2020-09-16 09:16:16
ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠂ ᠤᠶᠤᠨ ᠰᠠᠨᠠᠭᠠᠨ᠎ᠤ ᠬᠦᠴᠦᠨ ᠴᠢᠳᠠᠯ᠎ᠤᠨ ᠰᠦᠭ ᠰᠦᠨᠡᠰᠦ ᠮᠥᠨ ᠃ ᠮᠠᠨ᠎ᠤ ᠤᠯᠤᠰ ᠪᠤᠯ ᠣᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ ᠪᠣᠯᠤᠭᠰᠠᠨ᠎ᠤ ᠬᠤᠪᠢ᠎ᠳ᠋ᠤ ᠡᠷᠬᠡᠪᠰᠢ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠪᠠᠯ ᠰᠠᠶᠢ ᠪᠠᠲᠤ ᠴᠢᠩᠭ᠎ᠠ ᠦᠨᠳᠦᠰᠦᠲᠡᠨ᠎ᠤ ᠬᠠᠮᠳᠤ᠎ᠶᠢᠨ ᠲᠠᠨᠢᠯᠲᠠ ᠪᠠ ᠤᠯᠤᠰ ᠣᠷᠣᠨ᠎ᠤ ᠬᠠᠮᠳᠤ᠎ᠶᠢᠨ ᠲᠠᠨᠢᠯᠲᠠ᠎ᠶᠢ ᠪᠤᠢ ᠪᠣᠯᠭᠠᠵᠤ ᠴᠢᠳᠠᠨ᠎ᠠ ᠂ ᠡᠨᠡ ᠪᠣᠯ ᠤᠯᠤᠰ ᠣᠷᠣᠨ᠎ᠤ ᠨᠢᠭᠡᠳᠦᠯ ᠂ ᠭᠠᠵᠠᠷ ᠣᠷᠣᠨ᠎ᠤ ᠲᠣᠭᠲᠠᠭᠤᠨ ᠪᠠᠶᠢᠳᠠᠯ ᠪᠠ ᠨᠡᠶᠢᠭᠡᠮ᠎ᠤᠨ ᠬᠥᠭᠵᠢᠯᠲᠡ᠎ᠶᠢ ᠬᠠᠮᠠᠭᠠᠯᠠᠬᠤ᠎ᠶᠢᠨ ᠤᠷᠢᠲᠠᠯ ᠨᠥᠬᠥᠴᠡᠯ ᠮᠥᠨ ᠃ ︽ ᠬᠡᠯᠡ ᠪᠣᠯ ᠨᠢᠭᠡ ᠵᠦᠶᠯ᠎ᠤᠨ ᠦᠶᠯᠡᠳᠦᠯᠭᠡ᠎ᠶᠢᠨ ᠪᠦᠭᠡᠳ ᠪᠤᠰᠤᠳ᠎ᠤᠨ ᠲᠥᠯᠥᠭᠡ ᠣᠷᠣᠰᠢᠬᠤ᠎ᠶᠢᠨ ᠤᠯᠠᠮ᠎ᠡᠴᠠ ᠪᠠᠰᠠ ᠮᠢᠨᠦ ᠲᠤᠰ ᠪᠡᠶ᠎ᠡ᠎ᠶᠢᠨ ᠲᠥᠯᠥᠭᠡ ᠣᠷᠣᠰᠢᠳᠠᠭ ᠂ ᠪᠣᠳᠠᠲᠤ ᠠᠬᠤᠶ᠎ᠶᠢᠨ ᠦᠵᠡᠯ ᠤᠬᠠᠮᠰᠠᠷ ᠮᠥᠨ ︾ ᠭᠡᠵᠤ ᠮᠠᠷᠺᠰ ᠬᠡᠯᠡᠵᠠᠢ ᠂ ᠡᠶᠢᠮᠦ᠎ᠡᠴᠠ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠪᠡᠬᠢ ᠪᠤᠢ ᠪᠣᠯᠭᠠᠬᠤ᠎ᠳ᠋ᠤ ᠡᠷᠬᠡᠪᠰᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠬᠡᠷᠡᠭᠲᠡᠶ ᠃
ᠡᠩ ᠲᠡᠷᠢᠭᠦᠨ᠎ᠳ᠋ᠤ ᠂ ᠬᠡᠯᠡ ᠪᠣᠯ ᠦᠶᠯᠡᠳᠦᠯᠭᠡ᠎ᠶᠢᠨ ᠪᠦᠲᠦᠭᠡᠭᠳᠡᠬᠦᠨ ᠮᠥᠨ ᠃ ᠬᠡᠯᠡ ᠪᠣᠯ ᠬᠥᠮᠦᠰ᠎ᠤᠨ ᠨᠡᠶᠢᠭᠡᠮ᠎ᠤᠨ ᠦᠢᠯᠡᠳᠪᠦᠷᠢᠯᠡᠯ᠎ᠤᠨ ᠦᠶᠯᠡᠳᠦᠯᠭᠡ᠎ᠶᠢᠨ ᠶᠠᠪᠤᠴᠠ᠎ᠳ᠋ᠤ ᠪᠤᠢ ᠪᠣᠯᠤᠭᠰᠠᠨ ᠭᠡᠵᠦ ᠮᠠᠷᠺᠰ ᠵᠢᠭᠠᠵᠤ ᠭᠠᠷᠭᠠᠪᠠ ᠂ ᠡᠨᠡ ᠬᠦ ᠨᠡᠶᠢᠭᠡᠮ᠎ᠤᠨ ᠦᠢᠯᠡᠳᠪᠦᠷᠢᠯᠡᠯ᠎ᠤᠨ ᠦᠢᠯᠡᠳᠦᠯᠭᠡ᠎ᠨᠢ ᠪᠣᠳᠠᠰ᠎ᠤᠨ ᠮᠠᠲ᠋ᠸᠷᠢᠶᠠᠯ᠎ᠤᠨ ᠦᠢᠯᠡᠳᠪᠦᠷᠢᠯᠡᠯ ᠪᠠ ᠨᠡᠶᠢᠭᠡᠮ᠎ᠤᠨ ᠦᠵᠡᠯ ᠤᠬᠠᠮᠰᠠᠷ᠎ᠤᠨ ᠦᠢᠯᠡᠳᠪᠦᠷᠢᠯᠡᠯ᠎ᠢ ᠪᠠᠭᠲᠠᠭᠠᠵᠤ ᠪᠠᠶᠢᠳᠠᠭ ᠃ ᠪᠣᠳᠠᠰ᠎ᠤᠨ ᠮᠠᠲ᠋ᠸᠷᠢᠶᠠᠯ᠎ᠤᠨ ᠦᠢᠯᠡᠳᠪᠦᠷᠢᠯᠡᠯ ᠪᠣᠯ ᠬᠥᠮᠦᠰ᠎ᠤᠨ ᠣᠷᠣᠰᠢᠨ ᠲᠣᠭᠲᠠᠨᠢᠬᠤ ᠪᠠ ᠬᠥᠭᠵᠢᠬᠦ᠎ᠶᠢᠨ ᠦᠨᠳᠦᠰᠦᠨ ᠤᠷᠢᠲᠠᠯ ᠮᠥᠨ ᠂ ᠤᠷᠲᠤ ᠬᠤᠭᠤᠴᠠᠭᠠᠨ᠎ᠤ ᠪᠣᠳᠠᠰ᠎ᠤᠨ ᠮᠠᠲ᠋ᠸᠷᠢᠶᠠᠯ᠎ᠤᠨ ᠦᠢᠯᠡᠳᠪᠦᠷᠢᠯᠡᠯ᠎ᠤᠨ ᠦᠢᠯᠡᠳᠦᠯᠭᠡ᠎ᠶᠢᠨ ᠶᠠᠪᠤᠴᠠ᠎ᠳ᠋ᠤ ᠂ ᠬᠥᠮᠦᠰ ᠦᠢᠯᠡᠳᠪᠦᠷᠢᠯᠡᠯ ᠠᠮᠢᠳᠤᠷᠠᠯ᠎ᠤᠨ ᠬᠡᠷᠡᠭᠴᠡᠭᠡ᠎ᠪᠠᠨ ᠦᠨᠳᠦᠰᠦᠯᠡᠨ ᠵᠣᠬᠢᠬᠤ ᠬᠡᠮᠵᠢᠶᠡᠨ᠎ᠤ ᠬᠠᠮᠲᠤ᠎ᠶᠢᠨ ᠴᠣᠭᠴᠠ᠎ᠶᠢ ᠪᠠᠶᠢᠭᠤᠯᠵᠤ ᠂ ᠡᠭᠦᠨ᠎ᠤ ᠤᠯᠠᠮ᠎ᠡᠴᠠ ᠠᠶᠢᠮᠠᠭ ᠤᠭᠰᠠᠭ᠎ᠠ ᠬᠢᠬᠡᠤᠨ ᠬᠤᠳᠠ ᠪᠦᠷᠢᠯᠳᠦᠵᠤ ᠂ ᠴᠢᠨᠠᠭᠰᠢᠯᠠᠭᠠᠳ ᠦᠨᠳᠦᠰᠦᠲᠡᠨ ᠪᠠ ᠤᠯᠤᠰ ᠪᠦᠷᠢᠯᠳᠦᠵᠡᠶ ᠃ ᠨᠡᠶᠢᠭᠡᠮ᠎ᠤᠨ ᠤᠬᠠᠮᠰᠠᠷ ᠪᠣᠯ ᠨᠡᠶᠢᠭᠡᠮ᠎ᠤᠨ ᠪᠣᠳᠠᠰ᠎ᠤᠨ ᠲᠤᠰᠬᠠᠯ ᠮᠥᠨ ᠂ ᠤᠷᠲᠤ ᠬᠤᠭᠤᠴᠠᠭᠠᠨ᠎ᠤ ᠪᠣᠳᠠᠰ᠎ᠤᠨ ᠦᠢᠯᠡᠳᠪᠦᠷᠢᠯᠡᠯ᠎ᠤᠨ ᠶᠠᠪᠤᠴᠠ᠎ᠳ᠋ᠤ ᠬᠥᠮᠦᠰ ᠨᠢᠭᠡᠳᠦᠯᠲᠡᠶ ᠪᠣᠳᠠᠰ᠎ᠤᠨ ᠰᠠᠭᠤᠷᠢ ᠪᠦᠬᠦᠢ ᠨᠡᠶᠢᠭᠡᠮ᠎ᠤᠨ ᠤᠬᠠᠮᠰᠠᠷ᠎ᠢ ᠪᠦᠷᠢᠯᠳᠦᠭᠦᠯᠵᠤ ᠂ ᠡᠭᠦᠨ᠎ᠤ ᠤᠯᠠᠮ᠎ᠡᠴᠠ ᠵᠣᠬᠢᠬᠤ ᠦᠨᠳᠦᠰᠦᠲᠡᠨ ᠪᠠ ᠤᠯᠤᠰ᠎ᠢᠶᠠᠷ ᠨᠢᠭᠡᠴᠢ ᠪᠣᠯᠭᠠᠭᠰᠠᠨ ᠨᠡᠶᠢᠭᠡᠮ᠎ᠤᠨ ᠤᠬᠠᠮᠰᠠᠷ᠎ᠤᠨ ᠠᠭᠤᠯᠭ᠎ᠠ ᠪᠠ ᠬᠡᠯᠪᠡᠷᠢ ᠪᠠᠶᠢᠳᠠᠯ᠎ᠢ ᠪᠦᠷᠢᠯᠳᠦᠭᠦᠯᠵᠡᠶ ᠂ ᠡᠭᠦᠨ᠎ᠳ᠋ᠤ ᠬᠠᠮᠤᠭ᠎ᠤᠨ ᠴᠢᠬᠤᠯᠠ ᠨᠡᠶᠢᠭᠡᠮ᠎ᠤᠨ ᠤᠬᠠᠮᠰᠠᠷ᠎ᠤᠨ ᠢᠯᠡᠷᠡᠬᠦ ᠬᠡᠯᠪᠡᠷᠢ ᠪᠤᠯ ᠳᠠᠷᠤᠢ ᠦᠭᠡ ᠬᠡᠯᠡ ᠪᠣᠯᠤᠨ᠎ᠠ ᠃ ᠡᠨᠡ ᠬᠦ ᠤᠳᠬ᠎ᠠ᠎ᠡᠴᠠ ᠠᠪᠴᠤ ᠬᠡᠯᠡᠪᠡᠯ ᠂ ᠦᠭᠡ ᠬᠡᠯᠡ ᠪᠣᠯ ᠨᠢᠭᠡ ᠦᠨᠳᠦᠰᠦᠲᠡᠨ ᠪᠠ ᠤᠯᠤᠰ᠎ᠤᠨ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠢᠯᠡᠷᠬᠡᠶᠢᠯᠡᠯ ᠮᠥᠨ ᠂ ᠲᠡᠷᠡ᠎ᠨᠢ ᠢᠯᠡ ᠲᠣᠳᠣ ᠦᠨᠳᠦᠰᠦᠲᠡᠨ᠎ᠤ ᠴᠢᠨᠠᠷᠲᠠᠢ ᠶᠤᠮ ᠃
ᠳᠤᠮᠳᠠᠳᠤ᠎ᠶᠢᠨ ᠦᠨᠳᠦᠰᠦᠲᠡᠨ ᠪᠤᠯ ᠣᠯᠠᠨ ᠦᠨᠳᠦᠰᠦᠲᠡᠨ᠎ᠲᠠᠢ ᠬᠠᠮᠲᠤ᠎ᠶᠢᠨ ᠴᠣᠭᠴᠠ ᠪᠣᠯᠤᠭᠰᠠᠨ᠎ᠤ ᠬᠤᠪᠢ᠎ᠳ᠋ᠤ ᠂ ᠡᠯ᠎ᠡ ᠦᠨᠳᠦᠰᠦᠲᠡᠨ ᠬᠢᠬᠡᠳ ᠳᠤᠮᠳᠠᠳᠤ᠎ᠶᠢᠨ ᠦᠨᠳᠦᠰᠦᠲᠡᠨ ᠪᠣᠯ ᠣᠯᠠᠨ ᠡᠰᠢᠳᠦ ᠪᠠ ᠨᠢᠭᠡ ᠴᠣᠭᠴᠠᠵᠢᠭᠰᠠᠨ ᠬᠠᠷᠢᠴᠠᠭ᠎ᠠ ᠪᠤᠯᠬᠤ ᠶᠤᠮ ᠂ ᠳᠤᠮᠳᠠᠳᠤ᠎ᠶᠢᠨ ᠦᠨᠳᠦᠰᠦᠲᠡᠨ ᠪᠣᠯ 56 ᠦᠨᠳᠦᠰᠦᠲᠡᠨ᠎ᠤ ᠬᠠᠮᠲᠤ᠎ᠶᠢᠨ ᠴᠣᠭᠴᠠ᠎ᠪᠠᠷ ᠪᠦᠷᠢᠯᠳᠦᠭᠰᠡᠨ ᠨᠢᠭᠡᠳᠦᠭᠰᠡᠨ ᠴᠣᠭᠴᠠ ᠮᠥᠨ ᠂ ︽ ᠨᠢᠭᠡ ᠴᠣᠭᠴᠠ ︾ ᠪᠣᠯ ᠤᠷᠢᠲᠠᠯ ᠂ ᠳᠠᠷᠤᠶ ᠡᠯ᠎ᠡ ᠦᠨᠳᠦᠰᠦᠲᠡᠨ ᠤᠷᠲᠤ ᠬᠤᠭᠤᠴᠠᠭᠠᠨ᠎ᠤ ᠲᠡᠤᠬᠡᠨ ᠬᠥᠭᠵᠢᠯᠲᠡ᠎ᠶᠢᠨ ᠶᠠᠪᠤᠴᠠ᠎ᠳ᠋ᠤ ᠦᠬᠦᠵᠦ ᠰᠡᠬᠡᠬᠦ᠎ᠪᠠᠨ ᠬᠠᠮᠲᠤᠳᠬᠠᠵᠤ ᠂ ᠬᠤᠪᠢ ᠵᠠᠶᠠᠭ᠎ᠠ᠎ᠪᠠᠨ ᠬᠠᠮᠲᠤᠳᠬᠠᠵᠤ ᠂ ᠰᠠᠯᠵᠤ ᠪᠣᠯᠤᠰᠢ ᠦᠭᠡᠢ ᠪᠦᠬᠦᠯᠢ ᠴᠣᠭᠴᠠ ᠪᠣᠯᠤᠬᠰᠠᠨ ᠶᠤᠮ ᠃ ︽ ᠨᠢᠭᠡ ᠴᠣᠭᠴᠠ ︾᠎ᠶᠢᠨ ᠰᠠᠭᠤᠷᠢᠨ ᠳᠡᠭᠡᠷ᠎ᠡ ᠂ ᠮᠠᠨ᠎ᠤ ᠤᠯᠤᠰ ᠦᠨᠳᠦᠰᠦᠲᠡᠨ ᠪᠦᠬᠦᠨ ᠡᠷᠬᠡ ᠲᠡᠭᠰᠢ ᠪᠠᠶᠢᠬᠤ ᠦᠨᠳᠦᠰᠦᠲᠡᠨ᠎ᠤ ᠲᠥᠷᠥ᠎ᠶᠢᠨ ᠪᠣᠳᠣᠯᠭ᠎ᠠ᠎ᠶᠢ ᠬᠡᠷᠡᠭᠵᠢᠭᠦᠯᠦᠭᠰᠡᠭᠡᠷ ᠢᠷᠡᠵᠡᠢ ᠂ ᠴᠥᠭᠡᠨ ᠲᠣᠭᠠᠲᠤ ᠦᠨᠳᠦᠰᠦᠲᠡᠨ᠎ᠤ ᠰᠣᠶᠣᠯ᠎ᠢ ᠬᠠᠮᠠᠭᠠᠯᠠᠬᠤ᠎ᠶᠢᠨ ᠲᠥᠯᠥᠭᠡ ᠂ ᠮᠠᠰᠢ ᠤᠯᠠᠨ ᠴᠥᠭᠡᠨ ᠲᠣᠭᠠᠲᠤ ᠦᠨᠳᠦᠰᠦᠲᠡᠨ ᠪᠠᠰᠠ ᠥᠪᠡᠷ᠎ᠤᠨ ᠦᠭᠡ ᠬᠡᠯᠡ ᠦᠰᠦᠭ ᠪᠢᠴᠢᠭ᠎ᠢᠶᠡᠨ ᠬᠠᠳᠠᠭᠠᠯᠠᠵᠤ ᠪᠠᠶᠢᠨ᠎ᠠ ᠂ ᠡᠨᠡ᠎ᠨᠢ ᠳᠤᠮᠳᠠᠳᠤ᠎ᠶᠢᠨ ᠦᠨᠳᠦᠰᠦᠲᠡᠨ᠎ᠤ ᠰᠣᠶᠣᠯ᠎ᠤᠨ ᠠᠭᠤᠯᠤᠭᠳᠠᠬᠤᠨ ᠪᠠ ᠬᠡᠯᠪᠡᠷᠢ᠎ᠶᠢ ᠪᠠᠶᠠᠯᠢᠭᠵᠢᠭᠤᠯᠤᠭᠰᠠᠨ ᠪᠥᠭᠡᠳ ᠳᠤᠮᠳᠠᠳᠤ᠎ᠶᠢᠨ ᠰᠣᠶᠣᠯ᠎ᠢ ᠪᠠᠰᠠ ᠤᠯᠠᠨ ᠡᠰᠢᠲᠦ ᠴᠢᠨᠠᠷ ᠂ ᠪᠠᠭᠲᠠᠭᠠᠮᠵᠢᠲᠤ ᠴᠢᠨᠠᠷ ᠪᠠ ᠠᠭᠤᠰᠤᠯᠴᠠᠬᠤ ᠴᠢᠨᠠᠷ᠎ᠤᠨ ᠣᠨᠴᠠᠯᠢᠭ᠎ᠲᠠᠢ ᠪᠣᠯᠭᠠᠵᠠᠶ ᠃ ᠭᠡᠪᠡᠴᠦ ᠳᠤᠮᠳᠠᠳᠤ᠎ᠶᠢᠨ ᠦᠨᠳᠦᠰᠦᠲᠡᠨ᠎ᠤ ᠨᠢᠭᠡ ᠪᠦᠷᠢᠯᠳᠦᠬᠦᠨ ᠪᠣᠯᠤᠭᠰᠠᠨ᠎ᠤ ᠬᠤᠪᠢ᠎ᠳ᠋ᠤ ᠂ ᠶᠠᠮᠠᠷᠪᠠ ᠦᠨᠳᠦᠰᠦᠲᠡᠨ ᠴᠤ ᠬᠡᠳ ᠶᠠᠭᠤᠨ᠎ᠤ ᠡᠮᠦᠨ᠎ᠡ ᠳᠤᠮᠳᠠᠳᠤ᠎ᠶᠢᠨ ᠦᠨᠳᠦᠰᠦᠲᠡᠨ᠎ᠤ ᠡᠨᠡ ᠬᠦ ᠨᠢᠭᠡᠳᠦᠮᠡᠯ ᠴᠣᠭᠴᠠ᠎ᠶᠢᠨ ᠬᠤᠪᠢ᠎ᠪᠠᠷ ᠣᠷᠣᠰᠢᠬᠤ ᠬᠡᠷᠡᠭᠳᠠᠢ ᠂ ᠲᠠᠷᠠᠭ᠎ᠠ᠎ᠨᠢ ᠰᠠᠶᠢ ᠳᠤᠮᠳᠠᠳᠤ᠎ᠶᠢᠨ ᠦᠨᠳᠦᠰᠦᠲᠡᠨ᠎ᠢ ᠪᠦᠷᠢᠯᠳᠦᠭᠦᠯᠦᠭᠰᠡᠨ ᠨᠢᠭᠡ ᠪᠦᠷᠢᠯᠳᠦᠬᠦᠨ᠎ᠤ ᠬᠤᠪᠢ᠎ᠪᠠᠷ ᠣᠷᠣᠰᠢᠳᠠᠭ ᠃ ᠡᠭᠦᠨ᠎ᠲᠠᠢ ᠠᠳᠠᠯᠢ᠎ᠪᠠᠷ ᠂ ᠦᠭᠡ ᠬᠡᠯᠡ ᠦᠰᠦᠭ ᠪᠢᠴᠢᠭ᠎ᠤᠨ ᠲᠠᠯ᠎ᠠ᠎ᠪᠠᠷ ᠠᠪᠴᠤ ᠬᠡᠯᠡᠭᠰᠡᠨ ᠴᠤ ᠂ ᠡ᠊ ᠩ ᠲᠡᠷᠢᠭᠦᠨ᠎ᠳ᠋ᠤ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠡᠷᠢᠭᠦᠨ᠎ᠳ᠋ᠤ ᠲᠠᠯᠪᠢᠵᠤ ᠂ ᠳᠠᠷᠠᠭ᠎ᠠ᠎ᠨᠢ ᠰᠠᠶᠢ ᠳᠤᠮᠳᠠᠳᠤ᠎ᠶᠢᠨ ᠦᠨᠳᠦᠰᠦᠲᠡᠨ᠎ᠢ ᠪᠦᠷᠢᠯᠳᠦᠭᠦᠯᠦᠭᠰᠡᠨ ᠡᠯ᠎ᠡ ᠦᠨᠳᠦᠰᠦᠲᠡᠨ᠎ᠤ ᠦᠭᠡ ᠬᠡᠯᠡ ᠦᠰᠦᠭ ᠪᠢᠴᠢᠭ ᠪᠠᠢᠬᠤ ᠬᠡᠷᠡᠭᠳᠠᠢ ᠃ ᠲᠡᠷᠡᠴᠢᠯᠡᠨ ᠪᠢᠳᠡᠨ᠎ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠵᠦ ᠪᠠᠶᠢᠭ᠎ᠠ᠎ᠨᠢ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠬᠤ᠎ᠶᠢᠨ ᠲᠥᠯᠥᠭᠡ ᠶᠤᠮ ᠂ ᠬᠠᠷᠢᠨ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠰᠤᠯᠠᠷᠠᠭᠤᠯᠬᠤ ᠭᠡᠵᠦ ᠪᠠᠢᠭ᠎ᠠ ᠪᠢᠰᠢ ᠂ ᠰᠤᠯᠠᠷᠠᠭᠤᠯᠬᠤ ᠪᠤᠯᠤᠯᠴᠠᠭ᠎ᠠ ᠴᠤ ᠦᠭᠡᠢ ᠶᠤᠮ ᠃ ᠡᠶᠢᠮᠦ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ᠎ᠶᠢ ᠰᠤᠷᠴᠤ ᠬᠡᠷᠡᠭᠯᠡᠬᠦ ᠪᠤᠯ ᠳᠤᠮᠳᠠᠳᠤ᠎ᠶᠢᠨ ᠦᠨᠳᠦᠰᠦᠲᠡᠨ᠎ᠤ ᠤᠯᠠᠨ ᠦᠨᠳᠦᠰᠦᠲᠡᠨ᠎ᠲᠠᠢ ᠨᠢᠭᠡᠳᠦᠮᠡᠯ ᠴᠣᠭᠴᠠ᠎ᠶᠢᠨ ᠤᠬᠠᠮᠰᠠᠷ᠎ᠤᠨ ᠢᠯᠡᠷᠭᠡᠢᠯᠡᠯᠳᠡ ᠪᠤᠯᠬᠤ ᠶᠤᠮ ᠂ ᠦᠨᠳᠦᠰᠦᠲᠡᠨ᠎ᠤ ᠪᠦᠯᠬᠦᠮᠳᠡᠯ ᠪᠠ ᠤᠯᠤᠰ ᠣᠷᠣᠨ᠎ᠤ ᠨᠢᠭᠡᠳᠦᠯ᠎ᠤᠨ ᠪᠡᠯᠭᠡ ᠲᠡᠮᠳᠡᠭ ᠪᠤᠯᠬᠤ ᠶᠤᠮ ᠃
ᠳᠠᠬᠢᠪᠠᠯ ᠂ ᠬᠡᠯᠡ ᠪᠣᠯ ᠨᠡᠶᠢᠭᠡᠮ᠎ᠤᠨ ᠪᠦᠲᠦᠭᠡᠭᠳᠡᠬᠦᠨ ᠮᠥᠨ ᠃ ᠮᠠᠷᠺᠰ ᠵᠢᠭᠠᠵᠤ ᠭᠠᠷᠭᠠᠭᠰᠠᠨ᠎ᠨᠢ ᠂ ᠬᠦᠮᠦᠨ᠎ᠤ ᠮᠦᠨ ᠴᠢᠨᠠᠷ ᠪᠣᠯ ᠨᠡᠶᠢᠭᠡᠮ᠎ᠤᠨ ᠠᠯᠢᠪᠠ ᠬᠠᠷᠢᠯᠴᠠᠭᠠᠨ᠎ᠤ ᠨᠡᠶᠢᠯᠡᠪᠦᠷᠢ ᠮᠥᠨ ᠂ ᠬᠥᠮᠦᠨ ᠭᠡᠵᠦ ᠨᠡᠶᠢᠭᠡᠮᠴᠢᠯᠡᠭᠰᠡᠨ ᠠᠮᠢᠲᠠᠨ ᠪᠣᠯᠤᠭᠰᠠᠨ᠎ᠤ ᠬᠤᠪᠢ᠎ᠳ᠋ᠤ ᠂ ᠬᠡᠯᠡ ᠪᠣᠯ ᠣᠷᠳᠣ ᠬᠤᠭᠤᠴᠠᠭᠠᠨ᠎ᠤ ᠨᠡᠶᠢᠭᠡᠮ᠎ᠤᠨ ᠦᠶᠯᠡᠳᠦᠯᠭᠡ᠎ᠶᠢᠨ ᠶᠠᠪᠤᠴᠠ᠎ᠳ᠋ᠤ ᠪᠣᠶ ᠪᠣᠯᠤᠭᠰᠠᠨ ᠶᠤᠮ ᠂ ᠡᠶᠢᠮᠦ᠎ᠡᠴᠠ ᠂ ᠬᠡᠯᠡ ᠪᠠᠰᠠ ᠵᠠᠶᠢᠯᠠᠰᠢ ᠦᠭᠡᠢ ᠨᠡᠶᠢᠭᠡᠮ᠎ᠤᠨ ᠬᠥᠭᠵᠢᠯᠲᠡ ᠬᠤᠪᠢᠷᠠᠯᠲᠠ᠎ᠶᠢ ᠳᠠᠭᠠᠯᠳᠤᠨ ᠵᠣᠬᠢᠬᠤ ᠲᠡᠤᠬᠡᠲᠦ ᠴᠢᠨᠠᠷᠲᠠᠢ ᠪᠤᠯᠳᠠᠭ ᠃ ᠲᠡᠤᠬᠡ᠎ᠶᠢᠨ ᠪᠣᠳᠠᠰᠴᠢ ᠦᠵᠡᠯᠳᠡᠳ᠎ᠤᠨ ᠦᠵᠡᠬᠦ᠎ᠪᠠᠷ ᠂ ᠨᠡᠶᠢᠭᠡᠮ᠎ᠤᠨ ᠲᠡᠤᠬᠡᠲᠦ ᠴᠢᠨᠠᠷ ᠭᠡᠳᠡᠭ ᠪᠤᠯ ᠶᠠᠮᠠᠷᠪᠠ ᠬᠡᠷᠡᠭ ᠪᠣᠳᠠᠰ᠎ᠤᠨ ᠣᠷᠣᠰᠢᠵᠤ ᠬᠥᠭᠵᠢᠬᠦ᠎ᠨᠢ ᠴᠥᠮ ᠵᠣᠬᠢᠬᠤ ᠨᠡᠶᠢᠭᠡᠮ᠎ᠤᠨ ᠲᠡᠤᠬᠡ᠎ᠶᠢᠨ ᠨᠥᠬᠥᠴᠡᠯ᠎ᠲᠠᠢ ᠪᠠᠶᠢᠬᠤ᠎ᠶᠢ ᠵᠢᠭᠠᠵᠤ ᠪᠠᠶᠢᠨ᠎ᠠ ᠂ ᠡᠶᠢᠮᠦᠷᠬᠦᠦ ᠨᠡᠶᠢᠭᠡᠮ᠎ᠤᠨ ᠲᠡᠦᠬᠡᠨ ᠨᠥᠬᠥᠴᠡᠯ ᠬᠤᠪᠢᠷᠠᠯᠲᠠ ᠭᠠᠷᠤᠭᠰᠠᠨ᠎ᠤ ᠳᠠᠷᠠᠭ᠎ᠠ ᠂ ᠡᠨᠡ ᠬᠦ ᠲᠡᠤᠬᠡᠨ ᠨᠥᠬᠥᠴᠡᠯ᠎ᠳ᠋ᠤ ᠲᠦᠰᠢᠭᠯᠡᠨ ᠣᠷᠣᠰᠢᠵᠤ ᠪᠠᠶᠢᠭ᠎ᠠ ᠬᠡᠷᠡᠭ ᠪᠣᠳᠠᠰ ᠴᠤ ᠳᠠᠭᠠᠯᠳᠤᠨ ᠬᠤᠪᠢᠷᠠᠵᠦ ᠂ ᠨᠡᠶᠢᠭᠡᠮ᠎ᠤᠨ ᠲᠡᠦᠬᠡ᠎ᠶᠢᠨ ᠬᠥᠭᠵᠢᠯᠲᠡ᠎ᠳ᠋ᠤ ᠵᠣᠬᠢᠴᠠᠬᠤ ᠬᠡᠷᠡᠭᠳᠠᠢ ᠃ ᠦᠭᠡ ᠬᠡᠯᠡ ᠦᠰᠦᠭ ᠪᠢᠴᠢᠭ᠎ᠨᠢ ᠨᠡᠶᠢᠭᠡᠮ᠎ᠤᠨ ᠲᠡᠤᠬᠡ᠎ᠶᠢᠨ ᠪᠦᠲᠦᠭᠡᠭᠳᠡᠬᠦᠨ ᠪᠣᠯᠤᠭᠰᠠᠨ᠎ᠤ ᠬᠤᠪᠢ᠎ᠳ᠋ᠤ ᠂ ᠲᠡᠭᠦᠨ᠎ᠤ ᠡᠭᠦᠰᠴᠦ ᠬᠥᠭᠵᠢᠬᠦ᠎ᠨᠢ ᠴᠥᠮ ᠵᠣᠬᠢᠬᠤ ᠨᠡᠶᠢᠭᠡᠮ᠎ᠤᠨ ᠲᠡᠤᠬᠡᠨ ᠨᠥᠬᠥᠴᠡᠯ ᠳᠣᠤᠷ᠎ᠠ ᠪᠡᠶᠡᠯᠡᠭᠳᠡᠳᠡᠭ ᠃ ᠳᠤᠮᠳᠠᠳᠤ᠎ᠶᠢᠨ ᠦᠨᠳᠦᠰᠦᠲᠡᠨ ᠬᠡᠳᠦᠨ ᠮᠢᠩᠭᠠᠨ ᠵᠢᠯ᠎ᠤᠨ ᠪᠣᠯᠪᠠᠰᠤᠨ᠎ᠤ ᠬᠥᠭᠵᠢᠯᠲᠡ᠎ᠶᠢᠨ ᠲᠡᠦᠬᠡ᠎ᠲᠠᠢ ᠂ ᠮᠠᠨ᠎ᠤ ᠦᠭᠡ ᠬᠡᠯᠡ ᠦᠰᠦᠭ ᠪᠢᠴᠢᠭ ᠪᠠᠰᠠ ᠨᠢᠭᠡᠨ ᠤᠷᠲᠤ ᠤᠳᠠᠭᠠᠨ ᠬᠥᠭᠵᠢᠯᠲᠡ᠎ᠶᠢᠨ ᠶᠠᠪᠤᠴᠠ᠎ᠶᠢ ᠥᠩᠭᠡᠷᠡᠭᠡᠵᠡᠶ ᠂ ᠡᠭᠦᠨ᠎ᠳ᠋ᠤ ᠶᠠᠰᠤᠨ ᠪᠢᠴᠢᠭ ᠂ ᠬᠦᠷᠡᠯ᠎ᠤᠨ ᠪᠢᠴᠢᠭᠡᠰᠦ ᠂ ᠨᠠᠷᠢᠨ ᠭᠣᠷ ᠦᠰᠦᠭ ᠂ ᠵᠠᠪᠰᠠᠷ᠎ᠤᠨ ᠦᠰᠦᠭ ᠂ ᠲᠠᠲᠠᠯᠠᠭᠠᠨ ᠪᠢᠴᠢᠯᠭᠡ ᠂ ᠬᠢᠴᠢᠶᠡᠩᠭᠦᠶ ᠦᠰᠦᠭ ᠂ ᠬᠠᠪᠲᠠᠭᠠᠶ ᠪᠢᠴᠢᠯᠭᠡ ᠵᠡᠷᠭᠡ ᠱᠠᠲᠤ ᠦᠶ᠎ᠡ ᠪᠠᠭᠲᠠᠨ᠎ᠠ ᠃ ᠱᠠᠲᠤ ᠦᠶ᠎ᠡ ᠨᠢᠭᠡᠪᠦᠷᠢ᠎ᠶᠢᠨ ᠦᠭᠡ ᠬᠡᠯᠡ ᠦᠰᠦᠭ ᠪᠢᠴᠢᠭ᠎ᠤᠨ ᠬᠥᠭᠵᠢᠯᠲᠡ ᠬᠤᠪᠢᠷᠠᠯᠲᠠ᠎ᠨᠢ ᠪᠦᠷ ᠴᠠᠭ ᠦᠶ᠎ᠡ᠎ᠶᠢᠨ ᠢᠮ ᠲᠠᠮᠠᠭ᠎ᠠ᠎ᠲᠠᠢ ᠂ ᠢᠯᠡ ᠲᠣᠳᠣ ᠲᠡᠦᠬᠡᠲᠦ ᠴᠢᠨᠠᠷᠲᠠᠢ ᠃
ᠣᠳᠣᠬᠠᠨ᠎ᠳ᠋ᠤ ᠂ ᠮᠠᠨ᠎ᠤ ᠤᠯᠤᠰ᠎ᠤᠨ ᠤᠯᠤᠰ᠎ᠤᠨ ᠪᠠᠶᠢᠳᠠᠯ ᠪᠠ ᠬᠥᠭᠵᠢᠯᠲᠡ᠎ᠶᠢᠨ ᠬᠠᠷᠠᠯᠲᠠ᠎ᠳ᠋ᠤ ᠴᠥᠮ ᠯᠤᠲᠤ ᠶᠡᠬᠡ ᠬᠤᠪᠢᠷᠠᠯᠲᠠ ᠭᠠᠷᠤᠭᠰᠠᠨ ᠪᠠᠶᠢᠨ᠎ᠠ ᠃ ᠮᠠᠨ᠎ᠤ ᠤᠯᠤᠰ᠎ᠤᠨ ᠠᠵᠤ ᠠᠬᠤᠶ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠤᠨ ᠲᠦᠷᠭᠡᠨ ᠬᠥᠭᠵᠢᠯᠲᠡ᠎ᠶᠢ ᠳᠠᠭᠠᠯᠳᠤᠨ ᠂ ᠡᠯ᠎ᠡ ᠦᠨᠳᠦᠰᠦᠲᠡᠨ ᠪᠠ ᠭᠠᠵᠠᠷ ᠣᠷᠣᠨ᠎ᠤ ᠰᠣᠯᠢᠯᠴᠠᠭ᠎ᠠ ᠠᠭᠤᠰᠤᠯᠴᠠᠯ᠎ᠤᠨ ᠬᠡᠪᠴᠢᠶ᠎ᠡ ᠪᠤᠯᠤᠨ ᠭᠦᠨᠵᠡᠭᠡᠶᠢᠷᠡᠯᠲᠡ ᠴᠥᠮ ᠲᠡᠤᠬᠡᠨ᠎ᠳ᠋ᠤ ᠪᠠᠢᠭ᠎ᠠ ᠦᠭᠡᠢ ᠬᠡᠮᠵᠢᠶᠡᠨ᠎ᠳ᠋ᠤ ᠬᠦᠷᠴᠦ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠯᠭᠡᠷᠡᠭᠦᠯᠵᠦ ᠪᠠᠶᠢᠭᠠᠳ ᠠᠵᠤ ᠠᠬᠤᠶ ᠨᠡᠶᠢᠭᠡᠮ᠎ᠤᠨ ᠬᠥᠭᠵᠢᠯᠲᠡ᠎ᠳ᠋ᠤ ᠵᠣᠬᠢᠴᠠᠭᠤᠯᠬᠤ᠎ᠶᠢ ᠲᠤᠯᠭᠠᠮ ᠱᠠᠭᠠᠷᠳᠠᠵᠤ ᠪᠠᠶᠢᠨ᠎ᠠ ᠃ ᠮᠠᠨ᠎ᠤ ᠭᠣᠤᠯ ᠬᠠᠷᠠᠯᠲᠠ ᠪᠠ ᠡᠭᠦᠷᠭᠡ ᠪᠣᠯ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠶᠠᠪᠤᠳᠠᠯ ᠪᠣᠯᠤᠨ᠎ᠠ ᠂ ᠡᠨᠡ ᠬᠦ ᠲᠡᠤᠬᠡᠲᠦ ᠡᠭᠦᠷᠭᠡ᠎ᠶᠢ ᠪᠦᠬᠦ ᠤᠯᠤᠰ᠎ᠤᠨ ᠦᠨᠳᠦᠰᠦᠲᠡᠨ᠎ᠨᠦᠭᠦᠳ ᠪᠦᠯᠬᠦᠮᠳᠡᠨ ᠤᠷᠤᠭᠰᠢᠯᠠᠵᠤ ᠂ ᠬᠠᠮᠲᠤ᠎ᠪᠠᠷ ᠴᠢᠷᠮᠠᠶᠢᠵᠤ ᠪᠠᠶᠢᠭᠠᠳ ᠪᠡᠶᠡᠯᠡᠭᠦᠯᠬᠦ ᠴᠢᠬᠤᠯᠠᠲᠠᠶ ᠶᠤᠮ ᠃ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠪᠣᠯ ᠪᠦᠬᠦ ᠲᠠᠯ᠎ᠠ᠎ᠶᠢᠨ ᠰᠡᠷᠭᠦᠨ ᠮᠠᠨᠳᠤᠯᠲᠠ ᠮᠥᠨ ᠂ ᠡᠭᠦᠨ᠎ᠳ᠋ᠤ ᠬᠠᠮᠤᠭ᠎ᠤᠨ ᠦᠨᠳᠦᠰᠦᠨ ᠵᠦᠢᠯ᠎ᠨᠢ ᠰᠣᠶᠣᠯ᠎ᠤᠨ ᠰᠡᠷᠭᠦᠨ ᠮᠠᠨᠳᠤᠯᠲᠠ ᠪᠣᠯᠤᠨ᠎ᠠ ᠃ ᠦᠭᠡ ᠬᠡᠯᠡ ᠦᠰᠦᠭ ᠪᠢᠴᠢᠭ᠎ᠨᠢ ᠰᠣᠶᠣᠯ᠎ᠤᠨ ᠠᠴᠢᠶᠠᠯᠠᠪᠤᠷᠢ ᠪᠣᠯᠤᠭᠰᠠᠨ᠎ᠤ ᠬᠤᠪᠢ᠎ᠳ᠋ᠤ ᠂ ᠳᠤᠮᠳᠠᠳᠤ᠎ᠶᠢᠨ ᠰᠣᠶᠣᠯ᠎ᠤᠨ ᠰᠡᠷᠭᠦᠨ ᠮᠠᠨᠳᠤᠯᠲᠠ᠎ᠶᠢᠨ ᠳᠤᠮᠳᠠ ᠴᠢᠬᠤᠯᠠ ᠬᠠᠷᠢᠭᠤᠴᠠᠯᠭ᠎ᠠ᠎ᠶᠢ ᠡᠭᠦᠷᠭᠡᠯᠡᠵᠦ ᠪᠠᠶᠢᠳᠠᠭ ᠃ ᠡᠶᠢᠮᠦ᠎ᠡᠴᠠ ᠂ ᠤᠯᠤᠰ᠎ᠤᠨ ᠳᠣᠲᠣᠭᠠᠳᠤ᠎ᠳ᠋ᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ᠎ᠨᠢ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠶᠢᠨ ᠦᠨᠳᠦᠰᠦᠨ ᠱᠠᠭᠠᠷᠳᠠᠯᠭ᠎ᠠ ᠮᠥᠨ ᠂ ᠪᠠᠰᠠ ᠴᠤ ᠨᠡᠶᠢᠭᠡᠮ᠎ᠤᠨ ᠲᠡᠤᠬᠡ᠎ᠶᠢᠨ ᠬᠥᠭᠵᠢᠯᠲᠡ᠎ᠶᠢᠨ ᠵᠠᠶᠢᠯᠠᠰᠢ ᠦᠭᠡᠢ ᠬᠠᠨᠳᠤᠰᠢ ᠮᠥᠨ ᠃
ᠡᠴᠦᠰ᠎ᠲᠤ ᠂ ᠬᠡᠯᠡ ᠪᠣᠯ ᠬᠠᠷᠢᠯᠴᠠᠭᠠᠨ᠎ᠤ ᠠᠷᠭ᠎ᠠ ᠬᠡᠷᠡᠭᠯᠡᠭᠦᠷ ᠮᠥᠨ ᠃ ᠮᠠᠷᠺᠰ ᠵᠢᠭᠠᠵᠤ ᠭᠠᠷᠭᠠᠭᠰᠠᠨ᠎ᠨᠢ ᠂ ᠦᠭᠡ ᠬᠡᠯᠡ᠎ᠨᠢ ᠦᠵᠡᠯ ᠤᠬᠠᠮᠰᠠᠷ᠎ᠲᠠᠢ ᠠᠳᠠᠯᠢ᠎ᠪᠠᠷ ᠭᠡᠷᠡᠭᠴᠡᠭᠡ᠎ᠡᠴᠠ ᠪᠤᠯᠵᠤ ᠂ ᠪᠤᠰᠤᠳ᠎ᠲᠠᠢ ᠬᠠᠷᠢᠯᠴᠠᠬᠤ ᠲᠤᠯᠭᠠᠮ᠎ᠠ ᠱᠠᠭᠠᠷᠳᠠᠯᠭ᠎ᠠ᠎ᠡᠴᠠ ᠪᠤᠯᠵᠦ ᠪᠤᠢ ᠪᠣᠯᠤᠭᠰᠠᠨ ᠶᠤᠮ ᠃ ᠦᠬᠡ ᠬᠡᠯᠡ ᠪᠣᠯ ᠬᠥᠮᠦᠰ᠎ᠤᠨ ᠤᠷᠲᠤ ᠤᠳᠠᠭᠠᠨ ᠬᠤᠭᠤᠴᠠᠭᠠᠨ᠎ᠤ ᠦᠢᠯᠡᠳᠪᠦᠷᠢᠯᠡᠯ ᠦᠢᠯᠡᠳᠦᠯᠭᠡ ᠬᠢᠬᠡᠳ ᠰᠣᠯᠢᠯᠴᠠᠭ᠎ᠠ ᠶᠠᠪᠤᠯᠴᠠᠭᠠᠨ᠎ᠤ ᠬᠡᠷᠡᠭᠴᠡᠭᠡ᠎ᠡᠴᠠ ᠪᠤᠢ ᠪᠣᠯᠵᠠᠢ ᠃ ᠦᠭᠡ ᠬᠡᠯᠡᠨ᠎ᠤ ᠪᠤᠢ ᠪᠣᠯᠤᠭᠰᠠᠨ᠎ᠨᠢ ᠦᠷᠦᠬᠡᠯ ᠪᠤᠰᠤᠳ᠎ᠲᠤ ᠦᠢᠯᠡ ᠠᠵᠢᠯᠯᠠᠭ᠎ᠠ ᠪᠠ ᠪᠤᠳᠤᠯ ᠰᠠᠨᠠᠭ᠎ᠠ᠎ᠪᠠᠨ ᠣᠶᠢᠯᠠᠭᠠᠭᠤᠯᠬᠤ᠎ᠶᠢᠨ ᠲᠥᠯᠥᠭᠡ ᠮᠦᠷᠳᠡᠭᠡᠨ ᠪᠠᠰᠠ ᠦᠷᠦᠬᠡᠯ ᠪᠤᠰᠤᠳ᠎ᠤᠨ ᠦᠢᠯᠡ ᠠᠵᠢᠯᠯᠠᠭ᠎ᠠ ᠪᠠ ᠪᠤᠳᠤᠯ ᠰᠠᠨᠠᠭ᠎ᠠ᠎ᠶᠢ ᠣᠢᠯᠠᠭᠠᠬᠤ᠎ᠶᠢᠨ ᠲᠦᠯᠦᠭᠡ ᠶᠤᠮ ᠂ ᠥᠭᠡᠷ᠎ᠡ᠎ᠪᠠᠷ ᠬᠡᠯᠡᠪᠡᠯ ᠂ ᠦᠬᠡ ᠬᠡᠯᠡ ᠪᠣᠯ ᠰᠣᠯᠢᠯᠴᠠᠭᠠᠨ᠎ᠤ ᠵᠠᠭᠤᠴᠢ ᠂ ᠬᠠᠷᠢᠯᠴᠠᠭᠠᠨ᠎ᠤ ᠠᠷᠭ᠎ᠠ ᠪᠠᠷᠢᠯ ᠮᠥᠨ ᠃ ᠦᠭᠡ ᠬᠡᠯᠡ ᠦᠰᠦᠭ ᠪᠢᠴᠢᠭ᠎ᠨᠢ ᠨᠢᠭᠡ ᠵᠦᠶᠯ᠎ᠤᠨ ᠰᠣᠯᠢᠯᠴᠠᠭᠠᠨ᠎ᠤ ᠬᠡᠯᠪᠡᠷᠢ ᠪᠣᠯᠤᠭᠰᠠᠨ᠎ᠤ ᠬᠤᠪᠢ᠎ᠳ᠋ᠤ ᠲᠡᠷᠡ᠎ᠨᠢ ᠣᠶᠢᠯᠠᠭᠠᠯᠴᠠᠭ᠎ᠠ᠎ᠶᠢ ᠠᠬᠢᠭᠤᠯᠵᠤ ᠂ ᠬᠠᠶᠢᠷ᠎ᠠ ᠰᠡᠳᠬᠢᠯᠭᠡ᠎ᠶᠢ ᠨᠡᠮᠡᠭᠳᠡᠭᠦᠯᠬᠦ᠎ᠶᠢᠨ ᠲᠥᠯᠥᠭᠡ ᠶᠤᠮ ᠂ ᠬᠠᠷᠢᠨ ᠡᠭᠦᠨ᠎ᠤ ᠡᠰᠡᠷᠭᠦ ᠪᠢᠰᠢ ᠶᠤᠮ ᠃ ᠥᠭᠡᠷ᠎ᠡ᠎ᠪᠠᠷ ᠬᠡᠯᠡᠪᠡᠯ ᠂ ᠪᠢᠳᠡ ᠤᠷᠢᠳᠠᠪᠠᠷ ᠶᠠᠮᠠᠷ ᠨᠢᠭᠡᠨ ᠦᠭᠡ ᠬᠡᠯᠡ ᠦᠰᠦᠭ ᠪᠢᠴᠢᠭ᠎ᠲᠤ ᠬᠠᠶᠢᠷ᠎ᠠ ᠰᠡᠳᠬᠢᠯᠭᠡ᠎ᠲᠠᠢ ᠪᠤᠯᠤᠮᠠᠨᠵᠢᠨ ᠰᠠᠶᠢ ᠲᠡᠭᠦᠨ᠎ᠢᠶᠠᠷ ᠰᠣᠯᠢᠯᠴᠠᠭᠠᠨ᠎ᠤ ᠪᠠᠭᠠᠵᠢ ᠬᠡᠷᠡᠭᠯᠡᠬᠦᠷ ᠪᠤᠯᠭᠠᠭᠰᠠᠨ ᠪᠢᠰᠢ ᠃ ᠬᠡᠳᠦᠶᠢᠪᠡᠷ ᠪᠢᠳᠡ ᠶᠠᠮᠠᠷ ᠨᠢᠭᠡᠨ ᠦᠬᠡ ᠬᠡᠯᠡ᠎ᠶᠢ ᠤᠷᠲᠤ ᠬᠤᠭᠤᠴᠠᠭ᠎ᠠ᠎ᠪᠠᠷ ᠬᠡᠷᠡᠭᠯᠡᠬᠦ ᠶᠠᠪᠤᠴᠠ᠎ᠳᠠᠭᠠᠨ ᠂ ᠳᠠᠳᠬᠠᠯ ᠪᠠ ᠲᠠᠨᠢᠯ ᠲᠠᠰᠤᠯ ᠪᠣᠯᠬᠣᠷ ᠲᠡᠷᠡ ᠨᠢᠭᠡᠨ ᠵᠦᠢᠯ᠎ᠤᠨ ᠦᠭᠡ ᠬᠡᠯᠡ ᠦᠰᠦᠭ ᠪᠢᠴᠢᠭ᠎ᠲᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠲᠦᠰᠢᠭ ᠨᠠᠢᠳᠠᠪᠤᠷᠢᠲᠠᠢ ᠪᠤᠯᠵᠤ ᠂ ᠴᠢᠨᠠᠭᠰᠢᠯᠠᠨ ᠡᠶᠢᠮᠦᠷᠬᠦ ᠰᠡᠳᠬᠢᠯᠭᠡ᠎ᠡᠴᠠ ᠪᠤᠯᠵᠤ ᠪᠢᠳᠡ ᠦᠭᠡ ᠬᠡᠯᠡ ᠦᠰᠦᠭ ᠪᠢᠴᠢᠭ ᠪᠤᠯ ᠨᠢᠭᠡ ᠵᠦᠶᠯ᠎ᠤᠨ ᠪᠠᠭᠠᠵᠢ ᠪᠠ ᠠᠷᠭ᠎ᠠ ᠬᠡᠷᠡᠭᠯᠡᠭᠦᠷ ᠪᠣᠯᠬᠤ ᠮᠥᠨ ᠴᠢᠨᠠᠷ᠎ᠢ᠎ᠨᠢ ᠣᠮᠲᠣᠭᠠᠶᠢᠯᠠᠬᠤ ᠪᠤᠶᠤ ᠮᠠᠷᠲᠠᠳᠠᠬ ᠪᠠᠶᠢᠨ᠎ᠠ ᠃ ᠭᠡᠪᠡᠴᠦ ᠪᠢᠳᠡ ᠡᠷᠬᠡᠪᠰᠢ ᠶᠠᠮᠠᠷ ᠨᠢᠭᠡᠨ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠎ᠶᠢᠨ ᠵᠣᠷᠢᠯᠭ᠎ᠠ ᠪᠣᠯ ᠪᠦᠲᠦᠮᠵᠢᠲᠡᠶ᠎ᠪᠠᠷ ᠰᠣᠯᠢᠯᠴᠠᠭ᠎ᠠ ᠬᠢᠬᠦ᠎ᠶᠢᠨ ᠲᠥᠯᠥᠭᠡ ᠬᠡᠳᠡᠭ᠎ᠢ ᠰᠡᠷᠭᠡᠭ᠎ᠢᠶᠠᠷ ᠳᠠᠨᠢᠵᠤ ᠤᠯᠬᠤ ᠬᠡᠷᠡᠭᠳᠠᠢ ᠂ ᠬᠡᠷᠪᠡ ᠡᠶᠢᠮᠦᠷᠬᠦ ᠵᠣᠷᠢᠯᠭ᠎ᠠ᠎ᠳ᠋ᠤ ᠬᠦᠷᠴᠦ ᠴᠢᠳᠠᠬᠤ ᠦᠭᠡᠢ ᠪᠤᠶᠤ ᠡᠢᠮᠦᠷᠬᠦ ᠵᠤᠷᠢᠯᠭ᠎ᠠ᠎ᠳ᠋ᠤ ᠬᠦᠷᠬᠦ᠎ᠨᠢ ᠲᠤᠩ ᠬᠢᠵᠠᠭᠠᠷ᠎ᠲᠠᠢ ᠪᠤᠯ ᠂ ᠪᠢᠳᠡ ᠡᠷᠬᠡᠪᠰᠢ ᠤᠶᠤᠨ ᠤᠬᠠᠭᠠᠨ᠎ᠢᠶᠠᠷ᠎ᠢᠶᠡᠨ ᠬᠠᠶᠢᠷ᠎ᠠ ᠰᠡᠳᠬᠢᠯᠭᠡ᠎ᠶᠢ ᠢᠯᠠᠵᠤ ᠂ ᠵᠣᠬᠢᠴᠠᠩᠭᠤᠶ ᠬᠤᠪᠢᠷᠠᠯᠲᠠ ᠭᠠᠷᠭᠠᠬᠤ ᠬᠡᠷᠡᠭᠲᠡᠶ ᠪᠠᠢᠨ᠎ᠠ ᠃ ᠡᠶᠢᠮᠦ᠎ᠡᠴᠠ ᠦᠭᠡ ᠬᠡᠯᠡ ᠦᠰᠦᠭ ᠪᠢᠴᠢᠭ᠎ᠢ ᠬᠠᠶᠢᠷ᠎ᠠ ᠰᠡᠳᠬᠢᠯᠭᠡ᠎ᠲᠠᠢ ᠭᠡᠵᠦ ᠬᠡᠯᠡᠬᠦ᠎ᠶᠢᠨ ᠣᠷᠣᠨ᠎ᠳ᠋ᠤ ᠪᠣᠳᠠᠲᠤ ᠴᠢᠨᠠᠷᠲᠠᠢ ᠭᠡᠵᠦ ᠬᠡᠯᠡᠬᠦ᠎ᠨᠢ ᠨᠡᠩ ᠤᠨᠤᠪᠴᠢᠳᠠᠢ ᠪᠢᠯᠡ ᠃
ᠡᠭᠦᠨ᠎ᠢ ᠦᠨᠳᠦᠰᠦᠯᠡᠪᠡᠯ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠎ᠳ᠋ᠤ ᠪᠢᠳᠡ ᠡᠷᠬᠡᠪᠰᠢ ︽ ᠨᠢᠭᠡ᠎ᠶᠢ ᠲᠣᠳᠣᠷᠬᠠᠶ ᠪᠠᠶᠢᠯᠭᠠᠬᠤ ︾ ᠪᠠ ︽ ᠬᠣᠶᠠᠷ᠎ᠢ ᠬᠠᠮᠲᠤᠳ᠋ᠤᠨᠢ ᠬᠠᠷᠠᠭᠠᠯᠵᠠᠬᠤ ︾ ᠬᠡᠷᠡᠭᠲᠡᠶ ᠃ ︽ ᠨᠢᠭᠡ᠎ᠶᠢ ᠲᠣᠳᠣᠷᠬᠠᠶ ᠪᠠᠶᠢᠯᠭᠠᠬᠤ ︾ ᠭᠡᠳᠡᠭ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ᠎ᠨᠢ ᠴᠥᠭᠡᠨ ᠲᠣᠭᠠᠲᠤ ᠦᠨᠳᠦᠰᠦᠲᠡᠨ᠎ᠤ ᠦᠭᠡ ᠬᠡᠯᠡ ᠦᠰᠦᠭ ᠪᠢᠴᠢᠭ᠎ᠢ ᠪᠠᠭᠤᠷᠠᠢᠰᠢᠭᠤᠯᠬᠤ ᠬᠡᠰᠡᠨ ᠶᠠᠪᠤᠳᠠᠯ ᠪᠢᠰᠢ ᠂ ᠨᠡᠡᠭ ᠴᠤ ᠤᠰᠠᠳᠬᠠᠬᠤ ᠬᠡᠰᠡᠨ ᠶᠠᠪᠤᠳᠠᠯ ᠪᠢᠰᠢ ᠶᠤᠮ ᠂ ᠬᠠᠷᠢᠨ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠬᠡᠷᠡᠭᠯᠡᠬᠦ᠎ᠶᠢᠨ ᠵᠡᠷᠬᠡᠪᠡᠷ ᠂ ᠤᠤᠯ᠎ᠤᠨ ᠦᠨᠳᠦᠰᠦᠲᠡᠨ᠎ᠤ ᠬᠢᠴᠢᠶᠡᠯ᠎ᠤᠨ ᠰᠢᠰᠲ᠋ᠧᠮ ᠪᠠ ᠬᠢᠴᠢᠶᠡᠯᠯᠡᠬᠦ ᠠᠷᠭ᠎ᠠ ᠮᠠᠢᠭ᠎ᠢ ᠬᠤᠪᠢᠷᠠᠭᠤᠯᠬᠤ ᠦᠭᠡᠢ ᠶᠤᠮ ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠎ᠶᠢᠨ ᠵᠣᠷᠢᠯᠭ᠎ᠠ᠎ᠨᠢ ᠦᠨᠳᠦᠰᠦᠲᠡᠨ᠎ᠨᠦᠭᠦᠳ᠎ᠤᠨ ᠬᠤᠭᠤᠷᠤᠨᠳᠤᠬᠢ ᠪᠦᠲᠦᠮᠵᠢᠲᠡᠶ ᠰᠣᠯᠢᠯᠴᠠᠭ᠎ᠠ ᠶᠠᠪᠤᠯᠴᠠᠭ᠎ᠠ᠎ᠶᠢ ᠠᠬᠢᠭᠤᠯᠬᠤ᠎ᠶᠢᠨ ᠬᠠᠮᠲᠤ ᠪᠦᠲᠦᠮᠵᠢᠲᠡᠶ ᠰᠣᠯᠢᠯᠴᠠᠭ᠎ᠠ ᠶᠠᠪᠤᠯᠴᠠᠭ᠎ᠠ᠎ᠶᠢᠨ ᠳᠤᠮᠳᠠ ᠣᠶᠢᠯᠠᠭᠠᠯᠴᠠᠭ᠎ᠠ᠎ᠶᠢ ᠠᠬᠢᠭᠤᠯᠵᠤ ᠂ ᠬᠠᠶᠢᠷ᠎ᠠ ᠰᠡᠳᠬᠢᠯᠭᠡ᠎ᠶᠢ ᠨᠡᠮᠡᠭᠳᠡᠭᠦᠯᠵᠤ ᠂ ᠡᠭᠦᠨ᠎ᠡᠴᠠ᠎ᠪᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠬᠤ᠎ᠶᠢᠨ ᠲᠦᠯᠦᠬᠡ ᠶᠤᠮ ᠃ ︽ ᠬᠣᠶᠠᠷ᠎ᠢ ᠬᠠᠮᠲᠤᠳ᠋ᠤᠨᠢ ᠬᠠᠷᠠᠭᠠᠯᠵᠠᠬᠤ ︾ ᠭᠡᠳᠡᠭ᠎ᠨᠢ ᠂ ᠶᠠᠮᠠᠷᠪᠠ ᠬᠤᠪᠢ ᠬᠥᠮᠦᠨ ᠴᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠶᠠᠪᠤᠴᠠ᠎ᠳ᠋ᠤ ᠨᠢᠭᠡ ᠲᠠᠯ᠎ᠠ᠎ᠪᠠᠷ ᠬᠤᠪᠢ ᠬᠥᠮᠦᠨ᠎ᠤ ᠬᠠᠢᠷ᠎ᠠ ᠰᠡᠳᠬᠢᠯᠭᠡ ᠪᠠ ᠦᠨᠳᠦᠰᠦᠲᠡᠨ᠎ᠤ ᠶᠡᠬᠡ ᠵᠢᠷᠤᠮ᠎ᠢ ᠬᠠᠮᠲᠤᠳ᠋ᠤᠨᠢ ᠬᠠᠷᠠᠭᠠᠯᠵᠠᠵᠤ ᠂ ᠴᠢᠨᠠᠭᠰᠢᠯᠠᠨ ᠦᠨᠳᠦᠰᠦᠲᠡᠨ᠎ᠤ ᠶᠡᠬᠡ ᠵᠢᠷᠤᠮ᠎ᠤᠨ ᠡᠮᠦᠨ᠎ᠡ ᠠᠮᠢ ᠪᠠᠶ᠎ᠠ᠎ᠪᠠᠨ ᠦᠷᠡᠭᠳᠡᠭᠦᠯᠵᠦ ᠂ ᠦᠨᠳᠦᠰᠦᠲᠡᠨ ᠪᠠ ᠤᠯᠤᠰ ᠣᠷᠣᠨ᠎ᠤ ᠠᠰᠢᠭ ᠲᠤᠰᠠ᠎ᠶᠢ ᠲᠡᠷᠢᠭᠦᠨ᠎ᠳ᠋ᠤ ᠲᠠᠯᠪᠢᠵᠤ ᠂ ᠤᠶᠤᠨᠴᠢ᠎ᠪᠠᠷ ᠬᠠᠨᠳᠤᠵᠤ ᠂ ᠡᠷᠡᠰ ᠬᠡᠷᠡᠭᠵᠢᠭᠦᠯᠬᠦ ᠬᠡᠷᠡᠭᠲᠡᠶ ︔ ᠨᠦᠬᠦᠬᠡ ᠲᠠᠯ᠎ᠠ᠎ᠪᠠᠷ ᠪᠦᠬᠦᠯᠢ ᠴᠣᠭᠴᠠ᠎ᠶᠢᠨ ᠪᠠ ᠬᠡᠰᠡᠭ ᠲᠠᠯ᠎ᠠ᠎ᠶᠢᠨ ᠂ ᠨᠢᠳᠦᠨ ᠡᠮᠦᠨᠡᠬᠢ ᠪᠠ ᠠᠯᠤᠰ ᠬᠡᠲᠦ᠎ᠶᠢᠨ ᠬᠣᠶᠠᠷ ᠲᠠᠯ᠎ᠠ᠎ᠶᠢ ᠬᠠᠮᠲᠤᠳ᠋ᠤᠨᠢ ᠬᠠᠷᠠᠭᠠᠯᠵᠠᠨ᠎ᠠ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠬᠦ᠎ᠨᠢ ᠤᠯᠤᠰ᠎ᠤᠨ ᠪᠦᠬᠦᠯᠢ ᠴᠣᠭᠴᠠ᠎ᠶᠢᠨ ᠠᠰᠢᠭ ᠲᠤᠰᠠ᠎ᠶᠢ ᠪᠣᠳᠣᠯᠬᠢᠯᠠᠬᠰᠠᠨ ᠪᠦᠬᠡᠳ ᠪᠠᠰᠠ ᠴᠥᠭᠡᠨ ᠲᠣᠭᠠᠲᠤ ᠦᠨᠳᠦᠰᠦᠲᠡᠨ᠎ᠤ ᠠᠯᠤᠰ ᠬᠡᠳᠦ᠎ᠶᠢᠨ ᠠᠰᠢᠭ ᠲᠤᠰᠠ᠎ᠶᠢ ᠪᠣᠳᠣᠯᠬᠢᠯᠠᠬᠰᠠᠨ ᠶᠤᠮ ᠃ ᠤᠴᠢᠷ᠎ᠨᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ᠎ᠨᠢ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠰᠤᠷᠭᠠᠨ ᠬᠥᠮᠦᠵᠢᠯ᠎ᠤᠨ ᠬᠢᠷᠢ ᠲᠦᠪᠰᠢᠨ᠎ᠢ ᠤᠯᠤᠰ᠎ᠤᠨ ᠳᠣᠲᠣᠭᠠᠳᠤ ᠂ ᠴᠢᠨᠠᠭᠰᠢᠯᠠᠨ ᠲᠡᠯᠡᠬᠡᠢ ᠨᠡᠢᠳᠡ᠎ᠳ᠋ᠤ ᠵᠣᠯᠭᠠᠯᠴᠠᠭᠤᠯᠬᠤ᠎ᠳ᠋ᠤ ᠠᠰᠢᠭᠲᠠᠶ ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠰᠢᠨᠵᠢᠯᠡᠬᠦ ᠤᠬᠠᠭᠠᠨ ᠮᠡᠷᠭᠡᠵᠢᠯ᠎ᠤᠨ ᠳᠠᠪᠰᠢᠯᠲᠠ᠎ᠳ᠋ᠤ ᠠᠰᠢᠭᠲᠠᠶ ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠤ ᠠᠵᠤ ᠠᠬᠤᠶ ᠰᠣᠶᠣᠯ᠎ᠤᠨ ᠦᠶᠯᠡᠰ᠎ᠤᠨ ᠬᠥᠭᠵᠢᠯᠲᠡ᠎ᠳ᠋ᠤ ᠠᠰᠢᠭᠲᠠᠶ ᠶᠤᠮ ᠃
ᠬᠤᠷᠢᠶᠠᠩᠭᠤᠶᠢᠯᠠᠪᠠᠯ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠪᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠬᠤ᠎ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠨᠠᠮ ᠪᠠ ᠤᠯᠤᠰ᠎ᠡᠴᠠ ᠮᠠᠨ᠎ᠤ ᠤᠯᠤᠰ᠎ᠤᠨ ᠰᠢᠨ᠎ᠡ ᠴᠠᠭ ᠦᠶ᠎ᠡ᠎ᠶᠢᠨ ᠬᠥᠭᠵᠢᠯᠲᠡ᠎ᠶᠢᠨ ᠬᠠᠷᠠᠯᠲᠠ ᠪᠠ ᠦᠨᠳᠦᠰᠦᠲᠡᠨ᠎ᠤ ᠭᠠᠵᠠᠷ ᠣᠷᠣᠨ᠎ᠤ ᠠᠯᠤᠰ ᠬᠡᠳᠦ᠎ᠶᠢᠨ ᠠᠰᠢᠭ ᠲᠤᠰᠠ᠎ᠶᠢ ᠦᠨᠳᠦᠰᠦᠯᠡᠨ ᠭᠠᠷᠭᠠᠭᠰᠠᠨ ᠴᠢᠬᠤᠯᠠ ᠶᠡᠬᠡ ᠪᠠᠶᠢᠯᠳᠤᠬᠤ ᠪᠤᠳᠤᠯᠭ᠎ᠠ᠎ᠶᠢᠨ ᠰᠢᠶᠳᠪᠦᠷᠢ᠎ᠳᠤ ᠪᠤᠳᠤᠯᠭ᠎ᠠ ᠪᠤᠯᠤᠨ᠎ᠠ ᠃ ᠪᠢᠳᠡ ᠤᠯᠤᠰ ᠪᠠ ᠦᠨᠳᠦᠰᠦᠲᠡᠨ᠎ᠤ ᠶᠡᠬᠡ ᠵᠢᠷᠤᠮ᠎ᠤᠨ ᠦᠨᠳᠦᠷ ᠲᠦᠪᠰᠢᠨ᠎ᠡᠴᠠ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠳᠡᠯᠭᠡᠷᠡᠭᠦᠯᠦᠨ ᠬᠡᠷᠡᠭᠯᠡᠬᠦ ᠠᠵᠢᠯ᠎ᠤᠨ ᠴᠢᠬᠤᠯᠠ ᠶᠡᠬᠡ ᠠᠴᠢ ᠬᠣᠯᠪᠣᠭᠳᠠᠯ᠎ᠢ ᠣᠶᠢᠯᠠᠭᠠᠨ ᠲᠠᠨᠢᠬᠤ ᠬᠡᠷᠡᠭᠲᠡᠶ ᠃ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠲᠠᠢ ᠬᠠᠮᠵᠢᠯᠴᠠᠨ ᠂ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠰᠤᠷᠤᠯᠴᠠᠨ ᠬᠡᠷᠡᠭᠯᠡᠬᠦ ᠠᠵᠢᠯ᠎ᠢ ᠰᠠᠶᠢᠲᠤᠷ ᠬᠢᠬᠦ ᠪᠣᠯ ᠠᠷᠠᠳ ᠢᠷᠭᠡᠨ ᠨᠢᠭᠡᠪᠦᠷᠢ᠎ᠶᠢᠨ ᠭᠦᠶᠴᠡᠳᠬᠡᠪᠡᠰᠦ ᠵᠣᠬᠢᠬᠤ ᠡᠬᠦᠷᠬᠡ ᠪᠠ ᠬᠠᠷᠢᠭᠤᠴᠠᠯᠭ᠎ᠠ ᠪᠤᠯᠤᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠪᠣᠣ ᠮᠧᠢ ᠷᠥᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃