ᠲᠡᠷᠢᠭᠦᠨ ᠨᠢᠭᠤᠷ>ᠭᠡᠷ ᠤᠷᠤᠨ> ᠣᠨᠣᠯ

2021-05-25 09:02:54

ᠵᠣᠬᠢᠶᠠᠭ᠍ᠴᠢ᠄ ᠰᠤ ᠶᠥᠩ ᠱᠸᠩ ᠣᠩᠱᠢᠭ᠍ᠰᠠᠨ ᠣᠳᠠᠭ᠎ᠠ᠄ 3

ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠦᠷᠥ᠎ᠶᠢᠨ ᠬᠦᠲᠦᠯᠦᠨ ᠵᠢᠯᠤᠭᠤᠳᠤᠯᠭ᠎ᠠ᠎ᠶᠢ ᠴᠢᠩᠭᠠᠳᠬᠠᠵᠦ ᠳᠤᠮᠳᠠᠳᠤ᠎ᠶᠢᠨ ᠦᠨᠳᠦᠰᠦᠳᠡᠨ᠎ᠦ ᠬᠠᠮᠳᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠨ᠎ᠠ

︽ ᠮᠠᠨ᠎ᠤ ᠤᠯᠤᠰ ᠪᠤᠯ 56 ᠦᠨᠳᠦᠰᠦᠲᠡᠨ᠎ᠢᠶᠠᠷ ᠪᠦᠷᠢᠯᠲᠦᠭᠰᠡᠨ ᠳᠣᠮᠣ ᠬᠡᠷ ᠪᠦᠯᠢ ᠪᠣᠯᠣᠨ᠎ᠠ ᠃ ᠦᠨᠳᠦᠰᠦᠲᠡᠨ᠎ᠤ ᠠᠰᠠᠭᠤᠲᠠᠯ᠎ᠢ ᠰᠠᠢᠲᠦᠷ ᠰᠢᠢᠳᠪᠦᠷᠢᠯᠡᠵᠦ ᠂ ᠦᠨᠳᠦᠰᠦᠲᠡᠨ᠎ᠤ ᠠᠵᠢᠯ᠎ᠢ ᠰᠠᠢᠲᠦᠷ ᠬᠢᠬᠦ᠎ᠨᠢ ᠂ ᠡᠬᠡ ᠤᠯᠤᠰ᠎ᠤᠨ ᠨᠢᠭᠡᠲᠦᠯ ᠪᠠ ᠬᠢᠯᠢ ᠬᠢᠵᠠᠭᠠᠷ᠎ᠤᠨ ᠪᠡᠬᠢᠵᠢᠯ᠎ᠲᠠᠢ ᠬᠤᠯᠪᠤᠬᠲᠠᠬᠤ ᠶᠡᠬᠡ ᠶᠠᠪᠤᠲᠠᠯ ᠪᠣᠯᠣᠨ᠎ᠠ ᠂ ᠦᠨᠳᠦᠰᠦᠲᠡᠨ᠎ᠤ ᠪᠦᠯᠬᠦᠮᠲᠡᠯ ᠪᠠ ᠨᠡᠢᠭᠡᠮ᠎ᠤᠨ ᠲᠤᠬᠲᠠᠭᠤᠨ᠎ᠲᠠᠢ ᠬᠤᠯᠪᠤᠬᠲᠠᠬᠤ ᠲᠣᠮᠣ ᠶᠠᠪᠤᠲᠠᠯ ᠪᠣᠯᠣᠨ᠎ᠠ ᠂ ᠤᠯᠤᠰ᠎ᠤᠨ ᠦᠨᠢ ᠤᠳᠠᠭᠠᠨ ᠠᠮᠤᠷ ᠲᠦᠪᠰᠢᠨ ᠪᠠ ᠲᠤᠮᠲᠠᠲᠤ᠎ᠶᠢᠨ ᠦᠨᠳᠦᠰᠦᠲᠡᠨ᠎ᠤ ᠴᠡᠴᠡᠭᠯᠡᠯᠳᠡ ᠬᠦᠭᠵᠢᠯᠳᠡ᠎ᠲᠠᠢ ᠬᠤᠯᠪᠤᠬᠲᠠᠬᠤ ᠲᠣᠮᠣ ᠶᠠᠪᠤᠲᠠᠯ ᠪᠣᠯᠣᠨ᠎ᠠ ᠃ ᠠᠵᠢᠯᠴᠢᠨ᠎ᠤ ᠡᠪᠯᠡᠯ᠎ᠤᠨ ᠠᠵᠢᠯᠲᠠᠨ ᠪᠤᠯᠤᠬᠰᠠᠨ᠎ᠤ ᠬᠤᠪᠢ᠎ᠳ᠋ᠤ ᠂ ᠪᠢᠲᠡ ᠠᠵᠢᠯᠲᠠᠨ ᠠᠵᠢᠯᠴᠢᠨ᠎ᠤ ᠦᠵᠡᠯ ᠰᠠᠨᠠᠭ᠎ᠠ ᠤᠯᠤᠰ ᠲᠦᠷᠦ᠎ᠶᠢᠨ ᠬᠦᠲᠦᠯᠦᠨ ᠵᠢᠯᠤᠭᠤᠳᠤᠯᠭ᠎ᠠ᠎ᠶᠢ ᠴᠢᠩᠭᠠᠳᠬᠠᠵᠦ ᠂ ᠦᠷᠬᠡᠨ ᠤᠯᠠᠨ ᠠᠵᠢᠯᠲᠠᠨ ᠠᠵᠢᠯᠴᠢᠨ᠎ᠤ ᠨᠠᠮ᠎ᠤᠨ ᠦᠭᠡ᠎ᠶᠢ ᠰᠤᠨᠤᠰᠴᠤ ᠂ ᠨᠠᠮ᠎ᠢᠶᠡᠨ ᠲᠠᠭᠠᠬᠤ᠎ᠶᠢ ᠬᠦᠲᠦᠯᠦᠨ ᠵᠢᠯᠤᠭᠤᠳᠴᠤ ᠂ ᠲᠤᠮᠲᠠᠲᠤ᠎ᠶᠢᠨ ᠦᠨᠳᠦᠰᠦᠲᠡᠨ᠎ᠤ ᠬᠠᠮᠲᠦ ᠴᠤᠬᠴᠠ᠎ᠶᠢᠨ ᠤᠬᠠᠮᠰᠠᠷ᠎ᠢ ᠪᠠᠲᠦ ᠴᠤᠬᠴᠠᠯᠠᠵᠦ ᠂ ᠦᠪᠡᠷᠲᠡᠭᠡᠨ ᠵᠠᠰᠬᠠᠤ ᠤᠷᠤᠨ᠎ᠤ ᠴᠢᠨᠠᠷ ᠰᠠᠢᠲᠠᠢ ᠬᠦᠭᠵᠢᠯᠲᠡ᠎ᠳ᠋ᠤ ᠤᠶᠤᠨ ᠤᠬᠠᠭᠠᠨ ᠪᠤᠯᠤᠨ ᠬᠦᠴᠦᠨ ᠴᠢᠲᠠᠯ᠎ᠢᠶᠡᠨ ᠡᠷᠭᠦᠨ᠎ᠡ ︾ ᠬᠡᠵᠦ ᠦᠪᠡᠷᠲᠡᠭᠡᠨ ᠵᠠᠰᠠᠬᠤ ᠤᠷᠤᠨ᠎ᠤ ᠠᠵᠢᠯᠴᠢᠨ᠎ᠤ ᠶᠡᠷᠦᠩᠬᠡᠢ ᠡᠪᠯᠡᠯ᠎ᠤᠨ ᠨᠠᠮ᠎ᠤᠨ ᠤᠳᠤᠷᠢᠳᠬᠤ ᠲᠤᠭᠤᠢᠯᠠᠩ᠎ᠤᠨ ᠪᠦᠷᠢᠯᠲᠦᠭᠦᠨ ᠂ ᠲᠡᠳ᠋ ᠲᠡᠷᠢᠭᠦᠯᠡᠭᠴᠢ ᠤᠮᠤᠭ ᠰᠤᠷᠪᠤᠯᠵᠢᠯᠠᠬᠴᠢ᠎ᠳ᠋ᠤ ᠬᠡᠯᠡᠨ᠎ᠡ ᠃

ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠡᠴᠠ ᠨᠠᠭᠠᠰᠢ ᠂ ᠰᠢ᠎ᠶᠢᠨ ᠫᠢᠩ ᠨᠦᠬᠦᠷ᠎ᠢᠶᠠᠷ ᠭᠤᠤᠯ ᠪᠤᠯᠭᠠᠬᠰᠠᠨ ᠨᠠᠮ᠎ᠤᠨ ᠲᠦᠪ ᠬᠤᠷᠢᠶ᠎ᠠ ᠦᠨᠳᠦᠰᠦᠲᠡᠨ᠎ᠤ ᠠᠵᠢᠯ᠎ᠢ ᠲᠡᠭᠡᠲᠦ ᠬᠡᠮᠵᠢᠶ᠎ᠡ᠎ᠪᠠᠷ ᠴᠢᠬᠤᠯᠠᠴᠢᠯᠠᠵᠦ ᠂ ᠲᠤᠮᠲᠠᠲᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠢ ᠪᠠᠷᠢᠮᠲᠠᠯᠠᠨ ᠬᠦᠭᠵᠢᠭᠦᠯᠬᠦ ᠂ ᠲᠤᠮᠲᠠᠲᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠪᠠᠢᠯᠲᠤᠬᠤ ᠪᠤᠳᠤᠯᠭ᠎ᠠ᠎ᠶᠢᠨ ᠦᠨᠳᠦᠷᠴᠡ᠎ᠡᠴᠠ ᠂ ᠦᠨᠳᠦᠰᠦᠲᠡᠨ᠎ᠤ ᠠᠵᠢᠯ᠎ᠤᠨ ᠠᠯᠢ ᠤᠯᠠᠨ ᠰᠢᠨ᠎ᠡ ᠤᠢᠯᠠᠭᠠᠬᠲᠠᠬᠤᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ᠎ᠶᠢ ᠳᠣᠷᠠᠳᠴᠣ ᠂ ᠠᠯᠢ ᠤᠯᠠᠨ ᠰᠢᠨ᠎ᠡ ᠠᠷᠭ᠎ᠠ ᠬᠡᠮᠵᠢᠶ᠎ᠡ ᠠᠪᠴᠤ ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠲᠡᠯ ᠲᠠᠪᠰᠢᠯᠲᠠ᠎ᠶᠢᠨ ᠦᠢᠯᠡᠰ᠎ᠤᠨ ᠲᠠᠰᠤᠷᠠᠯᠲᠠ ᠦᠭᠡᠢ ᠰᠢᠨ᠎ᠡ᠎ᠶᠢ ᠡᠭᠦᠲᠦᠨ ᠬᠦᠭᠵᠢᠬᠦ᠎ᠶᠢ ᠬᠦᠲᠦᠯᠦᠨ ᠲᠠᠭᠠᠭᠤᠯᠵᠦ ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠲᠤᠮᠲᠠᠲᠤ ᠤᠯᠤᠰᠴᠢᠯᠠᠬᠤ ᠰᠢᠨ᠎ᠡ ᠪᠠᠢᠲᠠᠯ᠎ᠢ ᠨᠡᠭᠡᠭᠡᠵᠦ ᠂ ᠮᠠᠨ᠎ᠤ ᠤᠯᠤᠰ᠎ᠤᠨ ᠦᠨᠳᠦᠰᠦᠲᠡᠨ᠎ᠤ ᠪᠦᠯᠬᠦᠮᠲᠡᠯ ᠲᠠᠪᠰᠢᠯᠲᠠ᠎ᠶᠢᠨ ᠦᠢᠯᠡᠰ᠎ᠤᠨ ᠤᠷᠢᠳᠤᠬᠢ᠎ᠶᠢ ᠵᠠᠯᠭᠠᠮᠵᠢᠯᠠᠨ ᠬᠤᠢᠰᠢᠬᠢ᠎ᠳ᠋ᠤ ᠵᠠᠮ ᠨᠡᠭᠡᠭᠡᠬᠦ᠎ᠶᠢ ᠪᠡᠶᠡᠯᠡᠭᠦᠯᠪᠡ ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳ᠋ᠤ ᠂ ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠦ ᠂ ᠦᠨᠳᠦᠰᠦᠲᠡᠨ᠎ᠤ ᠪᠦᠯᠬᠦᠮᠲᠡᠯ ᠲᠠᠪᠰᠢᠯᠲᠠ᠎ᠶᠢᠨ ᠬᠦᠮᠦᠵᠢᠯ᠎ᠢ ᠬᠦᠨᠵᠡᠭᠡᠢᠷᠡᠭᠦᠯᠦᠨ ᠂ ᠲᠤᠮᠲᠠᠲᠤ᠎ᠶᠢᠨ ᠦᠨᠳᠦᠰᠦᠲᠡᠨ᠎ᠤ ᠬᠠᠮᠲᠦ ᠴᠤᠬᠴᠠ᠎ᠶᠢᠨ ᠤᠬᠠᠮᠰᠠᠷ᠎ᠢ ᠪᠠᠲᠦ ᠴᠤᠬᠴᠠᠯᠠᠵᠦ ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠢ ᠴᠢᠩᠭᠠᠳᠬᠠᠨ ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠬᠲᠠᠷᠠᠨ ᠪᠦᠯᠬᠦᠮᠲᠡᠵᠦ ᠂ ᠬᠠᠮᠲᠦ᠎ᠪᠠᠷ ᠪᠦᠯᠬᠦᠮᠲᠡᠨ ᠲᠡᠮᠡᠴᠡᠵᠦ ᠂ ᠬᠠᠮᠲᠦ᠎ᠪᠠᠷ ᠴᠡᠴᠡᠭᠯᠡᠨ ᠬᠦᠭᠵᠢᠬᠦ᠎ᠶᠢ ᠠᠬᠢᠭᠤᠯᠤᠨ᠎ᠠ ᠬᠡᠵᠦ ᠲᠤᠲᠤᠷᠬᠠᠢ ᠲᠤᠷᠠᠳᠤᠨ ᠭᠠᠷᠭᠠᠪᠠ ᠃ ᠲᠤᠮᠲᠠᠲᠤ᠎ᠶᠢᠨ ᠦᠨᠳᠦᠰᠦᠲᠡᠨ᠎ᠤ ᠬᠠᠮᠲᠦ ᠴᠤᠬᠴᠠ᠎ᠶᠢᠨ ᠤᠬᠠᠮᠰᠠᠷ᠎ᠢ ᠪᠠᠲᠦ ᠴᠤᠬᠴᠠᠯᠠᠬᠤ᠎ᠶᠢ ᠪᠠᠰᠠ ᠨᠠᠮ᠎ᠤᠨ ᠲᠦᠷᠢᠮ᠎ᠳ᠋ᠤ ᠪᠢᠴᠢᠵᠦ ᠤᠷᠤᠭᠤᠯᠵᠦ ᠂ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ᠎ᠢ ᠰᠢᠨ᠎ᠡ ᠴᠠᠬ ᠦᠶ᠎ᠡ᠎ᠳ᠋ᠤ ᠤᠷᠤᠭᠤᠯᠪᠠ ᠭᠡᠵᠤ ᠤᠮᠤᠭ ᠬᠡᠯᠡᠨ᠎ᠡ ᠃

ᠤᠮᠤᠭ ᠄ ︽ ᠮᠢᠨᠦ ᠠᠪᠤ᠋ ᠡᠵᠢ ᠪᠦᠷ ᠮᠣᠩᠭᠣᠯ ᠦᠨᠳᠦᠰᠦᠲᠡᠨ ᠂ ᠲᠡᠳᠡ ᠬᠣᠶᠠᠭᠤᠯᠠ ᠨᠠᠰᠤ᠎ᠪᠠᠷ᠎ᠢᠶᠡᠨ ᠦᠨᠳᠦᠰᠦᠲᠡᠨ᠎ᠤ ᠵᠢᠭᠠᠨ ᠰᠤᠷᠭᠠᠯᠲᠠ ᠪᠠ ᠰᠤᠳᠤᠯᠭᠠᠨ᠎ᠤ ᠬᠦᠷᠢᠶᠡᠨ᠎ᠳ᠋ᠤ ᠠᠵᠢᠯᠯᠠᠵᠡᠢ ᠃ ᠪᠢ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭᠠᠨ ᠬᠥᠮᠦᠵᠢᠯ᠎ᠢ ᠰᠠᠶᠢᠲᠤᠷ ᠡᠷᠬᠢᠯᠡᠬᠦ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠬᠤ᠎ᠶᠢᠨ ᠴᠢᠬᠤᠯᠠ ᠴᠢᠨᠠᠷ᠎ᠢ ᠭᠦᠨᠵᠡᠭᠡᠢ ᠮᠡᠳᠡᠷᠡᠨ᠎ᠠ ᠃ ᠪᠢ ᠪᠣᠯᠤᠨ ᠮᠢᠨᠦ ᠭᠡᠷ᠎ᠤᠨ ᠬᠥᠮᠦᠰ ᠪᠣᠯ ᠴᠥᠮ ᠨᠠᠮ ᠪᠠ ᠤᠯᠤᠰ᠎ᠤᠨ ᠤᠷᠳᠤ ᠬᠤᠭᠤᠴᠠᠭᠠᠨ᠎ᠤ ᠬᠠᠯᠠᠮᠵᠢᠯᠠᠯ ᠪᠠ ᠬᠥᠮᠦᠵᠢᠭᠦᠯᠦᠯ ᠳᠣᠣᠷ᠎ᠠ ᠦᠰᠦᠨ ᠪᠣᠶᠢᠵᠢᠨ ᠂ ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢᠨ ᠠᠰᠢᠭ ᠬᠦᠷᠳᠡᠭᠴᠢ ᠪᠣᠯᠣᠨ᠎ᠠ ︾ ᠭᠡᠵᠦ ᠬᠡᠯᠡᠨ᠎ᠡ ᠃

ᠠᠵᠢᠯᠴᠢᠨ᠎ᠤ ᠡᠪᠯᠡᠯ ᠪᠣᠯ ᠨᠠᠮ᠎ᠡᠴᠠ ᠠᠵᠢᠯᠳᠠᠨ ᠠᠵᠢᠯᠴᠢᠨ ᠲᠦᠮᠡᠨ᠎ᠲᠠᠢ ᠬᠠᠷᠢᠯᠴᠠᠬᠤ ᠬᠥᠭᠥᠷᠭᠡ ᠬᠣᠯᠪᠣᠭᠠᠰᠤ ᠪᠣᠯᠣᠨ᠎ᠠ ᠂ ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠤᠨ ᠥᠪᠥᠷ ᠮᠣᠩᠭᠣᠯ᠎ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠮᠠᠨ᠎ᠤ ᠤᠯᠤᠰ᠎ᠤᠨ ᠨᠢᠭᠡᠳᠦᠭᠰᠡᠨ ᠤᠯᠠᠨ ᠦᠨᠳᠦᠰᠦᠲᠡᠨ᠎ᠲᠠᠢ ᠤᠯᠤᠰ᠎ᠤᠨ ᠦᠨᠳᠦᠰᠦᠨ ᠪᠠᠶᠢᠳᠠᠯ᠎ᠢ ᠵᠥᠪ ᠲᠠᠨᠢᠨ ᠣᠨᠣᠪᠴᠢᠲᠠᠢ ᠡᠵᠡᠮᠰᠢᠵᠦ ᠂ ᠦᠨᠳᠦᠰᠦᠲᠡᠨ᠎ᠤ ᠠᠵᠢᠯ᠎ᠢ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠲᠠᠢ ᠬᠣᠯᠪᠣᠭᠳᠠᠬᠤ ᠪᠠᠶᠢᠯᠳᠤᠬᠤ ᠪᠤᠳᠤᠯᠭ᠎ᠠ᠎ᠶᠢᠨ ᠦᠨᠳᠦᠷᠴᠡ᠎ᠡᠴᠠ ᠲᠠᠨᠢᠬᠤ ᠬᠡᠷᠡᠭᠲᠡᠢ ᠃ ᠶᠡᠷᠦᠩᠬᠡᠢ ᠱᠦᠵᠢ ᠰᠢ᠎ᠶᠢᠨ ᠫᠢᠩ ᠪᠣᠯᠤᠨ ᠨᠠᠮ᠎ᠤᠨ ᠲᠥᠪ ᠬᠣᠷᠢᠶᠠᠨ᠎ᠤ ᠱᠠᠭᠠᠷᠳᠠᠯᠭ᠎ᠠ᠎ᠶᠢ ᠡᠷᠡᠰ ᠨᠠᠶᠢᠳᠠᠪᠤᠷᠢᠵᠢᠭᠤᠯᠵᠤ ᠂ ᠦᠨᠳᠦᠰᠦᠲᠡᠨ᠎ᠤ ᠠᠵᠢᠯ ᠪᠣᠯᠤᠨ ᠠᠵᠢᠯᠴᠢᠨ᠎ᠤ ᠡᠪᠯᠡᠯ᠎ᠤᠨ ᠠᠵᠢᠯ᠎ᠤᠨ ᠤᠶᠠᠯᠳᠤᠯ᠎ᠤᠨ ᠴᠡᠭ᠎ᠢ ᠣᠨᠣᠪᠴᠢᠲᠠᠢ ᠡᠷᠢᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠡᠨᠡ ᠬᠦ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠤ ᠠᠵᠢᠯ᠎ᠤᠨ ᠭᠣᠣᠯ ᠰᠢᠵᠢᠮ᠎ᠢ ᠪᠠᠲᠤ ᠡᠵᠡᠮᠳᠡᠵᠦ ᠂ ᠠᠵᠢᠯᠴᠢᠨ᠎ᠤ ᠡᠪᠯᠡᠯ᠎ᠤᠨ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠣᠨ᠎ᠠ ᠃ ᠨᠠᠮ᠎ᠤᠨ ᠲᠡᠦᠬᠡ᠎ᠶᠢᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ ᠪᠣᠯᠤᠨ ᠨᠡᠶᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠶᠢᠨ ᠬᠥᠮᠦᠵᠢᠯ᠎ᠢ ᠴᠢᠨᠠᠭᠰᠢᠳᠠ ᠴᠢᠩᠭᠠᠳᠬᠠᠵᠤ ᠂ ᠨᠠᠮ᠎ᠢᠶᠡᠨ ᠬᠠᠶᠢᠷᠠᠯᠠᠬᠤ ᠤᠯᠤᠰ᠎ᠢᠶᠡᠨ ᠬᠠᠶᠢᠷᠠᠯᠠᠬᠤ ᠨᠡᠶᠢᠭᠡᠮ ᠵᠢᠷᠤᠮ᠎ᠢ ᠬᠠᠶᠢᠷᠠᠯᠠᠬᠤ ᠭᠣᠣᠯ ᠰᠡᠳᠦᠪ᠎ᠤᠨ ᠲᠣᠭᠣᠷᠢᠨ᠎ᠳ᠋ᠤ ᠂ ︽ ᠡᠭᠦᠷᠢᠳᠡ ᠨᠠᠮ᠎ᠢᠶᠡᠨ ᠳᠠᠭᠠᠬᠤ ᠂ ᠰᠢᠨ᠎ᠡ ᠠᠶᠠᠨ᠎ᠳ᠋ᠤ ᠡᠷᠡᠯᠬᠡᠭᠯᠡᠨ ᠤᠷᠤᠭᠰᠢᠯᠠᠬᠤ ︾ ᠂ ︽ ᠳᠤᠮᠳᠠᠳᠤ᠎ᠶᠢᠨ ᠵᠡᠭᠦᠳᠦ · ᠬᠥᠳᠡᠯᠮᠦᠷᠢ ᠰᠠᠶᠢᠬᠠᠨ ︾ ᠵᠡᠷᠭᠡ ᠤᠯᠠᠨ ᠲᠦᠮᠡᠨᠴᠢ ᠴᠢᠨᠠᠷᠲᠠᠢ ᠭᠣᠣᠯ ᠰᠡᠳᠦᠪᠲᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠶᠢ ᠥᠷᠭᠡᠨ᠎ᠢᠶᠠᠷ ᠥᠷᠨᠢᠭᠦᠯᠦᠨ᠎ᠡ ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ᠎ᠤᠨ ᠤᠢ᠎ᠶᠢ ᠪᠡᠯᠭᠡᠯᠡᠬᠦ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠶᠢ ᠰᠠᠶᠢᠲᠤᠷ ᠵᠣᠬᠢᠶᠠᠨ ᠪᠠᠶᠢᠭᠤᠯᠤᠨ ᠥᠷᠨᠢᠭᠦᠯᠵᠦ ᠂ ᠨᠠᠮ᠎ᠤᠨ ᠲᠡᠦᠬᠡ ᠂ ᠰᠢᠨ᠎ᠡ ᠳᠤᠮᠳᠠᠳᠤ ᠤᠯᠤᠰ᠎ᠤᠨ ᠲᠡᠦᠬᠡ ᠂ ᠥᠭᠡᠷᠡᠴᠢᠯᠡᠯᠲᠡ ᠨᠡᠭᠡᠭᠡᠯᠳᠡ᠎ᠶᠢᠨ ᠲᠡᠦᠬᠡ ᠂ ᠨᠡᠶᠢᠭᠡᠮ ᠵᠢᠷᠤᠮ᠎ᠤᠨ ᠬᠥᠭᠵᠢᠯᠲᠡ᠎ᠶᠢᠨ ᠲᠡᠦᠬᠡ᠎ᠶᠢᠨ ᠬᠥᠮᠦᠵᠢᠯ᠎ᠢ ᠴᠢᠩᠭᠠᠳᠬᠠᠵᠤ ᠂ ᠠᠵᠢᠯᠳᠠᠨ ᠠᠵᠢᠯᠴᠢᠨ᠎ᠢ ᠵᠣᠬᠢᠶᠠᠨ ᠪᠠᠶᠢᠭᠤᠯᠤᠨ ᠶᠠᠷᠢᠶ᠎ᠠ ᠢᠯᠡᠳᠬᠡᠯ᠎ᠤᠨ ᠤᠷᠤᠯᠳᠤᠭᠠᠨ ᠂ ᠬᠥᠳᠡᠯᠮᠦᠷᠢ᠎ᠶᠢᠨ ᠵᠢᠱᠢᠶᠡᠴᠢ᠎ᠶᠢᠨ ᠤᠬᠠᠭᠤᠯᠤᠨ ᠲᠠᠶᠢᠯᠪᠤᠷᠢᠯᠠᠬᠤ ᠵᠡᠷᠭᠡ ᠠᠵᠢᠯᠯᠠᠭ᠎ᠠ᠎ᠳ᠋ᠤ ᠢᠳᠡᠪᠬᠢᠲᠡᠢ ᠣᠷᠣᠯᠴᠠᠭᠤᠯᠵᠤ ᠂ ᠨᠠᠮ᠎ᠤᠨ ᠰᠢᠨ᠎ᠡ᠎ᠶᠢ ᠡᠭᠦᠳᠬᠦ ᠤᠨᠤᠯ᠎ᠤᠨ ᠠᠵᠢᠯᠳᠠᠨ ᠠᠵᠢᠯᠴᠢᠨ᠎ᠤ ᠰᠡᠳᠬᠢᠯ᠎ᠳ᠋ᠤ ᠬᠠᠳᠠᠩᠰᠢᠬᠤ᠎ᠶᠢ ᠠᠬᠢᠭᠤᠯᠵᠤ ᠂ ᠠᠵᠢᠯᠳᠠᠨ ᠠᠵᠢᠯᠴᠢᠨ ᠲᠦᠮᠡᠨ᠎ᠤ ᠨᠠᠮ᠎ᠤᠨ ᠦᠭᠡ᠎ᠶᠢ ᠰᠣᠨᠣᠰᠬᠤ ᠂ ᠨᠠᠮ᠎ᠢᠶᠡᠨ ᠲᠠᠭᠠᠬᠤ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭ᠎ᠠ᠎ᠶᠢᠨ ᠤᠬᠠᠮᠰᠠᠷ᠎ᠢ ᠨᠡᠮᠡᠭᠳᠡᠭᠦᠯᠦᠨ᠎ᠡ ᠭᠡᠵᠦ ᠤᠮᠤᠬ ᠬᠡᠯᠡᠨ᠎ᠡ ᠃

ᠡᠨᠡ ᠵᠢᠯ ᠪᠤᠯ ︽ ᠠᠷᠪᠠᠨ ᠲᠦᠷᠪᠡᠳᠦᠭᠡᠷ ᠲᠠᠪᠤᠨ ᠵᠢᠯ ︾᠎ᠤᠨ ᠲᠦᠯᠦᠪᠵᠢᠬᠦᠯᠭᠡ᠎ᠶᠢ ᠭᠡᠷᠡᠭᠵᠢᠬᠦᠯᠵᠦ ᠂ ᠨᠡᠢᠭᠡᠮ ᠵᠢᠷᠤᠮᠲᠦ ᠤᠳᠤᠬᠢᠴᠢᠯᠠᠬᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠢᠭᠤᠯᠬᠤ ᠰᠢᠨ᠎ᠠ ᠠᠶᠠᠨ᠎ᠢ ᠡᠬᠢᠯᠡᠬᠦᠯᠬᠦ ᠠᠡᠭᠬᠠᠨ᠎ᠤ ᠵᠢᠯ ᠪᠤᠯᠤᠨ᠎ᠠ ᠃ ᠪᠢᠳᠡ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠨᠢᠭᠡᠳᠦᠯᠳᠡᠢ ᠤᠳᠤᠷᠢᠳᠤᠯᠭ᠎ᠠ ᠲᠤᠤᠷ᠎ᠠ ᠂ ᠠᠵᠤ ᠦᠢᠯᠡᠰ᠎ᠤᠨ ᠠᠵᠢᠯᠳᠠᠨ ᠠᠵᠢᠯᠴᠢᠨ᠎ᠤ ᠡᠡᠭᠨᠡᠭᠡ᠎ᠶᠢᠨ ᠪᠠᠢᠭᠤᠯᠤᠯᠳᠠ᠎ᠶᠢᠨ ᠦᠭᠡᠷᠡᠴᠢᠯᠡᠯᠳᠠ᠎ᠶᠢ ᠭᠦᠨᠵᠡᠭᠡᠢ ᠠᠬᠢᠭᠤᠯᠵᠤ ᠂ ᠠᠵᠤ ᠦᠢᠯᠡᠰ᠎ᠤᠨ ᠠᠵᠢᠯᠳᠠᠨ ᠠᠵᠢᠯᠴᠢᠨ᠎ᠤ ᠦᠵᠡᠯ ᠰᠠᠨᠠᠭᠠᠨ᠎ᠤ ᠬᠦᠳᠦᠯᠦᠨ ᠵᠢᠯᠤᠭᠤᠳᠤᠯᠭ᠎ᠠ ᠂ ᠭᠠᠪᠢᠶ᠎ᠠ ᠪᠠᠢᠭᠤᠯᠵᠤ ᠦᠢᠯᠡᠰ ᠪᠦᠳᠦᠭᠡᠭᠦ ᠂ ᠭᠡᠪ ᠪᠤᠯᠪᠠᠰᠤᠷᠠᠯ᠎ᠢ ᠲᠡᠭᠡᠭᠰᠢᠯᠡᠬᠦᠯᠬᠦ ᠂ ᠪᠠᠢᠷᠢ ᠰᠠᠭᠤᠷᠢ᠎ᠶᠢ ᠲᠡᠭᠡᠭᠰᠢᠯᠡᠬᠦᠯᠬᠦ ᠂ ᠡᠡᠭᠨᠡᠭᠡ᠎ᠶᠢ ᠪᠤᠵᠠᠭᠠᠢᠷᠠᠭᠤᠯᠬᠤ ᠵᠡᠷᠭᠡ ᠦᠭᠡᠷᠡᠴᠢᠯᠡᠯᠳᠠ᠎ᠶᠢᠨ ᠠᠷᠭ᠎ᠠ ᠬᠡᠮᠵᠢᠶ᠎ᠠ᠎ᠶᠢ ᠰᠠᠢᠳᠤᠷ ᠨᠠᠢᠳᠠᠪᠤᠷᠢᠵᠢᠭᠤᠯᠬᠤ᠎ᠶᠢ ᠠᠬᠢᠭᠤᠯᠣᠨ᠎ᠠ ᠃ ᠠᠵᠢᠯᠳᠠᠨ ᠠᠵᠢᠯᠴᠢᠨ᠎ᠤ ᠤᠷ᠎ᠠ ᠮᠡᠷᠭᠡᠵᠢᠯ᠎ᠢ ᠲᠡᠭᠡᠭᠰᠢᠯᠡᠬᠦᠯᠬᠦ ᠠᠵᠢᠯᠯᠠᠭ᠎ᠠ᠎ᠶᠢ ᠭᠦᠨᠵᠡᠭᠡᠢ ᠬᠡᠷᠡᠭᠵᠢᠬᠦᠯᠵᠦ ᠂ ᠪᠤᠯᠪᠠᠰᠤᠷᠠᠯ ᠬᠦᠷᠳᠡᠭᠡᠭᠦ ᠂ ᠲᠠᠪᠳᠠᠨ ᠪᠤᠯᠪᠠᠰᠤᠷᠠᠭᠤᠯᠬᠤ ᠂ ᠤᠷᠤᠯᠳᠤᠬᠤ ᠂ ᠲᠡᠰ ᠲᠡᠪᠰᠢᠬᠦ ︽ ᠲᠦᠷᠪᠡ᠎ᠶᠢ ᠨᠢᠭᠡ ᠴᠤᠬᠴᠠᠵᠢᠭᠤᠯᠤᠬᠰᠠᠨ ︾ ᠤᠷ᠎ᠠ ᠮᠡᠷᠭᠡᠵᠢᠯ᠎ᠤᠨ ᠴᠢᠳᠠᠪᠤᠷᠢᠳᠠᠨ᠎ᠢ ᠬᠦᠮᠦᠵᠢᠬᠦᠯᠬᠦ ᠲᠤᠬᠳᠠᠴᠠ᠎ᠶᠢ ᠴᠢᠷᠮᠠᠢᠨ ᠴᠤᠬᠴᠠᠯᠠᠨ᠎ᠠ ᠃ ︽ ︿ ᠠᠷᠪᠠᠨ ᠲᠦᠷᠪᠡᠳᠦᠭᠡᠷ ᠲᠠᠪᠤᠨ ᠵᠢᠯ ﹀᠎ᠳ᠋ᠤ ᠭᠠᠪᠢᠶ᠎ᠠ ᠪᠠᠢᠭᠤᠯᠵᠤ ᠂ ᠰᠢᠨ᠎ᠠ ᠠᠶᠠᠨ᠎ᠳ᠋ᠤ ᠡᠷᠡᠯᠭᠡᠭᠯᠡᠨ ᠤᠷᠤᠬᠰᠢᠯᠠᠬᠤ ︾ ᠭᠤᠤᠯ ᠰᠡᠳᠦᠪᠳᠦ ᠬᠦᠳᠡᠯᠮᠤᠷᠢ ᠪᠠ ᠤᠷ᠎ᠠ ᠮᠡᠷᠭᠡᠵᠢᠯ᠎ᠤᠨ ᠤᠷᠤᠯᠳᠤᠭᠠᠨ᠎ᠢ ᠰᠠᠢᠳᠤᠷ ᠵᠤᠬᠢᠶᠠᠨ ᠪᠠᠢᠭᠤᠯᠤᠨ ᠦᠷᠨᠢᠬᠦᠯᠵᠦ ᠂ ᠠᠵᠢᠯᠳᠠᠨ ᠠᠵᠢᠯᠴᠢᠨ᠎ᠤ ᠰᠢᠨ᠎ᠠ᠎ᠶᠢ ᠡᠭᠦᠳᠦᠭᠰᠡᠨ ᠦᠷ᠎ᠠ ᠪᠦᠳᠦᠭᠡᠯ᠎ᠢ ᠨᠠᠡᠭ ᠰᠠᠢᠨ ᠨᠠᠡᠭ ᠲᠦᠷᠭᠡᠨ᠎ᠢᠶᠠᠷ ᠪᠤᠳᠠᠳᠤ ᠦᠢᠯᠡᠳᠪᠤᠷᠢᠯᠡᠯ᠎ᠤᠨ ᠬᠦᠴᠦᠨ ᠪᠤᠯᠭᠠᠨ ᠬᠤᠪᠢᠷᠠᠭᠤᠯᠬᠤ᠎ᠶᠢ ᠠᠬᠢᠭᠤᠯᠣᠨ᠎ᠠ ᠃ ︽ ᠠᠵᠢᠯᠳᠠᠨ ᠠᠵᠢᠯᠴᠢᠨ᠎ᠳ᠋ᠤ ᠪᠤᠳᠠᠳᠤ ᠶᠠᠪᠤᠳᠠᠯ ᠬᠢᠵᠤ ᠦᠭᠭᠦ ︾ ᠠᠵᠢᠯᠯᠠᠭ᠎ᠠ᠎ᠶᠢ ᠬᠢᠨᠠᠮᠠᠭᠠᠢ ᠦᠷᠨᠢᠬᠦᠯᠵᠦ ᠂ ᠦᠨᠳᠦᠰᠦᠨ ᠱᠠᠳᠤᠨ᠎ᠤ ᠠᠵᠢᠯᠴᠢᠨ᠎ᠤ ᠡᠪᠯᠡᠯ᠎ᠤᠨ ᠬᠦᠴᠢᠷᠳᠠᠯᠲᠠᠢ ᠶᠠᠪᠤᠳᠠᠯ ᠂ ᠠᠵᠢᠯᠳᠠᠨ ᠠᠵᠢᠯᠴᠢᠨ ᠤᠯᠠᠨ ᠲᠦᠮᠡᠨ᠎ᠤ ᠵᠤᠪᠠᠨᠢᠵᠤ ᠪᠠᠢᠭ᠎ᠠ ᠶᠠᠪᠤᠳᠠᠯ᠎ᠢ ᠰᠢᠢᠳᠪᠤᠷᠢᠯᠡᠬᠦ᠎ᠶᠢ ᠦᠨᠡᠨ ᠬᠦ ᠠᠬᠢᠭᠤᠯᠣᠨ᠎ᠠ ᠃ ᠡᠷᠭᠡ ᠠᠰᠢᠭ᠎ᠢ ᠬᠠᠮᠠᠭᠠᠯᠠᠬᠤ ᠦᠢᠯᠡᠴᠢᠯᠡᠭᠡᠨ᠎ᠤ ᠦᠨᠳᠦᠰᠦᠨ ᠡᠬᠦᠷᠭᠡ ᠬᠠᠷᠢᠭᠤᠴᠠᠯᠭ᠎ᠠ᠎ᠪᠠᠨ ᠰᠠᠢᠳᠤᠷ ᠬᠦᠢᠴᠡᠳᠭᠡᠵᠦ ᠂ ᠠᠵᠢᠯ᠎ᠤᠨ ᠠᠷᠭ᠎ᠠ ᠬᠡᠮᠵᠢᠶ᠎ᠠ ᠪᠠ ᠠᠷᠭ᠎ᠠ ᠪᠠᠷᠢᠯ᠎ᠤᠨ ᠰᠢᠨ᠎ᠠ᠎ᠶᠢ ᠡᠭᠦᠳᠴᠦ ᠂ ᠰᠦᠯᠵᠢᠶᠡᠨ ᠲᠡᠭᠡᠷᠡᠬᠢ ᠪᠠ ᠪᠤᠳᠠᠳᠤ ᠴᠤᠬᠴᠠ᠎ᠶᠢ ᠵᠡᠷᠭᠡ᠎ᠪᠠᠷ ᠴᠢᠬᠤᠯᠠᠴᠢᠯᠠᠵᠤ ᠠᠵᠢᠯ ᠤᠯᠭᠣᠵᠤ ᠦᠢᠯᠡᠰ ᠪᠤᠰᠬᠠᠬᠤ ᠦᠢᠯᠡᠴᠢᠯᠡᠭᠡ᠎ᠶᠢ ᠴᠢᠡᠭᠭᠠᠳᠬᠠᠵᠤ ᠂ ᠠᠵᠢᠯ᠎ᠤᠨ ᠪᠠᠢᠷᠢ᠎ᠡᠴᠠ᠎ᠪᠠᠨ ᠪᠠᠭᠤᠵᠤ ᠠᠵᠢᠯ ᠠᠯᠳᠠᠬᠰᠠᠨ ᠠᠵᠢᠯᠳᠠᠨ ᠠᠵᠢᠯᠴᠢᠨ ᠂ ᠬᠦᠯᠦᠰᠦᠨ ᠲᠠᠷᠢᠶᠠᠴᠢᠨ ᠮᠠᠯᠴᠢᠨ ᠂ ᠶᠡᠬᠡ ᠲᠡᠭᠡᠳᠦ ᠰᠤᠷᠭᠠᠭᠤᠯᠢ ᠲᠡᠭᠦᠰᠦᠭᠰᠡᠳ᠎ᠢ ᠬᠠᠪᠰᠤᠷᠤᠨ ᠠᠵᠢᠯ ᠤᠯᠭᠤᠬᠤ ᠠᠵᠢᠯ᠎ᠢ ᠰᠠᠢᠳᠤᠷ ᠬᠢᠵᠤ ᠂ ᠬᠦᠴᠢᠷᠳᠡᠯᠲᠠᠢ ᠠᠵᠢᠯᠳᠠᠨ ᠠᠵᠢᠯᠴᠢᠨ᠎ᠢ ᠪᠠᠢᠡᠭᠭᠤᠵᠢᠭᠤᠯᠤᠨ ᠬᠠᠪᠰᠤᠷᠤᠨ ᠲᠡᠳᠭᠦᠭᠦ ᠠᠵᠢᠯ᠎ᠢ ᠰᠠᠢᠳᠤᠷ ᠬᠢᠨ᠎ᠡ ᠃ ᠡᠯ᠎ᠠ ᠱᠠᠳᠤᠨ᠎ᠤ ᠠᠵᠢᠯᠴᠢᠨ᠎ᠤ ᠡᠪᠯᠡᠯ᠎ᠤᠨ ᠬᠦᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠳᠠ ᠲᠠᠯᠪᠢᠬᠤ ᠵᠤᠬᠢᠶᠠᠨ ᠪᠠᠢᠭᠤᠯᠤᠯᠳᠠ ᠪᠤᠯᠤᠨ ᠠᠵᠢᠯᠳᠠᠨ ᠠᠵᠢᠯᠴᠢᠨ᠎ᠤ ᠦᠢᠯᠡᠴᠢᠯᠡᠭᠡᠨ᠎ᠤ ᠲᠦᠪ᠎ᠤᠨ ᠵᠢᠬᠰᠠᠭᠠᠯ᠎ᠤᠨ ᠭᠠᠵᠠᠷ᠎ᠤᠨ ᠦᠢᠯᠡᠳᠦᠯ᠎ᠢ ᠬᠦᠢᠴᠡᠳ ᠪᠠᠳᠠᠷᠠᠭᠤᠯᠵᠤ ᠂ ᠠᠵᠢᠯᠳᠠᠨ ᠠᠵᠢᠯᠴᠢᠨ᠎ᠤ ᠡᠡᠭᠨᠡᠭᠡ ᠪᠠ ᠨᠡᠢᠭᠡᠮ᠎ᠤᠨ ᠡᠶ᠎ᠠ ᠵᠤᠬᠢᠴᠠᠡᠭᠭᠤᠢ ᠲᠤᠬᠳᠠᠭᠤᠨ᠎ᠢ ᠡᠷᠡᠰ ᠬᠠᠮᠠᠭᠠᠯᠠᠨ᠎ᠠ ᠭᠡᠵᠦ ᠤᠮᠤᠭ ᠬᠡᠯᠡᠨ᠎ᠡ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面