ᠲᠡᠷᠢᠭᠦᠨ ᠨᠢᠭᠤᠷ>ᠭᠡᠷ ᠤᠷᠤᠨ> ᠣᠨᠣᠯ

2020-09-14 09:00:07

ᠵᠣᠬᠢᠶᠠᠭ᠍ᠴᠢ᠄ ᠠᠢ ᠪᠸᠢ ᠵᠢᠶᠠᠩ ᠣᠩᠱᠢᠭ᠍ᠰᠠᠨ ᠣᠳᠠᠭ᠎ᠠ᠄ 3

ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ᠎ᠶᠢ ᠬᠠᠤᠯᠢ ᠶᠣᠰᠣᠭᠠᠷ ᠠᠬᠢᠭᠤᠯᠬᠤ ᠪᠤᠯ ᠨᠠᠮ ᠪᠠ ᠤᠯᠤᠰ᠎ᠡᠴᠠ ᠦᠨᠳᠦᠰᠦᠲᠡᠨ᠎ᠤ ᠭᠠᠵᠠᠷ ᠣᠷᠣᠨ᠎ᠢ ᠬᠠᠯᠠᠮᠵᠢᠯᠠᠵᠤ ᠪᠠᠶᠢᠭ᠎ᠠ ᠶᠠᠪᠤᠳᠠᠯ ᠮᠦᠨ ᠂ ᠪᠠᠰᠠ ᠴᠤ ᠨᠡᠶᠢᠭᠡᠮ᠎ᠤᠨ ᠪᠣᠯᠪᠠᠰᠤᠨ᠎ᠤ ᠳᠠᠪᠰᠢᠯᠲᠠ ᠪᠠ ᠦᠨᠳᠦᠰᠦᠲᠡᠨ᠎ᠨᠦᠭᠦᠳ᠎ᠤᠨ ᠬᠠᠮᠲᠤ᠎ᠪᠠᠷ ᠴᠡᠴᠡᠭᠯᠡᠨ ᠬᠥᠭᠵᠢᠬᠦ᠎ᠶᠢᠨ ᠵᠠᠢᠯᠠᠰᠢ ᠦᠭᠡᠢ ᠬᠠᠨᠳᠤᠰᠢ ᠮᠦᠨ ᠂ ᠦᠨᠳᠦᠰᠦᠲᠡᠨ᠎ᠤ ᠰᠤᠷᠭᠠᠨ ᠬᠥᠮᠦᠵᠢᠯ᠎ᠤᠨ ᠴᠢᠨᠠᠷ ᠰᠠᠢᠲᠠᠶ ᠬᠥᠭᠵᠢᠯᠲᠡ᠎ᠶᠢ ᠠᠬᠢᠭᠤᠯᠬᠤ᠎ᠳ᠋ᠤ ᠠᠰᠢᠭᠲᠠᠶ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳ᠋ᠤ ᠠᠰᠢᠭᠲᠠᠶ ᠶᠤᠮ ᠃ ᠦᠨᠳᠦᠰᠦᠲᠡᠨ᠎ᠤ ᠦᠬᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠨᠤᠭᠤᠳ᠎ᠲᠤ ᠤᠯᠤᠰ᠎ᠤᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠣᠯ ᠦᠨᠳᠦᠰᠦᠨ ᠬᠠᠤᠯᠢ ᠪᠠ ᠬᠠᠤᠯᠢ ᠴᠠᠭᠠᠵᠠ᠎ᠶᠢ ᠬᠡᠷᠡᠭᠵᠢᠭᠦᠯᠵᠤ ᠪᠠᠢᠭ᠎ᠠ ᠠᠵᠢᠯᠯᠠᠭ᠎ᠠ ᠪᠣᠯᠤᠨ᠎ᠠ ᠃ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ︾ ᠂ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾ ᠂ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠨ ᠬᠥᠮᠦᠵᠢᠯ᠎ᠤᠨ ᠬᠠᠤᠯᠢ ︾᠎ᠶᠢ ᠲᠤᠭᠤᠰᠢᠯᠠᠭᠤᠯᠬᠤ ᠪᠣᠳᠠᠲᠠᠶ ᠠᠷᠭ᠎ᠠ ᠬᠡᠮᠵᠢᠶ᠎ᠡ ᠪᠣᠯᠤᠨ᠎ᠠ ᠃ ᠶᠡᠷᠦᠩᠬᠡᠢᠯᠡᠭᠡᠳ ᠬᠡᠯᠡᠪᠡᠯ ᠂ ᠦᠨᠳᠦᠰᠦᠲᠡᠨ᠎ᠤ ᠭᠠᠵᠠᠷ ᠣᠷᠣᠨ᠎ᠳ᠋ᠤ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲ᠋ᠧᠷᠢᠶᠠᠯ᠎ᠤᠨ ᠬᠡᠷᠡᠭᠯᠡᠯᠳᠠ᠎ᠶᠢ ᠠᠬᠢᠭᠤᠯᠬᠤ᠎ᠨᠢ ᠬᠠᠤᠯᠢ᠎ᠶᠢᠨ ᠦᠨᠳᠦᠰᠦᠯᠡᠯ᠎ᠲᠠᠢ ᠶᠤᠮ ᠃

ᠮᠠᠨ᠎ᠤ ᠤᠯᠤᠰ᠎ᠤᠨ ᠬᠠᠤᠯᠢ ᠴᠠᠭᠠᠵᠠ᠎ᠳ᠋ᠤ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠪᠣᠯ ᠪᠠᠷᠢᠮᠵᠢᠶ᠎ᠠ ᠬᠡᠯᠡ ᠪᠠ ᠳᠦᠷᠢᠮᠵᠢᠭᠰᠡᠨ ᠬᠢᠲᠠᠳ ᠦᠰᠦᠭ ᠪᠤᠯᠤᠨ᠎ᠠ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠎ᠨᠢ ᠬᠠᠤᠯᠢ᠎ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠎ᠳ᠋ᠤ ᠲᠣᠭᠠᠴᠠᠭᠳᠠᠨ᠎ᠠ ᠭᠡᠵᠦ ᠲᠣᠳᠣᠷᠬᠠᠶ ᠲᠣᠭᠲᠠᠭᠠᠵᠠᠶ ᠃ ︽ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾᠎ᠶᠢᠨ ᠬᠣᠶᠠᠳᠤᠭᠠᠷ ᠵᠦᠢᠯ᠎ᠳ᠋ᠤ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠣᠯ ᠪᠠᠷᠢᠮᠵᠢᠶ᠎ᠠ ᠬᠡᠯᠡ ᠪᠠ ᠳᠦᠷᠢᠮᠵᠢᠭᠰᠡᠨ ᠬᠢᠲᠠᠳ ᠦᠰᠦᠭ ᠮᠦᠨ ᠬᠡᠵᠤ ᠲᠣᠳᠣᠷᠬᠠᠶ ᠲᠤᠭᠳᠠᠭᠠᠵᠤ ᠂ ᠪᠠᠷᠢᠮᠵᠢᠶ᠎ᠠ ᠬᠡᠯᠡ ᠪᠠ ᠳᠦᠷᠢᠮᠵᠢᠭᠰᠡᠨ ᠬᠢᠲᠠᠳ ᠦᠰᠦᠭ᠎ᠤᠨ ︽ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ︾᠎ᠤᠨ ᠬᠠᠤᠯᠢ᠎ᠪᠠᠷ ᠲᠣᠭᠲᠠᠭᠠᠭᠰᠠᠨ ᠪᠠᠢᠷᠢ ᠰᠠᠭᠤᠷᠢ᠎ᠶᠢ ᠲᠣᠳᠣᠷᠬᠠᠢᠯᠠᠵᠠᠶ ᠃ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ᠎ᠨᠢ ᠪᠦᠬᠦ ᠤᠯᠤᠰ᠎ᠤᠨ ᠬᠡᠪᠴᠢᠶᠡᠨ᠎ᠳ᠋ᠠᠬᠢ ᠪᠦᠬᠦ ᠳᠤᠮᠳᠠᠳᠤ᠎ᠶᠢᠨ ᠠᠷᠠᠳ ᠢᠷᠭᠡᠳ᠎ᠲᠤ ᠲᠣᠬᠢᠷᠠᠨ᠎ᠠ ᠂ ᠣᠨᠴᠠᠭᠠᠶ ᠦᠨᠳᠦᠰᠦᠲᠡᠨ ᠂ ᠣᠨᠴᠠᠭᠠᠶ ᠭᠠᠵᠠᠷ ᠣᠷᠣᠨ ᠂ ᠣᠨᠴᠠᠭᠠᠶ ᠬᠠᠮᠲᠤ ᠴᠤᠭᠴᠠ᠎ᠳ᠋ᠤ ᠬᠠᠨᠳᠤᠭᠤᠯᠵᠤ ᠪᠠᠢᠭ᠎ᠠ ᠪᠢᠰᠢ ᠂ ᠨᠡᠩ ᠴᠤ ︽ ᠬᠢᠲᠠᠳ ᠦᠨᠳᠦᠰᠦᠲᠡᠨ᠎ᠤ ᠦᠭᠡ ᠬᠡᠯᠡ ᠦᠰᠦᠭ ᠪᠢᠴᠢᠭ ︾᠎ᠤᠨ ᠲᠦᠯᠦᠭᠡ ᠲᠡᠳᠦᠢ ᠯᠡ ᠪᠢᠰᠢ ᠶᠤᠮ ᠃

ᠦᠨᠳᠦᠰᠦᠨ ᠬᠠᠤᠯᠢ᠎ᠨᠢ ᠮᠠᠨ᠎ᠤ ᠤᠯᠤᠰ᠎ᠤᠨ ᠦᠨᠳᠦᠰᠦᠨ ᠶᠡᠬᠡ ᠬᠠᠤᠯᠢ ᠪᠣᠯᠤᠭᠰᠠᠨ᠎ᠤ ᠬᠤᠪᠢ᠎ᠳ᠋ᠤ ᠂ ᠠᠷᠪᠠ ᠶᠢᠰᠦᠳᠦᠭᠡᠷ ᠵᠦᠢᠯ᠎ᠳ᠋ᠡᠭᠡᠨ ᠪᠦᠬᠦ ᠤᠯᠤᠰ᠎ᠲᠤ ᠨᠡᠢᠳᠡᠮ ᠬᠡᠷᠡᠭᠯᠡᠵᠦ ᠪᠠᠢᠭ᠎ᠠ ᠪᠠᠷᠢᠮᠵᠢᠶ᠎ᠠ ᠬᠡᠯᠡ᠎ᠶᠢ ᠳᠡᠯᠭᠡᠷᠡᠭᠦᠯᠬᠦ ᠲᠤᠬᠠᠢ ᠡᠰᠢᠯᠡᠯ᠎ᠲᠠᠢ ᠳᠤᠳᠤᠷᠬᠠᠢᠯᠠᠵᠦ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠦᠷᠢᠮᠵᠢᠭᠦᠯᠬᠦ ᠂ ᠪᠠᠷᠢᠮᠵᠢᠶᠠᠵᠢᠭᠤᠯᠬᠤ᠎ᠶᠢ ᠠᠬᠢᠭᠤᠯᠬᠤ᠎ᠳ᠋ᠤ ᠦᠨᠳᠦᠰᠦᠨ ᠬᠠᠤᠯᠢ ᠵᠦᠢ᠎ᠶᠢᠨ ᠦᠨᠳᠦᠰᠦᠯᠡᠯ ᠬᠠᠩᠭᠠᠨ ᠂ ᠦᠭᠡ ᠬᠡᠯᠡ ᠦᠰᠦᠭ ᠪᠢᠴᠢᠭ᠎ᠤᠨ ᠨᠡᠢᠭᠡᠮ᠎ᠤᠨ ᠠᠮᠢᠳᠤᠷᠠᠯ ᠳᠤᠮᠳᠠ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠬᠤ ᠂ ᠦᠨᠳᠦᠰᠦᠲᠡᠨ᠎ᠨᠦᠭᠦᠳ᠎ᠤᠨ ᠡᠯ᠎ᠡ ᠭᠠᠵᠠᠷ ᠣᠷᠣᠨ᠎ᠤ ᠠᠵᠤ ᠠᠬᠤᠶ ᠰᠣᠶᠣᠯ᠎ᠤᠨ ᠰᠣᠯᠢᠯᠴᠠᠭ᠎ᠠ᠎ᠶᠢ ᠠᠬᠢᠭᠤᠯᠬᠤ᠎ᠳ᠋ᠤ ᠦᠨᠳᠦᠰᠦᠨ ᠵᠢᠷᠤᠮᠯᠠᠯ ᠬᠠᠩᠭᠠᠪᠠ ᠃ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾᠎ᠶᠢᠨ ᠭᠤᠷᠪᠠᠳᠤᠭᠠᠷ ᠵᠦᠢᠯ ᠂ ᠳᠥᠷᠪᠡᠳᠦᠭᠡᠷ ᠵᠦᠢᠯ᠎ᠳ᠋ᠤ ᠴᠥᠮ ᠤᠯᠤᠰ᠎ᠡᠴᠠ ᠪᠠᠷᠢᠮᠵᠢᠶ᠎ᠠ ᠬᠡᠯᠡ᠎ᠶᠢ ᠲᠦᠭᠡᠮᠡᠯᠵᠢᠭᠦᠯᠤᠨ ᠂ ᠳᠦᠷᠢᠮᠵᠢᠭᠰᠡᠨ ᠬᠢᠲᠠᠳ ᠦᠰᠦᠭ᠎ᠢ ᠬᠡᠷᠡᠭᠯᠡᠵᠤ ᠂ ᠠᠷᠠᠳ ᠢᠷᠭᠡᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠡᠷᠬᠡ᠎ᠲᠠᠢ ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠠᠷᠭ᠎ᠠ ᠬᠡᠮᠵᠢᠶ᠎ᠡ ᠠᠪᠴᠤ ᠪᠠᠢᠭᠠᠳ ᠪᠠᠷᠢᠮᠵᠢᠶ᠎ᠠ ᠭᠡᠯᠡ᠎ᠶᠢ ᠳᠡᠯᠭᠡᠷᠡᠭᠦᠯᠬᠦ ᠪᠠ ᠳᠦᠷᠢᠮᠵᠢᠭᠰᠡᠨ ᠬᠢᠲᠠᠳ ᠦᠰᠦᠭ᠎ᠢ ᠬᠡᠷᠡᠭᠯᠡᠬᠦ ᠬᠡᠷᠡᠭᠲᠡᠶ ᠬᠡᠵᠤ ᠲᠣᠳᠣᠷᠬᠠᠶ ᠲᠣᠭᠲᠠᠭᠠᠵᠠᠢ ᠃ ᠡᠭᠦᠨ᠎ᠡᠴᠠ ᠭᠠᠳᠠᠨ᠎ᠠ ᠂ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ︾᠎ᠶᠢᠨ ᠭᠤᠴᠢᠨ ᠳᠣᠯᠣᠳᠤᠭᠠᠷ ᠵᠦᠢᠯ ᠂ ︽ ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠰᠤᠷᠭᠠᠨ ᠬᠥᠮᠦᠵᠢᠯ᠎ᠤᠨ ᠬᠠᠤᠯᠢ ︾᠎ᠶᠢᠨ ᠠᠷᠪᠠᠨ ᠬᠣᠶᠠᠳᠤᠭᠠᠷ ᠵᠦᠢᠯ᠎ᠳ᠋ᠤ ᠪᠠᠰᠠ ᠳᠤᠮᠳᠠᠳᠤ ᠤᠯᠤᠰ᠎ᠤᠨ ᠠᠷᠠᠳ ᠢᠷᠭᠡᠳ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ ᠡᠷᠬᠡ ᠡᠭᠦᠷᠭᠡ᠎ᠶᠢ ᠲᠣᠳᠣᠷᠬᠠᠶ ᠲᠣᠭᠲᠠᠭᠠᠭᠰᠠᠨ ᠪᠠᠢᠨ᠎ᠠ ᠃ ᠡᠭᠦᠨ᠎ᠡᠴᠠ ᠂ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠂ ᠰᠤᠷᠭᠠᠭᠤᠯᠢ ᠂ ᠪᠤᠰᠤᠳ ᠰᠤᠷᠭᠠᠨ ᠬᠥᠮᠦᠵᠢᠯ᠎ᠤᠨ ᠪᠠᠢᠭᠤᠯᠤᠮᠵᠢ ᠭᠡᠰᠡᠨ ᠦᠭᠡᠢ ᠂ ᠡᠰᠡᠭᠦᠯ᠎ᠡ ᠠᠷᠠᠳ ᠢᠷᠭᠡᠳ ᠬᠤᠪᠢ ᠬᠥᠮᠦᠨ ᠬᠡᠰᠡᠨ ᠦᠬᠡᠢ ᠂ ᠤᠯᠤᠰ᠎ᠤᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠵᠤ ᠬᠡᠷᠡᠭᠯᠡᠬᠦ ᠪᠣᠯ ᠬᠠᠤᠯᠢ᠎ᠳ᠋ᠤ ᠳᠤᠬᠳᠠᠭᠠᠭᠰᠠᠨ ᠡᠭᠦᠷᠭᠡ ᠮᠥᠨ ᠂ ᠳᠤᠮᠳᠠᠳᠤ ᠤᠯᠤᠰ᠎ᠤᠨ ᠬᠥᠮᠦᠨ ᠪᠤᠯᠤᠭᠰᠠᠳ᠎ᠤᠨ ᠲᠡᠷᠢᠭᠦᠨ ᠴᠢᠬᠤᠯᠠ ᠡᠭᠦᠷᠭᠡ ᠪᠣᠯᠤᠭᠰᠠᠨ᠎ᠤ ᠬᠤᠪᠢ᠎ᠳ᠋ᠤ ᠰᠣᠩᠭᠣᠬᠤ ᠡᠷᠬᠡ ᠦᠭᠡᠢ ᠂ ᠬᠤᠪᠢ ᠬᠥᠮᠦᠨ᠎ᠤ ᠰᠠᠨᠠᠭ᠎ᠠ᠎ᠪᠠᠷ ᠰᠢᠯᠵᠢᠬᠦᠯᠵᠤ ᠪᠤᠯᠬᠤ ᠦᠭᠡᠢ ᠂ ᠡᠭᠦᠷᠭᠡ᠎ᠳ᠋ᠤ ᠵᠠᠢᠯᠠᠭᠤᠯᠵᠤ ᠪᠣᠯᠤᠰᠢ ᠦᠭᠡᠢ ᠴᠢᠨᠠᠷ᠎ᠲᠠᠢ ᠶᠤᠮ ᠂ ᠲᠡᠢᠮᠤ ᠪᠢᠰᠢ ᠪᠤᠯ ᠬᠠᠤᠯᠢ᠎ᠡᠴᠠ ᠵᠥᠷᠢᠴᠡᠭᠰᠡᠨ ᠶᠠᠪᠤᠳᠠᠯ ᠪᠣᠯᠤᠨ᠎ᠠ ᠭᠡᠳᠡᠭ᠎ᠢ ᠮᠡᠳᠡᠵᠤ ᠪᠤᠯᠬᠤ ᠶᠤᠮ ᠃

ᠮᠠᠨ᠎ᠤ ᠤᠯᠤᠰ᠎ᠤᠨ ᠬᠠᠤᠯᠢ ᠴᠠᠭᠠᠵᠠ᠎ᠳ᠋ᠤ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢᠶᠡᠨ ᠬᠡᠷᠡᠭᠯᠡᠵᠤ ᠬᠥᠭᠵᠢᠭᠦᠯᠬᠦ᠎ᠶᠢ ᠪᠠᠳᠤᠯᠠᠨ᠎ᠠ ᠭᠡᠰᠡᠨ ᠪᠤᠯᠪᠠᠴᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠬᠡᠷᠡᠭᠯᠡᠬᠦ ᠲᠤᠬᠠᠢ ᠬᠠᠤᠯᠢ᠎ᠳ᠋ᠤ ᠳᠤᠭᠳᠠᠭᠠᠭᠰᠠᠨ ᠡᠭᠦᠷᠭᠡ᠎ᠶᠢ ᠬᠡᠯᠳᠦᠷᠢᠭᠦᠯᠦᠭᠰᠡᠨ ᠦᠭᠡᠢ ᠶᠤᠮ ᠃ ᠤᠯᠤᠰ᠎ᠡᠴᠠ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠎ᠶᠢᠨ ᠬᠠᠮᠲᠤ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠬᠠᠮᠠᠭᠠᠯᠠᠬᠤ ᠡᠷᠴᠢᠮ᠎ᠢ ᠴᠤ ᠴᠢᠩᠭᠠᠷᠠᠭᠤᠯᠵᠤ ᠂ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠪᠠ ᠬᠥᠭᠵᠢᠯᠲᠡ᠎ᠳ᠋ᠤ ᠪᠦᠷᠢᠨ ᠭᠦᠶᠴᠡᠳ ᠬᠠᠤᠯᠢ ᠴᠠᠭᠠᠵᠠ᠎ᠶᠢᠨ ᠪᠠᠲᠤᠯᠠᠭ᠎ᠠ ᠪᠠ ᠲᠦᠷᠦ᠎ᠶᠢᠨ ᠪᠤᠳᠤᠯᠭ᠎ᠠ᠎ᠶᠢᠨ ᠳᠡᠮᠵᠢᠯᠭᠡ ᠦᠵᠡᠭᠦᠯᠪᠡ ᠃ ︽ ᠦᠨᠳᠦᠰᠦᠨ ᠬᠠᠤᠯᠢ ︾᠎ᠶᠢᠨ ᠭᠤᠷᠪᠠᠨ ᠵᠦᠢᠯ ᠵᠤᠷᠪᠤᠰ᠎ᠨᠢ ᠦᠭᠡ ᠬᠡᠯᠡᠨ᠎ᠤ ᠠᠰᠠᠭᠤᠳᠠᠯ᠎ᠳ᠋ᠤ ᠰᠢᠭᠤᠳ ᠬᠣᠯᠪᠣᠭᠳᠠᠨ᠎ᠠ ᠂ ᠲᠤᠬᠠᠶᠢᠯᠠᠪᠠᠯ ᠳᠥᠷᠪᠡᠳᠦᠭᠡᠷ ᠵᠦᠢᠯ᠎ᠤᠨ ᠳᠥᠷᠪᠡᠳᠦᠭᠡᠷ ᠵᠤᠷᠪᠤᠰ ᠂ ᠵᠠᠭᠤ ᠬᠣᠷᠢᠨ ᠨᠢᠭᠡᠳᠦᠭᠡᠷ ᠵᠦᠢᠯ ᠪᠠ ᠵᠠᠭᠤ ᠭᠤᠴᠢᠨ ᠳᠥᠷᠪᠡᠳᠦᠭᠡᠷ ᠵᠦᠢᠯ ᠪᠣᠯᠤᠨ᠎ᠠ ᠃ ︽ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ︾᠎ᠳ᠋ᠤ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡᠨ᠎ᠤ ᠡᠷᠬᠡ᠎ᠶᠢᠨ ᠪᠠᠲᠤᠯᠠᠭ᠎ᠠ᠎ᠶᠢᠨ ᠲᠤᠬᠠᠢ ᠭᠣᠤᠯᠳᠠᠭᠤ ᠬᠣᠷᠢᠨ ᠨᠢᠭᠡᠳᠦᠭᠡᠷ ᠵᠦᠶᠯ ᠂ ᠭᠤᠴᠢᠨ ᠨᠠᠢ᠍ᠮᠠᠳᠤᠭᠠᠷ ᠵᠦᠶᠯ ᠂ ᠳᠥᠴᠢᠨ ᠳᠣᠯᠣᠳᠤᠭᠠᠷ ᠵᠦᠶᠯ ᠂ ᠳᠥᠴᠢ ᠶᠢᠰᠦᠳᠦᠭᠡᠷ ᠵᠦᠶᠯ ᠪᠠ ᠲᠠᠪᠢᠨ ᠭᠤᠷᠪᠠᠳᠤᠭᠠᠷ ᠵᠦᠶᠯ᠎ᠳ᠋ᠤ ᠢᠯᠡᠷᠡᠵᠦ ᠪᠠᠶᠢᠨ᠎ᠠ ᠃ ᠪᠦᠷᠢᠨ ᠲᠡᠭᠦᠯᠳᠡᠷ ᠬᠠᠤᠯᠢ ᠴᠠᠭᠠᠵᠠ᠎ᠶᠢᠨ ᠰᠢᠰᠲ᠋ᠧᠮ ᠂ ᠪᠦᠷᠢᠨ ᠪᠦᠳᠦᠨ ᠬᠠᠤᠯᠢ ᠴᠠᠭᠠᠵᠠ᠎ᠶᠢᠨ ᠲᠣᠭᠲᠠᠭᠠᠯ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠤᠨ ᠬᠡᠷᠡᠭᠯᠡᠯᠲᠡ ᠪᠠ ᠬᠥᠭᠵᠢᠯᠲᠡ᠎ᠶᠢ ᠪᠦᠲᠦᠮᠵᠢᠲᠡᠶ ᠪᠠᠲᠤᠯᠠᠵᠤ ᠪᠠᠢᠨ᠎ᠠ ᠭᠡᠵᠦ ᠬᠡᠯᠡᠵᠦ ᠪᠣᠯᠤᠨ᠎ᠠ ᠃ ᠥᠪᠥᠷ ᠮᠣᠩᠭᠣᠯ᠎ᠤᠨ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭᠠᠨ᠎ᠳ᠋ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠡᠬᠦ ᠰᠤᠷᠭᠠᠭᠤᠯᠢ᠎ᠨᠤᠭᠤᠳ᠎ᠤᠨ ᠪᠠᠭ᠎ᠠ ᠰᠤᠷᠭᠠᠭᠤᠯᠢ᠎ᠶᠢᠨ ᠨᠢᠭᠡᠳᠦᠭᠡᠷ ᠣᠨ ᠪᠤᠯᠤᠨ ᠠᠩᠬ᠎ᠠ ᠵᠡᠷᠭᠡ᠎ᠶᠢᠨ ᠳᠤᠮᠳᠠᠳᠤ ᠰᠤᠷᠭᠠᠭᠤᠯᠢ᠎ᠶᠢᠨ ᠨᠢᠭᠡᠳᠦᠭᠡᠷ ᠣᠨ᠎ᠡᠴᠠ ᠡᠬᠢᠯᠡᠨ ᠤᠯᠤᠰ᠎ᠤᠨ ᠨᠢᠭᠡᠳᠦᠯᠲᠡᠢ ᠨᠠᠶᠢᠷᠠᠭᠤᠯᠤᠭᠰᠠᠨ ︽ ᠬᠡᠯᠡ ᠪᠢᠴᠢᠭ ︾᠎ᠤᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢᠨ ᠬᠠᠮᠳᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠡᠭᠰᠡᠨ᠎ᠤ ᠳᠠᠷᠠᠭ᠎ᠠ ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠎ᠶᠢᠨ ᠪᠤᠰᠤᠳ ᠬᠢᠴᠢᠶᠡᠯ ᠲᠦᠷᠦᠯ᠎ᠤᠨ ᠳᠤᠬᠢᠷᠠᠭᠤᠯᠤᠯᠳᠠ᠎ᠶᠢ ᠬᠤᠪᠢᠷᠠᠭᠤᠯᠬᠤ ᠦᠭᠡᠢ ᠂ ᠬᠡᠷᠡᠭᠯᠡᠵᠤ ᠪᠠᠢᠭ᠎ᠠ ᠵᠢᠭᠠᠬᠤ ᠮᠠᠲ᠋ᠧᠷᠢᠶᠠᠯ᠎ᠢ ᠬᠤᠪᠢᠷᠠᠭᠤᠯᠬᠤ ᠦᠭᠡᠢ ᠂ ᠬᠢᠴᠢᠶᠡᠯᠯᠡᠬᠦ ᠦᠭᠡ ᠬᠡᠯᠡ ᠦᠰᠦᠭ ᠪᠢᠴᠢᠭ᠎ᠢ ᠬᠤᠪᠢᠷᠠᠭᠤᠯᠬᠤ ᠦᠭᠡᠢ ᠂ ᠮᠣᠩᠭᠣᠯ ᠬᠡᠯᠡ ᠪᠢᠴᠢᠭ ᠂ ᠰᠣᠯᠣᠩᠭᠣᠰ ᠬᠡᠯᠡ ᠪᠢᠴᠢᠭ᠎ᠤᠨ ᠬᠢᠴᠢᠶᠡᠯᠯᠡᠬᠦ ᠴᠠᠭ᠎ᠢ ᠬᠤᠪᠢᠷᠠᠭᠤᠯᠬᠤ ᠦᠭᠡᠢ ᠂ ᠤᠳᠤᠬᠠᠨ᠎ᠤ ᠬᠣᠣᠰ ᠬᠡᠯᠡᠨ᠎ᠤ ᠰᠤᠷᠭᠠᠨ ᠬᠥᠮᠦᠵᠢᠯ᠎ᠤᠨ ᠰᠢᠰᠲ᠋ᠧᠮ᠎ᠢ ᠬᠤᠪᠢᠷᠠᠭᠤᠯᠬᠤ ᠦᠭᠡᠢ ᠃ ᠡᠨᠡ ᠪᠣᠯ ᠦᠨᠳᠦᠰᠦᠨ ᠬᠠᠤᠯᠢ ᠪᠠ ᠬᠠᠤᠯᠢ ᠴᠠᠭᠠᠵᠠ᠎ᠳ᠋ᠤ ᠲᠣᠭᠲᠠᠭᠠᠭᠰᠠᠨ ᠦᠨᠳᠦᠰᠦᠲᠡᠨ᠎ᠨᠦᠭᠦᠳ᠎ᠤᠨ ᠲᠤᠰ ᠦᠨᠳᠦᠰᠦᠲᠡᠨ᠎ᠤ᠎ᠪᠠᠨ ᠦᠭᠡ ᠬᠡᠯᠡ ᠦᠰᠦᠭ ᠪᠢᠴᠢᠭ᠎ᠢᠶᠡᠨ ᠬᠡᠷᠡᠭᠯᠡᠵᠦ ᠬᠥᠭᠵᠢᠭᠦᠯᠬᠦ ᠡᠷᠬᠡ ᠴᠢᠯᠥᠭᠡ᠎ᠶᠢ ᠪᠠᠳᠤᠯᠠᠬᠤ᠎ᠶᠢ ᠵᠢᠩᠬᠢᠨᠢ᠎ᠪᠠᠷ ᠨᠠᠢᠳᠠᠪᠤᠷᠢᠵᠢᠭᠤᠯᠵᠤ ᠪᠠᠢᠭ᠎ᠠ ᠶᠠᠪᠤᠳᠠᠯ ᠮᠦᠨ ᠂ ︽ ᠴᠥᠭᠡᠨ ᠲᠣᠭᠠᠲᠤ ᠦᠨᠳᠦᠰᠦᠲᠡᠨ᠎ᠢ ᠬᠢᠳᠠᠳᠴᠢᠯᠠᠵᠤ ︵ ᠬᠠᠢᠯᠤᠭᠤᠯᠵᠤ ︶ ᠪᠠᠢᠨ᠎ᠠ ︾ ᠭᠡᠬᠦ ᠶᠠᠷᠢᠶ᠎ᠠ ᠬᠡᠯᠡᠯᠴᠡᠭᠡ ᠪᠣᠯ ᠱᠠᠯ ᠳᠡᠮᠡᠢ ᠪᠦᠭᠡᠳ ᠬᠠᠤᠯᠢ ᠴᠠᠭᠠᠵᠠ᠎ᠶᠢᠨ ᠦᠨᠳᠦᠰᠦ ᠪᠠᠷᠢᠮᠲᠠ ᠦᠭᠡᠢ ᠶᠤᠮ ᠃

ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠬᠡᠷᠬᠢᠪᠡᠴᠤ ᠦᠭᠦᠯᠡᠪᠦᠷᠢ᠎ᠶᠢ᠎ᠨᠢ ᠲᠠᠰᠤᠯᠤᠨ ᠤᠳᠬ᠎ᠠ᠎ᠶᠢ᠎ᠨᠢ ᠭᠠᠵᠢᠭᠤᠳᠠᠭᠤᠯᠤᠨ ᠤᠢᠯᠠᠭᠠᠵᠦ ᠪᠤᠯᠬᠤ ᠦᠭᠡᠢ ᠂ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠦᠷᠦᠭᠡᠰᠦᠭᠡᠯ᠎ᠢᠶᠠᠷ ᠤᠢᠯᠠᠭᠠᠬᠤ ᠪᠠ ᠡᠰᠢ ᠲᠠᠲᠠᠵᠦ ᠭᠡᠷᠡᠭᠯᠡᠵᠦ ᠪᠤᠯᠬᠤ ᠦᠭᠡᠢ ᠂ ᠡᠰᠡᠪᠠᠰᠤ ᠬᠠᠤᠯᠢ ᠴᠠᠭᠠᠵᠠ᠎ᠶᠢ ᠪᠤᠷᠤᠭᠤ ᠭᠡᠷᠡᠭᠯᠡᠭᠰᠡᠨ ᠶᠠᠪᠤᠳᠠᠯ ᠪᠤᠯᠬᠤ ᠶᠤᠮ ᠃ ᠮᠠᠠ᠎ᠤ ᠤᠯᠤᠰ᠎ᠤᠨ ᠬᠠᠤᠯᠢ ᠴᠠᠭᠠᠵᠠ᠎ᠶᠢᠨ ᠰᠢᠰᠲ᠋ᠸᠮ᠎ᠳ᠋ᠤ ᠰᠢᠰᠲ᠋ᠸᠮᠳᠤ ᠴᠢᠨᠠᠷ ᠂ ᠪᠦᠬᠦᠯᠢ ᠴᠤᠭᠴᠠᠳᠤ ᠴᠢᠨᠠᠷ᠎ᠤᠨ ᠤᠠᠴᠠᠯᠢᠭ᠎ᠲᠠᠢ ᠂ ᠬᠠᠤᠯᠢ ᠴᠠᠭᠠᠵᠠ᠎ᠶᠢᠨ ᠵᠦᠢᠯ ᠵᠤᠷᠪᠤᠰ᠎ᠢ ᠭᠡᠷᠡᠭᠯᠡᠬᠦ ᠶᠠᠪᠤᠴᠠ ᠲᠤᠮᠲᠠ ᠶᠡᠭᠡ ᠤᠷᠢᠲᠠᠯ ᠪᠠ ᠪᠠᠭ᠎ᠠ ᠤᠷᠢᠲᠠᠯ ᠵᠡᠷᠭᠡ ᠴᠢᠬᠤᠯᠠ ᠡᠯᠸᠮᠸᠨ᠋ᠲ᠎ᠲᠤ ᠨᠡᠢᠴᠡᠭᠰᠡᠡ ᠪᠠᠢᠬᠤ ᠭᠡᠷᠡᠭᠲᠡᠢ ᠃ ︽ ᠨᠡᠢᠲᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠤᠨ ᠬᠡᠷᠡᠭᠯᠡᠯᠳᠡ᠎ᠶᠢ ᠠᠬᠢᠭᠤᠯᠵᠦ ᠪᠠᠢᠬᠤ᠎ᠨᠢ ᠲᠤᠰ ᠦᠨᠲᠦᠰᠦᠲᠠᠠ᠎ᠤ ᠦᠭᠡ ᠬᠡᠯᠡ ᠦᠰᠦᠭ ᠪᠢᠴᠢᠭ᠎ᠢ ᠭᠡᠷᠡᠭᠯᠡᠬᠦ ᠡᠷᠭᠡ ᠴᠢᠯᠦᠭᠡ᠎ᠳ᠋ᠤ ᠬᠠᠯᠲᠠᠵᠦ ᠪᠠᠢᠨ᠎ᠠ ︾ ᠂ ︽ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠡᠷᠡᠭᠯᠡᠯᠳᠡ᠎ᠶᠢ ᠠᠬᠢᠭᠤᠯᠵᠦ ᠪᠠᠢᠬᠤ᠎ᠨᠢ ᠤᠯᠤᠰ᠎ᠤᠨ ᠬᠠᠤᠯᠢ ᠴᠠᠭᠠᠵᠠ ᠲᠦᠷᠦ᠎ᠶᠢᠨ ᠪᠤᠲᠤᠯᠭ᠎ᠠ᠎ᠡᠴᠠ ᠲᠡᠷᠰᠯᠡᠵᠦ ᠪᠠᠢᠨ᠎ᠠ ︾ ᠭᠡᠬᠦ ᠶᠠᠷᠢᠶ᠎ᠠ ᠬᠡᠯᠡᠯᠴᠡᠭᠡ ᠪᠤᠯ ᠬᠠᠤᠯᠢ ᠴᠠᠭᠠᠵᠠ᠎ᠶᠢᠨ ᠵᠦᠢᠯ ᠵᠤᠷᠪᠤᠰ᠎ᠤᠨ ᠲᠤᠬᠠᠢ ᠦᠷᠦᠭᠡᠰᠦᠭᠡᠯ ᠪᠦᠭᠡᠳ ᠢᠪᠴᠤᠤ ᠤᠢᠯᠠᠭᠠᠯᠳᠠ ᠪᠤᠯᠬᠤ ᠶᠤᠮ ᠃ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ ᠪᠠ ᠳᠡᠯᠭᠡᠷᠡᠭᠦᠯᠬᠦ᠎ᠨᠢ ᠦᠨᠲᠦᠰᠦᠲᠠᠠ᠎ᠤ ᠦᠭᠡ ᠬᠡᠯᠡ ᠦᠰᠦᠭ ᠪᠢᠴᠢᠭ᠎ᠢ ᠭᠡᠷᠡᠭᠯᠡᠬᠦ᠎ᠯᠦᠭᠡ ᠬᠠᠤᠯᠢ ᠴᠠᠭᠠᠵᠠ᠎ᠶᠢᠨ ᠲᠤᠭᠲᠠᠭᠠᠯ᠎ᠤᠨ ᠬᠤᠪᠢ᠎ᠳ᠋ᠤ ᠬᠠᠷᠢᠯᠴᠠᠠ ᠠᠬᠢᠭᠤᠯᠴᠠᠵᠦ ᠂ ᠬᠠᠷᠢᠯᠴᠠᠠ ᠨᠦᠬᠦᠴᠡᠯᠳᠦᠵᠦ ᠪᠠᠢᠲᠠᠭ ᠂ ᠡᠨᠡ ᠬᠤᠶᠠᠷ ᠤᠴᠢᠷ᠎ᠢ ᠵᠡᠷᠭᠡ᠎ᠪᠠᠷ ᠶᠠᠪᠤᠭᠳᠠᠭᠤᠯᠬᠤ᠎ᠨᠢ ᠵᠦᠷᠢᠴᠡᠯᠲᠦᠬᠦ ᠦᠭᠡᠢ ᠭᠡᠲᠡᠭ᠎ᠢ ᠬᠠᠤᠯᠢ ᠵᠦᠢ᠎ᠶᠢᠨ ᠵᠠᠷᠴᠢᠮ ᠪᠤᠯᠤᠨ ᠦᠢᠯᠡᠲᠦᠯᠭᠡ ᠭᠡᠷᠡᠴᠢᠯᠡᠭᠰᠡᠡ ᠪᠠᠢᠨ᠎ᠠ ᠃ ︽ ᠪᠦᠬᠦᠲᠠ ᠨᠠᠢᠷᠠᠮᠲᠠᠬᠤ ᠲᠤᠮᠲᠠᠲᠤ ᠠᠷᠠᠳ ᠤᠯᠤᠰ᠎ᠤᠨ ᠦᠨᠲᠦᠰᠦᠲᠠᠠ᠎ᠤ ᠤᠷᠤᠨ᠎ᠤ ᠦᠪᠡᠷᠲᠡᠭᠡᠡ ᠵᠠᠰᠠᠬᠤ ᠬᠠᠤᠯᠢ ︾᠎ᠶᠢᠨ ᠭᠤᠴᠢᠨ ᠲᠤᠯᠤᠲᠤᠭᠠᠷ ᠵᠤᠷᠪᠤᠰ᠎ᠲᠤ ᠂ ᠭᠤᠤᠯᠳᠠᠭᠤ ᠴᠦᠭᠡᠡ ᠲᠤᠭᠠᠲᠦ ᠦᠨᠲᠦᠰᠦᠲᠠᠠ᠎ᠤ ᠰᠤᠷᠤᠭᠴᠢ᠎ᠶᠢ ᠡᠯᠰᠡᠭᠦ ᠰᠤᠷᠭᠠᠭᠤᠯᠢ ︵ ᠠᠩᠭ‍ ᠢ ︶ ᠪᠠ ᠪᠤᠰᠤᠳ ᠰᠤᠷᠭᠠᠠ ᠬᠦᠮᠦᠵᠢᠯ᠎ᠤᠨ ᠪᠠᠢᠭᠤᠯᠤᠮᠵᠢ᠎ᠨᠢ ᠨᠦᠬᠦᠴᠡᠯ᠎ᠲᠠᠢ ᠪᠤᠯ ᠴᠦᠭᠡᠡ ᠲᠤᠭᠠᠲᠦ ᠦᠨᠲᠦᠰᠦᠲᠠᠠ᠎ᠤ ᠦᠰᠦᠭ ᠪᠢᠴᠢᠭ᠎ᠢᠶᠠᠷ ᠨᠠᠢᠷᠠᠭᠤᠯᠤᠭᠰᠠᠨ ᠰᠤᠷᠬᠤ ᠪᠢᠴᠢᠭ᠎ᠢ ᠭᠡᠷᠡᠭᠯᠡᠬᠦ ᠪᠦᠭᠡᠳ ᠴᠦᠭᠡᠡ ᠲᠤᠭᠠᠲᠦ ᠦᠨᠲᠦᠰᠦᠲᠠᠠ᠎ᠤ ᠦᠬᠡ ᠬᠡᠯᠡ᠎ᠪᠠᠷ ᠬᠢᠴᠢᠶᠡᠯᠯᠡᠬᠦ ᠬᠡᠷᠡᠭᠳᠠᠢ ︔ ᠪᠠᠢᠲᠠᠯ᠎ᠢᠶᠡᠨ ᠦᠨᠲᠦᠰᠦᠯᠡᠵᠦ ᠪᠠᠢᠭᠠᠳ ᠪᠠᠭ᠎ᠠ ᠰᠤᠷᠭᠠᠭᠤᠯᠢ᠎ᠶᠢᠨ ᠳᠤᠤᠷᠠᠳᠦ ᠠᠩᠬᠢ ᠪᠤᠶᠦ ᠲᠡᠭᠡᠲᠦ ᠠᠩᠬᠢ᠎ᠡᠴᠠ ᠡᠬᠢᠯᠡᠨ ᠬᠢᠲᠠᠳ ᠭᠡᠯᠡᠡ᠎ᠤ ᠬᠢᠴᠢᠶᠡᠯ ᠤᠷᠤᠵᠤ ᠂ ᠪᠦᠬᠦ ᠤᠯᠤᠰ᠎ᠲᠤ ᠨᠡᠢᠳᠡᠮ ᠬᠡᠷᠡᠭᠯᠡᠵᠦ ᠪᠠᠢᠭ᠎ᠠ ᠪᠠᠷᠢᠮᠵᠢᠶ᠎ᠠ ᠬᠡᠯᠡ ᠪᠤᠯᠤᠨ ᠵᠢᠷᠦᠮᠵᠢᠭᠤᠯᠤᠭᠰᠠᠨ ᠬᠢᠲᠠᠳ ᠦᠰᠦᠭ ᠪᠢᠴᠢᠭ᠎ᠢ ᠳᠡᠯᠭᠡᠷᠡᠭᠦᠯᠦᠨ᠎ᠠ ᠬᠡᠵᠤ ᠳᠤᠭᠳᠠᠭᠠᠵᠠᠢ ᠃ ᠦᠨᠲᠦᠰᠦᠲᠠᠠ᠎ᠤ ᠦᠪᠡᠷᠲᠡᠭᠡᠡ ᠵᠠᠰᠠᠬᠤ ᠭᠠᠵᠠᠷ ᠤᠷᠤᠨ᠎ᠤ ᠴᠦᠭᠡᠡ ᠲᠤᠭᠠᠲᠦ ᠦᠠᠲᠦᠰᠤᠲᠠᠠ᠎ᠤ ᠰᠤᠷᠤᠭᠴᠢ᠎ᠪᠠᠷ ᠭᠤᠤᠯ ᠪᠤᠯᠭᠠᠭᠰᠠᠨ ᠰᠤᠷᠭᠠᠭᠤᠯᠢ ᠵᠢᠴᠢ ᠪᠤᠰᠤᠳ ᠰᠤᠷᠭᠠᠠ ᠬᠦᠮᠦᠵᠢᠯ᠎ᠤᠨ ᠪᠠᠢᠭᠤᠯᠤᠮᠵᠢ᠎ᠨᠢ ᠪᠤᠲᠠᠲᠤ ᠪᠠᠢᠲᠠᠯ᠎ᠢᠶᠡᠨ ᠦᠨᠳᠦᠰᠦᠯᠡᠨ ᠂ ᠤᠯᠤᠰ᠎ᠤᠨ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ ᠪᠤᠯᠤᠨ ᠲᠤᠰ ᠦᠨᠲᠦᠰᠦᠲᠠᠠ ᠪᠤᠶᠤ ᠲᠤᠰ ᠭᠠᠵᠠᠷ᠎ᠤᠨ ᠦᠨᠲᠦᠰᠦᠲᠠᠠ᠎ᠤ ᠨᠡᠢᠲᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠭᠡᠷᠡᠭᠯᠡᠵᠦ ᠂ ᠬᠤᠤᠰ ᠬᠡᠯᠡᠡ᠎ᠤ ᠰᠤᠷᠭᠠᠠ ᠬᠦᠮᠦᠵᠢᠯ᠎ᠢ ᠭᠡᠷᠡᠭᠵᠢᠭᠦᠯᠬᠦ ᠪᠤᠯᠤᠨ᠎ᠠ ᠃

ᠦᠨᠳᠦᠰᠦᠨ ᠬᠠᠤᠯᠢ ᠪᠤᠯ ᠦᠨᠳᠦᠰᠦ ᠪᠤᠯᠬᠤ ᠬᠠᠤᠯᠢ ᠶᠤᠮ ᠂ ᠳᠡᠬᠦᠨ᠎ᠳ᠋ᠤ ᠬᠠᠮᠤᠬ᠎ᠤᠨ ᠳᠡᠭᠡᠳᠦ ᠬᠠᠤᠯᠢ ᠴᠠᠭᠠᠵᠠ᠎ᠶᠢᠨ ᠬᠦᠴᠦᠨ᠎ᠲᠠᠢ ᠪᠠᠢᠵᠤ ᠂ ᠪᠤᠰᠤᠳ ᠬᠠᠤᠯᠢ ᠴᠠᠭᠠᠵᠠ ᠬᠠᠤᠯᠢ ᠳᠤᠬᠳᠠᠭᠠᠯ᠎ᠢ ᠳᠤᠬᠳᠠᠭᠠᠬᠤ ᠰᠠᠭᠤᠷᠢ ᠪᠠ ᠦᠨᠳᠦᠰᠦᠯᠡᠯ ᠪᠤᠯᠬᠤ ᠶᠤᠮ ᠂ ᠪᠤᠰᠤᠳ ᠬᠠᠤᠯᠢ ᠴᠠᠭᠠᠵᠠ ᠬᠠᠤᠯᠢ ᠳᠤᠬᠳᠠᠭᠠᠯ᠎ᠤᠨ ᠠᠭᠤᠯᠭ᠎ᠠ᠎ᠳ᠋ᠤ ᠦᠨᠳᠦᠰᠦᠨ ᠬᠠᠤᠯᠢ᠎ᠶᠢᠨ ᠠᠭᠤᠯᠭ᠎ᠠ᠎ᠲᠠᠢ ᠵᠦᠷᠢᠴᠡᠯᠳᠦᠭᠰᠡᠨ ᠪᠤᠶᠤ ᠳᠡᠷᠰᠯᠡᠭᠰᠡᠨ ᠵᠦᠢᠯ ᠪᠠᠢᠵᠤ ᠪᠤᠯᠬᠤ ᠦᠭᠡᠢ ᠂ ᠡᠰᠡᠪᠡᠰᠤ ᠪᠤᠰᠤᠳ ᠬᠠᠤᠯᠢ ᠴᠠᠭᠠᠵᠠ ᠬᠠᠤᠯᠢ ᠳᠤᠬᠳᠠᠭᠠᠯ᠎ᠤᠨ ᠬᠠᠮᠢᠶ᠎ᠠ ᠪᠦᠬᠦᠢ ᠠᠭᠤᠯᠭ᠎ᠠ᠎ᠨᠢ ᠬᠠᠤᠯᠢ ᠴᠠᠭᠠᠵᠠ᠎ᠶᠢᠨ ᠬᠦᠴᠦᠨ ᠦᠬᠡᠢ ᠪᠤᠯᠳᠠᠭ ᠂ ︽ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ ︾ ᠴᠤ ᠠᠳᠠᠯᠢ ᠶᠤᠮ ᠃ ︽ ᠪᠦᠬᠦᠳᠡ ᠨᠡᠢᠷᠡᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ ︾ ᠪᠤᠯ ᠦᠨᠳᠦᠰᠦᠨ ᠬᠠᠤᠯᠢ᠎ᠳ᠋ᠤ ᠳᠤᠬᠳᠠᠭᠠᠬᠰᠠᠨ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠪᠠᠢᠭᠤᠯᠤᠯ᠎ᠢ ᠬᠡᠷᠡᠭᠵᠢᠬᠦᠯᠬᠦ ᠦᠨᠳᠦᠰᠦᠨ ᠬᠠᠤᠯᠢ ᠴᠠᠭᠠᠵᠠ ᠪᠤᠯᠤᠨ᠎ᠠ ᠃ ᠳᠤᠤᠷᠠᠳᠦ ᠪᠠᠢᠷᠢ᠎ᠶᠢᠨ ᠬᠠᠤᠯᠢ ᠪᠤᠯᠤᠬᠰᠠᠨ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ᠎ᠨᠢ ᠳᠡᠬᠡᠳᠦ ᠪᠠᠢᠷᠢ᠎ᠶᠢᠨ ᠬᠠᠤᠯᠢ ᠪᠤᠯᠤᠬᠰᠠᠨ ᠦᠨᠳᠦᠰᠦᠨ ᠬᠠᠤᠯᠢ᠎ᠶᠢᠨ ᠬᠠᠮᠢᠶ᠎ᠠ ᠪᠦᠬᠦᠢ ᠳᠤᠬᠳᠠᠭᠠᠯ᠎ᠡᠴᠠ ᠵᠦᠷᠢᠴᠡᠵᠦ ᠪᠤᠯᠬᠤ ᠦᠬᠡᠢ ᠂ ᠪᠦᠬᠦ ᠤᠯᠤᠰ᠎ᠤᠨ ᠨᠡᠢᠳᠡᠮ ᠬᠡᠷᠡᠭᠯᠡᠬᠦ ᠪᠠᠷᠢᠮᠵᠢᠶ᠎ᠠ ᠬᠡᠯᠡ᠎ᠶᠢ ᠳᠡᠯᠬᠡᠷᠡᠬᠦᠯᠵᠤ ᠬᠡᠷᠡᠭᠯᠡᠬᠦ ᠪᠤᠯ ᠦᠨᠳᠦᠰᠦᠨ ᠬᠠᠤᠯᠢ᠎ᠳ᠋ᠤ ᠳᠤᠬᠳᠠᠭᠠᠬᠰᠠᠨ ᠳᠤᠮᠳᠠᠳᠤ ᠤᠯᠤᠰ᠎ᠤᠨ ᠠᠷᠠᠳ ᠢᠷᠬᠡᠳ ᠨᠢᠭᠡ ᠪᠦᠷᠢ᠎ᠶᠢᠨ ᠵᠠᠪᠠᠯ ᠭᠦᠢᠴᠡᠳᠭᠡᠬᠦ ᠡᠭᠦᠷᠭᠡ ᠶᠤᠮ ᠂ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ᠎ᠨᠢ ᠦᠨᠳᠦᠰᠦᠳᠡᠨ᠎ᠨᠦᠭᠦᠳ᠎ᠤᠨ ᠳᠤᠰ ᠦᠨᠳᠦᠰᠦᠳᠡᠨ᠎ᠤ᠎ᠪᠠᠨ ᠦᠬᠡ ᠬᠡᠯᠡ ᠦᠰᠦᠭ ᠪᠢᠴᠢᠭ᠎ᠢ ᠬᠡᠷᠡᠭᠯᠡᠬᠦ ᠂ ᠳᠤᠰ ᠦᠨᠳᠦᠰᠦᠳᠡᠨ᠎ᠤ᠎ᠪᠠᠨ ᠦᠬᠡ ᠬᠡᠯᠡ ᠦᠰᠦᠭ ᠪᠢᠴᠢᠭ᠎ᠤᠨ ᠬᠦᠭᠵᠢᠯᠳᠡ᠎ᠶᠢ ᠠᠬᠢᠭᠤᠯᠬᠤ ᠂ ᠳᠤᠰ ᠦᠨᠳᠦᠰᠦᠳᠡᠨ᠎ᠤ᠎ᠪᠠᠨ ᠦᠬᠡ ᠬᠡᠯᠡ ᠦᠰᠦᠭ ᠪᠢᠴᠢᠭ᠎ᠢ ᠴᠢᠯᠦᠬᠡᠳᠡᠢ᠎ᠪᠠᠷ ᠳᠡᠯᠬᠡᠷᠡᠬᠦᠯᠬᠦ ᠡᠷᠬᠡ᠎ᠪᠠᠨ ᠡᠳ᠋ᠯᠡᠬᠦ᠎ᠶᠢ ᠪᠠᠳᠤᠯᠠᠵᠤ ᠪᠠᠢᠭ᠎ᠠ ᠪᠤᠯᠪᠠᠴᠤ ᠂ ᠪᠤᠰᠤᠳ ᠬᠠᠤᠯᠢ ᠴᠠᠭᠠᠵᠠ᠎ᠳ᠋ᠤ ᠳᠤᠬᠳᠠᠭᠠᠬᠰᠠᠨ ᠡᠭᠦᠷᠭᠡ᠎ᠪᠠᠨ ᠬᠦᠢᠴᠡᠳᠬᠡᠬᠦ᠎ᠶᠢ ᠬᠡᠯᠳᠦᠷᠢᠭᠦᠯᠦᠭᠰᠡᠨ ᠦᠬᠡᠢ ᠃ ︽ ᠦᠨᠳᠦᠰᠦᠳᠡᠨ᠎ᠤ ᠤᠷᠤᠨ᠎ᠤ ᠦᠪᠡᠷᠳᠡᠬᠡᠨ ᠵᠠᠰᠠᠬᠤ ᠬᠠᠤᠯᠢ ︾᠎ᠶᠢᠨ ᠳᠠᠪᠢᠨ ᠬᠤᠶᠠᠳᠤᠭᠠᠷ ᠵᠦᠢᠯ᠎ᠳ᠋ᠤ ᠳᠠᠷᠤᠢ ᠦᠨᠳᠦᠰᠦᠲᠡᠨ᠎ᠤ ᠦᠪᠡᠷᠳᠡᠬᠡᠨ ᠵᠠᠰᠠᠬᠤ ᠭᠠᠵᠠᠷ ᠤᠷᠤᠨ᠎ᠤ ᠦᠪᠡᠷᠳᠡᠬᠡᠨ ᠵᠠᠰᠠᠬᠤ ᠪᠠᠢᠭᠤᠯᠭ᠎ᠠ᠎ᠨᠢ ᠳᠤᠰ ᠭᠠᠵᠠᠷ ᠤᠷᠤᠨ᠎ᠤ ᠦᠨᠳᠦᠰᠦᠳᠡᠨ᠎ᠨᠦᠭᠦᠳ᠎ᠤᠨ ᠠᠷᠠᠳ ᠢᠷᠬᠡᠳ᠎ᠤᠨ ᠦᠨᠳᠦᠰᠦᠨ ᠬᠠᠤᠯᠢ᠎ᠳ᠋ᠤ ᠳᠤᠬᠳᠠᠭᠠᠬᠰᠠᠨ ᠢᠷᠬᠡᠨ᠎ᠤ ᠡᠷᠬᠡ ᠠᠰᠢᠬ᠎ᠢᠶᠡᠨ ᠡᠳ᠋ᠯᠡᠬᠦ᠎ᠶᠢ ᠪᠦᠷ ᠪᠠᠳᠤᠯᠠᠬᠤ᠎ᠶᠢᠨ ᠬᠠᠮᠳᠤ ᠂ ᠳᠡᠳᠡᠨ᠎ᠢ ᠰᠤᠷᠭᠠᠨ ᠬᠦᠮᠦᠵᠢᠬᠦᠯᠵᠦ ᠪᠠᠢᠭᠠᠳ ᠢᠷᠬᠡᠳ᠎ᠤᠨ ᠬᠦᠢᠴᠡᠳᠬᠡᠪᠡᠰᠦ ᠵᠤᠬᠢᠬᠤ ᠡᠭᠦᠷᠭᠡ᠎ᠶᠢ ᠬᠦᠢᠴᠡᠳᠬᠡᠯᠬᠡᠬᠦ ᠬᠡᠷᠡᠭᠳᠡᠢ ᠬᠡᠵᠦ ᠳᠤᠬᠳᠠᠭᠠᠬᠰᠠᠨ ᠪᠠᠢᠳᠠᠬ ᠃

ᠬᠠᠤᠯᠢ᠎ᠳ᠋ᠤ ᠲᠣᠭᠲᠠᠭᠠᠭᠰᠠᠨ ᠡᠭᠦᠷᠭᠡ᠎ᠡᠴᠠ ᠵᠥᠷᠢᠴᠡᠭᠰᠡᠳ ᠬᠠᠷᠠᠭᠠᠯᠵᠠᠭᠰᠠᠨ ᠬᠠᠷᠢᠭᠤᠴᠠᠯᠭ᠎ᠠ ᠡᠭᠦᠷᠭᠡᠯᠡᠬᠦ ᠪᠤᠶᠤ ᠴᠢᠨᠠᠭᠰᠢᠯᠠᠪᠠᠯ ᠡᠷᠡᠭᠦᠤ᠎ᠶᠢᠨ ᠰᠢᠢᠳᠬᠡᠯ ᠬᠦᠯᠢᠶᠡᠬᠦ ᠪᠣᠯᠤᠨ᠎ᠠ ᠃ ᠠᠷᠠᠳ ᠢᠷᠭᠡᠳ ᠂ ᠵᠣᠬᠢᠶᠠᠨ ᠪᠠᠶᠢᠭᠤᠯᠤᠯᠲᠠ᠎ᠨᠤᠭᠤᠳ᠎ᠤᠨ ᠬᠠᠤᠯᠢ ᠴᠠᠭᠠᠵᠠ᠎ᠳ᠋ᠤ ᠴᠠᠭᠠᠵᠠᠯᠠᠭᠰᠠᠨ ᠦᠢᠯᠡ ᠠᠵᠢᠯᠯᠠᠭ᠎ᠠ᠎ᠶᠢ ᠬᠡᠷᠡᠭᠵᠢᠭᠦᠯᠦᠭᠰᠡᠨ ᠪᠤᠶᠤ ᠡᠰᠡᠬᠦᠯ᠎ᠡ ᠬᠠᠤᠯᠢ ᠴᠠᠭᠠᠵᠠ᠎ᠶᠢᠨ ᠱᠠᠭᠠᠷᠳᠠᠯᠭ᠎ᠠ᠎ᠶᠢ ᠬᠡᠷᠡᠭᠵᠢᠭᠦᠯᠦᠭᠰᠡᠨ ᠦᠭᠡᠢ ᠠᠵᠢᠯᠯᠠᠭ᠎ᠠ᠎ᠨᠤᠭᠤᠳ᠎ᠨᠢ ᠴᠥᠮ ᠬᠠᠤᠯᠢ᠎ᠳ᠋ᠤ ᠲᠣᠭᠲᠠᠭᠠᠭᠰᠠᠨ ᠡᠭᠦᠷᠭᠡ᠎ᠡᠴᠠ ᠵᠥᠷᠢᠴᠡᠭᠰᠡᠨ ᠠᠵᠢᠯᠯᠠᠭ᠎ᠠ ᠪᠣᠯᠤᠨ᠎ᠠ ᠂ ᠬᠠᠤᠯᠢ᠎ᠳ᠋ᠤ ᠲᠣᠭᠲᠠᠭᠠᠭᠰᠠᠨ ᠡᠭᠦᠷᠭᠡ᠎ᠡᠴᠠ ᠵᠥᠷᠢᠴᠡᠪᠡᠯ ᠡᠷᠬᠡᠪᠰᠢ ᠬᠠᠷᠠᠭᠠᠯᠵᠠᠭᠰᠠᠨ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠶ ᠃ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠬᠠᠷᠢᠶ᠎ᠠ᠎ᠲᠠᠢ ᠰᠤᠷᠭᠠᠭᠤᠯᠢ᠎ᠳ᠋ᠤ ᠰᠠᠭᠤᠬᠤ ᠨᠠᠰᠤᠨ᠎ᠤ ᠬᠡᠤᠬᠡᠳ ᠂ ᠪᠠᠭᠠᠴᠤᠳ ᠠᠯᠪᠠᠨ ᠵᠢᠷᠤᠮ᠎ᠤᠨ ᠰᠤᠷᠭᠠᠨ ᠬᠥᠮᠦᠵᠢᠯ ᠬᠥᠷᠳᠡᠬᠥ ᠪᠣᠯ ᠳᠡᠳᠡᠨ᠎ᠤ ᠡᠷᠬᠡ ᠮᠥᠨ ᠪᠥᠭᠡᠳ ᠡᠭᠦᠷᠭᠡ ᠮᠥᠨ ᠃ ᠣᠨᠴᠠ ᠵᠠᠷᠢᠮ ᠭᠡᠷ᠎ᠤᠨ ᠠᠬᠠᠮᠠᠳ ᠴᠤᠤᠷᠬᠠᠯ᠎ᠢ ᠢᠲᠡᠭᠡᠵᠦ ᠂ ᠪᠤᠰᠤᠳ᠎ᠤᠨ ᠮᠡᠬᠡᠯᠡᠯ᠎ᠳ᠋ᠤ ᠲᠦᠬᠡᠷᠢᠭᠳᠡᠨ ᠬᠡᠦᠬᠡᠳ᠎ᠢᠶᠡᠨ ᠰᠤᠷᠭᠠᠭᠤᠯᠢ᠎ᠳ᠋ᠤ ᠬᠦᠷᠬᠡᠬᠦ ᠦᠭᠡᠢ ᠪᠠᠶᠢᠵᠤ ᠂ ᠦᠢᠯᠡ ᠠᠵᠢᠯᠯᠠᠭ᠎ᠠ᠎ᠨᠢ ᠨᠢᠭᠡᠨᠲᠡ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠤᠨ ᠬᠠᠤᠯᠢ ︾᠎ᠶᠢᠨ ᠲᠠᠪᠤᠳᠤᠭᠠᠷ ᠵᠦᠢᠯ᠎ᠳ᠋ᠠᠬᠢ ︽ ᠰᠤᠷᠭᠠᠭᠤᠯᠢ᠎ᠶᠢᠨ ᠨᠠᠰᠤᠨ᠎ᠤ ᠬᠡᠦᠬᠡᠳ ᠂ ᠪᠠᠭᠠᠴᠤᠳ᠎ᠤᠨ ᠠᠪᠤ᠋ ᠡᠵᠢ ᠪᠤᠶᠤ ᠬᠠᠤᠯᠢ᠎ᠳ᠋ᠤ ᠲᠣᠭᠲᠠᠭᠰᠠᠨ ᠪᠤᠰᠤᠳ ᠬᠢᠨᠠᠨ ᠬᠠᠮᠠᠭᠠᠯᠠᠭᠴᠢ᠎ᠨᠢ ᠳᠡᠳᠡᠨ᠎ᠤ ᠴᠠᠭ᠎ᠲᠠᠭᠠᠨ ᠰᠤᠷᠭᠠᠭᠤᠯᠢ᠎ᠳ᠋ᠤ ᠣᠷᠣᠵᠤ ᠠᠯᠪᠠᠨ ᠵᠢᠷᠤᠮ᠎ᠤᠨ ᠰᠤᠷᠭᠠᠨ ᠬᠥᠮᠦᠵᠢᠯ ᠬᠦᠷᠳᠡᠬᠦ᠎ᠶᠢ ᠬᠠᠤᠯᠢ ᠶᠣᠰᠣᠭᠠᠷ ᠪᠠᠲᠤᠯᠠᠬᠤ ᠬᠡᠷᠡᠭᠲᠡᠢ ︾ ᠬᠡᠰᠡᠨ ᠲᠣᠭᠲᠠᠭᠠᠯ᠎ᠡᠴᠠ ᠵᠦᠷᠢᠴᠡᠪᠡ ᠃ ᠢᠩᠬᠢᠬᠦ᠎ᠨᠢ ᠠᠪᠤ᠋ ᠡᠵᠢ ᠪᠣᠯᠤᠭᠰᠠᠳ ᠬᠠᠤᠯᠢ᠎ᠳ᠋ᠤ ᠲᠣᠭᠲᠠᠭᠠᠭᠰᠠᠨ ᠡᠭᠦᠷᠭᠡ᠎ᠡᠴᠠ ᠵᠥᠷᠢᠴᠡᠬᠦ᠎ᠶᠢᠨ ᠬᠠᠮᠳᠤ ᠪᠠᠰᠠ ᠬᠡᠦᠬᠡᠳ᠎ᠤᠨ ᠵᠦᠢ ᠶᠣᠰᠣᠨ᠎ᠤ ᠡᠷᠬᠡ᠎ᠳ᠋ᠤ ᠬᠠᠯᠳᠠᠭᠰᠠᠨ ᠪᠠᠶᠢᠨ᠎ᠠ ᠃ ᠭᠡᠷ᠎ᠤᠨ ᠠᠬᠠᠮᠠᠳ᠎ᠤᠨ ᠡᠳᠡᠭᠡᠷ ᠦᠢᠯᠡ ᠠᠵᠢᠯᠯᠠᠭ᠎ᠠ᠎ᠶᠢ ᠰᠢᠭᠦᠮᠵᠢᠯᠡᠨ ᠰᠤᠷᠭᠠᠵᠤ ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ ᠬᠡᠷᠡᠭᠳᠡᠢ ᠃

ᠶᠠᠮᠠᠷᠪᠠ ᠠᠷᠠᠳ ᠢᠷᠭᠡᠨ ᠪᠤᠶᠤ ᠵᠣᠬᠢᠶᠠᠨ ᠪᠠᠶᠢᠭᠤᠯᠤᠯᠲᠠ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠬᠡᠷᠡᠭᠯᠡᠵᠦ ᠳᠡᠯᠭᠡᠷᠡᠭᠦᠯᠦᠭᠰᠡᠨ ᠦᠭᠡᠢ ᠪᠤᠯ ᠵᠣᠬᠢᠬᠤ ᠬᠠᠷᠢᠭᠤᠴᠠᠯᠭ᠎ᠠ᠎ᠶᠢ ᠡᠭᠦᠷᠭᠡᠯᠡᠬᠦ ᠪᠤᠯᠤᠨ᠎ᠠ ᠃ ᠵᠢᠱᠢᠶᠡᠯᠡᠪᠡᠯ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾᠎ᠶᠢᠨ ᠬᠣᠷᠢᠨ ᠵᠢᠷᠭᠤᠳᠤᠭᠠᠷ ᠵᠦᠢᠯ᠎ᠳ᠋ᠤ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠤᠢᠰᠦᠭ ᠪᠢᠴᠢᠭ᠎ᠤᠨ ᠳᠦᠷᠢᠮᠵᠢᠯ ᠪᠠ ᠪᠠᠷᠢᠮᠵᠢᠶ᠎ᠠ ᠶᠣᠰᠣᠭᠠᠷ ᠦᠭᠡ ᠬᠡᠯᠡ ᠤᠢᠰᠦᠭ ᠪᠢᠴᠢᠭ᠎ᠢ ᠬᠡᠷᠡᠭᠯᠡᠭᠰᠡᠨ ᠤᠢᠭᠡᠢ ᠪᠠᠶᠢᠪᠠᠯ ᠂ ᠠᠷᠠᠳ ᠢᠷᠭᠡᠳ ᠰᠢᠭᠦᠮᠵᠢᠯᠡᠯ ᠪᠠ ᠰᠠᠨᠠᠭᠤᠯᠭ᠎ᠠ ᠳᠤᠷᠠᠳᠴᠤ ᠪᠣᠯᠤᠨ᠎ᠠ ᠬᠡᠵᠤ ᠲᠣᠭᠲᠠᠭᠠᠵᠠᠢ ᠃ ︽ ᠰᠤᠷᠭᠠᠨ ᠬᠥᠮᠦᠵᠢᠯ᠎ᠤᠨ ᠬᠠᠤᠯᠢ ︾᠎ᠶᠢᠨ ᠨᠠᠶᠠᠨ ᠨᠢᠭᠡᠳᠦᠭᠡᠷ ᠵᠦᠢᠯ᠎ᠳ᠋ᠤ ᠪᠠᠰᠠ ᠪᠠᠭᠰᠢ ᠂ ᠰᠤᠷᠭᠠᠨ ᠬᠥᠮᠦᠵᠢᠯ ᠬᠦᠷᠳᠡᠭᠴᠢ ᠂ ᠰᠤᠷᠭᠠᠭᠤᠯᠢ ᠪᠤᠶᠤ ᠪᠤᠰᠤᠳ ᠰᠤᠷᠭᠠᠨ ᠬᠥᠮᠦᠵᠢᠯ᠎ᠤᠨ ᠪᠠᠶᠢᠭᠤᠯᠤᠮᠵᠢ᠎ᠶᠢᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠠᠳ ᠬᠣᠬᠢᠷᠠᠯ ᠤᠴᠠᠷᠠᠭᠤᠯᠤᠭᠰᠠᠨ ᠪᠤᠯ ᠬᠠᠤᠯᠢ ᠶᠣᠰᠣᠭᠠᠷ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠬᠡᠵᠤ ᠲᠣᠳᠣᠷᠬᠠᠶ ᠲᠤᠭᠳᠠᠭᠠᠵᠠᠢ ᠃

ᠬᠡᠯᠡᠯᠭᠡᠨ ᠦᠭᠡᠢ ᠂ ᠮᠠᠨ᠎ᠤ ᠤᠯᠤᠰ᠎ᠤᠨ ᠬᠠᠤᠯᠢ ᠴᠠᠭᠠᠵᠠ᠎ᠶᠢᠨ ᠲᠣᠭᠲᠠᠭᠠᠯ᠎ᠢ ᠦᠨᠳᠦᠰᠦᠯᠡᠪᠡᠯ ᠂ ᠬᠡᠷᠪᠡ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠪᠤᠰᠤᠳ ᠬᠥᠮᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ᠎ᠳ᠋ᠤ ᠭᠠᠷ ᠲᠥᠷᠥᠭᠰᠡᠨ ᠪᠠᠶᠢᠪᠠᠯ ᠂ ᠮᠥᠨ ᠠᠳᠠᠯᠢ᠎ᠪᠠᠷ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠃ ᠤᠢᠯᠠ ᠪᠠᠶᠢᠳᠠᠯ᠎ᠨᠢ ᠬᠦᠨᠳᠦ ᠨᠣᠴᠢᠲᠠᠶ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠂ ᠬᠠᠤᠯᠢ ᠶᠣᠰᠣᠭᠠᠷ ᠡᠷᠡᠭᠦᠤ᠎ᠶᠢᠨ ᠬᠡᠷᠡᠭ᠎ᠤᠨ ᠬᠠᠷᠢᠭᠤᠴᠠᠯᠭ᠎ᠠ ᠡᠭᠦᠷᠭᠡᠯᠡᠬᠦ ᠪᠤᠯᠤᠨ᠎ᠠ ᠃ ︽ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠠᠤᠯᠢ ︾᠎ᠶᠢᠨ ᠬᠣᠷᠢᠨ ᠳᠣᠯᠣᠳᠤᠭᠠᠷ ᠵᠦᠢᠯ᠎ᠳ᠋ᠤ ᠂ ᠪᠤᠰᠤᠳ ᠬᠥᠮᠦᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠬᠤ ᠪᠠ ᠬᠡᠷᠡᠭᠯᠡᠬᠦ᠎ᠶᠢ ᠬᠠᠷᠰᠢᠯᠠᠭᠰᠠᠨ ᠪᠠᠶᠢᠪᠠᠯ ᠂ ᠬᠣᠯᠪᠣᠭᠳᠠᠯ ᠪᠦᠬᠦᠢ ᠵᠠᠰᠠᠭ ᠵᠠᠬᠢᠷᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠡᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠬᠤ᠎ᠶᠢᠨ ᠬᠠᠮᠲᠤ ᠰᠡᠷᠡᠮᠵᠢᠯᠡᠬᠦᠯᠦᠨ᠎ᠡ ᠬᠡᠵᠤ ᠲᠤᠭᠳᠠᠭᠠᠵᠠᠢ ᠃ ︽ ᠰᠤᠷᠭᠠᠨ ᠬᠥᠮᠦᠵᠢᠯ᠎ᠤᠨ ᠬᠠᠤᠯᠢ ︾᠎ᠶᠢᠨ ᠳᠠᠯᠠᠨ ᠬᠣᠶᠠᠳᠤᠭᠠᠷ ᠵᠦᠢᠯ᠎ᠳ᠋ᠤ ᠂ ᠪᠦᠯᠦᠭᠯᠡᠨ ᠵᠣᠳᠣᠯᠳᠤᠭᠰᠠᠨ ᠂ ᠬᠡᠷᠡᠭ ᠡᠳᠦᠭᠰᠡᠨ ᠂ ᠰᠤᠷᠭᠠᠭᠤᠯᠢ ᠪᠠ ᠪᠤᠰᠤᠳ ᠰᠤᠷᠭᠠᠨ ᠬᠥᠮᠦᠵᠢᠯ᠎ᠤᠨ ᠪᠠᠶᠢᠭᠤᠯᠤᠮᠵᠢ᠎ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ᠎ᠶᠢᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠪᠤᠶᠤ ᠰᠤᠷᠭᠠᠭᠤᠯᠢ᠎ᠶᠢᠨ ᠪᠠᠶᠢᠷᠢ ᠂ ᠲᠠᠯᠠᠪᠤᠷ ᠵᠢᠴᠢ ᠪᠤᠰᠤᠳ ᠡᠳ᠋ ᠬᠦᠷᠦᠩᠭᠡ᠎ᠶᠢ ᠡᠪᠳᠡᠭᠰᠡᠨ ᠪᠤᠯ ᠳᠣᠲᠣᠭᠠᠳᠤ᠎ᠶᠢ ᠬᠠᠮᠠᠭᠠᠯᠠᠬᠤ ᠪᠠᠶᠢᠭᠤᠯᠭ᠎ᠠ᠎ᠡᠴᠠ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠰᠢᠢᠳᠬᠡᠯ ᠦᠭᠬᠦᠨ᠎ᠡ ︔ ᠶᠠᠯ᠎ᠠ ᠪᠤᠯᠵᠦ ᠪᠦᠷᠢᠯᠳᠦᠭᠰᠡᠨ ᠪᠤᠯ ᠬᠠᠤᠯᠢ ᠶᠣᠰᠣᠭᠠᠷ ᠡᠷᠡᠭᠦᠤ᠎ᠶᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ ᠬᠡᠵᠤ ᠲᠤᠭᠳᠠᠭᠠᠵᠠᠢ ᠃ ᠡᠭᠦᠨ᠎ᠡᠴᠠ ᠭᠠᠳᠠᠨ᠎ᠠ ᠂ ︽ ᠡᠷᠡᠭᠦᠤ᠎ᠶᠢᠨ ᠬᠠᠤᠯᠢ ︾᠎ᠶᠢᠨ ᠬᠣᠶᠠᠷ ᠵᠠᠭᠤ ᠶᠡᠷᠡᠳᠦᠭᠡᠷ ᠵᠦᠶᠯ ᠵᠢᠴᠢ ᠬᠣᠶᠠᠷ ᠵᠠᠭᠤ ᠶᠡᠷᠡᠨ ᠭᠤᠷᠪᠠᠳᠤᠭᠠᠷ ᠵᠦᠶᠯ᠎ᠳ᠋ᠤ ᠂ ᠤᠯᠠᠨ᠎ᠢ ᠴᠤᠭᠯᠠᠭᠤᠯᠤᠨ ᠨᠡᠶᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠶᠠᠯ᠎ᠠ ᠪᠠ ᠵᠤᠷᠢᠭᠤᠳᠠ ᠬᠡᠷᠡᠭ ᠦᠳᠦᠬᠡᠭᠰᠡᠨ ᠶᠠᠯ᠎ᠠ᠎ᠶᠢ ᠲᠤᠰ ᠲᠤᠰ ᠲᠣᠭᠲᠠᠭᠠᠪᠠ ᠂ ︽ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭᠠᠯᠠᠬᠤ ᠬᠠᠮᠢᠶᠠᠷᠤᠯᠲᠠ᠎ᠶᠢᠨ ᠰᠢᠢᠳᠬᠡᠯ᠎ᠤᠨ ᠬᠠᠤᠯᠢ ︾᠎ᠶᠢᠨ ᠬᠣᠷᠢᠨ ᠭᠤᠷᠪᠠᠳᠤᠭᠠᠷ ᠵᠦᠶᠯ ᠂ ᠬᠣᠷᠢᠨ ᠲᠠᠪᠤᠳᠤᠭᠠᠷ ᠵᠦᠶᠯ ᠂ ᠬᠣᠷᠢᠨ ᠵᠢᠷᠭᠤᠳᠤᠭᠠᠷ ᠵᠦᠶᠯ ᠂ ᠲᠠᠪᠢᠳᠤᠭᠠᠷ ᠵᠦᠶᠯ ᠵᠡᠷᠭᠡ᠎ᠳ᠋ᠤ ᠪᠠᠰᠠ ᠴᠤᠤᠷᠬᠠᠯ ᠲᠠᠷᠬᠠᠭᠠᠬᠰᠠᠨ ᠂ ᠵᠢᠭᠠᠨ ᠰᠤᠷᠭᠠᠬᠤ ᠬᠡᠪ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ᠵᠡᠷᠭᠡ ᠬᠠᠤᠯᠢ᠎ᠡᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠶᠢ ᠰᠢᠢᠳᠬᠡᠬᠦ᠎ᠳ᠋ᠤ ᠬᠠᠤᠯᠢ ᠴᠠᠭᠠᠵᠠ᠎ᠶᠢᠨ ᠦᠨᠳᠦᠰᠦᠯᠠᠯ ᠬᠠᠩᠭᠠᠵᠠᠢ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面