ᠲᠡᠷᠢᠭᠦᠨ ᠨᠢᠭᠤᠷ>ᠭᠡᠷ ᠤᠷᠤᠨ> ᠣᠨᠣᠯ

2020-09-22 09:58:45

ᠵᠣᠬᠢᠶᠠᠭ᠍ᠴᠢ᠄ ᠬᠠᠢ ᠵᠢᠶᠦᠢᠨ ᠣᠩᠱᠢᠭ᠍ᠰᠠᠨ ᠣᠳᠠᠭ᠎ᠠ᠄ 3

 ᠤᠯᠠᠭᠠᠨᠴᠠᠪ ᠬᠣᠲᠠ᠎ᠶᠢᠨ ᠮᠣᠩᠭᠣᠯ ᠦᠨᠳᠦᠰᠦᠲᠡᠨ᠎ᠤ ᠪᠠᠭ᠎ᠠ ᠰᠤᠷᠭᠠᠭᠤᠯᠢ᠎ᠶᠢᠨ ᠵᠠᠬᠢᠷᠤᠯ ᠪᠠᠶ ᠪᠦᠦ ᠱᠧᠩ ‍ᠢ ᠰᠤᠷᠪᠤᠯᠵᠢᠯᠠᠭᠰᠠᠨ᠎ᠨᠢ

︽ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠳ᠋ᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠪᠣᠯ ᠨᠠᠮ᠎ᠤᠨ ᠲᠥᠪ ᠬᠣᠷᠢᠶ᠎ᠠ ᠂ ᠲᠥᠷᠥ᠎ᠶᠢᠨ ᠶᠠᠪᠤᠳᠠᠯ᠎ᠤᠨ ᠬᠣᠷᠢᠶ᠎ᠠ᠎ᠶᠢᠨ ᠰᠢᠢᠳᠪᠦᠷᠢᠲᠦ ᠪᠣᠳᠣᠯᠭ᠎ᠠ᠎ᠶᠢᠨ ᠪᠠᠶᠢᠷᠢᠯᠠᠭᠤᠯᠤᠯᠲᠠ ᠪᠣᠯᠤᠨ᠎ᠠ ᠂ ᠴᠢᠬᠤᠯᠠ ᠪᠠᠶᠢᠯᠳᠤᠬᠤ ᠪᠣᠳᠣᠯᠭ᠎ᠠ᠎ᠶᠢᠨ ᠠᠴᠢ ᠬᠣᠯᠪᠣᠭᠳᠠᠯ ᠪᠠ ᠪᠣᠳᠠᠲᠤ ᠠᠴᠢ ᠬᠣᠯᠪᠣᠭᠳᠠᠯ᠎ᠲᠠᠢ ᠃ ᠮᠣᠩᠭᠣᠯ᠎ᠢᠶᠠᠷ ᠬᠢᠴᠢᠶᠡᠯᠯᠡᠬᠦ ᠰᠤᠷᠭᠠᠭᠤᠯᠢ ᠪᠣᠯᠤᠭᠰᠠᠨ᠎ᠤ ᠬᠤᠪᠢ᠎ᠳ᠋ᠤ ᠂ ᠮᠠᠨ᠎ᠤ ᠰᠤᠷᠭᠠᠭᠤᠯᠢ ᠪᠠᠭᠰᠢ ᠠᠵᠢᠯᠳᠠᠤᠨ᠎ᠤᠨ᠎ᠢᠶᠡᠨ ᠦᠵᠡᠯ ᠰᠠᠨᠠᠭ᠎ᠠ ᠲᠠᠨᠢᠯᠲᠠ᠎ᠶᠢ ᠲᠡᠭᠡᠳᠦ ᠬᠡᠮᠵᠢᠶ᠎ᠡ᠎ᠪᠠᠷ ᠨᠢᠭᠡᠳᠬᠡᠵᠦ ᠂ ᠨᠠᠮ᠎ᠤᠨ ᠲᠥᠪ ᠬᠣᠷᠢᠶᠠᠨ᠎ᠤ ᠡᠨᠡ ᠬᠦ ᠴᠢᠬᠤᠯᠠ ᠶᠡᠬᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠪᠠ ︾ ᠬᠡᠵᠤ ᠤᠯᠠᠭᠠᠨᠴᠠᠪ ᠬᠣᠲᠠ᠎ᠶᠢᠨ ᠰᠢᠭᠤᠳ ᠬᠠᠷᠢᠶ᠎ᠠ ᠮᠣᠩᠭᠣᠯ ᠦᠨᠳᠦᠰᠦᠲᠡᠨ᠎ᠤ ᠪᠠᠭ᠎ᠠ ᠰᠤᠷᠭᠠᠭᠤᠯᠢ᠎ᠶᠢᠨ ᠵᠠᠬᠢᠷᠤᠯ ᠪᠠᠶ ᠪᠦᠦ ᠱᠧᠩ ᠶᠠᠷᠢᠨ᠎ᠠ ᠃

ᠪᠠᠢ ᠪᠦᠦ ᠱᠧᠩ ᠄ ︽ ᠦᠭᠡ ᠬᠡᠯᠡᠨ᠎ᠤ ᠨᠡᠪᠲᠡᠷᠡᠯᠴᠡᠭᠡ ᠪᠣᠯ ᠬᠥᠮᠦᠨ ᠬᠥᠮᠦᠨ᠎ᠤ ᠬᠣᠭᠣᠷᠣᠨᠳᠣᠬᠢ ᠶᠠᠪᠤᠯᠴᠠᠭ᠎ᠠ᠎ᠶᠢᠨ ᠰᠠᠭᠤᠷᠢ ᠂ ᠦᠭᠡ ᠬᠡᠯᠡ ᠨᠡᠪᠲᠡᠷᠡᠯᠴᠡᠬᠦ ᠦᠭᠡᠢ ᠪᠣᠯ ᠣᠢᠯᠠᠭᠠᠯᠴᠠᠬᠤ᠎ᠳ᠋ᠤ ᠪᠡᠷᠬᠡ ᠂ ᠬᠠᠷᠢᠯᠴᠠᠨ ᠮᠡᠳᠡᠷᠡᠯᠴᠡᠬᠦ᠎ᠳ᠋ᠤ ᠬᠦᠴᠢᠷ ᠃ ᠤᠯᠤᠰ᠎ᠡᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠨᠢ ᠴᠥᠭᠡᠨ ᠲᠣᠭᠠᠲᠤ ᠦᠨᠳᠦᠰᠦᠲᠡᠨ᠎ᠤ ᠰᠤᠷᠭᠠᠨ ᠬᠥᠮᠦᠵᠢᠯ᠎ᠤᠨ ᠴᠢᠨᠠᠷ ᠰᠠᠶᠢᠲᠠᠶ ᠬᠥᠭᠵᠢᠯᠲᠡ᠎ᠳ᠋ᠤ ᠠᠰᠢᠭᠲᠠᠢ ᠂ ᠴᠥᠭᠡᠨ ᠲᠣᠭᠠᠲᠤ ᠦᠨᠳᠦᠰᠦᠲᠡᠨ᠎ᠤ ᠣᠷᠣᠨ᠎ᠤ ᠵᠠᠯᠠᠭᠤᠴᠤᠳ ᠪᠠᠭᠠᠴᠤᠳ᠎ᠤᠨ ᠥᠨᠳᠥᠷ ᠬᠡᠪ ᠴᠢᠨᠠᠷ᠎ᠲᠠᠢ ᠪᠤᠯᠵᠤ ᠦᠰᠦᠨ ᠪᠣᠶᠢᠵᠢᠬᠤ᠎ᠳ᠋ᠤ ᠠᠰᠢᠭᠲᠠᠶ ᠂ ᠤᠯᠤᠰ ᠂ ᠴᠥᠭᠡᠨ ᠲᠣᠭᠠᠲᠤ ᠦᠨᠳᠦᠰᠦᠲᠡᠨ᠎ᠤ ᠭᠠᠵᠠᠷ ᠣᠷᠣᠨ᠎ᠳ᠋ᠤ ᠴᠢᠳᠠᠪᠤᠷᠢᠲᠠᠨ ᠬᠥᠮᠦᠵᠢᠭᠦᠯᠬᠦ᠎ᠳ᠋ᠤ ᠠᠰᠢᠭᠲᠠᠶ ᠬᠡᠵᠥ ᠦᠵᠡᠵᠥ ᠪᠠᠢᠨ᠎ᠠ ︾ ᠬᠡᠯ᠎ᠡ ᠃

ᠡᠨᠡ ᠵᠢᠯ᠎ᠤᠨ ᠨᠠᠮᠤᠷ᠎ᠤᠨ ᠤᠯᠠᠷᠢᠯ᠎ᠤᠨ ᠰᠤᠷᠤᠯᠭ᠎ᠠ᠎ᠶᠢᠨ ᠬᠤᠭᠤᠴᠠᠭ᠎ᠠ᠎ᠡᠴᠠ ᠡᠬᠢᠯᠡᠨ ᠂ ᠪᠦᠬᠦ ᠣᠷᠣᠨ᠎ᠤ ᠦᠨᠳᠦᠰᠦᠲᠡᠨ᠎ᠤ ᠦᠭᠡ ᠬᠡᠯᠡ᠎ᠪᠠᠷ ᠬᠢᠴᠢᠶᠡᠯᠯᠡᠬᠦ ᠰᠤᠷᠭᠠᠭᠤᠯᠢ᠎ᠶᠢᠨ ᠪᠠᠭ᠎ᠠ ᠰᠤᠷᠭᠠᠭᠤᠯᠢ᠎ᠶᠢᠨ ᠨᠢᠭᠡᠳᠦᠭᠡᠷ ᠤᠨ ᠪᠣᠯᠤᠨ ᠠᠩᠬ᠎ᠠ ᠳᠤᠮᠳᠠᠳᠤ᠎ᠶᠢᠨ ᠨᠢᠭᠡᠳᠦᠭᠡᠷ ᠤᠨ᠎ᠡᠴᠠ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ︽ ᠬᠡᠯᠡ ᠪᠢᠴᠢᠭ ︾᠎ᠤᠨ ᠵᠢᠭᠠᠬᠤ ᠮᠠᠲ᠋ᠧᠷᠢᠶᠠᠯ᠎ᠢ ᠬᠡᠷᠡᠭᠯᠡᠬᠦ᠎ᠶᠢᠨ ᠬᠠᠮᠲᠤ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢᠶᠠᠷ ᠬᠢᠴᠢᠶᠡᠯᠯᠠᠨ᠎ᠠ ᠃

ᠪᠠᠢ ᠪᠦᠦ ᠱᠧᠩ ᠄ ︽ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠲᠣᠬᠢᠷᠠᠭᠤᠯᠤᠯᠲᠠ ᠪᠠᠶᠢᠷᠢᠯᠠᠭᠤᠯᠤᠯᠲᠠ᠎ᠶᠢ ᠦᠨᠳᠦᠰᠦᠯᠡᠨ ᠂ ᠰᠤᠷᠤᠭᠴᠢ ᠂ ᠭᠡᠷ᠎ᠤᠨ ᠠᠬᠠᠮᠠᠳ᠎ᠲᠤ ᠤᠯᠤᠰ᠎ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠎ᠢ ᠬᠡᠷᠡᠭᠯᠡᠬᠦ ᠲᠥᠷᠥ᠎ᠶᠢᠨ ᠪᠣᠳᠣᠯᠭ᠎ᠠ᠎ᠶᠢ ᠭᠦᠶᠴᠡᠳ ᠤᠢᠯᠠᠭᠠᠭᠤᠯᠬᠤ᠎ᠶᠢᠨ ᠲᠥᠯᠥᠭᠡ ᠮᠠᠠ᠎ᠤ ᠰᠤᠷᠭᠠᠭᠤᠯᠢ ᠡᠨᠡ ᠬᠤᠭᠤᠴᠠᠭ᠎ᠠ᠎ᠡᠴᠠ ᠡᠬᠢᠯᠡᠨ ᠂ ᠰᠤᠷᠭᠠᠭᠤᠯᠢ᠎ᠶᠢᠨ ᠪᠠᠭᠰᠢ ᠠᠵᠢᠯᠳᠠᠳ᠎ᠢᠶᠡᠨ ᠵᠣᠬᠢᠶᠠᠨ ᠪᠠᠶᠢᠭᠤᠯᠤᠨ ᠂ ᠨᠡᠶᠢᠭᠡᠮ ᠲᠣᠭᠣᠷᠢᠭ᠎ᠤᠨ ᠠᠵᠢᠯᠲᠠᠳ᠎ᠲᠠᠢ ᠬᠣᠯᠪᠣᠭᠠᠯᠠᠨ ᠰᠤᠷᠤᠭᠴᠢ᠎ᠶᠢᠨ ᠭᠡᠷ᠎ᠤᠨ ᠠᠬᠠᠮᠠᠳ᠎ᠢ ᠢᠳᠡᠪᠬᠢᠲᠡᠢ ᠰᠤᠷᠪᠤᠯᠵᠢᠯᠠᠵᠤ ᠂ ᠭᠡᠷ᠎ᠲᠤᠨᠢ ᠬᠦᠷᠬᠦ ᠂ ᠪᠤᠳᠤᠯ ᠰᠡᠳᠬᠢᠯ᠎ᠢᠶᠡᠨ ᠰᠣᠯᠢᠯᠴᠠᠬᠤ ᠵᠡᠷᠭᠡ ᠠᠷᠭ᠎ᠠ᠎ᠪᠠᠷ ᠤᠯᠤᠰ᠎ᠤᠨ ᠲᠥᠷᠥ᠎ᠶᠢᠨ ᠪᠣᠳᠣᠯᠭ᠎ᠠ ᠂ ᠰᠤᠷᠤᠭᠴᠢ᠎ᠶᠢᠨ ᠦᠰᠦᠨ ᠪᠤᠢᠵᠢᠯᠳᠠ ᠵᠡᠷᠭᠡ ᠲᠠᠯ᠎ᠠ᠎ᠪᠠᠷ ᠭᠡᠷ᠎ᠤᠨ ᠠᠬᠠᠮᠠᠳ᠎ᠲᠤ ᠲᠠᠶᠢᠯᠤᠮᠵᠢ ᠬᠢᠵᠦ ᠂ ᠪᠦᠬᠦ ᠰᠤᠷᠭᠠᠭᠤᠯᠢ᠎ᠶᠢᠨ ᠰᠤᠷᠤᠭᠴᠢᠳ ᠪᠣᠯᠤᠨ ᠭᠡᠷ᠎ᠤᠨ ᠠᠬᠠᠮᠠᠳ᠎ᠤᠨ ᠰᠡᠵᠢᠭ᠎ᠢ ᠠᠯᠳᠠᠷᠠᠭᠠᠵᠤ ᠂ ᠲᠠᠨᠢᠯᠲᠠ᠎ᠶᠢ ᠳᠡᠭᠡᠭᠰᠢᠯᠡᠭᠦᠯᠵᠡᠢ ᠃ ᠳᠡᠭᠡᠷ᠎ᠡ ᠭᠠᠷᠠᠭ ᠪᠣᠯᠲᠠᠯ᠎ᠠ ᠮᠠᠨ᠎ᠤ ᠰᠤᠷᠭᠠᠭᠤᠯᠢ᠎ᠶᠢᠨ 228 ᠰᠤᠷᠤᠭᠴᠢ᠎ᠶᠢᠨ 2 ᠰᠤᠷᠤᠭᠴᠢ ᠴᠢᠯᠥᠭᠡ ᠭᠤᠶᠤᠬᠰᠡᠨ᠎ᠡᠴᠠ ᠪᠤᠰᠤᠳ᠎ᠨᠢ ᠪᠦᠬᠦᠳᠡᠬᠡᠷ ᠰᠤᠷᠭᠠᠭᠤᠯᠢ᠎ᠳᠠᠭᠠᠨ ᠪᠤᠴᠠᠵᠤ ᠰᠢᠨ᠎ᠡ ᠰᠤᠷᠤᠯᠭ᠎ᠠ᠎ᠶᠢᠨ ᠬᠤᠭᠤᠴᠠᠭᠠᠨ᠎ᠤ ᠰᠤᠷᠤᠯᠴᠠᠯᠭ᠎ᠠ ᠠᠮᠢᠳᠤᠷᠠᠯ᠎ᠢᠶᠡᠨ ᠡᠬᠢᠯᠡᠭᠦᠯᠪᠡ ︾ ᠬᠡᠵᠤ ᠲᠠᠨᠢᠯᠴᠠᠭᠤᠯᠪᠠ ᠃

ᠪᠠᠶ ᠪᠦᠦ ᠱᠧᠩ ᠄ ︽ ᠤᠢᠷ᠎ᠠ᠎ᠶᠢᠨ ᠵᠢᠯ᠎ᠡᠴᠠ ᠂ ᠨᠠᠮ᠎ᠤᠨ ᠲᠥᠪ ᠬᠣᠷᠢᠶ᠎ᠠ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠬᠣᠲᠠ᠎ᠶᠢᠨ ᠨᠠᠮ᠎ᠤᠨ ᠬᠣᠷᠢᠶ᠎ᠠ ᠦᠨᠳᠦᠰᠦᠲᠡᠨ᠎ᠤ ᠰᠤᠷᠭᠠᠨ ᠬᠥᠮᠦᠵᠢᠯ᠎ᠤᠨ ᠬᠥᠭᠵᠢᠯᠲᠡ᠎ᠶᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ ᠂ ᠰᠤᠷᠭᠠᠭᠤᠯᠢ᠎ᠶᠢᠨ ᠰᠠᠭᠤᠷᠢ ᠲᠥᠬᠥᠭᠡᠷᠦᠮᠵᠢ᠎ᠶᠢᠨ ᠪᠦᠲᠦᠭᠡᠨ ᠪᠠᠶᠢᠭᠤᠯᠤᠯᠲᠠ ᠂ ᠪᠡᠯᠡ ᠣᠷᠣᠭᠤᠯᠤᠯᠲᠠ ᠵᠡᠷᠭᠡ ᠲᠠᠯ᠎ᠠ᠎ᠪᠠᠷ ᠦᠨᠳᠦᠰᠦᠲᠡᠨ᠎ᠤ ᠰᠤᠷᠭᠠᠭᠤᠯᠢ᠎ᠶᠢᠨ ᠬᠥᠭᠵᠢᠯᠲᠡ᠎ᠶᠢ ᠶᠡᠬᠡ᠎ᠪᠠᠷ ᠳᠡᠮᠵᠢᠭᠰᠡᠨ᠎ᠢᠶᠠᠷ ᠮᠠᠠ᠎ᠤ ᠰᠤᠷᠭᠠᠭᠤᠯᠢ᠎ᠶᠢᠨ ᠰᠠᠭᠤᠷᠢ ᠲᠥᠬᠥᠭᠡᠷᠦᠮᠵᠢ᠎ᠶᠢᠨ ᠪᠥᠲᠥᠭᠡᠨ ᠪᠠᠶᠢᠭᠤᠯᠤᠯᠲᠠ ᠬᠣᠲᠠ᠎ᠶᠢᠨ ᠲᠡᠷᠢᠭᠦᠨ᠎ᠤ ᠲᠦᠪᠰᠢᠨ᠎ᠳ᠋ᠤ ᠬᠦᠷᠪᠡ ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠬᠦᠴᠦᠲᠡᠶ ᠳᠡᠮᠵᠢᠯᠭᠡ ᠳᠣᠣᠷ᠎ᠠ ᠂ ᠪᠠᠭᠰᠢ ᠰᠤᠷᠤᠭᠴᠢᠳ᠎ᠤᠨ ᠬᠠᠮᠲᠤ᠎ᠶᠢᠨ ᠴᠢᠷᠮᠠᠶᠢᠯᠭ᠎ᠠ᠎ᠪᠠᠷ ᠰᠤᠷᠭᠠᠭᠤᠯᠢ᠎ᠶᠢᠨ ᠵᠢᠭᠠᠨ ᠰᠤᠷᠭᠠᠯᠲᠠ᠎ᠶᠢᠨ ᠶᠠᠰᠤ ᠴᠢᠨᠠᠷ ᠰᠢᠨ᠎ᠡ ᠳᠡᠭᠲᠡᠷ᠎ᠲᠤ ᠭᠠᠷᠬᠤ᠎ᠨᠢ ᠯᠠᠪᠲᠠᠢ ︾ ᠬᠡᠵᠤ ᠪᠠᠢᠯ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠷᠢᠭᠤᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面