ᠲᠡᠷᠢᠭᠦᠨ ᠨᠢᠭᠤᠷ>ᠭᠡᠷ ᠤᠷᠤᠨ> ᠣᠨᠣᠯ

2021-05-27 09:20:05

ᠵᠣᠬᠢᠶᠠᠭ᠍ᠴᠢ᠄ ᠰᠤ ᠶᠦᠩ ᠱᠸᠩ ᠣᠩᠱᠢᠭ᠍ᠰᠠᠨ ᠣᠳᠠᠭ᠎ᠠ᠄ 3

ᠳᠣᠮᠳᠠᠳᠤ᠎ᠶᠢᠨ ᠦᠨᠳᠦᠰᠦᠳᠡᠨ᠎ᠦ ᠬᠠᠮᠳᠤ ᠴᠤᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ ᠤᠷᠤᠨ ᠨᠣᠲᠣᠭ᠎ᠤᠨ ᠦᠭᠡ ᠬᠡᠯᠡ ᠦᠰᠦᠭ ᠪᠢᠴᠢᠭ᠎ᠦᠨ ᠮᠡᠳᠡᠭᠡ ᠵᠠᠩᠭᠢᠵᠢᠯᠲᠠ᠎ᠶᠢᠨ ᠦᠢᠯᠡᠰ᠎ᠦᠨ ᠬᠦᠭᠵᠢᠯᠲᠡ᠎ᠶᠢ ᠠᠬᠢᠭᠤᠯᠤᠶ᠎ᠠ — ᠦᠪᠡᠷᠳᠡᠭᠡᠨ ᠵᠠᠰᠠᠬᠤ ᠤᠷᠤᠨ

︽ ᠶᠡᠷᠦᠩᠬᠡᠢ ᠱᠦᠵᠢ ᠰᠢ᠎ᠶᠢᠨ ᠫᠢᠩ᠎ᠤᠨ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳ᠋ᠤ ᠣᠷᠣᠯᠴᠠᠬᠤ ᠦᠶ᠎ᠡ᠎ᠶᠢᠨ ᠴᠢᠬᠤᠯᠠ ᠶᠠᠷᠢᠶ᠎ᠠ᠎ᠨᠢ ᠥᠪᠥᠷ ᠮᠣᠩᠭᠣᠯ᠎ᠤᠨ ᠪᠦᠬᠦ ᠲᠠᠯ᠎ᠠ᠎ᠶᠢᠨ ᠠᠵᠢᠯ ᠪᠠ ᠠᠯᠤᠰ ᠬᠡᠳᠦ᠎ᠶᠢᠨ ᠬᠥᠭᠵᠢᠯᠲᠡ᠎ᠲᠠᠢ ᠬᠣᠯᠪᠣᠭᠳᠠᠬᠤ ᠴᠢᠬᠤᠯᠠ ᠶᠡᠬᠡ ᠠᠰᠠᠭᠤᠳᠠᠯ᠎ᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ᠎ᠤ ᠡᠯ᠎ᠡ ᠵᠦᠢᠯ᠎ᠤᠨ ᠠᠵᠢᠯ᠎ᠢᠶᠡᠨ ᠰᠠᠶᠢᠲᠤᠷ ᠬᠢᠬᠦ᠎ᠳ᠋ᠤ ᠦᠵᠡᠯ ᠰᠠᠨᠠᠭᠠᠨ᠎ᠤ ᠵᠢᠷᠤᠮᠯᠠᠯ ᠪᠠ ᠠᠵᠢᠯᠯᠠᠭᠠᠨ᠎ᠤ ᠵᠦᠭᠯᠡᠭᠦᠷ ᠬᠠᠩᠭᠠᠪᠠ ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠶᠢᠭᠤᠯᠤᠭᠳᠠᠭᠰᠠᠨ ᠥᠪᠡᠷᠲᠡᠭᠡᠨ ᠵᠠᠰᠠᠬᠤ ᠣᠷᠣᠨ ᠮᠥᠨ᠂ ᠪᠠᠰᠠ ᠴᠤ ︿ ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠮᠥᠨ᠂ ᠦᠨᠳᠦᠰᠦᠲᠡᠨ᠎ᠤ ᠬᠡᠷᠡᠭ ᠡᠷᠭᠢᠯᠡᠬᠦ ᠵᠥᠪᠯᠡᠯ᠎ᠤᠨ ᠰᠢᠰᠲ᠋ᠧᠮ᠎ᠤᠨ ᠺᠠᠳ᠋ᠷ ᠪᠣᠯᠤᠭᠰᠠᠨ᠎ᠤ ᠬᠤᠪᠢ᠎ᠳ᠋ᠤ ᠂ ᠪᠢ ᠨᠠᠮ᠎ᠤᠨ ᠦᠨᠳᠦᠰᠦᠲᠡᠨ᠎ᠤ ᠲᠥᠷᠥ᠎ᠶᠢᠨ ᠪᠣᠳᠣᠯᠭ᠎ᠠ᠎ᠶᠢ ᠡᠷᠡᠰ ᠭᠤᠶᠢᠪᠢᠰᠢ ᠥᠬᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠲᠠᠰᠤᠷᠠᠯᠲᠠ ᠥᠬᠡᠶ ᠪᠠᠲᠤ ᠴᠤᠭᠴᠠᠯᠠᠵᠤ᠂ ᠦᠨᠳᠦᠰᠦᠲᠡᠨ᠎ᠤ ᠠᠵᠢᠯ᠎ᠢ ᠰᠡᠳᠬᠢᠯ ᠳᠡᠯᠪᠢᠨ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠦᠢᠯᠡᠰ᠎ᠲᠤ ᠬᠤᠪᠢ ᠨᠡᠮᠡᠷᠢ᠎ᠪᠠᠨ ᠦᠵᠡᠭᠦᠯᠦᠨ᠎ᠡ︾ ᠭᠡᠵᠦ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠰᠤᠳᠤᠯᠭᠠᠨ ᠪᠠ ᠬᠡᠷᠡᠭᠯᠡᠭᠡᠨ᠎ᠤ ᠲᠥᠪ᠎ᠤᠨ ᠡᠷᠬᠢᠯᠡᠭᠴᠢ ᠠᠯᠲᠠᠨᠪᠠᠭᠠᠨ᠎ᠠ ᠰᠤᠷᠪᠤᠯᠵᠢᠯᠠᠭᠴᠢ᠎ᠶᠢᠨ ᠰᠤᠷᠪᠤᠯᠵᠢᠯᠠᠭ᠎ᠠ᠎ᠶᠢ ᠬᠦᠯᠢᠶᠡᠬᠦ᠎ᠳ᠋ᠡᠭᠡᠨ ᠬᠡᠯᠡᠭᠰᠡᠨ ᠶᠤᠮ᠃

ᠠᠯᠲᠠᠨᠪᠠᠭᠠᠨ᠎ᠠ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ ᠮᠥᠨ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠦᠨᠳᠦᠰᠦᠲᠡᠨ᠎ᠨᠦᠭᠦᠳ᠎ᠤᠨ ᠤᠢᠯᠠᠭᠠᠯᠴᠠᠵᠤ ᠰᠣᠯᠢᠯᠴᠠᠬᠤ ᠬᠥᠭᠥᠷᠭᠡ ᠮᠥᠨ᠃ ᠪᠢ ᠮᠠᠯᠵᠢᠬᠤ ᠣᠷᠣᠨ᠎ᠳ᠋ᠤ ᠲᠥᠷᠥᠵᠦ ᠥᠰᠴᠡᠶ᠂ 1988 ᠣᠨ᠎ᠳ᠋ᠤ ᠪᠢ ᠠᠩᠬ᠎ᠠ ᠳᠤᠮᠳᠠᠳᠤ᠎ᠪᠠᠨ ᠲᠡᠭᠦᠰᠦᠭᠰᠡᠨ᠎ᠤ ᠳᠠᠷᠠᠭ᠎ᠠ ᠥᠪᠥᠷ ᠮᠣᠩᠭᠣᠯ᠎ᠤᠨ ᠡᠯᠧᠺᠲᠷᠣᠨ ᠰᠤᠷᠭᠠᠭᠤᠯᠢ᠎ᠳ᠋ᠤ ᠰᠢᠯᠭᠠᠨ ᠣᠷᠣᠵᠠᠶ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠬᠡᠯᠡᠵᠦ ᠴᠢᠳᠠᠬᠤ ᠦᠭᠡᠢ ᠪᠤᠯᠬᠤᠷ ᠰᠤᠷᠭᠠᠭᠤᠯᠢ᠎ᠳ᠋ᠤ ᠬᠦᠷᠦᠭᠡᠳ ᠠᠩᠬ᠎ᠠ ᠤᠳᠠᠭ᠎ᠠ ᠬᠣᠭᠣᠯᠠᠨ ᠭᠡᠷ᠎ᠲᠤ ᠬᠣᠭᠣᠯᠠ ᠢᠳᠡᠬᠦ ᠦᠶᠡᠰ ᠬᠠᠭᠤᠷᠤᠭᠰᠠᠨ ᠮᠢᠬ᠎ᠠ ᠢᠳᠡᠶ᠎ᠡ ᠭᠡᠵᠦ ᠰᠠᠨᠠᠪᠠᠴᠤ ᠬᠡᠯᠡᠵᠤ ᠴᠢᠳᠠᠬᠤ ᠦᠭᠡᠢ᠂ ᠵᠥᠪᠬᠡᠨ ᠡᠮᠦᠨ᠎ᠡ ᠮᠥᠷᠯᠡᠵᠦ ᠪᠠᠶᠢᠭ᠎ᠠ ᠳᠡᠭᠡᠷ᠎ᠡ ᠣᠨ᠎ᠤ ᠬᠠᠮᠲᠤ ᠰᠤᠷᠤᠯᠭᠠᠲᠠᠨ ᠨᠢᠭᠡ ᠬᠤᠪᠢ ᠪᠤᠤᠵᠠ ᠠᠪᠬᠤ᠎ᠳ᠋ᠤ ᠪᠢ ᠪᠠᠰᠨ ᠲᠡᠬᠦᠨ᠎ᠢ ᠲᠠᠭᠤᠷᠢᠶᠠᠭᠠᠳ ᠪᠤᠤᠵᠨ ᠠᠪᠴᠡᠢ︔ ᠠᠩᠬ᠎ᠠ ᠤᠳᠠᠭ᠎ᠠ ᠨᠡᠶᠢᠲᠡ᠎ᠶᠢᠨ ᠮᠠᠰᠢᠨ᠎ᠳ᠋ᠤ ᠰᠠᠭᠤᠬᠤ ᠭᠡᠳ ᠪᠤᠷᠤᠭᠤ ᠴᠢᠭᠯᠡᠯ᠎ᠢᠶᠠᠷ ᠬᠠᠭᠠᠰ ᠡᠳᠦᠷ ᠬᠦᠯᠢᠶᠡᠭᠡᠳ ᠮᠠᠰᠢ ᠣᠯᠠᠨ ᠢᠨᠢᠶᠠᠳᠤᠮ ᠭᠠᠷᠭᠠᠪᠠ᠃ ᠠᠭᠠᠵᠢᠮ᠎ᠢᠶᠠᠷ ᠪᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠢᠯᠡᠳᠬᠡᠬᠦ᠎ᠶᠢ ᠰᠤᠷᠴᠤ ᠡᠬᠢᠯᠡᠪᠡ᠂ ᠲᠦᠷᠦᠭᠦᠦ ᠵᠢᠯ᠎ᠳ᠋ᠤᠨᠢ ᠨᠢᠭᠡ ᠲᠡᠪᠳᠡᠷ ︽ ᠰᠢᠨᠬᠤᠸᠠ ᠲᠤᠯᠢ︾᠎ᠶᠢ ᠰᠡᠮᠡᠷᠡᠲᠡᠯ᠎ᠠ ᠤᠷᠪᠠᠭᠤᠯᠵᠠᠢ᠃ ᠡᠭᠦᠨ᠎ᠡᠴᠠ ᠬᠣᠶᠢᠰᠢ ᠠᠭᠠᠵᠢᠮ᠎ᠢᠶᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠢᠳᠤᠷ ᠡᠵᠡᠮᠰᠢᠵᠦ᠂ ᠪᠠᠰᠠ ᠰᠤᠷᠭᠠᠭᠤᠯᠢ᠎ᠶᠢᠨ ᠰᠤᠷᠤᠭᠴᠢᠳ᠎ᠤᠨ ᠵᠥᠪᠯᠡᠯ᠎ᠤᠨ ᠲᠡᠷᠢᠭᠦᠯᠡᠭᠴᠢ᠎ᠶᠢᠨ ᠲᠤᠰᠢᠶᠠᠯ᠎ᠢ ᠡᠭᠦᠷᠭᠡᠯᠡᠵᠦ᠂ 1992 ᠣᠨ᠎ᠳ᠋ᠤ ᠰᠤᠷᠭᠠᠭᠤᠯᠢ᠎ᠳᠠᠭᠠᠨ ᠦᠯᠡᠳᠡᠵᠦ ᠠᠵᠢᠯᠯᠠᠪᠠ᠃ ᠤᠯᠤᠰ᠎ᠡᠴᠠ ᠬᠢᠯᠢ ᠳᠠᠭᠠᠤ ᠬᠣᠲᠠ᠎ᠶᠢ ᠨᠡᠭᠡᠭᠡᠭᠰᠡᠨ᠎ᠤ ᠳᠠᠷᠠᠭ᠎ᠠ᠂ ᠮᠠᠨ᠎ᠤ ᠤᠯᠤᠰ ᠪᠣᠯᠤᠨ ᠮᠣᠩᠭᠣᠯ ᠤᠯᠤᠰ᠎ᠤᠨ ᠬᠢᠯᠢ᠎ᠶᠢᠨ ᠠᠷᠠᠯᠵᠢᠶᠠᠨ᠎ᠤ ᠶᠠᠪᠤᠯᠴᠠᠭ᠎ᠠ ᠨᠢᠭᠲᠠ ᠪᠣᠯᠵᠣ᠂ ᠪᠢ ᠪᠠᠰᠠ ᠣᠷᠴᠢᠭᠤᠯᠭ᠎ᠠ᠎ᠶᠢᠨ ᠰᠠᠶᠢᠨ ᠳᠤᠷ᠎ᠠ᠎ᠶᠢᠨ ᠠᠵᠢᠯᠯᠠᠭᠴᠢ ᠪᠣᠯᠵᠣ ᠥᠩᠭᠡᠷᠡᠵᠡᠶ ᠭᠡᠨ᠎ᠡ᠃

ᠠᠯᠲᠠᠨᠪᠠᠭᠠᠨ᠎ᠠ᠂ ᠪᠢ ᠰᠤᠷᠭᠠᠭᠤᠯᠢ᠎ᠳ᠋ᠤ ᠦᠨᠳᠦᠰᠦᠲᠡᠨ᠎ᠤ ᠠᠩᠬᠢ᠎ᠶᠢᠨ ᠠᠩᠬᠢ᠎ᠶᠢᠨ ᠡᠷᠬᠢᠯᠡᠭᠴᠢ᠎ᠶᠢᠨ ᠲᠤᠰᠢᠶᠠᠯ᠎ᠢ ᠬᠠᠷᠢᠭᠤᠴᠠᠵᠤ ᠪᠠᠶᠢᠬᠤ ᠬᠤᠭᠤᠴᠠᠭᠠᠨ᠎ᠳᠠᠭᠠᠨ ᠦᠷᠭᠦᠯᠵᠢ ᠰᠤᠷᠤᠭᠴᠢᠳ᠎ᠲᠤ ᠥᠪᠡᠷ᠎ᠤᠨ ᠦᠰᠦᠨ ᠪᠣᠶᠢᠵᠢᠭᠰᠠᠨ ᠥᠩᠭᠡᠷᠡᠯᠲᠡ᠎ᠪᠠᠨ ᠶᠠᠷᠢᠵᠤ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠰᠢᠬᠦ᠎ᠶᠢᠨ ᠴᠢᠬᠤᠯᠠ ᠴᠢᠨᠠᠷ᠎ᠢ ᠶᠠᠷᠢᠵᠤ᠂ ᠰᠤᠷᠤᠭᠴᠢᠳ᠎ᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠰᠣᠯᠢᠯᠴᠠᠭ᠎ᠠ ᠬᠢᠬᠦ᠎ᠶᠢ ᠵᠣᠷᠢᠭᠵᠢᠭᠤᠯᠳᠠᠬ᠃ ᠡᠳᠦᠷ ᠪᠦᠷᠢ ᠨᠢᠭᠡ ᠰᠤᠷᠤᠭᠴᠢ᠎ᠶᠢ ᠠᠩᠬᠢ᠎ᠶᠢᠨ ᠳᠠᠷᠤᠭ᠎ᠠ᠎ᠪᠠᠷ ᠡᠭᠡᠯᠵᠢᠯᠡᠭᠦᠯᠦᠨ ᠲᠣᠬᠢᠷᠠᠭᠤᠯᠵᠤ᠂ ᠲᠡᠳᠡᠨ᠎ᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠪᠠᠷ ᠠᠩᠭᠢ᠎ᠶᠢᠨ ᠡᠯ᠎ᠡ ᠵᠦᠢᠯ᠎ᠤᠨ ᠠᠵᠢᠯᠯᠠᠭ᠎ᠠ᠎ᠶᠢ ᠵᠣᠬᠢᠶᠠᠨ ᠪᠠᠶᠢᠭᠤᠯᠬᠤ᠎ᠶᠢ ᠱᠠᠭᠠᠷᠳᠠᠨ᠂ ᠰᠤᠷᠤᠭᠴᠢᠳ᠎ᠤᠨ ᠦᠭᠡ ᠬᠡᠯᠡᠨ᠎ᠤ ᠵᠣᠬᠢᠶᠠᠨ ᠪᠠᠶᠢᠭᠤᠯᠬᠤ ᠴᠢᠳᠠᠪᠤᠷᠢ ᠪᠠ ᠢᠯᠡᠳᠬᠡᠬᠦ ᠴᠢᠳᠠᠪᠤᠷᠢ᠎ᠶᠢ ᠪᠣᠯᠪᠠᠰᠤᠷᠠᠭᠤᠯᠳᠠᠭ᠋᠃ ᠪᠢ ᠰᠤᠷᠤᠬᠴᠢ᠎ᠡᠴᠠ ᠠᠩᠬᠢ᠎ᠶᠢᠨ ᠡᠷᠬᠢᠯᠡᠭᠴᠢ᠂ ᠲᠠᠬᠢᠨ ᠳᠡᠳ᠋ ᠰᠤᠳᠤᠯᠤᠭᠴᠢ ᠬᠦᠷᠲᠡᠯ᠎ᠡ᠂ ᠳᠤᠮᠳᠠ ᠵᠡᠷᠭᠡ᠎ᠶᠢᠨ ᠲᠤᠰᠬᠠᠢ ᠮᠡᠷᠭᠡᠵᠢᠯ᠎ᠤᠨ ᠰᠤᠷᠤᠬᠴᠢ᠎ᠡᠴᠠ ᠵᠠᠬᠢᠳᠠᠯ᠎ᠢᠶᠠᠷ ᠰᠤᠷᠤᠯᠴᠠᠬᠤ ᠲᠤᠰᠬᠠᠢ ᠮᠡᠷᠭᠡᠵᠢᠯ᠎ᠤᠨ ᠰᠤᠷᠤᠯᠭ᠎ᠠ᠎ᠶᠢᠨ ᠨᠠᠮᠲᠠᠷ᠂ ᠵᠢᠩᠬᠢᠨᠢ ᠠᠩᠬᠢ᠎ᠶᠢᠨ ᠰᠤᠷᠤᠯᠭ᠎ᠠ᠎ᠶᠢᠨ ᠨᠠᠮᠲᠠᠷ᠂ ᠮᠠᠰᠲ᠋ᠧᠷ᠎ᠤᠨ ᠡᠷᠳᠡᠮ᠎ᠤᠨ ᠴᠣᠯᠠ ᠬᠦᠷᠲᠡᠯ᠎ᠡ᠂ ᠠᠵᠢᠯᠳᠠᠨ᠎ᠡᠴᠠ ᠰᠤᠷᠭᠠᠭᠤᠯᠢ᠎ᠶᠢᠨ ᠤᠳᠤᠷᠢᠳᠤᠯᠭ᠎ᠠ᠂ ᠲᠠᠬᠢᠨ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠪᠠᠶᠢᠭᠤᠯᠭ᠎ᠠ᠎ᠶᠢᠨ ᠺᠠᠳ᠋ᠷ ᠬᠦᠷᠲᠡᠯ᠎ᠡ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠲᠠᠪᠰᠢᠯᠳᠠ᠎ᠶᠢᠨ ᠵᠢᠱᠢᠶᠡᠴᠢ ᠬᠤᠪᠢ ᠬᠥᠮᠦᠨ᠎ᠤ ᠢᠷᠠᠭᠤ ᠠᠯᠳᠠᠷ᠎ᠢ ᠬᠦᠷᠳᠡᠵᠡᠢ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠡᠵᠡᠮᠰᠢᠭᠰᠡᠨ᠎ᠨᠢ ᠨᠠᠳᠠ᠎ᠳ᠋ᠤ ᠦᠵᠡᠭᠦᠯᠦᠭᠰᠡᠨ ᠬᠠᠪᠰᠤᠷᠤᠯᠭ᠎ᠠ᠎ᠶᠢ ᠶᠠᠭᠤ᠎ᠪᠠᠷ ᠴᠦ ᠣᠷᠣᠯᠠᠭᠤᠯᠵᠤ ᠳᠡᠶᠢᠯᠬᠦ ᠦᠭᠡᠢ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠤᠯᠴᠠᠬᠤ᠎ᠨᠢ ᠨᠡᠶᠢᠭᠡᠮ᠎ᠳ᠋ᠤ ᠨᠡᠩ ᠰᠠᠢᠨ ᠠᠭᠤᠰᠤᠯᠴᠠᠵᠤ᠂ ᠬᠦᠰᠡᠯᠡᠩ᠎ᠢᠶᠡᠨ ᠪᠡᠶᠡᠯᠡᠭᠦᠯᠬᠦ ᠪᠠ ᠠᠮᠢᠳᠤᠷᠠᠬᠤᠢ᠎ᠶᠢᠨ ᠦᠷᠳᠡᠭ᠎ᠢᠶᠡᠨ ᠪᠡᠶᠡᠯᠡᠭᠦᠯᠵᠦ᠂ ᠨᠡᠩ ᠰᠠᠢᠨ ᠰᠠᠶᠢᠬᠠᠨ ᠢᠷᠡᠭᠡᠳᠦᠢ ᠲᠡᠶᠢᠰᠢ ᠤᠷᠤᠭᠰᠢᠯᠠᠵᠤ ᠴᠢᠳᠠᠨ᠎ᠠ ᠭᠡᠳᠡᠭ᠎ᠢ ᠦᠢᠯᠡᠳᠦᠯᠭᠡ ᠭᠡᠷᠡᠴᠢᠯᠡᠪᠡ ᠭᠡᠵᠦ ᠶᠠᠷᠢᠪᠠ᠃

ᠠᠯᠳᠠᠨᠪᠠᠭᠠᠨ᠎ᠠ᠂ ᠶᠡᠷᠦᠩᠬᠡᠢ ᠱᠦᠵᠢ ᠰᠢ᠎ᠶᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳ᠋ᠤ ᠣᠷᠣᠯᠴᠠᠬᠤ᠎ᠳᠠᠭᠠᠨ᠂ ᠰᠢᠨ᠎ᠡ ᠬᠥᠭᠵᠢᠯᠲᠡ᠎ᠶᠢᠨ ᠣᠶᠢᠯᠠᠭᠠᠭᠳᠠᠬᠤᠨ ᠪᠣᠯ ᠨᠢᠭᠡ ᠪᠦᠬᠦᠯᠢ ᠴᠣᠭᠴᠠ ᠪᠣᠯᠤᠨ᠎ᠠ᠂ ᠡᠷᠬᠡᠪᠰᠢ ᠪᠦᠷᠢᠨ᠂ ᠣᠨᠣᠪᠴᠢᠲᠠᠢ᠂ ᠪᠦᠬᠦ ᠲᠠᠯ᠎ᠠ᠎ᠪᠠᠷ ᠤᠢᠯᠠᠭᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ᠎ᠶᠢᠨ ᠪᠠᠶᠢᠷᠢᠰᠢᠯ᠎ᠳ᠋ᠤ ᠬᠦᠴᠦᠯᠡᠨ ᠦᠢᠯᠡᠴᠢᠯᠡᠬᠦ ᠪᠠ ᠠᠭᠤᠰᠤᠯᠴᠠᠬᠤ ᠬᠡᠷᠡᠭᠲᠡᠢ ᠭᠡᠵᠦ ᠴᠢᠬᠤᠯᠠᠴᠢᠯᠠᠪᠠ᠃ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ︾᠎ᠤ ᠡᠷᠬᠢᠮ ᠳᠡᠭᠡᠳᠦ ᠢᠷᠠᠭᠤ ᠠᠯᠳᠠᠷ᠎ᠢ ᠬᠤᠪᠢ ᠲᠠᠬᠢᠨ ᠨᠠᠨᠳᠢᠩᠨᠠᠵᠤ᠂ ᠦᠷᠭᠦᠯᠵᠢᠯᠡᠨ ᠪᠠᠷᠢᠮᠲᠠᠯᠠᠵᠤ᠂ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ᠎ᠶᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠎ᠳ᠋ᠤ ᠪᠢᠳᠡ ︽ ᠬᠣᠶᠠᠷ ᠬᠠᠯᠬᠠᠪᠴᠢ︾᠂ ︽ ᠬᠣᠶᠠᠷ ᠰᠠᠭᠤᠷᠢᠨ︾ ᠪᠠ ︽ ᠨᠢᠭᠡ ᠪᠡᠬᠢᠯᠡᠯᠲᠡ︾᠎ᠶᠢᠨ ᠪᠠᠶᠢᠯᠳᠤᠬᠤ ᠪᠣᠳᠣᠯᠭ᠎ᠠ᠎ᠶᠢᠨ ᠪᠠᠶᠢᠷᠢ ᠲᠣᠭᠲᠠᠭᠠᠯᠲᠠ᠎ᠳ᠋ᠤ ᠰᠠᠭᠤᠷᠢᠯᠠᠬᠤ ᠬᠡᠷᠡᠭᠲᠡᠶ᠂ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ ᠪᠠ ᠪᠦᠬᠦ ᠣᠷᠣᠨ᠎ᠤ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠰᠢᠰᠲ᠋ᠧᠮ᠎ᠤᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠰᠡᠳᠦᠪᠲᠦ ᠬᠥᠮᠦᠵᠢᠯ᠎ᠲᠠᠢ ᠨᠢᠭᠲᠠ ᠤᠶᠠᠯᠳᠤᠭᠤᠯᠬᠤ ᠬᠡᠷᠡᠭᠲᠡᠶ᠂ ᠣᠷᠣᠨ ᠨᠤᠲᠤᠭ᠎ᠤᠨ ᠦᠭᠡ ᠬᠡᠯᠡ ᠦᠰᠦᠭ ᠪᠢᠴᠢᠭ᠎ᠤᠨ ᠮᠡᠳᠡᠭᠡ ᠵᠠᠩᠭᠢ᠎ᠶᠢᠨ ᠮᠡᠷᠭᠡᠵᠢᠯ᠎ᠤᠨ ᠦᠢᠯᠡᠴᠢᠯᠡᠭᠡᠨ᠎ᠤ ᠰᠢᠰᠲ᠋ᠧᠮ᠎ᠢ ᠪᠠᠶᠢᠭᠤᠯᠬᠤ ᠬᠡᠷᠡᠭᠲᠡᠢ᠂ ︽ ᠪᠢ ᠣᠯᠠᠨ ᠲᠦᠮᠡᠨ᠎ᠳ᠋ᠤ ᠪᠣᠳᠠᠲᠤ ᠶᠠᠪᠤᠳᠠᠯ ᠬᠢᠵᠦ ᠦᠭᠭᠦᠨ᠎ᠡ  ᠮᠡᠳᠡᠭᠡ ᠵᠠᠩᠭᠢᠵᠢᠯᠲᠠ᠎ᠶᠢᠨ ᠮᠡᠷᠭᠡᠵᠢᠯ᠎ᠤᠨ ᠪᠣᠯᠪᠠᠰᠤᠷᠠᠯ᠎ᠢ ᠦᠨᠳᠦᠰᠦᠨ ᠱᠠᠲᠤᠨ᠎ᠳ᠋ᠤ ᠬᠦᠷᠭᠡᠵᠦ᠂ ᠬᠤᠪᠢᠰᠬᠠᠯᠲᠤ ᠰᠣᠶᠣᠯ᠎ᠢ ᠪᠠᠳᠠᠷᠠᠭᠤᠯᠬᠤ᠂ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠴᠢᠩᠭᠠᠳᠬᠠᠨ᠎ᠠ︾ ᠵᠡᠷᠭᠡ ᠦᠢᠯᠡᠳᠦᠯᠭᠡ᠎ᠶᠢᠨ ᠠᠵᠢᠯᠯᠠᠭ᠎ᠠ ᠦᠷᠨᠢᠭᠦᠯᠵᠦ᠂ ᠮᠡᠳᠡᠭᠡ ᠵᠠᠩᠭᠢᠵᠢᠯᠲᠠ᠎ᠶᠢᠨ ᠠᠷᠭ᠎ᠠ ᠪᠠᠷᠢᠯ᠎ᠢ ᠭᠦᠶᠴᠡᠳ ᠠᠰᠢᠬᠯᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳ᠋ᠤ ᠨᠠᠮ ᠪᠠ ᠤᠯᠤᠰ᠎ᠤᠨ ᠦᠨᠳᠦᠰᠦᠲᠡᠨ᠎ᠤ ᠲᠥᠷᠥ᠎ᠶᠢᠨ ᠪᠣᠳᠣᠯᠭ᠎ᠠ ᠬᠠᠤᠯᠢ ᠲᠣᠭᠲᠠᠭᠠᠯ᠎ᠢ ᠤᠬᠠᠭᠤᠯᠤᠨ᠎ᠠ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠠᠪᠰᠤᠷᠤᠨ᠂ ᠢᠨᠲ᠋ᠧᠷ ᠰᠦᠯᠵᠢᠶᠡᠨ᠎ᠤ ᠡᠬᠢ ᠪᠠᠶᠠᠯᠢᠭ᠎ᠢ ᠨᠠᠩ ᠰᠠᠶᠢᠲᠤᠷ ᠠᠰᠢᠬᠯᠠᠵᠤ᠂ ᠡᠯ᠎ᠡ ᠵᠦᠢᠯ᠎ᠤᠨ ᠡᠬᠢ ᠪᠠᠶᠠᠯᠢᠭ ᠳᠣᠲᠣᠷ᠎ᠠ᠎ᠡᠴᠠ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠳᠤᠮᠳᠠᠳᠤ᠎ᠶᠢᠨ ᠰᠢᠯᠢᠳᠡᠭ ᠰᠣᠶᠣᠯ᠎ᠤᠨ ᠮᠠᠲ᠋ᠧᠷᠢᠶᠠᠯ ᠪᠣᠯᠤᠨ ᠦᠯᠢᠭᠡᠷ᠎ᠢ ᠠᠭᠤᠳᠠᠯᠤᠨ ᠪᠠᠳᠠᠷᠠᠭᠤᠯᠤᠨ᠎ᠠ᠂ ᠮᠡᠳᠡᠭᠡ ᠵᠠᠩᠭᠢᠵᠢᠯᠲᠠ᠎ᠶᠢᠨ ᠪᠦᠲᠦᠭᠡᠨ ᠪᠠᠶᠢᠭᠤᠯᠤᠯᠲᠠ᠎ᠶᠢᠨ ᠦᠷ᠎ᠡ ᠪᠦᠲᠦᠮᠵᠢ᠎ᠶᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳ᠋ᠤ ᠲᠠᠰᠤᠷᠠᠯᠲᠠ ᠤᠢᠭᠡᠢ ᠬᠦᠷᠲᠡᠭᠡᠨ᠎ᠡ ᠂ ᠤᠯᠤᠰ᠎ᠤᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠎ᠳ᠋ᠤ ᠬᠦᠴᠦᠨ ᠨᠡᠮᠡᠷᠢᠯᠡᠵᠤ᠂ ᠦᠨᠳᠦᠰᠦᠨ ᠱᠠᠲᠤᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠢᠳᠡᠪᠬᠢᠲᠡᠶ ᠬᠥ᠋ᠲᠥᠯᠥᠨ ᠵᠢᠯᠣᠭᠣᠳᠴᠤ᠂ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠨᠡᠮᠡᠭᠳᠡᠭᠦᠯᠦᠨ᠎ᠡ᠂ ᠰᠣᠶᠣᠯ᠎ᠤᠨ ᠢᠲᠡᠭᠡᠯ᠎ᠢ ᠪᠠᠲᠤᠤᠡᠬᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠣᠶᠣᠯ᠎ᠤᠨ ᠰᠠᠭᠤᠷᠢ᠎ᠶᠢ ᠪᠡᠬᠢᠵᠢᠭᠦᠯᠦᠨ᠎ᠡ ᠭᠡᠪᠡ᠃

ᠠᠯᠲᠠᠨᠪᠠᠭᠠᠨ᠎ᠠ᠂ ᠦᠨᠳᠦᠰᠦᠲᠡᠨ᠎ᠤ ᠪᠦᠯᠬᠦᠮᠳᠡᠯ ᠪᠣᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠃ ᠪᠢ ᠶᠡᠷᠦᠩᠬᠡᠶ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ ᠢᠯᠠᠩᠭᠤᠶ᠎ᠠ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ᠎ᠶᠢ ᠦᠷᠭᠦᠯᠵᠢᠯᠡᠨ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠲᠦᠷᠢᠮ︾᠎ᠢ ᠭᠦᠨᠵᠡᠭᠡᠶ ᠰᠤᠷᠤᠯᠴᠠᠵᠤ ᠤᠬᠠᠭᠤᠯᠵᠤ ᠲᠤᠭᠤᠰᠢᠯᠠᠭᠤᠯᠵᠤ᠂ ᠲᠦᠷᠢᠮ᠎ᠤᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠨ ᠡᠵᠡᠮᠰᠢᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠭᠤᠤᠯ ᠰᠢᠵᠢᠮ᠎ᠢ ᠪᠠᠲᠤ ᠡᠵᠡᠮᠰᠢᠵᠤ᠂ ᠦᠵᠡᠯ ᠰᠠᠨᠠᠭ᠎ᠠ᠂ ᠦᠢᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢᠳᠪᠤᠷᠢᠳᠤ ᠪᠣᠳᠣᠯᠭ᠎ᠠ ᠪᠠᠶᠢᠷᠢᠯᠠᠭᠤᠯᠤᠯᠲᠠ᠎ᠯᠤᠭ᠎ᠠ ᠤᠯᠠᠮ ᠴᠢᠨᠠᠭᠰᠢᠳᠠ ᠨᠢᠭᠡᠤᠡᠭᠡᠵᠤ᠂ ᠪᠥᠬᠥ ᠣᠷᠣᠨ᠎ᠤ ᠣᠷᠣᠨ ᠨᠤᠲᠤᠭ᠎ᠤᠨ ᠦᠭᠡ ᠬᠡᠯᠡ ᠥᠰᠥᠭ ᠪᠢᠴᠢᠭ᠎ᠤᠨ ᠰᠤᠳᠤᠯᠭᠠᠨ ᠪᠠ ᠬᠡᠷᠡᠭᠯᠡᠭᠡᠨ᠎ᠤ ᠦᠢᠯᠡᠰ᠎ᠤᠨ ᠲᠦᠷᠭᠡᠨ ᠬᠥᠭᠵᠢᠯᠲᠡ᠎ᠳ᠋ᠤ ᠬᠦᠴᠦᠨ ᠴᠢᠳᠠᠯ᠎ᠢᠶᠡᠨ ᠡᠷᠭᠦᠨ᠎ᠡ ᠭᠡᠵᠤ ᠬᠡᠯᠡᠨ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面