2020-09-14 08:59:53
ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠴᠣ ᠬᠡᠷᠡᠭᠯᠡᠬᠦ ᠪᠣᠯ ᠦᠨᠳᠦᠰᠦᠨ ᠬᠠᠤᠯᠢ᠎ᠳ᠋ᠤ ᠲᠣᠭᠲᠠᠭᠠᠭᠰᠠᠨ ᠠᠷᠠᠳ ᠢᠷᠭᠡᠳ᠎ᠤᠨ ᠬᠠᠷᠢᠭᠤᠴᠠᠯᠭ᠎ᠠ ᠮᠦᠨ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠳᠡᠯᠭᠡᠷᠡᠭᠦᠯᠵᠤ ᠲᠦᠭᠡᠮᠡᠯᠵᠢᠭᠦᠯᠬᠦ ᠪᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ ᠴᠢᠬᠤᠯᠠ ᠠᠷᠭ᠎ᠠ ᠵᠠᠮ ᠮᠦᠨ ᠃ ᠪᠢᠳᠡ ᠤᠬᠠᠮᠰᠠᠷ᠎ᠡᠴᠠ᠎ᠪᠠᠨ ᠲᠡᠦᠬᠡ᠎ᠶᠢᠨ ᠬᠥᠭᠵᠢᠯᠲᠡ᠎ᠶᠢᠨ ᠵᠢᠮ᠎ᠡ ᠶᠣᠰᠣ᠎ᠶᠢ ᠳᠠᠭᠠᠵᠤ ᠂ ᠶᠡᠷᠦᠩᠬᠡᠶ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠬᠢᠨᠠᠮᠠᠭᠠᠶ ᠰᠤᠷᠤᠯᠴᠠᠨ ᠣᠶᠢᠯᠠᠭᠠᠵᠤ ᠂ ᠨᠠᠮ᠎ᠤᠨ ᠦᠨᠳᠦᠰᠦᠲᠡᠨ᠎ᠤ ᠲᠥᠷᠥ᠎ᠶᠢᠨ ᠪᠣᠳᠣᠯᠭ᠎ᠠ ᠪᠤᠯᠤᠨ ᠰᠤᠷᠭᠠᠨ ᠬᠥᠮᠦᠵᠢᠯ᠎ᠤᠨ ᠴᠢᠭᠯᠡᠯᠲᠡ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠡᠷᠡᠰ ᠭᠤᠶᠢᠪᠢᠰᠢ ᠦᠭᠡᠢ᠎ᠪᠠᠷ ᠲᠠᠯᠬᠡᠷᠡᠬᠦᠯᠤᠨ ᠲᠦᠭᠡᠮᠡᠯᠵᠢᠭᠦᠯᠵᠤ ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ ᠂ ︽ ᠳᠤᠮᠳᠠᠳᠤ᠎ᠶᠢᠨ ᠦᠨᠳᠦᠰᠦᠲᠡᠨ ᠪᠤᠯ ᠨᠢᠭᠡ ᠭᠡᠷ᠎ᠤᠨ ᠬᠥᠮᠦᠨ ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠪᠠᠨ ᠬᠠᠮᠲᠤ᠎ᠪᠠᠷ ᠲᠡᠷᠭᠡᠯᠰᠢᠭᠦᠯᠬᠦ ︾ ᠰᠠᠶᠢᠨ ᠰᠠᠶᠢᠬᠠᠨ ᠪᠠᠶᠢᠳᠠᠯ᠎ᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠬᠦ ᠬᠡᠷᠡᠭᠳᠡᠢ ᠃
ᠨᠢᠭᠡ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠬᠠᠮᠲᠤ᠎ᠪᠠᠷ ᠤᠯᠠᠮᠵᠢᠯᠠᠨ ᠵᠠᠯᠭᠠᠮᠵᠢᠯᠠᠵᠤ ᠬᠥᠭᠵᠢᠭᠦᠯᠬᠦ ᠡᠷᠬᠢᠮ ᠨᠠᠨᠳᠢᠨ ᠡᠳ᠋ ᠪᠠᠶᠠᠯᠢᠭ ᠮᠦᠨ ᠃ ᠮᠠᠷᠺᠰ᠎ᠤᠨ ᠦᠵᠡᠬᠦ᠎ᠪᠠᠷ ᠂ ︽ ᠬᠡᠯᠡᠨ᠎ᠤ ᠲᠤᠰ ᠪᠡᠶ᠎ᠡ ᠪᠤᠯ ᠵᠣᠬᠢᠬᠤ ᠬᠠᠮᠲᠤ᠎ᠶᠢᠨ ᠴᠣᠭᠴᠠ᠎ᠶᠢᠨ ᠪᠦᠲᠦᠭᠡᠭᠳᠡᠬᠦᠨ ᠪᠤᠯᠤᠨ᠎ᠠ ︾ ᠂ ᠲᠡᠭᠦᠨ᠎ᠳ᠋ᠤ ᠲᠤᠰ ᠪᠡᠶ᠎ᠡ᠎ᠶᠢᠨ ᠬᠥᠭᠵᠢᠯᠳᠡ᠎ᠶᠢᠨ ᠵᠢᠮ᠎ᠡ ᠶᠣᠰᠣᠲᠠᠢ ᠂ ᠡᠬᠦᠨ᠎ᠲᠠᠢ ᠠᠳᠠᠯᠢ᠎ᠪᠠᠷ ᠨᠦᠬᠦᠭᠡ ᠲᠠᠯ᠎ᠠ᠎ᠡᠴᠠ᠎ᠨᠢ ᠠᠪᠴᠤ ᠬᠡᠯᠡᠪᠡᠯ ᠂ ︽ ᠬᠡᠯᠡᠨ᠎ᠤ ᠲᠤᠰ ᠪᠡᠶ᠎ᠡ ᠪᠤᠯ ᠳᠠᠷᠤᠶ ᠡᠨᠡ ᠬᠦ ᠬᠠᠮᠲᠤ᠎ᠶᠢᠨ ᠴᠣᠭᠴᠠ᠎ᠶᠢᠨ ᠣᠷᠣᠰᠢᠬᠤᠶ ᠪᠤᠯᠬᠤ ᠶᠤᠮ ︾ ᠃ ᠣᠯᠠᠨ ᠮᠢᠩᠭᠠᠨ ᠵᠢᠯ᠎ᠤᠨ ᠲᠤᠷᠰᠢ ᠂ ᠳᠤᠮᠳᠠᠳᠤ᠎ᠶᠢᠨ ᠦᠨᠳᠦᠰᠦᠲᠡᠨ᠎ᠤ ᠤᠯᠠᠨ ᠡᠰᠢᠲᠦ ᠨᠢᠭᠡ ᠴᠤᠭᠴᠠᠵᠢᠭᠰᠠᠨ ᠪᠠᠶᠢᠷᠢᠰᠢᠯ ᠪᠦᠷᠢᠯᠳᠦᠨ ᠬᠥᠭᠵᠢᠭᠰᠡᠨ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ ᠠᠶᠠᠨᠳᠠᠭᠠᠨ᠎ᠤ ᠣᠷᠣᠰᠢᠬᠤᠶ ᠪᠠᠶᠢᠭᠰᠠᠨ᠎ᠡᠴᠠ᠎ᠪᠠᠨ ᠤᠬᠠᠮᠰᠠᠷ᠎ᠲᠠᠢ ᠪᠣᠯᠣᠭᠰᠠᠨ᠎ᠨᠢ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠪᠠᠳᠠᠷᠠᠭᠣᠯᠣᠭᠰᠠᠨ ᠴᠢᠬᠤᠯᠠ ᠦᠶᠯᠡᠳᠦᠯ᠎ᠡᠴᠠ ᠰᠠᠯᠵᠤ ᠴᠢᠳᠠᠬᠤ ᠦᠭᠡᠢ ᠃ ᠳᠤᠮᠳᠠᠳᠤ ᠤᠯᠤᠰ᠎ᠤᠨ ᠲᠡᠤᠬᠡᠨ ᠬᠥᠭᠵᠢᠯᠲᠡ᠎ᠶᠢᠨ ᠶᠠᠪᠤᠴᠠ᠎ᠳ᠋ᠤ ᠂ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ ᠪᠣᠯ ᠡᠯ᠎ᠡ ᠭᠠᠵᠠᠷ ᠣᠷᠣᠨ ᠂ ᠡᠯ᠎ᠡ ᠦᠨᠳᠦᠰᠦᠲᠡᠨ᠎ᠤ ᠠᠷᠠᠳ ᠲᠦᠮᠡᠨ᠎ᠤ ᠤᠷᠳᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠦᠷ᠎ᠡ ᠳ᠋ᠦᠩ ᠪᠤᠯᠬᠤ ᠶᠤᠮ ᠂ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠤᠨ ᠬᠠᠷᠢᠯᠴᠠᠨ ᠨᠥᠯᠥᠭᠡᠯᠡᠯ ᠂ ᠬᠠᠷᠢᠯᠴᠠᠨ ᠳᠣᠯᠢᠳᠠᠯ ᠪᠤᠯ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠷᠢᠯᠳᠦᠭᠦᠯᠬᠦ ᠴᠢᠬᠤᠯᠠ ᠨᠥᠬᠥᠴᠡᠯ ᠪᠣᠯᠣᠨ᠎ᠠ ᠃ ᠡᠭᠦᠨ᠎ᠳ᠋ᠤ ᠂ ᠬᠢᠲᠠᠳ ᠦᠭᠡ ᠬᠡᠯᠡ ᠦᠰᠦᠭ ᠪᠢᠴᠢᠭ᠎ᠨᠢ ᠴᠢᠨ ᠤᠯᠤᠰ ᠬᠠᠨ ᠤᠯᠤᠰ᠎ᠡᠴᠠ ᠨᠠᠭᠠᠰᠢ ᠠᠭᠠᠵᠢᠮ᠎ᠢᠶᠠᠷ ᠳᠡᠦᠬᠡᠨ ᠳᠡᠭᠡᠷᠡᠬᠢ ᠲᠦᠷᠦ᠎ᠶᠢᠨ ᠲᠥᠪ᠎ᠤᠨ ᠵᠠᠰᠠᠭ᠎ᠤᠨ ᠡᠷᠬᠡ᠎ᠶᠢᠨ ᠭᠣᠣᠯ ᠰᠣᠯᠢᠯᠴᠠᠭᠠᠨ᠎ᠤ ᠦᠭᠡ ᠬᠡᠯᠡ ᠪᠠ ᠦᠰᠦᠭ ᠪᠢᠴᠢᠭ ᠪᠤᠯᠵᠠᠢ ᠂ ᠡᠨᠡ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶᠢᠨ ᠲᠡᠦᠬᠡᠨ ᠰᠣᠩᠭᠣᠯᠲᠠ ᠪᠣᠯᠣᠨ᠎ᠠ ᠃ ᠬᠢᠲᠠᠳ ᠦᠨᠳᠦᠰᠦᠲᠡᠨ᠎ᠤ ᠤᠯᠤᠰ ᠲᠥᠷᠥᠴᠢᠨ ᠂ ᠲᠡᠦᠬᠡ᠎ᠶᠢᠨ ᠣᠬᠠᠭᠠᠨᠳᠠᠨ ᠂ ᠤᠳᠬ᠎ᠠ ᠵᠣᠬᠢᠶᠠᠯᠴᠢᠳ ᠬᠢᠲᠠᠳ ᠦᠭᠡ ᠬᠡᠯᠡ ᠦᠰᠦᠭ ᠪᠢᠴᠢᠭ᠎ᠢᠶᠠᠷ ᠮᠢᠩᠭᠠᠨ ᠣᠨ ᠮᠦᠩᠬᠡᠷᠡᠬᠦ ᠠᠪᠣᠷᠭᠣ ᠪᠦᠲᠦᠭᠡᠯ᠎ᠢ ᠵᠣᠬᠢᠶᠠᠨ ᠪᠦᠲᠦᠭᠡᠭᠰᠡᠨ᠎ᠢᠶᠠᠷ ᠪᠠᠷᠠᠬᠤ ᠦᠭᠡᠢ ᠂ ᠮᠠᠰᠢ ᠣᠯᠠᠨ ᠴᠥᠭᠡᠨ ᠲᠣᠭᠠᠲᠤ ᠦᠨᠳᠦᠰᠦᠲᠡᠨ᠎ᠤ ᠤᠯᠤᠰ ᠲᠥᠷᠥᠴᠢᠨ ᠂ ᠲᠡᠦᠬᠡ᠎ᠶᠢᠨ ᠣᠬᠠᠭᠠᠨᠳᠠᠨ ᠂ ᠤᠳᠬ᠎ᠠ ᠵᠣᠬᠢᠶᠠᠯᠴᠢᠳ ᠴᠦ ᠬᠢᠲᠠᠳ ᠬᠡᠯᠡ᠎ᠪᠠᠷ ᠵᠣᠬᠢᠶᠠᠨ ᠪᠢᠴᠢᠬᠦ᠎ᠶᠢᠨ ᠬᠠᠮᠳᠣ ᠂ ᠬᠥᠮᠦᠰ᠎ᠲᠤ ᠲᠠᠭᠠᠰᠢᠶᠠᠭᠳᠠᠭᠰᠠᠨ ᠮᠠᠰᠢ ᠤᠯᠠᠨ ᠠᠯᠳᠠᠷᠲᠤ ᠵᠣᠬᠢᠶᠠᠯ ᠪᠦᠲᠦᠭᠡᠯ᠎ᠨᠢ ᠤᠯᠠᠮᠵᠢᠯᠠᠭᠳᠠᠨ ᠢᠷᠡᠵᠦ ᠂ ᠡᠭᠦᠨ᠎ᠤ ᠤᠯᠠᠮ᠎ᠡᠴᠠ ᠳᠤᠮᠳᠠᠳᠤ᠎ᠶᠢᠨ ᠪᠣᠯᠪᠠᠰᠤᠨ᠎ᠤ ᠬᠥᠭᠵᠢᠯᠲᠡ᠎ᠳ᠋ᠤ ᠴᠢᠬᠤᠯᠠ ᠬᠤᠪᠢ ᠨᠡᠮᠡᠷᠢ ᠦᠵᠡᠭᠦᠯᠪᠡ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ᠎ᠡᠴᠠ ᠨᠠᠭᠠᠰᠢ ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ᠎ᠡᠴᠠ ᠨᠠᠭᠠᠰᠢ ᠂ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭᠠᠨ ᠬᠥᠮᠦᠵᠢᠯ᠎ᠤᠨ ᠬᠥᠭᠵᠢᠯᠲᠡ᠎ᠶᠢ ᠳᠠᠭᠠᠯᠳᠤᠨ ᠬᠢᠲᠠᠳ ᠬᠡᠯᠡ ᠨᠢᠭᠡᠨᠲᠡ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠨᠡᠶᠢᠳᠡᠮ ᠬᠡᠷᠡᠭᠯᠡᠬᠦ ᠰᠣᠯᠢᠯᠴᠠᠭᠠᠨ᠎ᠤ ᠪᠠᠭᠠᠵᠢ ᠪᠣᠯᠵᠠᠢ ᠃ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ ᠲᠠᠰᠤᠷᠠᠯᠲᠠ ᠦᠭᠡᠢ ᠬᠥᠭᠵᠢᠨ ᠪᠤᠵᠠᠭᠠᠢᠷᠠᠬᠤ᠎ᠶᠢ ᠳᠠᠭᠠᠯᠳᠤᠨ ᠦᠨᠳᠦᠰᠦᠲᠡᠨ᠎ᠨᠦᠭᠦᠳ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠯᠠᠮᠵᠢᠯᠠᠬᠤ ᠂ ᠬᠡᠷᠡᠭᠯᠡᠬᠦ ᠂ ᠬᠥᠭᠵᠢᠭᠦᠯᠬᠦ᠎ᠳ᠋ᠤ ᠨᠡᠩ ᠤᠬᠠᠮᠰᠠᠷ᠎ᠡᠴᠠ᠎ᠪᠠᠨ ᠣᠷᠣᠯᠴᠠᠬᠤ ᠪᠣᠯᠤᠨ᠎ᠠ ︔ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠲᠦᠭᠡᠮᠡᠯᠵᠢᠬᠦ᠎ᠶᠢ ᠳᠠᠭᠠᠯᠳᠤᠨ ᠳᠤᠮᠳᠠᠳᠤ᠎ᠶᠢᠨ ᠦᠨᠳᠦᠰᠦᠲᠡᠨ ᠴᠦ ᠵᠠᠶᠢᠯᠠᠰᠢ ᠦᠭᠡᠢ ᠪᠠᠭᠲᠠᠭᠠᠮᠵᠢᠲᠤ ᠴᠢᠨᠠᠷ᠎ᠢᠶᠠᠷ ᠨᠡᠩ ᠴᠢᠩᠭ᠎ᠠ ᠂ ᠨᠢᠭᠲᠠᠷᠠᠭᠣᠯᠬᠣ ᠬᠦᠴᠦᠨ᠎ᠢᠶᠠᠷ ᠨᠡᠩ ᠶᠡᠬᠡ ᠬᠤᠪᠢ ᠵᠠᠶᠠᠭᠠᠨ᠎ᠤ ᠬᠠᠮᠲᠤ᠎ᠶᠢᠨ ᠴᠣᠭᠴᠠ ᠲᠡᠶᠢᠰᠢ ᠤᠷᠤᠭᠰᠢᠯᠠᠬᠤ ᠪᠣᠯᠤᠨ᠎ᠠ ᠭᠡᠳᠡᠭ᠎ᠢ ᠵᠢᠱᠢᠨ ᠮᠡᠳᠡᠵᠦ ᠪᠣᠯᠣᠨ᠎ᠠ ᠃ ᠡᠨᠡ ᠪᠣᠯ ᠲᠡᠤᠬᠡ᠎ᠶᠢᠨ ᠬᠥᠭᠵᠢᠯᠲᠡ᠎ᠶᠢᠨ ᠪᠤᠰᠤᠳᠴᠢ ᠵᠢᠮ᠎ᠡ ᠶᠣᠰᠣ ᠮᠦᠨ ᠂ ᠲᠡᠷᠡ᠎ᠨᠢ ᠬᠥᠮᠦᠨ᠎ᠤ ᠰᠠᠨᠠᠭ᠎ᠠ᠎ᠪᠠᠷ ᠰᠢᠯᠵᠢᠬᠦ ᠦᠭᠡᠢ ᠶᠤᠮ ᠃
ᠬᠤᠶᠠᠷ ᠂ ᠤᠯᠤᠰ᠎ᠤᠨ ᠨᠡᠢᠳᠡᠮ ᠬᠡᠷᠡᠭᠯᠡᠬᠦ ᠦᠬᠡ ᠬᠡᠯᠡ ᠦᠰᠦᠭ ᠪᠢᠴᠢᠭ᠎ᠢ ᠰᠠᠢᠲᠤᠷ ᠰᠤᠷᠬᠤ ᠪᠤᠯ ᠦᠨᠳᠦᠰᠦᠨ ᠬᠠᠤᠯᠢ ᠪᠤᠯᠤᠨ ᠬᠠᠤᠯᠢ ᠲᠤᠭᠲᠠᠭᠠᠯ᠎ᠳ᠋ᠤ ᠲᠤᠭᠲᠠᠭᠠᠭᠰᠠᠨ ᠦᠨᠳᠦᠰᠦᠲᠡᠨ᠎ᠨᠦᠭᠦᠳ᠎ᠤᠨ ᠢᠷᠭᠡᠳ᠎ᠤᠨ ᠬᠠᠮᠲᠤ᠎ᠶᠢᠨ ᠬᠠᠷᠢᠭᠤᠴᠠᠯᠭ᠎ᠠ ᠮᠦᠨ ᠃ ᠤᠯᠠᠨ ᠦᠨᠳᠦᠰᠦᠲᠡᠨ᠎ᠲᠠᠢ ᠤᠯᠤᠰ᠎ᠲᠤ ᠠᠪᠴᠤ ᠬᠡᠯᠡᠪᠡᠯ ᠂ ᠨᠢᠭᠡᠳᠦᠯᠲᠡᠢ ᠦᠰᠦᠭ ᠪᠢᠴᠢᠭ ᠪᠤᠯ ᠤᠯᠤᠰ᠎ᠤᠨ ᠪᠦᠲᠦᠭᠡᠨ ᠪᠠᠢᠭᠤᠯᠤᠯᠲᠠ ᠪᠤᠯᠤᠨ ᠵᠠᠰᠠᠯᠲᠠ᠎ᠶᠢᠨ ᠴᠢᠬᠤᠯᠠ ᠲᠠᠯ᠎ᠠ ᠪᠤᠯᠤᠨ᠎ᠠ ᠃ ᠴᠢᠨ ᠬᠠᠨ᠎ᠡᠴᠠ ᠨᠠᠭᠠᠰᠢ ᠂ ︽ ᠨᠢᠭᠡᠳᠦᠯᠲᠡᠢ ᠪᠢᠴᠢᠭ ︾ ᠪᠠᠢᠭᠰᠠᠨ᠎ᠡᠴᠠ ᠪᠢᠴᠢᠭ᠎ᠢᠶᠠᠷ ᠲᠡᠮᠲᠡᠭᠯᠡᠭᠰᠡᠨ ᠬᠠᠤᠯᠢ ᠵᠠᠷᠯᠢᠬ᠎ᠢ ᠦᠨᠳᠦᠰᠦᠯᠡᠨ ᠭᠠᠵᠠᠷ ᠤᠷᠤᠨ᠎ᠢ ᠨᠢᠭᠡᠳᠦᠯᠲᠡᠢ ᠵᠠᠰᠠᠵᠤ ᠂ ︽ ᠶᠡᠬᠡ ᠨᠢᠭᠡᠳᠦᠯ ︾᠎ᠢ ᠪᠡᠶᠡᠯᠡᠭᠦᠯᠵᠠᠢ ᠃ ᠳᠤᠮᠳᠠᠳᠤ᠎ᠶᠢᠨ ᠪᠤᠯᠪᠠᠰᠤᠨ᠎ᠨᠢ ᠳᠡᠯᠡᠬᠡᠢ᠎ᠶᠢᠨ ᠴᠤᠷ᠎ᠤᠨ ᠭᠠᠭᠴᠠ ᠲᠠᠰᠤᠯᠳᠠᠭ᠎ᠠ ᠦᠭᠡᠢ ᠡᠷᠲᠡᠨ᠎ᠤ ᠪᠤᠯᠪᠠᠰᠤᠨ ᠪᠤᠯᠤᠭᠰᠠᠨ ᠂ ᠮᠠᠨ᠎ᠤ ᠤᠯᠤᠰ ᠮᠠᠰᠢ ᠶᠡᠬᠡ ᠬᠡᠪᠴᠢᠶᠡᠨ᠎ᠤ ᠤᠯᠠᠨ ᠦᠨᠳᠦᠰᠦᠲᠡᠨ᠎ᠢ ᠨᠢᠭᠡᠳᠭᠡᠭᠰᠡᠨ ᠤᠯᠤᠰ ᠪᠤᠯᠤᠭᠰᠠᠨ᠎ᠨᠢ ᠦᠨᠳᠦᠰᠦᠲᠡᠨ᠎ᠨᠦᠭᠦᠳ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠲᠠᠢ ᠪᠤᠯᠵᠤ ᠂ ᠲᠠᠰᠤᠷᠠᠯᠲᠠ ᠦᠭᠡᠢ ᠭᠦᠨᠵᠡᠭᠡᠢ ᠶᠠᠪᠤᠯᠴᠠᠵᠤ ᠰᠤᠯᠢᠯᠴᠠᠵᠤ ᠠᠭᠤᠰᠤᠯᠴᠠᠭᠰᠠᠨ᠎ᠡᠴᠠ ᠪᠤᠯᠤᠭᠰᠠᠨ ᠶᠤᠮ ᠃ ᠳᠡᠯᠡᠬᠡᠢ᠎ᠶᠢᠨ ᠬᠡᠪᠴᠢᠶᠡᠨ᠎ᠡᠴᠠ ᠠᠪᠴᠤ ᠬᠡᠯᠡᠭᠰᠡᠨ ᠴᠦ ᠡᠢᠮᠦ ᠪᠠᠢᠨ᠎ᠠ ᠂ ᠷᠤᠮᠠ ᠬᠠᠭᠠᠨᠲᠤ ᠤᠯᠤᠰ᠎ᠡᠴᠠ ᠤᠳᠬ᠎ᠠ ᠤᠷᠠᠯᠢᠬ᠎ᠤᠨ ᠰᠡᠷᠭᠦᠯᠲᠡ᠎ᠶᠢᠨ ᠳᠠᠷᠠᠭᠠᠬᠢ ᠠᠩᠭᠯᠢ ᠂ ᠹᠷᠠᠨᠼᠢ ᠵᠡᠷᠭᠡ ᠴᠦ ᠪᠦᠷ ᠦᠬᠡ ᠬᠡᠯᠡ᠎ᠶᠢ ᠤᠯᠤᠰ᠎ᠢ ᠮᠡᠳᠡᠷᠡᠬᠦ ᠠᠷᠭ᠎ᠠ ᠪᠠᠷᠢᠯ᠎ᠢᠶᠡᠨ ᠪᠤᠯᠭᠠᠵᠤ ᠂ ᠤᠯᠤᠰ᠎ᠤᠨ ᠢᠲᠡᠭᠡᠯ ᠵᠤᠷᠢᠬ᠎ᠢᠶᠠᠷ ᠪᠦᠬᠦ ᠤᠯᠤᠰ᠎ᠲᠤ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠠᠢ ᠃ ᠮᠠᠨ᠎ᠤ ᠤᠯᠤᠰ᠎ᠤᠨ ᠦᠨᠳᠦᠰᠦᠨ ᠬᠠᠤᠯᠢ᠎ᠶᠢᠨ ᠠᠷᠪᠠ ᠶᠢᠰᠦᠳᠦᠭᠡᠷ ᠵᠦᠢᠯ᠎ᠳ᠋ᠤ ︽ ᠤᠯᠤᠰ᠎ᠡᠴᠠ ᠪᠦᠬᠦ ᠤᠯᠤᠰ᠎ᠤᠨ ᠨᠡᠢᠳᠡᠮ ᠬᠡᠷᠡᠭᠯᠡᠵᠤ ᠪᠠᠢᠭ᠎ᠠ ᠪᠠᠷᠢᠮᠵᠢᠶ᠎ᠠ ᠬᠡᠯᠡ᠎ᠶᠢ ᠳᠡᠯᠭᠡᠷᠡᠭᠦᠯᠦᠨ᠎ᠡ ︾ ᠭᠡᠵᠦ ᠲᠤᠭᠲᠠᠭᠠᠵᠤ ᠂ ︽ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾᠎ᠶᠢᠨ ᠭᠤᠷᠪᠠᠳᠤᠭᠠᠷ ᠵᠦᠢᠯ᠎ᠳ᠋ᠤ ︽ ᠤᠯᠤᠰ᠎ᠡᠴᠠ ᠪᠠᠷᠢᠮᠵᠢᠶ᠎ᠠ ᠬᠡᠯᠡ᠎ᠶᠢ ᠳᠡᠯᠭᠡᠷᠡᠭᠦᠯᠵᠦ ᠂ ᠬᠢᠲᠡᠳ ᠪᠢᠴᠢᠭ᠎ᠤᠨ ᠳᠦᠷᠢᠮᠵᠢᠯ᠎ᠢ ᠠᠬᠢᠭᠤᠯᠤᠨ᠎ᠠ ︾ ᠭᠡᠵᠦ ᠲᠤᠭᠲᠠᠭᠠᠭᠰᠠᠨ ᠪᠠᠢᠨ᠎ᠠ ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠦ ᠲᠦᠭᠡᠮᠡᠯᠵᠢᠭᠦᠯᠬᠦ ᠪᠤᠯ ᠬᠠᠤᠯᠢ᠎ᠪᠠᠷ ᠲᠤᠭᠲᠠᠭᠠᠭᠰᠠᠨ ᠤᠯᠤᠰ᠎ᠤᠨ ᠠᠵᠢᠯ ᠡᠷᠬᠡ ᠮᠦᠨ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠬᠡᠷᠡᠭᠯᠡᠬᠦ ᠪᠤᠯ ᠦᠨᠳᠦᠰᠦᠲᠡᠨ᠎ᠨᠦᠭᠦᠳ᠎ᠤᠨ ᠢᠷᠭᠡᠳ᠎ᠤᠨ ᠬᠠᠮᠲᠤ᠎ᠶᠢᠨ ᠬᠠᠷᠢᠭᠤᠴᠯᠠᠭ᠎ᠠ ᠮᠦᠨ ᠃ ᠮᠠᠨ᠎ᠤ ᠤᠯᠤᠰ᠎ᠤᠨ ᠡᠷᠲᠡᠨ᠎ᠤ ᠵᠢᠴᠢ ᠦᠷᠦᠨᠡᠳᠡᠬᠢᠨᠤ ᠤᠯᠤᠰ᠎ᠲᠠᠢ ᠬᠠᠷᠢᠴᠠᠭᠤᠯᠪᠠᠯ ᠂ ᠮᠠᠨ᠎ᠤ ᠨᠠᠮ᠎ᠤᠨ ᠦᠭᠡ ᠬᠡᠯᠡ ᠦᠰᠦᠭ ᠪᠢᠴᠢᠭ᠎ᠤᠨ ᠲᠦᠷᠦ᠎ᠶᠢᠨ ᠪᠤᠳᠤᠯᠭ᠎ᠠ᠎ᠳ᠋ᠤ ᠨᠢᠭᠡᠳᠦᠯᠲᠦ ᠴᠢᠨᠠᠷ ᠪᠤᠯᠤᠨ ᠤᠯᠠᠨ ᠶᠠᠩᠵᠤᠲᠤ ᠴᠢᠨᠠᠷ ᠂ ᠬᠠᠮᠲᠤ᠎ᠶᠢᠨ ᠴᠢᠨᠠᠷ ᠪᠤᠯᠤᠨ ᠵᠦᠷᠢᠶᠡᠲᠦ ᠴᠢᠨᠠᠷ᠎ᠢ ᠤᠷᠭᠠᠨᠢᠬ᠎ᠢᠶᠠᠷ ᠤᠶᠠᠯᠳᠤᠭᠤᠯᠬᠤ᠎ᠶᠢ ᠪᠠᠷᠢᠮᠳᠠᠯᠠᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠦᠬᠦ ᠲᠠᠯ᠎ᠠ᠎ᠪᠠᠷ ᠳᠡᠯᠭᠡᠷᠡᠭᠦᠯᠬᠦ ᠪᠤᠯᠤᠨ ᠦᠨᠳᠦᠰᠦᠲᠡᠨ᠎ᠨᠦᠭᠦᠳ᠎ᠤᠨ ᠦᠭᠡ ᠬᠡᠯᠡ ᠦᠰᠦᠭ ᠪᠢᠴᠢᠭ᠎ᠢ ᠬᠠᠮᠠᠭᠠᠯᠠᠬᠤ᠎ᠶᠢ ᠬᠠᠷᠢᠯᠴᠠᠨ ᠠᠬᠢᠭᠤᠯᠬᠤ᠎ᠶᠢ ᠪᠡᠶᠡᠯᠡᠭᠦᠯᠵᠤ ᠂ ᠤᠯᠤᠰ᠎ᠤᠨ ᠨᠢᠭᠡᠳᠦᠯ᠎ᠢ ᠬᠠᠮᠠᠭᠠᠯᠠᠬᠤ ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠵᠡᠷᠭᠡ ᠲᠠᠯ᠎ᠠ᠎ᠪᠠᠷ ᠳᠠᠪᠠᠭᠤᠯᠢᠬ ᠢᠯᠡᠷᠬᠡᠢ ᠪᠠᠢᠨ᠎ᠠ ᠃ ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠡᠴᠠ ᠨᠠᠭᠠᠰᠢ ᠂ ᠶᠡᠷᠦᠩᠬᠡᠢ ᠱᠦᠵᠢ ᠰᠢ᠎ᠶᠢᠨ ᠫᠢᠩ ︽ ᠦᠨᠳᠦᠰᠦᠲᠡᠨ᠎ᠤ ᠤᠷᠤᠨ᠎ᠤ ᠡᠯ᠎ᠡ ᠱᠠᠲᠤᠨ᠎ᠤ ᠡᠯ᠎ᠡ ᠲᠦᠷᠦᠯ᠎ᠤᠨ ᠰᠤᠷᠭᠠᠨ ᠬᠦᠮᠦᠵᠢᠯ᠎ᠢ ᠰᠠᠢᠲᠤᠷ ᠬᠢᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠦᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠨ᠎ᠠ ︾ ᠭᠡᠵᠦ ᠴᠢᠬᠤᠯᠠᠴᠢᠯᠠᠵᠤ ᠂ ᠨᠡᠢᠭᠡᠮ᠎ᠤᠨ ᠡᠯ᠎ᠡ ᠡᠳᠡᠭᠡᠳ᠎ᠲᠤ ᠮᠡᠳᠡᠷᠡᠭᠳᠡᠨ ᠂ ᠦᠷᠭᠡᠨ᠎ᠢᠶᠠᠷ ᠴᠤᠤᠷᠢᠶᠠᠳᠤᠭᠰᠠᠨ ᠪᠠᠢᠨ᠎ᠠ ᠃ ᠤᠳᠤᠬᠠᠨ᠎ᠳ᠋ᠤ ᠰᠢᠨᠵᠢᠶᠠᠩ ᠂ ᠲᠦᠪᠡᠳ ᠨᠢᠭᠡᠨᠲᠡ 2017 ᠤᠨ ᠂ 2018 ᠤᠨ᠎ᠳ᠋ᠤ ᠲᠤᠰ ᠪᠦᠷᠢ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠸᠷᠢᠶᠠᠯ᠎ᠢ ᠬᠡᠷᠡᠭᠯᠡᠵᠠᠢ ᠃ ᠪᠢᠳᠡ ᠦᠵᠡᠯ ᠰᠠᠨᠠᠭ᠎ᠠ ᠦᠢᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠠᠨ᠎ᠤ ᠰᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠭᠡᠵᠦ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠵᠤ ᠬᠡᠷᠡᠭᠯᠡᠬᠦ᠎ᠶᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠦ ᠲᠦᠭᠡᠮᠡᠯᠵᠢᠭᠦᠯᠬᠦ᠎ᠶᠢᠨ ᠤᠬᠠᠮᠰᠠᠷᠲᠤ ᠴᠢᠨᠠᠷ ᠪᠤᠯᠤᠨ ᠡᠷᠡᠰ ᠪᠠᠲᠤ ᠴᠢᠨᠠᠷ᠎ᠢᠶᠡᠨ ᠴᠢᠩᠭᠠᠳᠬᠠᠬᠤ ᠬᠡᠷᠡᠭᠲᠡᠢ ᠃
ᠭᠤᠷᠪᠠ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠲᠤᠷ ᠰᠤᠷᠬᠤ ᠪᠣᠯ ᠦᠨᠳᠦᠰᠦᠲᠡᠨ᠎ᠨᠦᠭᠦᠳ᠎ᠤᠨ ᠣᠳᠣᠬᠢᠴᠢᠯᠠᠯᠲᠠ ᠲᠡᠢᠰᠢ ᠤᠷᠤᠭᠰᠢᠯᠠᠬᠤ᠎ᠶᠢᠨ ᠪᠤᠰᠤᠳᠴᠢ ᠱᠠᠭᠠᠷᠳᠠᠯᠭ᠎ᠠ ᠮᠥᠨ ᠃ ᠶᠡᠷᠦᠩᠬᠡᠢ ᠱᠦᠵᠢ ᠰᠢ᠎ᠶᠢᠨ ᠫᠢᠩ ︽ ᠴᠥᠭᠡᠨ ᠲᠣᠭᠠᠲᠤ ᠦᠨᠳᠦᠰᠦᠲᠡᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠰᠠᠶᠢᠲᠤᠷ ᠰᠤᠷᠬᠤ᠎ᠨᠢ ᠠᠵᠢᠯ ᠣᠯᠭᠣᠯᠲᠠ ᠂ ᠤᠳᠤ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠬᠦᠯᠢᠶᠡᠨ ᠠᠪᠬᠤ ᠂ ᠨᠡᠶᠢᠭᠡᠮ᠎ᠳ᠋ᠤ ᠠᠭᠤᠰᠤᠯᠴᠠᠬᠤ᠎ᠳ᠋ᠤ ᠪᠦᠷ ᠠᠰᠢᠭᠲᠠᠢ ︾ ᠭᠡᠵᠦ ᠭᠦᠨᠵᠡᠭᠡᠢ ᠵᠢᠭᠠᠵᠤ ᠭᠠᠷᠭᠠᠭᠰᠠᠨ ᠶᠤᠮ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ᠎ᠡᠴᠠ ᠨᠠᠭᠠᠰᠢ ᠂ ᠮᠠᠨ᠎ᠤ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠡᠴᠠ ᠨᠢᠭᠡ ᠪᠦᠯᠦᠭ ᠭᠠᠷᠮᠠᠭᠠᠶ ᠴᠢᠳᠠᠪᠤᠷᠢᠲᠠᠨ ᠴᠣᠯᠭᠣᠷᠠᠨ ᠭᠠᠷᠴᠠᠢ ᠂ ᠵᠢᠱᠢᠶᠡᠯᠡᠪᠡᠯ ᠂ ᠠᠢ ᠰᠧ ᠴᠢ ᠂ ᠯᠢ ᠰᠧ ᠭᠤᠸᠠᠩ ᠂ ᠰᠢᠭᠤᠷᠭᠠᠨ ᠂ ᠰᠠ ᠪᠸᠨ ᠮᠤᠤ ᠂ ᠲᠤᠷᠵᠢ ᠂ ᠦᠱᠦ᠋ᠯ · ᠰᠠᠯᠠᠮᠦ᠋ ᠨᠠᠷ ᠪᠤᠢ ᠂ ᠲᠡᠳᠡ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠪᠣᠯᠪᠠᠰᠤᠷᠠᠩᠭᠤᠶ ᠡᠵᠡᠮᠰᠢᠵᠦ ᠂ ᠮᠠᠨ᠎ᠤ ᠤᠯᠤᠰ᠎ᠤᠨ ᠰᠢᠨᠵᠢᠯᠡᠬᠦ ᠤᠬᠠᠭᠠᠨ ᠰᠣᠶᠣᠯ᠎ᠤᠨ ᠦᠶᠯᠡᠰ᠎ᠲᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠪᠠᠢᠨ᠎ᠠ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠭᠠᠷᠤᠶ ᠵᠢᠯ ᠂ ᠢᠯᠠᠩᠭᠤᠶ᠎ᠠ ᠥᠭᠡᠷᠡᠴᠢᠯᠡᠯᠲᠡ ᠨᠡᠭᠡᠭᠡᠯᠲᠡ᠎ᠡᠴᠠ ᠨᠠᠭᠠᠰᠢ ᠂ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠯᠤᠲᠤ ᠶᠡᠬᠡ ᠠᠮᠵᠢᠯᠲᠠ ᠣᠯᠤᠭᠰᠠᠨ ᠪᠣᠯᠪᠠᠴᠤ ᠪᠦᠬᠦ ᠤᠯᠤᠰ᠎ᠤᠨ ᠳᠤᠮᠳᠠᠴᠢ ᠲᠦᠪᠰᠢᠨ ᠂ ᠢᠯᠠᠩᠭᠤᠶ᠎ᠠ ᠵᠡᠭᠦᠨ ᠳᠤᠮᠳᠠ ᠪᠠᠶ᠎ᠠ᠎ᠶᠢᠨ ᠭᠠᠵᠠᠷ ᠣᠷᠣᠨ᠎ᠲᠠᠢ ᠬᠠᠷᠢᠴᠠᠭᠤᠯᠪᠠᠯ ᠪᠠᠰᠠ ᠨᠡᠯᠢᠶᠡᠳ ᠶᠡᠬᠡ ᠵᠥᠷᠢᠶ᠎ᠡ ᠣᠷᠣᠰᠢᠵᠤ ᠪᠠᠶᠢᠨ᠎ᠠ ᠂ ᠡᠨᠡ᠎ᠨᠢ ᠬᠡᠰᠡᠭ ᠴᠥᠭᠡᠨ ᠲᠣᠭᠠᠲᠤ ᠦᠨᠳᠦᠰᠦᠲᠡᠨ᠎ᠤ ᠤᠯᠠᠨ ᠲᠦᠮᠡᠨ᠎ᠤ ᠰᠢᠨᠵᠢᠯᠡᠬᠦ ᠤᠬᠠᠭᠠᠨ ᠮᠡᠷᠭᠡᠵᠢᠯ᠎ᠤᠨ ᠮᠡᠳᠡᠯᠭᠡ᠎ᠶᠢ ᠰᠤᠷᠤᠯᠴᠠᠨ ᠡᠵᠡᠮᠰᠢᠬᠦ ᠴᠢᠳᠠᠪᠤᠷᠢ ᠨᠡᠯᠢᠶᠡᠳ ᠳᠣᠤᠷ᠎ᠠ ᠂ ᠠᠵᠢᠯ ᠣᠯᠭᠣᠯᠲᠠ᠎ᠶᠢᠨ ᠠᠷᠭ᠎ᠠ ᠵᠠᠮ ᠨᠡᠯᠢᠶᠡᠳ ᠢᠪᠴᠤᠤ ᠪᠠᠶᠢᠬᠤ ᠲᠠᠯ᠎ᠠ᠎ᠪᠠᠷ ᠲᠤᠪᠤᠢᠮ᠎ᠠ ᠢᠯᠡᠷᠡᠵᠦ ᠪᠠᠶᠢᠨ᠎ᠠ ᠂ ᠡᠳᠡᠭᠡᠷ᠎ᠨᠢ ᠴᠥᠮ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠭᠰᠡᠨ ᠬᠡᠮᠵᠢᠶ᠎ᠠ ᠬᠦᠷᠦᠯᠴᠡᠬᠦ ᠦᠬᠡᠢ᠎ᠲᠠᠢ ᠨᠢᠭᠲᠠ ᠬᠠᠷᠢᠴᠠᠭ᠎ᠠ᠎ᠲᠠᠢ ᠶᠤᠮ ᠃ ᠬᠡᠷᠪᠡ ᠦᠭᠡ ᠬᠡᠯᠡ ᠨᠡᠪᠲᠡᠷᠡᠯᠴᠡᠬᠦ ᠦᠭᠡᠢ ᠪᠣᠯ ᠦᠨᠳᠦᠰᠦᠲᠡᠨ᠎ᠤ ᠭᠠᠵᠠᠷ ᠣᠷᠣᠨ ᠪᠦᠬᠦ ᠤᠯᠤᠰ᠎ᠤᠨ ᠨᠢᠭᠡᠳᠦᠯᠲᠡᠢ ᠶᠡᠬᠡ ᠵᠠᠬ᠎ᠠ ᠳᠡᠯᠭᠡᠭᠦᠷ᠎ᠲᠤ ᠠᠭᠤᠰᠤᠨ ᠣᠷᠣᠵᠤ ᠴᠢᠳᠠᠬᠤ ᠦᠭᠡᠢ ᠂ ᠴᠥᠭᠡᠨ ᠲᠣᠭᠠᠲᠤ ᠦᠨᠳᠦᠰᠦᠲᠡᠨ᠎ᠤ ᠤᠯᠠᠨ ᠲᠦᠮᠡᠨ ᠴᠦ ᠬᠢᠯᠢ ᠬᠢᠵᠠᠭᠠᠷ ᠣᠷᠣᠨ ᠂ ᠮᠠᠯᠵᠢᠬᠤ ᠲᠠᠷᠢᠶᠠᠯᠠᠬᠤ ᠣᠷᠣᠨ᠎ᠡᠴᠠ ᠵᠡᠭᠦᠨ ᠪᠠᠶ᠎ᠠ᠎ᠶᠢᠨ ᠭᠠᠵᠠᠷ ᠣᠷᠣᠨ ᠪᠠ ᠬᠤᠲᠠ᠎ᠳ᠋ᠤ ᠬᠦᠷᠴᠦ ᠠᠵᠢᠯᠯᠠᠬᠤ ᠪᠤᠶᠤ ᠠᠵᠢᠯ ᠤᠯᠭᠤᠯᠳᠠ᠎ᠶᠢ ᠪᠡᠶᠡᠯᠡᠬᠦᠯᠵᠦ ᠴᠢᠳᠠᠬᠤ ᠦᠭᠡᠢ ᠶᠤᠮ ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠨᠢ ᠦᠨᠳᠦᠰᠦᠲᠡᠨ᠎ᠨᠦᠭᠦᠳ᠎ᠤᠨ ᠢᠵᠢᠯᠢ ᠠᠯᠬᠤᠮ᠎ᠢᠶᠠᠷ ᠣᠳᠣᠬᠢᠴᠢᠯᠠᠯᠲᠠ ᠲᠡᠶᠢᠰᠢ ᠤᠷᠤᠭᠰᠢᠯᠠᠬᠤ᠎ᠳ᠋ᠤ ᠠᠰᠢᠭᠲᠠᠶ ᠪᠠᠶᠢᠬᠤ᠎ᠨᠢ ᠯᠠᠪᠲᠠᠶ ᠃ ᠡᠶᠢᠮᠦ᠎ᠡᠴᠠ ᠪᠢᠳᠡ ᠦᠨᠳᠦᠰᠦᠲᠡᠨ᠎ᠤ ᠣᠷᠣᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠰᠤᠷᠭᠠᠨ ᠬᠥᠮᠦᠵᠢᠯ᠎ᠢ ᠴᠢᠩᠭᠠᠳᠬᠠᠬᠤ᠎ᠶᠢ ᠲᠤᠪᠤᠢᠮ᠎ᠠ ᠪᠠᠶᠢᠷᠢᠨ᠎ᠳ᠋ᠤ ᠲᠠᠯᠪᠢᠵᠤ ᠂ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠬᠡᠷᠡᠭᠯᠡᠯᠲᠡ᠎ᠶᠢ ᠠᠬᠢᠭᠤᠯᠬᠤ ᠬᠡᠷᠡᠭᠲᠡᠢ ᠂ ᠤᠯᠤᠰ᠎ᠤᠨ ᠨᠢᠭᠡᠳᠦᠯᠲᠡᠶ ᠵᠢᠭᠠᠨ ᠰᠤᠷᠭᠠᠯᠲᠠ᠎ᠶᠢᠨ ᠬᠥᠲᠥᠯᠪᠦᠷᠢ᠎ᠶᠢ ᠡᠭᠦᠷᠭᠡᠯᠡᠵᠦ ᠳᠡᠶᠢᠯᠬᠦ ᠪᠠᠭᠰᠢ ᠂ ᠢᠯᠠᠩᠭᠤᠶ᠎ᠠ ᠬᠣᠤᠰ ᠬᠡᠯᠡᠨ᠎ᠤ ᠪᠠᠭᠰᠢ᠎ᠶᠢ ᠬᠥᠮᠦᠵᠢᠭᠦᠯᠦᠨ ᠪᠣᠯᠪᠠᠰᠤᠷᠠᠭᠤᠯᠬᠤ ᠪᠠ ᠠᠵᠢᠯ ᠲᠥᠷᠥᠯ᠎ᠢᠶᠠᠷ᠎ᠢᠶᠡᠨ ᠳᠡᠮᠵᠢᠬᠦ ᠡᠷᠴᠢᠮ᠎ᠢᠶᠡᠨ ᠴᠢᠩᠭᠠᠷᠠᠭᠤᠯᠬᠤ ᠭᠡᠷᠡᠭᠳᠡᠢ ᠃ ᠬᠡᠤᠬᠡᠳ᠎ᠤᠨ ᠴᠡᠴᠡᠷᠯᠢᠭ ᠪᠤᠯᠤᠨ ᠪᠠᠭ᠎ᠠ ᠰᠤᠷᠭᠠᠭᠤᠯᠢ᠎ᠶᠢᠨ ᠱᠠᠳᠤᠨ᠎ᠤ ᠬᠣᠶᠠᠷ ᠴᠢᠬᠤᠯᠠ ᠴᠠᠭ ᠬᠤᠭᠤᠴᠠᠭ᠎ᠠ᠎ᠶᠢ ᠰᠠᠶᠢᠲᠤᠷ ᠠᠳᠬᠤᠵᠦ ᠂ ᠡᠯ᠎ᠡ ᠦᠨᠳᠦᠰᠦᠲᠡᠨ᠎ᠤ ᠰᠤᠷᠤᠭᠴᠢᠳ᠎ᠢ ᠬᠠᠪᠰᠤᠷᠤᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠠᠶᠢᠨ ᠰᠤᠷᠤᠯᠴᠠᠭᠤᠯᠵᠤ ᠂ ᠣᠳᠣ ᠦᠶ᠎ᠡ᠎ᠶᠢᠨ ᠰᠢᠨᠵᠢᠯᠡᠬᠦ ᠤᠬᠠᠭᠠᠨ ᠰᠣᠶᠣᠯ᠎ᠤᠨ ᠮᠡᠳᠡᠯᠭᠡ᠎ᠶᠢ ᠬᠦᠯᠢᠶᠡᠨ ᠠᠪᠤᠭᠤᠯᠵᠦ ᠂ ᠦᠨᠳᠦᠰᠦᠲᠡᠨ᠎ᠨᠦᠭᠦᠳ᠎ᠤᠨ ᠬᠠᠮᠲᠤ᠎ᠶᠢᠨ ᠬᠥᠭᠵᠢᠯᠲᠡ ᠳᠠᠪᠰᠢᠯᠲᠠ᠎ᠶᠢ ᠪᠡᠶᠡᠯᠡᠭᠦᠯᠬᠦ ᠬᠡᠷᠡᠭᠳᠢ ᠃
ᠲᠦᠷᠪᠡ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠤ ᠲᠦᠭᠡᠮᠡᠯᠵᠢᠭᠦᠯᠬᠦ ᠪᠣᠯ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠤ ᠠᠵᠢᠯ᠎ᠤᠨ ᠴᠢᠬᠤᠯᠠ ᠶᠡᠬᠡ ᠡᠭᠦᠷᠭᠡ ᠮᠥᠨ ᠃ ᠶᠡᠷᠦᠩᠬᠡᠢ ᠱᠦᠵᠢ ᠰᠢ᠎ᠶᠢᠨ ᠫᠢᠩ ︽ ᠦᠭᠡ ᠬᠡᠯᠡ ᠨᠡᠪᠲᠡᠷᠡᠯᠴᠡᠬᠦ ᠪᠣᠯ ᠬᠦᠮᠦᠰ᠎ᠤᠨ ᠬᠠᠷᠢᠯᠴᠠᠨ ᠨᠡᠪᠲᠡᠷᠡᠯᠴᠡᠬᠦ᠎ᠶᠢᠨ ᠴᠢᠬᠤᠯᠠ ᠭᠣᠭᠴᠣᠭ᠎ᠠ ᠮᠥᠨ ᠃ ᠦᠭᠡ ᠬᠡᠯᠡ ᠨᠡᠪᠲᠡᠷᠡᠯᠴᠡᠬᠦ ᠦᠭᠡᠢ ᠪᠣᠯ ᠬᠠᠷᠢᠯᠴᠠᠬᠤ᠎ᠳ᠋ᠤ ᠪᠡᠷᠬᠡᠳᠠᠢ ᠂ ᠬᠠᠷᠢᠯᠴᠠᠬᠤ ᠦᠭᠡᠢ ᠪᠣᠯ ᠤᠢᠯᠠᠭᠠᠯᠴᠠᠬᠤ᠎ᠳ᠋ᠤ ᠪᠡᠷᠬᠡᠳᠠᠢ ᠂ ᠲᠠᠨᠢᠨ ᠮᠡᠳᠡᠷᠡᠬᠦ᠎ᠳ᠋ᠤ ᠪᠡᠷᠬᠡᠳᠠᠢ ᠶᠤᠮ ︾ ᠭᠡᠵᠦ ᠴᠢᠬᠤᠯᠠᠴᠢᠯᠠᠭᠰᠠᠨ ᠪᠠᠢᠨ᠎ᠠ ᠃ ᠪᠢᠳᠡ ᠤᠯᠤᠰ ᠲᠥᠷᠥ᠎ᠶᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠪᠠᠷ ᠭᠣᠤᠯ ᠰᠢᠵᠢᠮ ᠪᠣᠯᠭᠠᠨ ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠩᠭᠠᠳᠬᠠᠬᠤ᠎ᠪᠠᠷ ᠦᠨᠳᠦᠰᠦᠨ ᠴᠢᠭᠯᠡᠯ ᠪᠣᠯᠭᠠᠵᠤ ᠂ ᠦᠨᠳᠦᠰᠦᠲᠡᠨ᠎ᠤ ᠭᠠᠵᠠᠷ ᠣᠷᠣᠨ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠪᠤᠭᠤᠮᠳᠠ ᠰᠢᠪᠳᠤᠯᠬᠤ ᠲᠠᠢᠯᠠᠯᠳᠤᠭᠠᠨ᠎ᠢ ᠦᠨᠡᠨ ᠬᠦ ᠰᠠᠶᠢᠲᠤᠷ ᠬᠢᠬᠦ ᠬᠡᠷᠡᠭᠳᠠᠢ ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠤ ᠲᠦᠭᠡᠮᠡᠯᠵᠢᠭᠦᠯᠬᠦ᠎ᠶᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠪᠠᠢᠭᠤᠯᠤᠯᠳᠠ᠎ᠶᠢ ᠬᠦᠨᠵᠡᠬᠡᠢ ᠦᠷᠨᠢᠬᠦᠯᠬᠦ᠎ᠲᠠᠢ ᠤᠶᠠᠯᠳᠤᠭᠤᠯᠵᠦ ᠂ ᠪᠠᠷᠢᠮᠵᠢᠶ᠎ᠠ ᠬᠡᠯᠡ᠎ᠪᠠᠷ ᠨᠡᠪᠲᠡᠷᠡᠯᠴᠡᠬᠦ ᠴᠢᠳᠠᠪᠤᠷᠢ ᠦᠭᠡᠢ᠎ᠪᠠᠷ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠪᠤᠯᠤᠨ ᠶᠠᠳᠠᠭᠤ ᠬᠦᠴᠢᠷᠳᠡᠯᠲᠡᠶ ᠣᠯᠠᠨ ᠲᠦᠮᠡᠨ᠎ᠢᠶᠠᠷ ᠰᠢᠪᠲᠤᠯᠤᠯᠲᠠ᠎ᠶᠢᠨ ᠴᠡᠭ ᠪᠣᠯᠭᠠᠨ ᠂ ︽ ᠨᠠᠮᠠᠢ᠎ᠳ᠋ᠤ ᠰᠤᠷᠤᠯᠴᠠᠭᠤᠯᠬᠤ ︾ ᠪᠠᠢᠭᠰᠠᠨ᠎ᠡᠴᠠ᠎ᠪᠠᠨ ︽ ᠪᠢ ᠰᠤᠷᠬᠤ ︾ ᠪᠣᠯᠭᠠᠨ ᠬᠤᠪᠢᠷᠠᠭᠤᠯᠵᠦ ᠂ ᠪᠠᠷᠢᠮᠵᠢᠶ᠎ᠠ ᠬᠡᠯᠡ᠎ᠪᠠᠷ ᠶᠠᠷᠢᠬᠤ ᠂ ᠳᠦᠷᠢᠮᠵᠢᠭᠰᠡᠨ ᠬᠢᠲᠠᠳ ᠦᠰᠦᠭ᠎ᠢ ᠬᠡᠷᠡᠭᠯᠡᠬᠦ ᠳᠠᠳᠬᠠᠯ ᠪᠠ ᠬᠡᠪ ᠰᠤᠷᠲᠠᠯ᠎ᠢ ᠪᠤᠢ ᠪᠤᠯᠭᠠᠬᠤ ᠬᠡᠷᠡᠭᠳᠠᠢ ᠃ ᠦᠨᠳᠦᠰᠦᠲᠡᠨ᠎ᠨᠦᠭᠦᠳ᠎ᠤᠨ ᠺᠠᠳ᠋ᠷᠴᠤᠳ ᠂ ᠢᠯᠠᠩᠭᠤᠶ᠎ᠠ ᠴᠥᠭᠡᠨ ᠲᠣᠭᠠᠲᠤ ᠦᠨᠳᠦᠰᠦᠲᠡᠨ᠎ᠤ ᠺᠠᠳ᠋ᠷᠴᠤᠳ᠎ᠤᠨ ᠳᠠᠭᠠᠭᠤᠯᠬᠤ ᠪᠠ ᠵᠢᠱᠢᠶ᠎ᠡ ᠦᠵᠡᠭᠦᠯᠬᠦ ᠦᠢᠯᠡᠳᠦᠯ᠎ᠢ ᠭᠦᠢᠴᠡᠳ ᠪᠠᠳᠠᠷᠠᠭᠤᠯᠵᠤ ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠬᠠᠮᠰᠠᠷ᠎ᠡᠴᠠ᠎ᠪᠠᠨ ᠰᠠᠢᠳᠤᠷ ᠰᠤᠷᠤᠯᠴᠠᠵᠤ ᠬᠡᠷᠡᠭᠯᠡᠬᠦ᠎ᠶᠢ ᠲᠠᠢᠴᠢᠯᠠᠨ ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠭᠤᠤ ᠶᠡᠬᠡ ᠡᠬᠡ ᠣᠷᠣᠨ ᠂ ᠳᠤᠮᠳᠠᠳᠤ᠎ᠶᠢᠨ ᠦᠨᠳᠦᠰᠦᠲᠡᠨ ᠂ ᠳᠤᠮᠳᠠᠳᠤ᠎ᠶᠢᠨ ᠰᠣᠶᠣᠯ ᠂ ᠳᠤᠮᠳᠠᠳᠤ ᠤᠯᠤᠰ᠎ᠤᠨ ᠡᠪ ᠬᠠᠮᠲᠤ ᠨᠠᠮ ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶᠢᠭᠡᠮ ᠵᠢᠷᠤᠮ᠎ᠤᠨ ᠲᠤᠬᠠᠶ ᠬᠠᠮᠳᠤ᠎ᠶᠢᠨ ᠲᠠᠨᠢᠯᠳᠠ᠎ᠶᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠠᠢ ᠃
ᠶᠡᠷᠦᠩᠬᠡᠢᠯᠡᠪᠡᠯ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠬᠦ ᠠᠵᠢᠯ᠎ᠢ ᠰᠠᠶᠢᠲᠤᠷ ᠬᠢᠬᠦ᠎ᠨᠢ ᠠᠯᠤᠰ ᠭᠡᠳᠤ᠎ᠶᠢᠨ ᠠᠴᠢ ᠬᠤᠯᠪᠤᠭᠳᠠᠯ᠎ᠲᠠᠢ ᠶᠤᠮ ᠃ ᠪᠢᠳᠡ ᠰᠢ᠎ᠶᠢᠨ ᠫᠢᠩ ᠨᠥᠬᠥᠷ᠎ᠢᠶᠠᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳ᠋ᠤ ᠨᠠᠩ ᠨᠢᠭᠲᠠᠷᠠᠨ ᠪᠦᠯᠬᠦᠮᠳᠡᠵᠦ ᠂ ︽ ᠳᠥᠷᠪᠡᠨ ᠤᠬᠠᠮᠰᠠᠷ ︾᠎ᠢᠶᠡᠨ ᠴᠢᠩᠭᠠᠳᠬᠠᠨ ᠂ ︽ ᠳᠥᠷᠪᠡᠨ ᠢᠲᠡᠭᠡᠯ ︾᠎ᠢᠶᠡᠨ ᠪᠠᠲᠤᠳᠬᠠᠵᠤ ᠂ ︽ ᠬᠣᠶᠠᠷ᠎ᠢ ᠬᠠᠮᠠᠭᠠᠯᠠᠬᠤ ︾᠎ᠶᠢ ᠪᠡᠶᠡᠯᠡᠭᠦᠯᠵᠦ ᠂ ᠤᠯᠤᠰ ᠲᠥᠷᠥ᠎ᠶᠢᠨ ᠰᠠᠬᠢᠯᠭ᠎ᠠ ᠪᠠᠲᠤ ᠪᠠ ᠤᠯᠤᠰ ᠲᠥᠷᠥ᠎ᠶᠢᠨ ᠶᠣᠰᠣ ᠳᠦᠷᠢᠮ᠎ᠢ ᠴᠢᠩᠭ᠎ᠠ ᠰᠠᠬᠢᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠦᠵᠡᠯ ᠰᠠᠨᠠᠭᠠᠨ᠎ᠤ ᠰᠠᠭᠤᠷᠢ᠎ᠶᠢ ᠪᠠᠲᠤ ᠴᠤᠭᠴᠠᠯᠠᠨ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠶᠡᠬᠡ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠤᠨ ᠂ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠵᠦ ᠂ ᠰᠠᠶᠢᠨ ᠰᠠᠶᠢᠬᠠᠨ ᠬᠡᠷ ᠣᠷᠣᠨ᠎ᠢᠶᠡᠨ ᠬᠠᠮᠲᠤ᠎ᠪᠠᠷ ᠪᠥᠲᠥᠭᠡᠨ ᠪᠠᠶᠢᠭᠤᠯᠵᠤ ᠰᠠᠶᠢᠨ ᠰᠠᠶᠢᠬᠠᠨ ᠢᠷᠡᠭᠡᠳᠦᠶ᠎ᠪᠠᠨ ᠬᠠᠮᠲᠤ᠎ᠪᠠᠷ ᠴᠣᠭᠴᠠᠯᠠᠬᠤ ᠬᠡᠷᠡᠭᠳᠠᠢ ᠃
︵ ᠵᠣᠬᠢᠶᠠᠭᠴᠢ ᠪᠤᠯ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠤ ᠳᠡᠳ᠋ ᠲᠡᠷᠢᠭᠦᠯᠡᠭᠴᠢ ᠂ ᠲᠥᠪ᠎ᠤᠨ ᠨᠢᠭᠡᠳᠦᠮᠡᠯ ᠹᠷᠣᠨᠲ᠎ᠤᠨ ᠬᠡᠯᠲᠡᠰ᠎ᠤᠨ ᠳᠡᠳ᠋ ᠳᠠᠷᠤᠭ᠎ᠠ ᠂ ᠤᠯᠤᠰ᠎ᠤᠨ ᠦᠨᠳᠦᠰᠦᠲᠡᠨ᠎ᠤ ᠬᠡᠷᠡᠭ ᠡᠷᠬᠢᠯᠡᠬᠦ ᠵᠥᠪᠯᠡᠯ᠎ᠤᠨ ᠨᠠᠮ᠎ᠤᠨ ᠤᠳᠤᠷᠢᠳᠬᠤ ᠳᠤᠭᠤᠶᠢᠯᠠᠩ᠎ᠤᠨ ᠱᠦᠵᠢ ᠂ ᠡᠷᠬᠢᠯᠡᠭᠴᠢ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃