠴᠠᠭᠠᠨ ᠢᠳᠡᠭᠡᠨ ᠬᠢᠬᠦ᠌᠂ ᠬᠠᠰᠠᠭ ᠲᠡᠷᠭᠡ ᠦᠢᠯᠡᠳᠬᠦ᠂ ᠲᠣᠪᠴᠢ ᠵᠠᠩᠬᠢᠳᠬᠤ᠂ ᠠᠷᠠᠰᠤᠨ ᠰᠡᠢᠯᠦᠮᠡᠯ ᠵᠡᠷᠭᠡ ᠡᠯ᠎ᠡ ᠱᠠᠲᠤᠨ᠎ᠤ ᠪᠣᠳᠠᠰ᠎ᠤᠨ ᠪᠤᠰᠤ ᠰᠣᠶᠤᠯ᠎ᠤᠨ ᠥᠪ᠎ᠤᠨ ᠲᠥᠷᠦᠯ ᠵᠦᠢᠯ᠎ᠢ ᠣᠷᠤᠭᠤᠯᠤᠨ ᠠᠪᠴᠢᠷᠠᠵᠤ᠂ ᠤᠷ᠎ᠠ ᠮᠡᠷᠭᠡᠵᠢᠯ᠎ᠢ ᠳᠡᠯᠭᠡᠨ ᠦᠵᠡᠭᠦᠯᠬᠦ᠌ ᠪᠠ ᠤᠯᠠᠮᠵᠢᠯᠠᠨ ᠰᠤᠷᠤᠯᠴᠠᠬᠤ ᠠᠵᠢᠯᠯᠠᠭ᠎ᠠ ᠥᠷᠨᠢᠭᠦᠯᠬᠦ᠌ ᠪᠣᠯᠤᠨ᠎ᠠ᠃ ᠵᠢᠭᠤᠯᠴᠢᠯᠠᠭᠰᠠᠳ ᠠᠷᠠᠳ᠎ᠤᠨ ᠵᠠᠩ ᠦᠢᠯᠡ᠎ᠶ᠋ᠢ ᠪᠡᠶᠡᠴᠢᠯᠡᠨ ᠤᠢᠯᠠᠭᠠᠬᠤ ᠦᠢᠯᠡᠳᠦᠯᠭᠡ ᠳᠤᠮᠳᠠ ᠳᠤᠮᠳᠠᠳᠤ᠎ᠶ᠋ᠢᠨ ᠰᠢᠯᠢᠳᠡᠭ ᠤᠯᠠᠮᠵᠢᠯᠠᠯᠲᠤ᠌ ᠰᠣᠶᠤᠯ᠎ᠤᠨ ᠤᠯᠠᠨ ᠡᠰᠢᠳᠦ ᠨᠢᠭᠡ ᠴᠤᠭᠴᠠᠵᠢᠭᠰᠠᠨ ᠭᠦᠨ ᠵᠤᠵᠠᠭᠠᠨ ᠠᠭᠤᠯᠤᠭᠳᠠᠬᠤᠨ᠎ᠢ ᠣᠶ᠋ᠢᠯᠠᠭᠠᠨ᠎ᠠ᠃ ᠦᠢᠯᠡᠳᠭᠡᠯ᠎ᠦᠨ ᠭᠠᠵᠠᠷ᠎ᠦᠨ ᠬᠢᠨ ᠤᠷ᠎ᠠ ᠮᠡᠷᠭᠡᠵᠢᠯ᠎ᠢ ᠨᠨᠪᠴᠢᠭᠦᠯᠬᠦ᠌᠂ ᠰᠣᠶᠤᠯ᠎ᠤᠨ ᠪᠦᠳᠦᠭᠡᠯᠴᠢ ᠦᠢᠯᠡᠳᠬᠦᠨ᠎ᠢ ᠳᠡᠯᠭᠡᠨ ᠪᠣᠷᠤᠯᠠᠭᠤᠯᠬᠤ ᠴᠢᠳᠠᠮᠵᠢ᠎ᠶ᠋ᠢ ᠢᠵᠢ ᠪᠦᠷᠢᠯᠳᠦᠬᠦᠯᠵᠤ᠂ ᠦᠢᠯᠡᠳᠪᠦᠷᠢᠯᠡᠯ ᠪᠣᠷᠤᠯᠠᠭᠤᠯᠭ᠎ᠠ᠎ᠶ᠋ᠢ ᠵᠣᠯᠭᠠᠭᠤᠯᠬᠤ ᠲᠠᠪᠴᠠᠩ᠎ᠢ ᠪᠠᠶ᠋ᠢᠭᠤᠯᠵᠤ᠂ ᠡᠷᠬᠢᠨ ᠲᠣᠭᠤᠷᠢᠨ᠎ᠤ ᠭᠠᠴᠠᠭ᠎ᠠ ᠲᠣᠰᠭᠤᠨ᠎ᠤ ᠮᠠᠯᠴᠢᠨ ᠲᠠᠷᠢᠶᠠᠴᠢᠨ ᠰᠣᠶᠤᠯ᠎ᠤᠨ ᠪᠦᠳᠦᠭᠡᠯᠴᠢ ᠦᠢᠯᠡᠳᠬᠦᠨ᠎ᠤ ᠲᠡᠯᠭᠡᠨ ᠪᠤᠷᠤᠯᠠᠭᠤᠯᠭ᠎ᠠ ᠪᠡᠷ ᠲᠠᠮᠵᠢᠨ ᠣᠶ᠋ᠢᠷ᠎ᠠ ᠬᠠᠪᠢ᠎ᠳ᠋ᠠᠭᠠᠨ ᠠᠵᠢᠯ ᠤᠯᠵᠤ ᠰᠣᠶᠤᠯ ᠵᠢᠭᠤᠯᠴᠢᠯᠠᠯ᠎ᠤᠨ ᠠᠵᠤ ᠦᠢᠯᠡᠰ᠎ᠤᠨ ᠬᠡᠯᠬᠢᠶ᠎ᠡ᠎ᠳᠤ ᠠᠭᠤᠰᠤᠯᠴᠠᠭᠤᠯᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶ᠋ᠢᠭᠤᠯᠵᠤ ᠬᠠᠮᠲᠤ ᠪᠠᠷ ᠡᠳ᠋ᠯᠡᠬᠦ᠂ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠳᠤᠮᠳᠠ ᠬᠠᠮᠲᠤ᠎ᠶ᠋ᠢᠨ ᠲᠠᠨᠢᠯᠲᠠ᠎ᠪᠠᠨ ᠨᠢᠭᠲᠠᠷᠠᠭᠤᠯᠤᠨ᠎ᠠ᠃

ᠬᠠᠩᠭᠢᠨ ᠬᠤᠰᠢᠭᠤᠨ᠎ᠤ 《ᠤᠶᠤᠨᠲᠤ᠌ ᠨᠤᠲᠤᠭ ᠪᠡᠯᠴᠢᠭᠡᠷ + ᠪᠣᠳᠠᠰ᠎ᠤᠨ ᠪᠤᠰᠤ ᠰᠤᠶᠤᠯ᠎ᠦᠨ ᠦᠪ᠎ᠦᠨ ᠦᠢᠯᠡᠳᠬᠡᠯ᠎ᠤᠨ ᠭᠠᠵᠠᠷ》 ᠨᠢ ᠲᠣᠭᠠᠴᠢᠯᠠᠯᠳᠠ ᠪᠡᠷ ᠬᠦᠴᠦᠨ ᠣᠯᠭᠤᠬᠤ᠂ ᠵᠢᠭᠤᠯᠴᠢᠯᠠᠯ᠎ᠦᠨ ᠤᠷᠤᠨ ᠪᠠ ᠲᠣᠰᠭᠤᠨ᠎ᠢ ᠬᠤᠯᠪᠤᠭᠠᠯᠠᠨ ᠪᠠᠶ᠋ᠢᠭᠤᠯᠬᠤ᠂ ᠠᠰᠢᠭ ᠲᠤᠰᠠ᠎ᠶ᠋ᠢ ᠬᠠᠮᠲᠤ᠎ᠪᠠᠷ ᠡᠳ᠋ᠯᠡᠬᠦ᠎ᠪᠠᠷ ᠳᠠᠮᠵᠢᠭᠤᠯᠤᠨ᠂ ᠵᠢᠭᠤᠯᠴᠢᠯᠠᠯ᠎ᠢᠶᠠᠷ ᠦᠨᠳᠦᠰᠤᠳᠡᠨ ᠨᠤᠬᠦᠳ᠎ᠦᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠠᠬᠢᠭᠤᠯᠤᠨ᠎ᠠ᠃ ᠲᠠᠷᠠᠭᠠᠴᠢ᠎ᠶ᠋ᠢᠨ ᠠᠯᠬᠤᠮ᠎ᠳᠤ ᠬᠠᠩᠭᠢᠨ ᠬᠤᠰᠢᠭᠤ ᠲᠥᠷᠦᠯ ᠵᠦᠢᠯ᠎ᠤᠨ ᠪᠥᠲᠦᠭᠡᠨ ᠪᠠᠶ᠋ᠢᠭᠤᠯᠤᠯᠲᠠ᠎ᠶ᠋ᠢ ᠥᠨᠳᠦᠷ ᠪᠠᠷᠢᠮᠵᠢᠶ᠎ᠠ᠎ᠪᠠᠷ ᠳᠥᠯᠭᠢᠨ ᠠᠬᠢᠭᠤᠯᠵᠤ᠂ ᠬᠦᠳᠡᠭᠡ ᠠᠵᠤ ᠠᠬᠤᠢ ᠵᠢ ᠬᠤᠯᠪᠤᠭᠰᠠᠨ ᠣᠷᠳᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶ᠋ᠢ ᠦᠷᠭᠦᠯᠵᠢᠯᠡᠨ ᠪᠦᠷᠢᠨᠰᠢᠬᠦᠯᠵᠦ᠍᠂ ᠰᠤᠶᠤᠯ ᠵᠢᠭᠤᠯᠴᠢᠯᠠᠯ᠎ᠢᠶᠡᠷ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠴᠢᠶᠠᠯᠠᠪᠤᠷᠢ᠎ᠶ᠋ᠢ ᠪᠠᠶᠠᠯᠢᠭᠵᠢᠭᠤᠯᠤᠨ᠂ ᠤᠮᠠᠷᠠᠲᠤ᠌ ᠬᠢᠯᠢ᠎ᠶ᠋ᠢᠨ ᠲᠠᠯ᠎ᠠ ᠨᠤᠲᠤᠭ᠎ᠲᠤ᠌ ᠦᠨᠳᠦᠰᠦᠲᠡᠨ᠎ᠨᠦᠭᠦᠳ᠎ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠭᠠᠷ ᠬᠤᠯᠪᠤᠨ ᠬᠠᠮᠲᠤ ᠪᠠᠷ ᠤᠷᠤᠭᠰᠢᠯᠠᠬᠤ ᠬᠥᠭᠵᠢᠯᠲᠡ᠎ᠶ᠋ᠢᠨ ᠰᠢᠨ᠎ᠡ ᠬᠠᠷᠢᠭᠤᠯᠲᠠ᠎ᠶ᠋ᠢᠨ ᠬᠠᠭᠤᠳᠠᠰᠤ᠎ᠶ᠋ᠢ ᠪᠢᠴᠢᠭᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面