ᠲᠡᠷᠢᠭᠦᠨ ᠨᠢᠭᠤᠷ>ᠭᠡᠷ ᠤᠷᠤᠨ> ᠣᠨᠣᠯ

2020-11-26 11:29:07

ᠵᠣᠬᠢᠶᠠᠭ᠍ᠴᠢ᠄ ᠰᠠᠢ ᠪᠸᠢ ᠫᠢᠩ ᠣᠩᠱᠢᠭ᠍ᠰᠠᠨ ᠣᠳᠠᠭ᠎ᠠ᠄ 3

 ᠥᠪᠥᠷ ᠮᠣᠩᠭᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠡᠷᠡᠰ ᠭᠤᠶᠢᠪᠢᠰᠢ ᠦᠭᠡᠢ ᠪᠠᠲᠤ ᠴᠤᠬᠴᠠᠯᠠᠬᠤ ᠲᠤᠬᠠᠢ ᠥᠭᠦᠯᠡᠬᠦ᠎ᠨᠢ

︵ ᠨᠢᠭᠡ ︶ 2020 ᠣᠨ᠎ᠤ 1 ᠰᠠᠷ᠎ᠠ᠎ᠳ᠋ᠤ ᠂ ᠳᠤᠮᠳᠠᠳᠤ ᠤᠯᠤᠰ᠎ᠤᠨ ᠦᠨᠳᠦᠰᠦᠲᠡᠨ᠎ᠤ ᠮᠦᠽᠧᠶ᠎ᠳ᠋ᠤ 242 ᠬᠤᠪᠢ ᠲᠦᠮᠡᠳ᠎ᠤᠨ ᠠᠯᠳᠠᠨ ᠣᠪᠣᠭᠲᠤ ᠮᠣᠩᠭᠣᠯ ᠭᠡᠷ ᠪᠦᠯᠢ᠎ᠶᠢᠨ ᠭᠡᠷ᠎ᠡ ᠪᠢᠴᠢᠭ ᠠᠩᠬ᠎ᠠ ᠤᠳᠠᠭ᠎ᠠ ᠲᠡᠯᠭᠡᠭᠲᠡᠪᠡ ᠃

︽ ᠡᠨᠡ ᠪᠣᠯ ᠦᠨᠳᠦᠰᠦᠲᠡᠨ᠎ᠤ ᠠᠵᠤ ᠠᠬᠤᠶ᠎ᠶᠢᠨ ᠬᠠᠷᠢᠯᠴᠠᠭᠠᠨ᠎ᠤ ᠲᠡᠤᠬᠡᠨ᠎ᠳ᠋ᠠᠬᠢ ᠬᠤᠪᠤᠷ ᠨᠠᠨᠳᠢᠨ ᠂ ᠦᠨᠡᠨ ᠪᠣᠳᠠᠲᠠᠶ ᠭᠡᠷᠡᠴᠢ ᠮᠥᠨ ᠃ ︾ ᠬᠡᠵᠦ ᠲᠥᠪ᠎ᠤᠨ ᠦᠨᠳᠦᠰᠦᠲᠡᠨ᠎ᠤ ᠶᠡᠬᠡ ᠰᠤᠷᠭᠠᠭᠤᠯᠢ᠎ᠶᠢᠨ ᠫᠷᠤᠹᠸᠰᠰᠤᠷ ᠂ ᠳᠤᠮᠳᠠᠳᠤ ᠤᠯᠤᠰ᠎ᠤᠨ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠤ ᠲᠡᠦᠬᠡ ᠬᠢᠭᠡᠳ ᠭᠠᠵᠠᠷ ᠵᠦᠢ᠎ᠶᠢᠨ ᠰᠤᠳᠤᠯᠤᠯ᠎ᠤᠨ ᠲᠥᠪ᠎ᠤᠨ ᠡᠷᠬᠢᠯᠡᠭᠴᠢ ᠲᠠᠷᠢᠵᠠᠪ ᠢᠩᠬᠢᠵᠦ ᠦᠨᠡᠯᠡᠵᠡᠢ ᠃ ︽ ᠡᠳᠡᠭᠡᠷ ᠭᠡᠷ᠎ᠡ ᠪᠢᠴᠢᠭ᠎ᠲᠤ ᠬᠢᠲᠠᠳ ᠪᠢᠴᠢᠭ ᠪᠠᠢᠬᠤ ᠮᠦᠷᠲᠡᠭᠡᠨ ᠪᠠᠰᠠ ᠮᠣᠩᠭᠣᠯ ᠪᠢᠴᠢᠭ ᠵᠢᠴᠢ ᠮᠠᠨᠵᠤ ᠬᠢᠲᠠᠳ ᠬᠡᠯᠡ᠎ᠶᠢ ᠬᠠᠪᠰᠤᠷᠭᠠᠭᠰᠠᠨ ᠪᠢᠴᠢᠭ ᠪᠠᠶᠢᠳᠠᠭ ᠂ ᠡᠳᠡᠭᠡᠷ᠎ᠨᠢ ᠪᠦᠷ ᠢᠯᠡ ᠲᠣᠳᠣ ᠭᠠᠵᠠᠷ ᠣᠷᠣᠨ ᠪᠠ ᠦᠨᠳᠦᠰᠦᠲᠡᠨ᠎ᠤ ᠰᠣᠶᠣᠯ᠎ᠤᠨ ᠣᠨᠴᠠᠯᠢᠭ᠎ᠲᠠᠢ ᠪᠠᠢᠵᠦ ᠂ ᠴᠢᠩ ᠤᠯᠤᠰ᠎ᠤᠨ ᠲᠩᠷᠢ ᠲᠡᠳᠬᠦᠭᠴᠢ᠎ᠡᠴᠠ ᠨᠠᠭᠠᠰᠢᠬᠢ ᠲᠦᠮᠡᠳ ᠣᠷᠣᠨ᠎ᠤ ᠦᠨᠳᠦᠰᠦᠲᠡᠨ᠎ᠤ ᠠᠮᠢᠳᠤᠷᠠᠯ᠎ᠤᠨ ᠲᠡᠦᠬᠡᠨ ᠵᠢᠷᠤᠬᠯᠠᠯ ᠪᠠ ᠰᠣᠯᠢᠯᠴᠠᠭ᠎ᠠ ᠶᠠᠪᠤᠯᠴᠠᠭ᠎ᠠ᠎ᠶᠢ ᠲᠤᠰᠬᠠᠵᠠᠢ ︾ ᠬᠡᠵᠦ ᠥᠪᠥᠷ ᠮᠣᠩᠭᠣᠯ᠎ᠤᠨ ᠶᠡᠬᠡ ᠰᠤᠷᠭᠠᠭᠤᠯᠢ᠎ᠶᠢᠨ ᠮᠣᠩᠭᠣᠯ ᠰᠤᠳᠤᠯᠤᠯ᠎ᠤᠨ ᠲᠥᠪ᠎ᠤᠨ ᠫᠷᠤᠹᠸᠰᠰᠤᠷ ᠤᠶᠤᠩᠡᠷᠡᠯ ᠡᠭᠦᠨ᠎ᠤ ᠲᠤᠬᠠᠢ ᠪᠣᠳᠠᠲᠠᠶ ᠲᠠᠶᠢᠯᠪᠤᠷᠢᠯᠠᠯᠳᠠ ᠬᠢᠭᠰᠡᠨ ᠪᠠᠢᠨ᠎ᠠ ᠃

ᠲᠡᠦᠬᠡ᠎ᠶᠢᠨ ᠳᠤᠷᠠᠰᠬᠠᠯᠲᠤ ᠵᠦᠢᠯ ᠪᠣᠯ ᠲᠡᠦᠬᠡ᠎ᠶᠢᠨ ᠳᠤᠷᠠᠰᠤᠮᠵᠢ ᠮᠥᠨ ᠂ ᠡᠳᠡᠭᠡᠷ ᠭᠡᠷ᠎ᠠ ᠪᠢᠴᠢᠭ᠎ᠡᠴᠠ ᠡᠷᠲᠡᠨ᠎ᠡᠴᠠ ᠠᠪᠤᠭᠠᠳ ᠦᠨᠳᠦᠰᠦᠲᠡᠨ᠎ᠨᠦᠭᠦᠳ᠎ᠤᠨ ᠠᠷᠠᠳ ᠲᠦᠮᠡᠨ ᠥᠪᠥᠷ ᠮᠣᠩᠭᠣᠯ᠎ᠤᠨ ᠭᠠᠵᠠᠷ ᠨᠤᠳᠤᠭ ᠲᠡᠭᠡᠷ᠎ᠠ ᠤᠷᠤᠰᠢᠨ ᠠᠮᠢᠳᠤᠷᠠᠵᠤ ᠢᠷᠡᠵᠠᠢ ᠃ ᠲᠡᠳᠡ ᠨᠠᠷ ᠬᠠᠷᠢᠯᠴᠠᠨ ᠲᠦᠰᠢᠯᠴᠠᠵᠤ ᠂ ᠬᠠᠷᠢᠯᠴᠠᠨ ᠰᠤᠷᠤᠯᠴᠠᠵᠤ ᠂ ᠰᠠᠶᠢᠨ᠎ᠢ᠎ᠨᠢ ᠠᠪᠴᠤ ᠰᠢᠭᠠᠷᠤ᠎ᠶᠢ᠎ᠨᠢ ᠤᠷᠬᠢᠨ ᠂ ᠬᠠᠷᠢᠯᠴᠠᠨ ᠠᠭᠤᠰᠤᠯᠴᠠᠵᠤ ᠂ ᠭᠦᠨ ᠵᠤᠵᠠᠭᠠᠨ ᠬᠠᠶᠢᠷ᠎ᠠ ᠰᠡᠳᠬᠢᠯᠭᠡ᠎ᠲᠠᠢ ᠦᠨᠳᠦᠰᠦᠲᠡᠨ᠎ᠤ ᠬᠠᠷᠢᠴᠠᠭ᠎ᠠ᠎ᠶᠢ ᠪᠦᠷᠢᠯᠳᠦᠭᠦᠯᠵᠦ ᠂ ᠭᠡᠨ ᠭᠡᠨ᠎ᠡᠴᠠ᠎ᠪᠠᠨ ᠰᠠᠯᠵᠤ ᠴᠢᠳᠠᠰᠢ ᠥᠬᠡᠶ ᠪᠤᠯᠤᠭᠰᠠᠨ ᠭᠡᠳᠡᠭ ᠳ᠋ᠦᠩᠨᠡᠯᠲᠡ ᠭᠠᠷᠭᠠᠵᠤ ᠪᠣᠯᠤᠨ᠎ᠠ ᠃

ᠣᠳᠣᠬᠠᠨ᠎ᠳ᠋ᠤ ᠂ ᠮᠣᠩᠭᠣᠯ ᠦᠨᠳᠦᠰᠦᠲᠡᠨ ᠂ ᠳᠠᠭᠤᠷ ᠦᠨᠳᠦᠰᠦᠲᠡᠨ ᠂ ᠡᠸᠡᠩᠬᠢ ᠦᠨᠳᠦᠰᠦᠲᠡᠨ ᠂ ᠣᠷᠴᠣᠨ ᠦᠨᠳᠦᠰᠦᠲᠡᠨ ᠵᠡᠷᠭᠡ ᠣᠯᠠᠨ ᠦᠨᠳᠦᠰᠦᠲᠡᠨ᠎ᠤ ᠤᠯᠠᠮᠵᠢᠯᠠᠯᠲᠤ ᠰᠤᠶᠤᠯ᠎ᠢ ᠠᠭᠤᠰᠬᠠᠭᠰᠠᠨ ᠣᠲᠣ ᠦᠶ᠎ᠡ᠎ᠶᠢᠨ ᠦᠨᠳᠦᠰᠦᠲᠡᠨ᠎ᠤ ᠬᠤᠪᠴᠠᠰᠤ ᠵᠠᠰᠠᠯ᠎ᠨᠢ ᠵᠠᠯᠠᠭᠤᠴᠤᠳ᠎ᠤᠨ ᠵᠠᠰᠠᠯ ᠴᠢᠮᠡᠭᠯᠡᠯ᠎ᠤᠨ ᠬᠦᠭᠡᠭᠡᠴᠡᠯᠳᠤᠯ ᠪᠣᠯᠵᠣ ᠪᠠᠶᠢᠨ᠎ᠠ ︔ ᠵᠠᠭᠤ ᠮᠢᠩᠭᠠᠨ ᠵᠢᠯ᠎ᠤᠨ ᠲᠤᠷᠰᠢ ᠮᠣᠩᠭᠣᠯ᠎ᠤᠨ ᠥᠨᠳᠥᠷᠯᠢᠭ ᠳᠡᠭᠡᠷ᠎ᠡ ᠤᠯᠠᠮᠵᠢᠯᠠᠭᠳᠠᠵᠤ ᠢᠷᠡᠭᠰᠡᠨ ᠦᠨᠳᠦᠰᠦᠲᠡᠨ᠎ᠨᠦᠭᠦᠳ᠎ᠤᠨ ᠳᠠᠭᠤᠤ ᠬᠥᠭᠵᠢᠮ᠎ᠨᠢ ᠤᠳᠤᠬᠢᠴᠢ ᠬᠡᠯᠪᠡᠷᠢ᠎ᠶᠢ ᠠᠭᠤᠰᠬᠠᠨ ᠳᠡᠯᠡᠬᠡᠢ ᠳ᠋ᠠᠬᠢᠨ᠎ᠠ ᠴᠤᠤᠷᠢᠶᠠᠲᠤᠨ᠎ᠠ ︔ ᠮᠣᠩᠭᠣᠯ ᠦᠨᠳᠦᠰᠦᠲᠡᠨ᠎ᠤ ᠢᠳᠡᠭᠡᠨ ᠪᠤᠯᠤᠨ ᠲᠠᠬᠦᠨ᠎ᠢ ᠪᠡᠯᠡᠳᠭᠡᠬᠦ ᠠᠷᠭ᠎ᠠ ᠮᠠᠢᠭ᠎ᠢ ᠬᠢᠲᠠᠳ ᠦᠨᠳᠦᠰᠦᠲᠡᠨ᠎ᠤ ᠠᠮᠲᠠᠲᠤ ᠢᠳᠡᠭᠡᠨ ᠬᠢᠬᠦ ᠠᠷᠭ᠎ᠠ ᠮᠠᠢᠭ᠎ᠲᠠᠢ ᠠᠭᠤᠰᠤᠯᠴᠠᠭᠤᠯᠤᠨ ᠬᠢᠭᠰᠡᠨ ᠰᠢᠨ᠎ᠡ ᠮᠠᠢᠭ᠎ᠤᠨ ᠮᠣᠩᠭᠣᠯ ᠬᠣᠭᠣᠯᠠ᠎ᠨᠢ ᠥᠪᠥᠷ ᠮᠣᠩᠭᠣᠯᠴᠤᠳ᠎ᠤᠨ ᠭᠠᠳᠠᠨ᠎ᠠ ᠣᠷᠣᠨ᠎ᠤ ᠵᠣᠴᠢᠳ᠎ᠢᠶᠡᠨ ᠳᠠᠶᠢᠯᠠᠬᠤ ᠲᠡᠷᠢᠭᠦᠨ ᠰᠣᠩᠭᠣᠯᠲᠠ ᠪᠣᠯᠤᠭᠰᠠᠨ ᠪᠠᠢᠨ᠎ᠠ ᠁ ᠦᠨᠳᠦᠰᠦᠲᠡᠨ᠎ᠨᠦᠭᠦᠳ ᠠᠬ᠎ᠠ ᠳᠡᠭᠦᠦ ᠲᠦᠷᠦᠯ ᠰᠠᠳᠤᠨ ᠪᠣᠯᠤᠯᠴᠠᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠡᠬᠡ ᠤᠯᠤᠰ᠎ᠤᠨ ᠬᠢᠯᠢ ᠬᠢᠵᠠᠭᠠᠷ᠎ᠢ ᠬᠠᠮᠲᠦ᠎ᠪᠠᠷ ᠰᠠᠬᠢᠨ ᠬᠠᠮᠠᠭᠠᠯᠠᠵᠤ ᠂ ᠰᠠᠶᠢᠨ ᠰᠠᠶᠢᠬᠠᠨ ᠠᠮᠢᠳᠤᠷᠠᠯ᠎ᠢ ᠬᠠᠮᠲᠤ᠎ᠪᠠᠷ ᠴᠣᠭᠴᠠᠯᠠᠨ ᠪᠠᠶᠢᠭᠤᠯᠵᠤ ᠂ ᠬᠠᠮᠲᠤ᠎ᠪᠠᠷ ᠪᠦᠯᠬᠦᠮᠳᠡᠨ ᠲᠡᠮᠡᠴᠡᠵᠦ ᠂ ᠬᠠᠮᠲᠤ᠎ᠪᠠᠷ ᠴᠡᠴᠡᠭᠯᠡᠨ ᠬᠥᠭᠵᠢᠨ᠎ᠠ ᠃ ᠵᠠᠷᠢᠮ ᠲᠡᠦᠬᠡ᠎ᠶᠢᠨ ᠤᠬᠠᠭᠠᠨᠲᠠᠨ᠎ᠡᠴᠠ ᠂ ᠦᠨᠤᠳᠤᠷ᠎ᠤᠨ ᠦᠪᠤᠷ ᠮᠤᠡᠭᠭᠤᠯ᠎ᠤᠨ ᠦᠷᠨᠢᠨ ᠬᠦᠭᠵᠢᠯᠳᠠ ᠂ ᠡᠶ᠎ᠠ ᠵᠤᠬᠢᠴᠠᠡᠭᠭᠤᠢ ᠠᠮᠤᠷ ᠲᠤᠭᠳᠠᠭᠤᠨ ᠪᠠᠢᠭ᠎ᠠ᠎ᠨᠢ ᠦᠨᠳᠦᠰᠦᠲᠡᠨ᠎ᠤ ᠰᠣᠯᠢᠯᠴᠠᠭ᠎ᠠ ᠠᠭᠤᠰᠤᠯᠴᠠᠯ ᠪᠠ ᠬᠠᠮᠲᠤ᠎ᠶᠢᠨ ᠬᠦᠭᠵᠢᠯᠳᠠ᠎ᠶᠢᠨ ᠦᠷ᠎ᠡ ᠪᠦᠳᠤᠮᠵᠢ ᠪᠤᠯᠤᠨ᠎ᠠ ᠭᠡᠵᠡᠭᠡᠨ᠎ᠠ ᠃

︵ ᠬᠣᠶᠠᠷ ︶ ᠲᠡᠤᠬᠡ᠎ᠡᠴᠠ ᠪᠢᠳᠡ ᠶᠠᠭᠤ ᠮᠡᠳᠡᠬᠦ ᠪᠤᠢ ︖

ᠤᠯᠠᠭᠠᠨᠬᠠᠳᠠ ᠬᠣᠲᠠ᠎ᠶᠢᠨ ᠸᠧᠶ ᠤᠪᠤᠭᠳᠠᠨ᠎ᠤ ᠤᠪᠤᠡᠭ᠎ᠤᠨ ᠪᠠᠭᠤᠷᠢ᠎ᠡᠴᠠ ᠤᠯᠳᠠᠭᠰᠠᠨ ᠨᠠᠷᠢᠮᠦ ᠬᠢᠭᠡᠳ ᠰᠢᠯᠤᠬᠡᠢ᠎ᠶᠢᠨ ᠦᠷ᠎ᠠ ᠂ ᠰᠢᠩ ᠯᠦᠩ ᠸᠠ ᠰᠣᠶᠣᠯ᠎ᠤᠨ ᠪᠠᠭᠤᠷᠢ᠎ᠶᠢ ᠳᠤᠮᠳᠠᠳᠤ ᠤᠯᠤᠰ᠎ᠤᠨ ᠬᠠᠭᠤᠴᠢ ᠰᠤᠳᠤᠯᠤᠯ᠎ᠤᠨ᠎ᠬᠢᠨ ︽ ᠬᠤᠸᠠᠰᠢᠶᠠ᠎ᠶᠢᠨ ᠨᠢᠭᠡᠳᠦᠭᠡᠷ ᠲᠣᠰᠬᠣᠨ ︾ ᠬᠡᠮᠡᠨ ᠨᠡᠷᠡᠢᠲᠦᠭᠰᠡᠨ ᠂ ︽ ᠳᠤᠮᠳᠠᠳᠤ᠎ᠶᠢᠨ ᠠᠡᠭᠬᠠᠨ᠎ᠤ ᠯᠣᠣ ︾᠎ᠶᠢᠨ ᠲᠠᠯ᠎ᠠ ᠨᠤᠳᠤᠭ᠎ᠲᠠᠬᠢ ᠢᠯᠡᠷᠡᠭᠦᠯᠦᠯ ᠪᠤᠯᠤᠨ ᠬᠠᠮᠠᠭᠠᠯᠠᠯᠲᠠ ᠂ ᠰᠢᠨ᠎ᠡ ᠴᠢᠯᠠᠭᠤᠨ ᠵᠡᠪᠰᠡᠭ᠎ᠤᠨ ᠦᠶ᠎ᠡ᠎ᠶᠢᠨ ᠬᠥᠮᠦᠨ ᠲᠥᠷᠥᠯᠬᠢᠲᠡᠨ᠎ᠤ ᠣᠷᠣᠨ ᠰᠠᠭᠤᠴᠠ᠎ᠶᠢᠨ ᠪᠠᠭᠤᠷᠢ᠎ᠶᠢ ᠬᠥᠪᠡᠭᠡᠲᠦ ᠰᠢᠷ᠎ᠠ ᠬᠣᠰᠢᠭᠤᠨ᠎ᠳ᠋ᠤ ᠢᠯᠡᠷᠡᠭᠦᠯᠦᠭᠰᠡᠨ ᠁ ᠡᠲᠡᠭᠡᠷ ᠬᠠᠭᠤᠴᠢ ᠰᠤᠳᠤᠯᠤᠯ᠎ᠤᠨ ᠢᠯᠡᠷᠡᠭᠦᠯᠦᠯ᠎ᠨᠢ ᠲᠡᠦᠬᠡ᠎ᠡᠴᠠ ᠡᠮᠦᠨᠡᠬᠢ ᠪᠣᠯᠪᠠᠰᠤᠨ᠎ᠤ ᠰᠣᠯᠢᠯᠴᠠᠭ᠎ᠠ ᠲᠠᠮᠵᠢᠭᠤᠯᠭ᠎ᠠ ᠬᠥᠭᠵᠢᠯᠲᠡ᠎ᠶᠢᠨ ᠲᠡᠦᠬᠡᠨ ᠠᠬᠤᠢ ᠪᠠᠶᠢᠳᠠᠯ᠎ᠢ ᠨᠢᠳᠦᠨ ᠡᠮᠦᠨ᠎ᠡ ᠲᠡᠯᠭᠡᠪᠡ ᠃

ᠤᠷᠳᠤ ᠤᠳᠠᠭᠠᠨ ᠲᠡᠦᠬᠡᠨ ᠤᠷᠤᠰᠢᠯ᠎ᠳ᠋ᠤ ᠂ ᠠᠳᠠᠯᠢ ᠪᠤᠰᠤ ᠴᠠᠬ ᠦᠶ᠎ᠡ᠎ᠳ᠋ᠠᠬᠢ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠎ᠤᠨ ᠲᠡᠦᠬᠡ᠎ᠨᠢ ᠲᠠᠰᠤᠷᠠᠯᠳᠠ ᠦᠭᠡᠢ ᠪᠢᠴᠢᠭᠯᠡᠭᠲᠡᠭᠰᠡᠨ ᠶᠤᠮ ᠃

ᠲᠡᠦᠬᠡ᠎ᠶᠢᠨ ᠬᠥᠰᠢᠭᠡ᠎ᠶᠢ ᠰᠡᠬᠦᠪᠡᠯ ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠡᠪᠲᠡᠷᠡᠯᠴᠡᠭᠡ᠎ᠨᠢ ᠢᠮᠠᠭᠲᠠ ᠥᠪᠥᠷ ᠮᠣᠩᠭᠣᠯ᠎ᠤᠨ ᠡᠨᠡ ᠬᠦ ᠨᠤᠲᠤᠭ ᠳᠡᠪᠢᠰᠬᠡᠷ ᠳᠡᠭᠡᠷᠡᠬᠢ ᠦᠨᠳᠦᠰᠦᠲᠡᠨ᠎ᠨᠦᠭᠦᠳ᠎ᠤᠨ ᠬᠥᠭᠵᠢᠯᠲᠡ᠎ᠶᠢᠨ ᠤᠷᠤᠭᠰᠢᠯᠠᠯᠳᠠ᠎ᠶᠢᠨ ᠭᠣᠣᠯ ᠬᠦᠭ ᠠᠶᠠᠰ ᠪᠤᠯᠤᠭᠰᠠᠭᠠᠷ ᠢᠷᠡᠭᠰᠡᠨ ᠭᠡᠳᠡᠭ᠎ᠢ ᠤᠢᠯᠠᠭᠠᠵᠤ ᠪᠤᠯᠤᠨ᠎ᠠ ᠃

ᠡᠨᠡ ᠬᠦ ᠨᠤᠲᠤᠭ ᠳᠡᠪᠢᠰᠬᠡᠷ᠎ᠲᠤ ᠂ ᠦᠨᠳᠦᠰᠦᠲᠡᠨ᠎ᠨᠦᠭᠦᠳ ᠨᠡᠭᠦᠳᠡᠯᠯᠡᠬᠦ ᠂ ᠠᠷᠠᠯᠵᠢᠶ᠎ᠠ ᠮᠠᠢᠮᠠᠢ ᠬᠢᠬᠦ ᠂ ᠤᠷᠤᠭ ᠬᠤᠷᠢᠮ ᠬᠢᠬᠦ ᠂ ᠵᠦᠷᠢᠴᠡᠯᠲᠦᠨ ᠮᠥᠷᠭᠥᠯᠳᠦᠬᠦ ᠂ ᠴᠢᠨᠠᠭᠰᠢᠯᠠᠪᠠᠯ ᠲᠠᠢᠨ ᠲᠠᠵᠢᠨ ᠬᠢᠬᠦ ᠵᠡᠷᠭᠡ ᠶᠠᠪᠤᠴᠠ᠎ᠶᠢ ᠥᠩᠭᠡᠷᠡᠬᠦᠯᠵᠦ ᠂ ᠶᠡᠬᠡ᠎ᠪᠠᠷ ᠬᠣᠯᠢᠯᠳᠤᠨ ᠰᠠᠭᠤᠷᠢᠰᠢᠵᠤ ᠂ ᠪᠠᠭ᠎ᠠ᠎ᠪᠠᠷ ᠲᠥᠪᠯᠡᠷᠡᠨ ᠰᠠᠭᠤᠷᠢᠰᠢᠭᠰᠠᠨ ᠲᠠᠷᠬᠠᠯᠲᠠ᠎ᠶᠢᠨ ᠪᠠᠶᠢᠷᠢᠰᠢᠯ᠎ᠢ ᠪᠦᠷᠢᠯᠳᠦᠭᠦᠯᠵᠦ ᠂ ᠬᠠᠮᠳᠦ᠎ᠳᠠᠭᠠᠨ ᠣᠷᠣᠰᠢᠨ ᠠᠮᠢᠳᠤᠷᠠᠬᠰᠠᠭᠠᠷ ᠢᠷᠡᠵᠡᠢ ᠃

ᠡᠨᠡ ᠬᠦ ᠨᠤᠲᠤᠭ ᠳᠡᠪᠢᠰᠬᠡᠷ᠎ᠲᠤ ᠂ ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠲᠣᠯᠢ ᠪᠤᠯᠭᠠᠵᠦ ᠂ ᠬᠠᠷᠢᠯᠴᠠᠨ ᠨᠡᠪᠲᠡᠷᠡᠯᠴᠡᠵᠦ ᠂ ᠦᠭᠡ ᠬᠡᠯᠡ᠎ᠪᠠᠨ ᠬᠠᠷᠢᠯᠴᠠᠨ ᠰᠤᠷᠤᠯᠴᠠᠵᠤ ᠂ ᠬᠠᠷᠢᠯᠴᠠᠨ ᠨᠥᠯᠥᠭᠡᠯᠡᠵᠦ ᠂ ᠵᠠᠩ ᠳᠠᠳᠬᠠᠯ᠎ᠢᠶᠡᠨ ᠬᠠᠷᠢᠯᠴᠠᠨ ᠬᠦᠯᠢᠶᠡᠨ ᠠᠪᠴᠤ ᠂ ᠬᠠᠷᠢᠯᠴᠠᠨ ᠬᠦᠨᠳᠦᠳᠬᠡᠵᠦ ᠂ ᠥᠷᠭᠡᠨ ᠳᠡᠯᠭᠡᠷ ᠭᠦᠨ ᠭᠦᠨᠵᠡᠭᠡᠶ ᠰᠤᠶᠤᠯ᠎ᠤᠨ ᠪᠠᠢᠳᠠᠯ᠎ᠢ ᠪᠣᠶ ᠪᠣᠯᠭᠠᠵᠤ ᠂ ᠨᠡᠶᠢᠭᠡᠮ᠎ᠤᠨ ᠬᠥᠭᠵᠢᠯᠲᠡ ᠳᠠᠪᠰᠢᠯᠲᠠ᠎ᠶᠢ ᠠᠬᠢᠭᠤᠯᠵᠠᠶ ᠃ ᠤᠯᠠᠨ ᠡᠰᠢᠲᠦ ᠨᠢᠭᠡ ᠴᠤᠭᠴᠠᠵᠢᠭᠰᠠᠨ ᠰᠣᠶᠣᠯ᠎ᠤᠨ ᠠᠭᠤᠰᠤᠯᠴᠠᠯ᠎ᠨᠢ ᠦᠨᠳᠦᠰᠦᠲᠡᠨ᠎ᠨᠦᠭᠦᠳ᠎ᠤᠨ ᠤᠢᠷ᠎ᠠ ᠳᠣᠲᠣᠨᠤᠴᠢᠯᠠᠬᠤ ᠪᠠ ᠠᠭᠤᠰᠤᠯᠴᠠᠬᠤ᠎ᠶᠢᠨ ᠬᠦᠴᠦᠷᠬᠡᠭ ᠶᠡᠬᠡ ᠤᠶᠤᠨ ᠰᠠᠨᠠᠭᠠᠨ᠎ᠤ ᠬᠣᠯᠪᠣᠭᠠᠰᠤ ᠪᠣᠯᠪᠠ ᠃

ᠡᠨᠡ ᠬᠦ ᠨᠤᠲᠤᠭ ᠳᠡᠪᠢᠰᠬᠡᠷ᠎ᠲᠤ ᠂ ᠦᠨᠳᠦᠰᠦᠲᠡᠨ᠎ᠨᠦᠭᠦᠳ᠎ᠤᠨ ᠬᠣᠭᠣᠷᠣᠨᠳᠣ ᠠᠯᠢ ᠡᠷᠲᠡ᠎ᠡᠴᠠ ᠨᠢᠭᠲᠠ ᠪᠦᠭᠡᠳ ᠥᠷᠭᠡᠨ ᠳᠡᠯᠭᠡᠷ ᠂ ᠬᠠᠷᠢᠯᠴᠠᠨ ᠨᠥᠬᠥᠪᠥᠷᠢᠯᠡᠵᠦ ᠬᠠᠷᠢᠯᠴᠠᠨ ᠲᠤᠰᠠᠯᠠᠯᠴᠠᠬᠤ ᠠᠵᠤ ᠠᠬᠤᠢ᠎ᠶᠢᠨ ᠬᠠᠷᠢᠯᠴᠠᠭ᠎ᠠ ᠪᠤᠢ ᠪᠤᠯᠵᠤ ᠂ ᠲᠠᠯ᠎ᠠ ᠨᠤᠲᠤᠭ᠎ᠤᠨ ᠲᠣᠷᠭᠠᠨ ᠵᠠᠮ ᠂ ᠬᠢᠯᠢ ᠬᠢᠵᠠᠭᠠᠷ᠎ᠤᠨ ᠬᠤᠳᠠᠯᠳᠤᠭᠠᠨ᠎ᠤ ᠵᠠᠬ᠎ᠠ ᠁ ᠨᠢᠭᠡᠳᠦᠭᠰᠡᠨ ᠦᠶ᠎ᠠ ᠡᠰᠡᠬᠦᠯ᠎ᠠ ᠬᠡᠰᠡᠭᠯᠡᠨ ᠲᠤᠭᠳᠠᠨᠢᠭᠰᠠᠨ ᠦᠶ᠎ᠠ᠎ᠳ᠋ᠤ ᠴᠦ ᠂ ᠠᠵᠤ ᠠᠬᠤᠢ᠎ᠶᠢᠨ ᠪᠠᠢᠭᠠᠯᠢᠯᠢᠭ ᠬᠠᠷᠢᠴᠠᠭ᠎ᠠ ᠪᠦᠷ ᠲᠠᠰᠤᠯᠳᠠᠵᠤ ᠥᠩᠭᠡᠷᠡᠭᠡᠳᠤᠢ ᠃ ᠡᠨᠡ ᠬᠦ ᠬᠠᠷᠢᠯᠴᠠᠨ ᠬᠡᠷᠡᠭᠰᠡᠬᠦ ᠂ ᠰᠠᠯᠵᠤ ᠪᠣᠯᠤᠰᠢ ᠦᠭᠡᠢ ᠠᠮᠢᠳᠤᠷᠠᠯ᠎ᠤᠨ ᠬᠠᠷᠢᠯᠴᠠᠭ᠎ᠠ᠎ᠨᠢ ᠦᠨᠳᠦᠰᠦᠲᠡᠨ᠎ᠤ ᠬᠠᠷᠢᠴᠠᠭᠠᠨ᠎ᠤ ᠡᠳᠦᠷ ᠢᠷᠡᠬᠦᠶ᠎ᠡ ᠨᠢᠭᠲᠠ ᠪᠣᠯᠬᠤ᠎ᠳ᠋ᠤ ᠪᠠᠲᠤ ᠪᠡᠬᠢ ᠰᠠᠭᠤᠷᠢ᠎ᠶᠢ ᠲᠠᠯᠪᠢᠵᠤ ᠥᠭᠭᠦᠭᠰᠡᠨ ᠪᠠᠶᠢᠨ᠎ᠠ ᠃

ᠡᠨᠡ ᠬᠦ ᠨᠤᠲᠤᠭ ᠳᠡᠪᠢᠰᠬᠡᠷ᠎ᠲᠤ ᠂ ᠦᠨᠳᠦᠰᠦᠲᠡᠨ᠎ᠨᠦᠭᠦᠳ ᠳᠤᠮᠳᠠᠳᠤ ᠤᠯᠤᠰ ᠪᠠ ᠳᠤᠮᠳᠠᠳᠤ᠎ᠶᠢᠨ ᠦᠨᠳᠦᠰᠦᠲᠡᠨ᠎ᠢ ᠭᠦᠨᠵᠡᠭᠡᠢ ᠮᠡᠳᠡᠷᠡᠵᠦ ᠢᠷᠡᠵᠡᠢ ᠃ ᠢᠯᠠᠩᠭᠤᠶ᠎ᠠ 1840 ᠣᠨ᠎ᠡᠴᠠ ᠨᠠᠭᠠᠰᠢ ᠂ ᠮᠥᠬᠥᠯ᠎ᠡᠴᠠ ᠠᠪᠤᠷᠠᠵᠤ ᠣᠷᠣᠰᠢᠨ ᠲᠣᠭᠲᠠᠨᠢᠬᠤ ᠂ ᠤᠯᠤᠰ ᠣᠷᠣᠨ᠎ᠢᠶᠡᠨ ᠬᠠᠮᠠᠭᠠᠯᠠᠬᠤ ᠬᠠᠮᠲᠤ᠎ᠶᠢᠨ ᠡᠭᠦᠷᠭᠡ᠎ᠨᠢ ᠦᠨᠳᠦᠰᠦᠲᠡᠨ᠎ᠨᠦᠭᠦᠳ᠎ᠢ ᠬᠠᠷᠭᠢᠰ ᠳᠠᠶᠢᠰᠤᠨ᠎ᠢ ᠬᠠᠮᠲᠤ᠎ᠪᠠᠷ ᠬᠣᠷᠣᠰᠬᠤ ᠂ ᠭᠠᠳᠠᠭᠠᠳᠤ᠎ᠶᠢᠨ ᠳᠠᠷᠤᠯᠠᠯ᠎ᠢ ᠬᠠᠮᠲᠤ᠎ᠪᠠᠷ ᠡᠰᠡᠷᠭᠦᠴᠡᠬᠦ ᠂ ᠦᠨᠳᠦᠰᠦᠲᠡᠨ᠎ᠤ ᠲᠤᠰᠠᠭᠠᠷ ᠲᠣᠭᠲᠠᠨᠢᠯ ᠪᠠ ᠴᠢᠯᠥᠭᠡᠯᠡᠯᠲᠡ᠎ᠶᠢ ᠲᠡᠮᠡᠴᠡᠨ ᠤᠯᠬᠤ ᠬᠤᠪᠢᠰᠬᠠᠯ᠎ᠤᠨ ᠶᠡᠬᠡ ᠤᠷᠤᠰᠬᠠᠯ᠎ᠳ᠋ᠤ ᠣᠷᠣᠯᠴᠠᠭᠤᠯᠵᠦ ᠂ ᠴᠢᠰᠤ᠎ᠪᠠᠨ ᠬᠠᠮᠲᠦ ᠤᠷᠤᠰᠬᠠᠨ ᠂ ᠰᠡᠳᠬᠢᠯ᠎ᠢᠶᠡᠨ ᠨᠢᠭᠡᠳᠬᠡᠵᠦ ᠂ ᠦᠬᠦᠵᠦ ᠰᠡᠬᠡᠬᠦ᠎ᠪᠠᠨ ᠬᠠᠮᠲᠤᠳᠬᠠᠭᠰᠠᠨ ᠰᠠᠯᠵᠤ ᠪᠣᠯᠤᠰᠢ ᠦᠭᠡᠢ ᠬᠤᠪᠢ ᠵᠠᠶᠠᠭᠠᠨ᠎ᠤ ᠬᠠᠮᠲᠤ ᠴᠣᠭᠴᠠ᠎ᠶᠢ ᠪᠤᠢ ᠪᠤᠯᠭᠠᠪᠠ ᠃

ᠲᠡᠦᠬᠡ ᠶᠠᠮᠠᠷᠪᠠ ᠰᠢᠷᠦᠬᠦᠨ ᠮᠠᠷᠭᠤᠭᠠᠨ᠎ᠡᠴᠠ ᠢᠯᠡᠭᠦᠦ ᠦᠨᠡᠨ ᠪᠠᠶᠢᠳᠠᠯ᠎ᠢ ᠢᠯᠡᠷᠡᠭᠦᠯᠵᠦ ᠂ ᠰᠡᠩᠬᠡᠷᠡᠭᠦᠯᠦᠯ ᠦᠯᠡᠳᠡᠭᠡᠳᠡᠭ ᠃ ᠣᠯᠠᠨ ᠡᠰᠢᠲᠦ᠎ᠡᠴᠠ ᠨᠢᠭᠡ ᠴᠣᠭᠴᠠ ᠪᠣᠯᠵᠤ ᠂ ᠴᠢᠯᠥᠭᠡᠲᠡᠶ ᠪᠠᠶᠢᠭᠰᠠᠨ᠎ᠡᠴᠠ ᠤᠬᠠᠮᠰᠠᠷ᠎ᠲᠠᠢ ᠪᠣᠯᠤᠬᠰᠠᠨ ᠵᠠᠭᠤ ᠮᠢᠩᠭᠠᠨ ᠵᠢᠯ᠎ᠤᠨ ᠲᠡᠤᠬᠡᠨ ᠬᠥᠭᠵᠢᠯᠲᠡ᠎ᠳ᠋ᠠᠬᠢ ᠲᠣᠭ᠎ᠠ ᠲᠣᠮᠰᠢ ᠦᠭᠡᠶ ᠪᠣᠳᠠᠲᠤ ᠶᠠᠪᠤᠳᠠᠯ᠎ᠡᠴᠠ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠠᠨᠠᠷ᠎ᠤᠨ ᠦᠷ᠎ᠠ ᠰᠢᠭ ᠨᠢᠭᠲᠠᠷᠠᠭᠤᠯᠤᠭᠰᠠᠨ᠎ᠨᠢ ᠮᠠᠨ᠎ᠤ ᠬᠠᠮᠲᠤ᠎ᠪᠠᠷ ᠡᠭᠦᠳᠦᠨ ᠪᠦᠲᠦᠭᠡᠭᠰᠡᠨ ᠰᠠᠶᠢᠨ ᠰᠠᠶᠢᠬᠠᠨ ᠭᠡᠷ ᠣᠷᠣᠨ ᠂ ᠪᠢᠳᠡᠨ᠎ᠤ ᠬᠠᠮᠲᠤ᠎ᠪᠠᠷ ᠥᠩᠭᠡᠷᠡᠭᠦᠯᠦᠭᠰᠡᠨ ᠶᠡᠷᠦ ᠪᠤᠰᠤ᠎ᠶᠢᠨ ᠲᠡᠮᠡᠴᠡᠯ ᠂ ᠬᠠᠮᠲᠤ᠎ᠪᠠᠷ ᠪᠤᠢ ᠪᠤᠯᠭᠠᠭᠰᠠᠨ ᠦᠨᠳᠦᠰᠦᠲᠡᠨ᠎ᠤ ᠵᠣᠷᠢᠭ ᠰᠠᠨᠠᠭ᠎ᠠ ᠂ ᠬᠠᠮᠲᠤ᠎ᠪᠠᠷ ᠪᠠᠲᠦ ᠰᠠᠬᠢᠬᠰᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠡᠴᠠ ᠢᠷᠡᠯᠲᠡᠢ ᠶᠤᠮ ᠭᠡᠳᠡᠭ᠎ᠢ ᠬᠠᠷᠠᠭᠤᠯᠤᠯ᠎ᠠ ᠃

︵ ᠭᠤᠷᠪᠠ ︶ ᠰᠢᠨᠵᠢᠯᠡᠬᠦ ᠤᠬᠠᠭᠠᠨ᠎ᠤ ᠬᠡᠢ ᠪᠤᠳᠤᠯ᠎ᠤᠨ ᠺᠢᠨᠣ᠋ ︽ ᠲᠡᠨᠦᠬᠦᠯ ᠪᠥᠮᠪᠥᠷᠴᠡᠭ ︾᠎ᠲᠤ ᠂ ᠳᠡᠯᠡᠬᠡᠶ᠎ᠶᠢᠨ ᠪᠥᠮᠪᠥᠷᠴᠡᠭ ᠯᠤᠲᠤ ᠶᠡᠬᠡ ᠭᠠᠶ ᠭᠠᠮᠰᠢᠭ᠎ᠲᠤ ᠲᠤᠬᠢᠶᠠᠯᠳᠤᠬᠤ ᠦᠶ᠎ᠡ᠎ᠳ᠋ᠤ ᠬᠥᠮᠦᠨ ᠲᠥᠷᠥᠯᠬᠢᠲᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠂ ᠴᠠᠭ᠎ᠤᠨ ᠪᠡᠷᠬᠡ᠎ᠶᠢ ᠬᠠᠮᠲᠤ᠎ᠪᠠᠷ ᠲᠤᠭᠤᠯᠬᠤ ᠵᠣᠷᠢᠭ ᠰᠠᠨᠠᠭ᠎ᠠ᠎ᠪᠠᠷ ᠬᠠᠮᠲᠤ᠎ᠶᠢᠨ ᠭᠡᠷ ᠣᠷᠣᠨ᠎ᠢᠶᠡᠨ ᠬᠠᠮᠠᠭᠠᠯᠠᠬᠤ ᠲᠤᠬᠠᠢ ᠦᠯᠢᠭᠡᠷ᠎ᠢ ᠶᠠᠷᠢᠵᠠᠢ ᠃ ᠲᠤᠰ ᠦᠯᠢᠭᠡᠷ᠎ᠨᠢ ᠠᠶᠤᠯ ᠲᠦᠭᠰᠢᠭᠦᠷᠢᠲᠦ ᠴᠠᠭ ᠮᠥᠴᠡ᠎ᠳ᠋ᠤ ᠂ ᠬᠠᠮᠲᠤ ᠴᠣᠭᠴᠠ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠬᠤ ᠪᠣᠯ ᠪᠢᠳᠡᠨ᠎ᠤ ᠴᠤᠷ᠎ᠤᠨ ᠭᠠᠭᠴᠠ ᠵᠥᠪ ᠰᠣᠩᠭᠣᠯᠲᠠ ᠮᠥᠨ ᠭᠡᠳᠡᠭ ᠪᠤᠷᠤᠬᠵᠢᠭᠤᠨ ᠦᠨᠡᠨ ᠶᠣᠰᠣ᠎ᠶᠢ ᠢᠯᠡᠷᠡᠭᠦᠯᠪᠡ ᠃

ᠲᠡᠦᠬᠡ᠎ᠶᠢᠨ ᠴᠠᠭ᠎ᠤᠨ ᠵᠡᠭᠦᠦ᠎ᠶᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ᠎ᠡᠴᠠ ᠡᠮᠦᠨᠡᠬᠢ ᠴᠠᠭ ᠦᠶ᠎ᠡ᠎ᠳ᠋ᠤ ᠬᠦᠷᠬᠡᠪᠡᠯ ᠂ ᠨᠡᠯᠦᠭᠡᠷ ᠠᠭᠤᠳᠠᠮ ᠲᠠᠯ᠎ᠠ ᠨᠤᠲᠤᠭ ᠲᠦᠨᠡᠷ ᠬᠠᠷᠠᠩᠭᠤᠶ ᠪᠠᠢᠵᠦ ᠂ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠤᠷᠲᠤ ᠬᠤᠭᠤᠴᠠᠭ᠎ᠠ᠎ᠪᠠᠷ ᠬᠥᠳᠡᠯᠮᠦᠷᠢᠯᠡᠵᠦ ᠠᠮᠢᠳᠤᠷᠠᠵᠤ ᠪᠠᠶᠢᠭ᠎ᠠ ᠦᠨᠳᠦᠰᠦᠲᠡᠨ᠎ᠨᠦᠭᠦᠳ᠎ᠤᠨ ᠠᠷᠠᠳ ᠲᠦᠮᠡᠨ ︽ ᠭᠤᠷᠪᠠᠨ ᠶᠡᠬᠡ ᠠᠭᠤᠯᠠ ︾ ᠪᠣᠯᠤᠨ ᠦᠨᠳᠦᠰᠦᠲᠡᠨ᠎ᠤ ᠳᠣᠲᠣᠭᠠᠳᠤ᠎ᠶᠢᠨ ᠲᠡᠷᠰᠯᠡᠭᠦᠦ ᠬᠦᠴᠦᠨ᠎ᠤ ᠬᠠᠷᠭᠢᠰ ᠬᠡᠷᠴᠡᠭᠡᠶ ᠳᠠᠷᠤᠯᠠᠯ ᠮᠥᠯᠵᠢᠯ᠎ᠢ ᠠᠮᠰᠠᠵᠤ ᠂ ᠭᠠᠯ ᠤᠰᠤ᠎ᠶᠢᠨ ᠳᠤᠮᠳᠠ ᠲᠡᠯᠴᠢᠯᠠᠨ ᠣᠷᠣᠰᠢᠵᠤ ᠪᠠᠶᠢᠵᠠᠢ ᠃ ᠲᠡᠤᠬᠡ᠎ᠶᠢᠨ ᠤᠬᠠᠭᠠᠨᠲᠠᠨ ᠡᠶᠢᠮᠦᠷᠬᠦᠤ ᠪᠠᠶᠢᠳᠠᠯ᠎ᠢ ᠢᠩᠬᠢᠵᠦ ᠲᠦᠷᠰᠦᠯᠡᠪᠡ ᠄ ᠠᠵᠤ ᠠᠬᠤᠶ ᠳᠤᠷᠤᠢᠳᠠᠵᠤ ᠂ ᠰᠣᠶᠣᠯ ᠬᠣᠴᠣᠷᠤᠩᠭᠤᠶ ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠨᠥᠬᠥᠴᠡᠯ ᠲᠤᠢᠯ᠎ᠤᠨ ᠮᠠᠭᠤ ᠂ ᠡᠯ᠎ᠡ ᠵᠦᠢᠯ᠎ᠤᠨ ᠬᠣᠤᠷᠲᠤ ᠬᠠᠯᠳᠠᠪᠤᠷᠢᠲᠤ ᠡᠪᠡᠳᠴᠢᠨ ᠂ ᠣᠷᠣᠨ ᠨᠤᠲᠤᠭ᠎ᠤᠨ ᠡᠪᠡᠳᠴᠢᠨ ᠵᠢᠯ ᠲᠤᠷᠰᠢ ᠲᠠᠰᠤᠷᠠᠯᠲᠠ ᠦᠭᠡᠢ ᠳᠡᠯᠭᠡᠷᠡᠵᠦ ᠂ ᠬᠥᠮᠦᠨ ᠠᠮᠠ᠎ᠶᠢᠨ ᠲᠤᠭ᠎ᠠ ᠦᠳᠲᠡᠷ ᠲᠦᠷᠬᠡᠨ ᠪᠠᠭᠤᠷᠠᠵᠦ ᠂ ᠦᠨᠳᠦᠰᠦᠲᠡᠨ᠎ᠤ ᠦᠷᠭᠦᠯᠵᠢᠯᠡᠯ ᠬᠦᠨᠳᠦ ᠨᠣᠴᠢᠲᠠᠶ ᠰᠦᠷᠳᠡᠭᠦᠯᠦᠯ᠎ᠳ᠋ᠤ ᠤᠴᠠᠷᠠᠪᠠ ᠃

1929 ᠣᠨ᠎ᠤ ᠵᠤᠨ ᠂ ᠠᠮᠧᠷᠢᠺᠠ᠎ᠶᠢᠨ ᠰᠤᠷᠪᠤᠯᠵᠢᠯᠠᠭᠴᠢ ᠰᠡᠨᠣᠸ ᠥᠪᠥᠷ ᠮᠣᠩᠭᠣᠯ ᠣᠷᠣᠨ᠎ᠳ᠋ᠤ ᠭᠦᠨᠵᠡᠭᠡᠶᠢᠷᠡᠨ ᠪᠠᠶᠢᠴᠠᠭᠠᠵᠤ ᠰᠤᠷᠪᠤᠯᠵᠢᠯᠠᠬᠤ᠎ᠳᠠᠭᠠᠨ ᠲᠦᠭ ᠲᠦᠮᠡᠨ ᠬᠥᠮᠦᠨ ᠥᠯᠪᠡᠷᠴᠦ ᠦᠬᠦᠭᠰᠡᠨ ᠬᠠᠷᠠᠰᠠᠯᠲᠤ ᠪᠠᠶᠢᠳᠠᠯ᠎ᠢ ᠨᠢᠳᠦ᠎ᠪᠠᠷ᠎ᠢᠶᠡᠨ ᠦᠵᠡᠪᠡ ᠃ ᠲᠡᠷᠡ ᠭᠤᠨᠢᠭ ᠬᠣᠷᠣᠰᠤᠯ᠎ᠲᠠᠢ᠎ᠪᠠᠷ ᠪᠢᠴᠢᠭᠰᠡᠨ ︽ ᠬᠣᠷᠢᠨ ᠲᠠᠪᠤᠨ ᠲᠦᠮᠡᠨ ᠬᠥᠮᠦᠨ᠎ᠢ ᠠᠪᠤᠷᠠᠶ᠎ᠠ ︾ ᠭᠡᠬᠦ ᠨᠣᠮ᠎ᠳᠠᠭᠠᠨ ᠄ ︽ ᠰᠦᠢᠶᠤᠸᠠᠨ ᠬᠤᠲᠠ᠎ᠳ᠋ᠤ ᠠᠶᠢᠯᠴᠢᠯᠠᠵᠦ ᠶᠠᠪᠤᠬᠤ᠎ᠳ᠋ᠤ ᠬᠥᠮᠦᠨ᠎ᠤ ᠶᠢᠷᠲᠢᠨᠴᠦ᠎ᠶᠢᠨ ᠵᠣᠪᠠᠭᠤᠷᠢ ᠵᠦᠳᠡᠭᠦᠷᠢ ᠪᠠ ᠲᠥᠭᠡᠷᠢᠭᠳᠡᠯ᠎ᠨᠢ ᠮᠢᠨᠦ ᠰᠡᠳᠬᠢᠯ᠎ᠤᠨ ᠭᠦᠨ᠎ᠢ ᠤᠷᠢᠳ ᠡᠮᠦᠨ᠎ᠠ ᠪᠠᠢᠭ᠎ᠠ ᠦᠬᠡᠢ᠎ᠪᠠᠷ ᠳᠤᠷᠬᠢᠭᠤᠯᠤᠬᠰᠠᠨ ᠪᠦᠬᠡᠳ ᠳᠠᠷᠤᠯᠳᠠ ᠪᠤᠯᠤᠬᠰᠠᠨ ᠶᠤᠮ ︾ ᠬᠡᠵᠦ ᠪᠢᠯᠡ ᠃

ᠬᠠᠷᠠᠩᠭᠤᠢ ᠰᠥᠨᠢ ᠤᠷᠲᠤ ᠪᠣᠯᠪᠠᠴᠤ ᠮᠠᠨᠳᠤᠬᠤ ᠨᠠᠷᠠᠨ᠎ᠢ ᠬᠠᠯᠬᠠᠯᠠᠵᠤ ᠴᠢᠳᠠᠰᠢ ᠦᠬᠡᠢ ᠂ ᠭᠡᠭᠡᠨ ᠰᠠᠷᠠᠭᠤᠯ᠎ᠢ ᠬᠤᠷᠢᠭᠠᠵᠦ ᠴᠢᠳᠠᠰᠢ ᠦᠭᠡᠢ ᠃

1935 ᠣᠨ᠎ᠤ 12 ᠰᠠᠷ᠎ᠠ᠎ᠳ᠋ᠤ ᠂ ᠲᠡᠷᠢᠭᠦᠯᠡᠭᠴᠢ ᠮᠠᠤ ᠽᠸ ᠳ᠋ᠦᠩ ︽ ᠥᠪᠥᠷ ᠮᠣᠩᠭᠣᠯ᠎ᠤᠨ ᠠᠷᠠᠳ ᠲᠦᠮᠡᠨ᠎ᠤ ᠲᠤᠬᠠᠶ ᠲᠤᠩᠬᠠᠭ ︾᠎ᠢ ᠨᠡᠶᠢᠲᠡᠯᠡᠵᠦ ᠂ ᠮᠣᠩᠭᠣᠯ ᠦᠨᠳᠦᠰᠦᠲᠡᠨ᠎ᠤ ᠠᠷᠠᠳ ᠲᠦᠮᠡᠨ᠎ᠢ ᠳᠡᠭᠡᠷᠡᠮᠳᠡᠭᠰᠡᠨ ᠠᠯᠢᠪᠠ ᠶᠠᠪᠤᠳᠠᠯ᠎ᠢ ᠡᠰᠡᠷᠭᠦᠴᠡᠵᠦ ᠂ ᠦᠨᠳᠦᠰᠦᠲᠡᠨ᠎ᠨᠦᠭᠦᠳ ᠡᠷᠬᠡ ᠲᠡᠭᠰᠢ ᠪᠠᠶᠢᠬᠤ᠎ᠶᠢ ᠡᠷᠬᠢᠮᠯᠡᠨ᠎ᠡ ᠭᠡᠵᠡᠢ ᠃ 1945 ᠣᠨ᠎ᠳ᠋ᠤ ᠂ ᠨᠠᠮ᠎ᠤᠨ ᠲᠥᠪ ᠬᠣᠷᠢᠶ᠎ᠠ᠎ᠡᠴᠠ ᠤᠯᠠᠭᠠᠨᠬᠦᠦ ᠵᠡᠷᠭᠡ ᠨᠢᠭᠡ ᠪᠦᠯᠦᠭ ᠮᠣᠩᠭᠣᠯ ᠦᠨᠳᠦᠰᠦᠲᠡᠨ ᠂ ᠬᠢᠲᠠᠳ ᠦᠨᠳᠦᠰᠦᠲᠡᠨ᠎ᠤ ᠺᠠᠳ᠋ᠷ᠎ᠢ ᠶᠠᠨ ᠠᠨ᠎ᠡᠴᠠ ᠥᠪᠥᠷ ᠮᠣᠩᠭᠣᠯ᠎ᠳ᠋ᠤ ᠲᠤᠮᠢᠯᠠᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠬᠣᠯᠪᠣᠭᠠᠲᠤ ᠬᠤᠷᠠᠯ᠎ᠢ ᠪᠠᠶᠢᠭᠤᠯᠵᠤ ᠂ ᠮᠣᠩᠭᠣᠯ ᠦᠨᠳᠦᠰᠦᠲᠡᠨ᠎ᠤ ᠡᠯ᠎ᠡ ᠳᠠᠪᠬᠤᠷᠭ᠎ᠠ ᠂ ᠬᠢᠲᠠᠳ ᠦᠨᠳᠦᠰᠦᠲᠡᠨ ᠵᠢᠴᠢ ᠪᠤᠰᠤᠳ ᠴᠥᠭᠡᠨ ᠲᠣᠭᠠᠲᠤ ᠦᠨᠳᠦᠰᠦᠲᠡᠨ᠎ᠤ ᠣᠯᠠᠨ ᠲᠦᠮᠡᠨ᠎ᠲᠠᠢ ᠬᠣᠯᠪᠣᠭᠠᠯᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠢ ᠬᠠᠮᠲᠤ᠎ᠪᠠᠷ ᠦᠷᠨᠢᠭᠦᠯᠵᠦ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠡᠴᠠ ᠤᠳᠤᠷᠢᠳᠤᠭᠰᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠬᠥᠳᠡᠯᠭᠡᠭᠡᠨ᠎ᠤ ᠶᠡᠬᠡ ᠲᠤᠭ᠎ᠢ ᠪᠤᠰᠬᠠᠪᠠ ᠃

1943 ᠣᠨ᠎ᠤ 7 ᠰᠠᠷ᠎ᠠ᠎ᠳ᠋ᠤ ᠂ ᠶᠠᠫᠣᠨ᠎ᠢ ᠡᠰᠡᠷᠭᠦᠴᠡᠭᠰᠡᠨ ᠮᠣᠩᠭᠣᠯ ᠦᠨᠳᠦᠰᠦᠲᠡᠨ᠎ᠤ ᠨᠡᠷᠡᠳᠦ ᠬᠥᠮᠦᠨ ᠨᠠᠰᠤᠨᠳᠠᠯᠭᠡᠷ ᠨᠠᠰᠤ ᠨᠥᠭᠴᠢᠬᠦ ᠦᠶ᠎ᠡ᠎ᠶᠢᠨ ᠭᠡᠷᠢᠶᠡᠰ᠎ᠲᠡᠭᠡᠨ ᠄ ︽ ᠳᠤᠮᠳᠠᠳᠤ ᠤᠯᠤᠰ᠎ᠤᠨ ᠡᠪ ᠬᠠᠮᠲᠤ ᠨᠠᠮ ᠵᠢᠴᠢ ᠲᠡᠭᠦᠨ᠎ᠤ ᠤᠳᠤᠷᠢᠳᠤᠭᠴᠢ ᠮᠠᠤ ᠽᠸ ᠳ᠋ᠦᠩ ᠠᠪᠤᠭᠠᠢ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠨᠠᠢᠮᠠᠳᠤᠭᠠᠷ ᠵᠠᠮ᠎ᠤᠨ ᠴᠡᠷᠢᠭ ᠪᠣᠯᠤᠨ ᠱᠠᠨᠰᠢ ᠭᠠᠨᠰᠦ ᠨᠢᠩᠰᠢᠶᠠ᠎ᠶᠢᠨ ᠬᠢᠵᠠᠭᠠᠷ ᠣᠷᠣᠨ᠎ᠨᠢ ᠮᠠᠨ᠎ᠤ ᠮᠣᠩᠭᠣᠯ ᠦᠨᠳᠦᠰᠦᠲᠡᠨ᠎ᠤ ᠴᠢᠯᠥᠭᠡᠯᠡᠯᠲᠡ᠎ᠶᠢ ᠵᠢᠯᠣᠭᠣᠳᠤᠨ ᠬᠠᠪᠰᠤᠷᠴᠤ ᠳᠡᠶᠢᠯᠬᠦ ᠴᠣᠷ᠎ᠤᠨ ᠭᠠᠭᠴᠠ ᠬᠦᠴᠦᠨ ᠮᠦᠨ ︾ ᠭᠡᠵᠡᠢ ᠃

1947 ᠣᠨ᠎ᠤ 5 ᠰᠠᠷ᠎ᠠ᠎ᠶᠢᠨ 1᠎ᠤ ᠡᠳᠦᠷ ᠂ ᠥᠪᠥᠷ ᠮᠣᠩᠭᠣᠯ᠎ᠳ᠋ᠤ ᠲᠩᠷᠢ ᠭᠠᠵᠠᠷ᠎ᠤᠨ ᠲᠤᠩᠰᠤᠯᠤᠯᠳᠠ ᠭᠠᠷᠤᠭᠰᠠᠨ ᠡᠳᠦᠷ ᠃ ᠡᠨᠡ ᠡᠳᠦᠷ ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠂ ᠮᠠᠨ᠎ᠤ ᠤᠯᠤᠰ᠎ᠤᠨ ᠠᠩᠬᠠᠳᠠᠭᠴᠢ ᠮᠤᠵᠢ᠎ᠶᠢᠨ ᠱᠠᠲᠤᠨ᠎ᠤ ᠴᠥᠭᠡᠨ ᠲᠣᠭᠠᠲᠤ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ᠎ᠢᠶᠡᠨ ᠲᠤᠩᠬᠠᠭᠯᠠᠪᠠ ᠃ ᠡᠭᠦᠨ᠎ᠡᠴᠠ ᠡᠬᠢᠯᠡᠨ ᠦᠷᠭᠡᠨ ᠠᠭᠤᠳᠠᠮ ᠲᠠᠯ᠎ᠠ ᠨᠤᠲᠤᠭ᠎ᠲᠤ ᠰᠢᠨ᠎ᠡ ᠳᠦᠷᠰᠦ ᠪᠠᠶᠢᠳᠠᠯ᠎ᠲᠠᠢ ᠪᠣᠯᠤᠭᠰᠠᠨ ᠴᠣ ᠰᠢᠨ᠎ᠡ ᠲᠡᠦᠬᠡᠨ ᠶᠠᠪᠤᠴᠠ᠎ᠶᠢ ᠡᠬᠢᠯᠡᠭᠦᠯᠵᠦ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ ᠡᠷᠬᠡ ᠲᠡᠭᠰᠢ ᠡᠷᠬᠡ ᠴᠢᠯᠥᠭᠡ᠎ᠲᠠᠢ ᠰᠠᠷᠠᠭᠤᠯ ᠳᠠᠷᠳᠠᠩ ᠵᠠᠮ᠎ᠢᠶᠠᠷ ᠵᠠᠮᠨᠠᠭᠰᠠᠨ ᠪᠠᠶᠢᠨ᠎ᠠ ᠃

ᠲᠦᠨᠡᠷ ᠬᠠᠷᠠᠩᠭᠤᠶ᠎ᠶᠢ ᠥᠩᠭᠡᠷᠡᠭᠡᠭᠰᠡᠨ ᠦᠭᠡᠢ ᠪᠣᠯ ᠭᠡᠭᠡᠨ ᠰᠠᠷᠠᠭᠤᠯ᠎ᠤᠨ ᠡᠷᠬᠢᠮ ᠨᠠᠨᠳᠢᠨ᠎ᠢ ᠤᠬᠠᠭᠠᠷᠠᠬᠤ ᠦᠭᠡᠢ ︔ ᠬᠠᠯᠠ ᠠᠮᠰᠠᠭᠰᠠᠨ ᠦᠭᠡᠢ ᠪᠣᠯ ᠡᠷᠬᠡ ᠲᠡᠭᠰᠢ᠎ᠶᠢᠨ ᠤᠳᠬ᠎ᠠ ᠠᠭᠤᠯᠭ᠎ᠠ᠎ᠶᠢ ᠣᠶᠢᠯᠠᠭᠠᠬᠤ ᠦᠭᠡᠢ ᠶᠤᠮ ᠃ ᠳᠤᠮᠳᠠᠳᠤ ᠤᠯᠤᠰ᠎ᠤᠨ ᠡᠪ ᠬᠠᠮᠲᠤ ᠨᠠᠮ ᠂ ᠲᠤᠬᠠᠢ᠎ᠶᠢᠨ ᠦᠶ᠎ᠡ᠎ᠳ᠋ᠤ ᠬᠠᠭᠠᠴᠠᠨ ᠵᠠᠳᠠᠷᠠᠵᠤ ᠂ ᠠᠷᠠᠳ ᠲᠦᠮᠡᠨ ᠠᠮᠢᠳᠤᠷᠠᠬᠤ᠎ᠶᠢᠨ ᠠᠷᠭ᠎ᠠ ᠦᠭᠡᠢ ᠪᠠᠶᠢᠭᠰᠠᠨ ᠪᠣᠳᠠᠲᠤ ᠪᠠᠶᠢᠳᠠᠯ᠎ᠢ ᠬᠤᠪᠢᠷᠠᠭᠤᠯᠵᠤ ᠂ ᠲᠦᠮᠡᠨ ᠤᠯᠠᠨ᠎ᠢᠶᠠᠷ᠎ᠢᠶᠡᠨ ᠰᠡᠳᠬᠢᠯ ᠨᠢᠭᠡᠳᠴᠦ ᠂ ᠬᠦᠴᠢᠷ ᠪᠡᠷᠭᠡ᠎ᠡᠴᠠ ᠬᠠᠯᠠᠰᠢᠷᠠᠬᠤ ᠦᠭᠡᠢ ᠬᠦᠴᠦᠷᠬᠡᠭ ᠶᠡᠬᠡ ᠨᠡᠢᠯᠡᠯ ᠬᠦᠴᠦᠨ᠎ᠢ ᠪᠤᠢ ᠪᠣᠯᠭᠠᠵᠤ ᠂ ᠦᠨᠳᠦᠰᠦᠲᠡᠨ᠎ᠤ ᠬᠤᠪᠢ ᠵᠠᠶᠠᠭᠠᠨ᠎ᠳ᠋ᠤ ᠡᠷᠬᠢᠯᠳᠡ ᠭᠠᠷᠭᠠᠵᠠᠢ ᠃

︽ ᠬᠠᠷᠠᠩᠭᠤᠢ ᠤᠬᠳᠠᠷᠭᠤᠢ᠎ᠶᠢ ᠬᠡᠢᠬᠦᠯᠬᠦ ᠰᠠᠷᠨ ᠰᠢᠭ᠋ ᠤᠮᠤᠬ ᠵᠤᠷᠢᠭ ᠂ ᠠᠳᠠᠪᠠᠰᠢ ᠬᠦᠴᠦᠳᠦ ᠠᠶᠤᠩᠭ᠎ᠠ ᠰᠠᠯᠬᠢᠨ ᠮᠡᠳᠦ ᠰᠦᠷ ᠬᠦᠴᠦᠨ ︾᠎ᠲᠠᠢ ᠳᠤᠮᠳᠠᠳᠤ ᠤᠯᠤᠰ᠎ᠤᠨ ᠡᠪ ᠬᠠᠮᠲᠤ ᠨᠠᠮ ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠡᠨᠡ ᠬᠦ ᠨᠤᠲᠤᠭ ᠳᠡᠪᠢᠰᠬᠡᠷ᠎ᠤᠨ ᠡᠵᠡᠨ ᠪᠣᠯᠭᠠᠵᠤ ᠂ ᠥᠪᠡᠷ᠎ᠤᠨ ᠭᠡᠷ ᠣᠷᠣᠨ᠎ᠤ᠎ᠪᠠᠨ ᠲᠥᠯᠥᠭᠡ ᠵᠢᠳᠭᠦᠬᠦ ᠤᠷᠮ᠎ᠠ ᠵᠣᠷᠢᠭ᠎ᠢ᠎ᠨᠢ ᠬᠦᠭᠵᠢᠭᠡᠵᠡᠢ ᠃

ᠪᠦᠬᠦ ᠵᠦᠢᠯ ᠶᠠᠭ ᠤᠯᠠᠭᠠᠨᠬᠦᠦ ᠨᠥᠬᠥᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠷᠪᠠᠨ ᠵᠢᠯ᠎ᠤᠨ ᠤᠢ᠎ᠶᠢ ᠳᠤᠷᠠᠰᠬᠠᠬᠤ ᠶᠡᠬᠡ ᠬᠤᠷᠠᠯ ᠳᠡᠭᠡᠷ᠎ᠡ ᠬᠡᠯᠡᠭᠰᠡᠨᠴᠢᠯᠡᠨ ᠄ ︽ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠦᠨᠳᠦᠰᠦᠲᠡᠨ ᠪᠠ ᠣᠷᠣᠨ᠎ᠤ ᠳᠣᠲᠣᠷᠠᠬᠢ ᠡᠯ᠎ᠡ ᠦᠨᠳᠦᠰᠦᠲᠡᠨ᠎ᠤ ᠠᠷᠠᠳ ᠲᠦᠮᠡᠨ ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯᠤᠨ ᠲᠥᠪ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠳᠣᠣᠷ᠎ᠠ ᠂ ᠦᠨᠳᠦᠰᠦᠲᠡᠨ᠎ᠤ ᠳᠠᠷᠤᠯᠠᠯ ᠪᠠ ᠠᠩᠬᠢ᠎ᠶᠢᠨ ᠳᠠᠷᠤᠯᠠᠯ᠎ᠡᠴᠠ ᠠᠩᠭᠢᠵᠢᠷᠠᠵᠤ ᠂ ᠭᠤᠷᠪᠠᠨ ᠵᠠᠭᠤᠨ ᠵᠢᠯ᠎ᠤᠨ ᠲᠤᠷᠰᠢᠬᠢ ᠬᠡᠰᠡᠭᠯᠡᠭᠳᠡᠭᠰᠡᠨ ᠪᠠᠶᠢᠳᠠᠯ᠎ᠢ ᠡᠴᠦᠰᠯᠡᠭᠦᠯᠵᠦ ᠂ ᠨᠢᠭᠡᠳᠦᠭᠰᠡᠨ ᠥᠪᠡᠷᠲᠡᠭᠡᠨ ᠵᠠᠰᠠᠬᠤ ᠣᠷᠣᠨ᠎ᠢ ᠪᠦᠷᠢᠯᠳᠦᠭᠦᠯᠵᠡᠶ ᠁ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠣᠩᠭᠣᠯ ᠦᠨᠳᠦᠰᠦᠲᠡᠨ ᠤᠷᠲᠤ ᠬᠤᠭᠤᠴᠠᠭ᠎ᠠ᠎ᠪᠠᠷ ᠳᠠᠷᠤᠯᠠᠭᠳᠠᠵᠤ ᠂ ᠬᠡᠰᠡᠭᠯᠡᠭᠳᠡᠵᠦ ᠂ ᠠᠵᠤ ᠠᠬᠤᠶ ᠳᠣᠷᠣᠶᠢᠲᠠᠵᠤ ᠂ ᠰᠣᠶᠣᠯ᠎ᠤᠨ ᠪᠠᠯᠠᠶ ᠣᠯᠠᠨ ᠂ ᠬᠥᠮᠦᠨ ᠠᠮᠠ᠎ᠶᠢᠨ ᠲᠤᠭ᠎ᠠ ᠪᠠᠭᠤᠷᠠᠭᠰᠠᠨ ᠬᠠᠷᠠᠰᠠᠯᠲᠤ ᠪᠠᠢᠳᠠᠯ ᠨᠢᠭᠡᠨᠲᠡ ᠪᠤᠴᠠᠯᠲᠠ ᠦᠭᠡᠢ ᠡᠴᠦᠰᠯᠡᠪᠠ ᠃ ︾

︵ ᠲᠦᠷᠪᠡ ︶ ᠨᠠᠪᠴᠢᠰ ᠦᠨᠳᠦᠰᠦ᠎ᠶᠦᠭᠡᠨ ᠲᠦᠰᠢᠨ ᠰᠢᠮ᠎ᠠ᠎ᠶᠢ᠎ᠨᠢ ᠬᠦᠷᠳᠡᠵᠦ ᠂ ᠳᠦᠮᠡᠨ ᠪᠤᠳᠠᠰ ᠨᠠᠷᠠᠨ᠎ᠤ ᠢᠪᠡᠬᠡᠯ᠎ᠢᠶᠠᠷ ᠠᠮᠢᠯᠠᠮᠤᠢ ᠃ ᠬᠡᠳᠦᠨ ᠠᠷᠪᠠᠨ ᠵᠢᠯ᠎ᠤᠨ ᠲᠤᠷᠰᠢ ᠂ ᠪᠢᠳᠡ ᠬᠡᠴᠢᠨᠡᠨ ᠣᠯᠠᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ᠎ᠳ᠋ᠤ ᠲᠤᠯᠭᠠᠷᠠᠭᠰᠠᠨ ᠴᠤ ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾᠎ᠤ ᠡᠷᠬᠢᠮ ᠳᠡᠭᠡᠳᠦ ᠢᠷᠠᠭᠤ ᠠᠯᠳᠠᠷ᠎ᠢᠶᠡᠨ ᠢᠮᠠᠭᠲᠠ ᠬᠠᠶᠢᠷᠠᠯᠠᠨ ᠬᠠᠮᠠᠭᠠᠯᠠᠵᠤ ᠂ ᠪᠦᠯᠬᠦᠮᠳᠡᠯ᠎ᠲᠠᠢ ᠡᠶ᠎ᠡ ᠵᠣᠬᠢᠴᠠᠩᠭᠤᠢ ᠶᠡᠬᠡ ᠰᠠᠢᠨ ᠪᠠᠶᠢᠳᠠᠯ᠎ᠢ ᠢᠮᠠᠭᠲᠠ ᠪᠠᠷᠢᠮᠲᠠᠯᠠᠭᠰᠠᠭᠠᠷ ᠢᠷᠡᠵᠡᠢ ᠃ ᠡᠬᠦᠨ᠎ᠤ ᠴᠢᠬᠤᠯᠠ ᠨᠢᠭᠡᠨ ᠰᠢᠯᠲᠠᠭᠠᠨ ᠪᠣᠯ ᠳᠠᠷᠤᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠨᠠᠮ ᠪᠣᠯᠤᠨ ᠤᠯᠤᠰ᠎ᠲᠠᠭᠠᠨ ᠬᠠᠮᠳᠤ᠎ᠶᠢᠨ ᠲᠠᠨᠢᠯᠳᠡ᠎ᠲᠠᠢ᠎ᠳ᠋ᠤ ᠤᠷᠤᠰᠢᠨ᠎ᠠ ᠃

ᠴᠡᠭᠡᠵᠢᠯᠡᠵᠦ ᠪᠠᠢᠨ᠎ᠠ ‍ᠤᠤ ︖ ︽ ᠤᠯᠤᠰ᠎ᠤᠨ ᠬᠡᠦᠬᠡᠳ ︾᠎ᠢ ᠰᠠᠶᠢᠲᠤᠷ ᠬᠦᠮᠦᠵᠢᠬᠦᠯᠬᠦ᠎ᠶᠢᠨ ᠲᠥᠯᠥᠭᠡ ᠂ ᠲᠠᠯ᠎ᠠ ᠨᠤᠲᠤᠭ᠎ᠤᠨ ᠡᠬᠡᠴᠦᠦᠯ ᠬᠠᠷᠠᠮ ᠦᠭᠡᠢ ᠵᠢᠳᠬᠦᠵᠦ ᠂ ᠦᠨᠳᠦᠰᠦᠲᠡᠨ᠎ᠤ ᠶᠡᠬᠡ ᠬᠠᠶᠢᠷ᠎ᠠ᠎ᠪᠠᠷ ᠬᠥᠮᠦᠨ᠎ᠤ ᠶᠢᠷᠲᠢᠨᠴᠦ᠎ᠶᠢᠨ ᠭᠠᠢᠬᠠᠮᠰᠢᠭ᠎ᠢ ᠪᠢᠴᠢᠭᠯᠠᠪᠠ ︔ ᠨᠡᠢᠳᠡ᠎ᠶᠢᠨ ᠬᠣᠨᠢᠨ ᠰᠦᠷᠦᠭ᠎ᠢ ᠬᠠᠮᠠᠭᠠᠯᠠᠬᠤ᠎ᠶᠢᠨ ᠲᠥᠯᠥᠭᠡ ᠂ ᠲᠠᠯ᠎ᠠ ᠨᠤᠲᠤᠭ᠎ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠯᠦᠩ ᠮᠧᠶ ᠢᠦᠶ ᠷᠦᠩ ᠳᠣᠭᠰᠢᠨ ᠰᠠᠯᠬᠢᠨ ᠰᠢᠷᠦᠬᠦᠨ ᠰᠢᠭᠤᠷᠭᠠᠨ᠎ᠲᠠᠢ ᠡᠷᠡᠯᠬᠡᠭᠯᠡᠨ ᠲᠡᠮᠡᠴᠡᠪᠡ ︔ ᠤᠯᠤᠰ᠎ᠤᠨ ᠰᠠᠨᠰᠠᠷ᠎ᠤᠨ ᠠᠶᠠᠯᠠᠯ᠎ᠤᠨ ᠪᠦᠲᠦᠭᠡᠨ ᠪᠠᠶᠢᠭᠤᠯᠤᠯᠲᠠ᠎ᠶᠢ ᠳᠡᠮᠵᠢᠬᠦ᠎ᠶᠢᠨ ᠲᠥᠯᠥᠭᠡ ᠂ ᠡᠵᠡᠨ᠎ᠡ ᠬᠣᠰᠢᠭᠤ ᠵᠠᠰᠠᠭ᠎ᠤᠨ ᠣᠷᠳᠣᠨ᠎ᠢᠶᠡᠨ ᠭᠤᠷᠪᠠᠨᠲᠠ ᠨᠡᠬᠦᠯᠭᠡᠵᠤ ᠂ ᠬᠠᠮᠤᠭ᠎ᠤᠨ ᠰᠠᠶᠢᠨ ᠮᠠᠯᠵᠢᠯ᠎ᠤᠨ ᠲᠠᠯᠠᠪᠠᠢ᠎ᠪᠠᠨ ᠰᠠᠨᠰᠠᠷ᠎ᠤᠨ ᠠᠶᠠᠯᠠᠯ᠎ᠤᠨ ᠦᠢᠯᠡᠰ᠎ᠲᠤ ᠵᠣᠷᠢᠭᠤᠯᠪᠠ ︔ ᠪᠤᠭᠤᠲᠤ᠎ᠶᠢᠨ ᠪᠣᠯᠣᠳ ᠲᠡᠮᠦᠷ᠎ᠤᠨ ᠪᠦᠯᠦᠭᠯᠡᠯ ᠵᠡᠷᠭᠡ ᠨᠢᠭᠡ ᠪᠦᠯᠦᠭ ᠴᠢᠬᠤᠯᠠ ᠶᠡᠬᠡ ᠲᠥᠷᠥᠯ ᠵᠦᠢᠯ᠎ᠢ ᠪᠦᠲᠦᠭᠡᠨ ᠪᠠᠶᠢᠭᠤᠯᠬᠤ᠎ᠶᠢᠨ ᠲᠥᠯᠥᠭᠡ ᠂ ᠮᠠᠨ᠎ᠤ ᠣᠷᠣᠨ᠎ᠤ ᠦᠨᠳᠦᠰᠦᠲᠡᠨ ᠨᠦᠭᠦᠳ᠎ᠤᠨ ᠺᠠᠳ᠋ᠷ ᠤᠯᠠᠨ ᠲᠦᠮᠡᠨ ᠪᠣᠯᠤᠨ ᠤᠷᠤᠨ᠎ᠤ ᠬᠠᠷᠢᠶᠠᠨ᠎ᠳ᠋ᠠᠬᠢ ᠬᠢᠯᠢ ᠬᠢᠵᠠᠭᠠᠷ᠎ᠢ ᠳᠡᠮᠵᠢᠬᠦ ᠢᠨᠵᠧᠨᠧᠷᠢᠩ᠎ᠤᠨ ᠮᠡᠷᠭᠡᠵᠢᠯ᠎ᠤᠨ ᠠᠵᠢᠯᠳᠠᠳ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠂ ᠵᠢᠷᠭᠠᠯ ᠵᠣᠪᠠᠯᠠᠩ᠎ᠢᠶᠡᠨ ᠬᠠᠮᠳᠤᠳᠬᠠᠪᠠ ᠁ ᠨᠠᠮ ᠪᠣᠯᠤᠨ ᠤᠯᠤᠰ᠎ᠢ ᠢᠮᠠᠭᠲᠠ ᠰᠡᠳᠬᠢᠯ ᠵᠢᠷᠦᠬᠡᠨ᠎ᠤ᠎ᠪᠠᠨ ᠬᠠᠮᠤᠭ᠎ᠤᠨ ᠳᠡᠭᠡᠳᠦ ᠪᠠᠶᠢᠷᠢᠨ᠎ᠳ᠋ᠤ ᠲᠠᠯᠪᠢᠵᠤ ᠂ ᠤᠯᠤᠰ ᠣᠷᠣᠨ᠎ᠤ ᠠᠰᠢᠭ ᠲᠤᠰᠠ ᠪᠣᠯᠤᠨ ᠳᠤᠮᠳᠠᠳᠤ᠎ᠶᠢᠨ ᠦᠨᠳᠦᠰᠦᠲᠡᠨ᠎ᠤ ᠠᠰᠢᠭ ᠲᠤᠰᠠ᠎ᠶᠢ ᠢᠮᠠᠭᠲᠠ ᠬᠠᠮᠤᠭ᠎ᠤᠨ ᠳᠡᠭᠡᠳᠦ ᠠᠰᠢᠭ ᠲᠤᠰᠠ᠎ᠪᠠᠨ ᠪᠤᠯᠭᠠᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠢᠮᠠᠭᠲᠠ ᠪᠠᠳᠤ ᠴᠤᠭᠴᠠᠯᠠᠵᠤ ᠂ ᠲᠠᠯ᠎ᠠ ᠨᠤᠲᠤᠭ᠎ᠤᠨ ᠬᠦᠪᠡᠬᠦᠳ ᠤᠢᠬᠢᠳ ᠪᠣᠳᠠᠲᠤ ᠠᠵᠢᠯᠯᠠᠭ᠎ᠠ᠎ᠪᠠᠷ᠎ᠢᠶᠡᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾᠎ᠤ ᠡᠷᠬᠢᠮ ᠳᠡᠭᠡᠳᠦ ᠢᠷᠠᠭᠤ ᠠᠯᠳᠠᠷ᠎ᠢ ᠣᠯᠵᠠᠢ ᠃

ᠴᠡᠭᠡᠵᠢᠯᠡᠵᠤ ᠪᠠᠢᠨ᠎ᠠ ‍ᠤᠤ ︖ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ᠎ᠤ ᠦᠶ᠎ᠠ᠎ᠳ᠋ᠤ ᠂ ᠥᠪᠥᠷ ᠮᠣᠩᠭᠣᠯ ᠨᠠᠮ᠎ᠤᠨ ᠬᠥᠳᠡᠭᠡ ᠲᠣᠰᠬᠣᠨ᠎ᠤ ᠭᠠᠵᠠᠷ ᠲᠠᠷᠢᠶᠠᠨ᠎ᠤ ᠥᠭᠡᠷᠡᠴᠢᠯᠡᠯᠲᠡ ᠂ ᠮᠠᠯᠵᠢᠬᠤ ᠣᠷᠣᠨ᠎ᠤ ᠦᠨᠳᠦᠰᠦᠲᠡᠨ᠎ᠤ ᠥᠭᠡᠷᠡᠴᠢᠯᠡᠯᠲᠡ ᠂ ᠨᠡᠶᠢᠭᠡᠮ ᠵᠢᠷᠤᠮ᠎ᠤᠨ ᠥᠭᠡᠷᠡᠴᠢᠯᠡᠯᠲᠡ᠎ᠶᠢᠨ ᠲᠦᠷᠦ᠎ᠶᠢᠨ ᠪᠤᠳᠤᠯᠭ᠎ᠠ᠎ᠶᠢ ᠲᠤᠭᠤᠰᠢᠯᠠᠭᠤᠯᠤᠨ ᠬᠡᠷᠡᠭᠵᠢᠭᠦᠯᠵᠦ ᠂ ᠨᠡᠶᠢᠭᠡᠮ ᠵᠢᠷᠤᠮ᠎ᠤᠨ ᠵᠠᠮ᠎ᠢᠶᠠᠷ ᠵᠠᠮᠨᠠᠪᠠ ︔ ᠨᠠᠮ᠎ᠤᠨ ᠠᠷᠪᠠᠨ ᠨᠢᠭᠡᠳᠦᠭᠡᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠳᠠᠷᠠᠭ᠎ᠠ ᠂ ᠥᠪᠥᠷ ᠮᠣᠩᠭᠣᠯ ᠳᠠᠷᠢᠶᠠᠨ ᠭᠠᠵᠠᠷ᠎ᠢ ᠡᠷᠦᠬᠡ᠎ᠳ᠋ᠤ ᠳᠠᠭᠠᠭᠠᠴᠢᠯᠠᠭᠤᠯᠬᠤ ᠪᠠ ᠮᠠᠯ ᠪᠡᠯᠴᠢᠭᠡᠷ᠎ᠤᠨ ᠬᠣᠣᠰ ᠳᠠᠭᠠᠭᠠᠴᠢᠯᠠᠯᠲᠠ᠎ᠶᠢᠨ ᠲᠦᠷᠢᠮ᠎ᠢ ᠢᠳᠡᠪᠬᠢᠲᠡᠢ ᠥᠷᠨᠢᠭᠦᠯᠵᠦ ᠂ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ᠎ᠶᠢᠨ ᠪᠦᠲᠦᠭᠡᠨ ᠪᠠᠶᠢᠭᠤᠯᠤᠯᠲᠠ᠎ᠶᠢᠨ ᠰᠢᠨ᠎ᠡ ᠠᠶᠠᠨ᠎ᠢᠶᠡᠨ ᠡᠬᠢᠯᠡᠭᠦᠯᠪᠡ ︔ ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠡᠴᠠ ᠨᠠᠭᠠᠰᠢ ᠂ ᠥᠪᠥᠷ ᠮᠣᠩᠭᠣᠯ ᠥᠭᠡᠷᠡᠴᠢᠯᠡᠯᠲᠡ᠎ᠶᠢ ᠪᠦᠬᠦ ᠲᠠᠯ᠎ᠠ᠎ᠪᠠᠷ ᠭᠦᠨᠵᠡᠭᠡᠶᠢᠷᠡᠭᠦᠯᠵᠦ ᠂ ᠠᠮᠢ ᠠᠬᠤᠢ᠎ᠶᠢ ᠤᠷᠢᠳ᠎ᠢᠶᠠᠷ ᠪᠤᠳᠤᠯᠬᠢᠯᠠᠵᠤ ᠂ ᠪᠣᠬᠢᠷᠲᠤᠯ ᠦᠭᠡᠢ ᠬᠥᠭᠵᠢᠯᠲᠡ᠎ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ᠎ᠶᠢᠨ ᠰᠢᠨ᠎ᠡ ᠵᠠᠮ᠎ᠢᠶᠠᠷ ᠵᠠᠮᠨᠠᠪᠠ ᠁ ᠡᠷᠡᠰ ᠭᠤᠶᠢᠪᠢᠰᠢ ᠦᠭᠡᠢ᠎ᠪᠠᠷ ᠨᠠᠮ᠎ᠤᠨ ᠦᠭᠡ᠎ᠶᠢ ᠰᠣᠨᠣᠰᠴᠤ ᠂ ᠨᠠᠮ᠎ᠢᠶᠡᠨ ᠲᠠᠭᠠᠵᠥ ᠂ ᠨᠠᠮ᠎ᠤᠨ ᠲᠥᠪ ᠬᠣᠷᠢᠶᠠᠨ᠎ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠎ᠶᠢ ᠡᠷᠡᠰ ᠭᠤᠶᠢᠪᠢᠰᠢ ᠦᠭᠡᠢ᠎ᠪᠠᠷ ᠲᠤᠭᠤᠰᠢᠯᠠᠭᠤᠯᠵᠤ ᠂ ᠶᠡᠷᠦᠩᠬᠡᠶ ᠪᠠᠶᠢᠳᠠᠯ᠎ᠢ ᠲᠠᠨᠢᠵᠤ ᠂ ᠶᠡᠬᠡ ᠲᠠᠯ᠎ᠠ᠎ᠶᠢ ᠬᠠᠷᠠᠭᠠᠯᠵᠠᠵᠤ ᠂ ᠬᠡᠪ ᠰᠤᠷᠲᠠᠯ᠎ᠢ ᠡᠷᠬᠢᠮᠯᠡᠵᠤ ᠂ ᠬᠤᠪᠢ ᠨᠡᠮᠡᠷᠢ ᠦᠵᠡᠬᠦᠯᠵᠤ ᠂ ᠬᠠᠷᠢᠭᠤᠴᠠᠯᠭ᠎ᠠ ᠡᠬᠦᠷᠭᠡᠯᠡᠨ ᠂ ᠲᠠᠯ᠎ᠠ ᠨᠤᠲᠤᠭ᠎ᠤᠨ ᠬᠦᠪᠡᠬᠦᠳ ᠤᠢᠬᠢᠳ ᠪᠣᠳᠠᠲᠤ ᠠᠵᠢᠯᠯᠠᠭ᠎ᠠ᠎ᠪᠠᠷ᠎ᠢᠶᠡᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾᠎ᠤ ᠡᠷᠬᠢᠮ ᠳᠡᠭᠡᠳᠦ ᠢᠷᠠᠭᠤ ᠠᠯᠳᠠᠷ᠎ᠢ ᠡᠷᠡᠰ ᠬᠠᠮᠠᠭᠠᠯᠠᠪᠠ ᠃

ᠴᠡᠭᠡᠵᠢᠯᠡᠵᠤ ᠪᠠᠢᠨ᠎ᠠ ‍ᠤᠤ ︖ 2020 ᠣᠨ᠎ᠤ ᠬᠠᠪᠤᠷ ᠂ ᠭᠡᠨᠡᠳᠲᠡ ᠡᠭᠦᠰᠦᠭᠰᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠢᠳᠠᠯ᠎ᠤᠨ ᠲᠠᠭᠠᠷᠢᠯᠳᠡ᠎ᠶᠢᠨ ᠡᠮᠤᠨ᠎ᠠ ᠂ ᠮᠠᠨ᠎ᠤ ᠤᠷᠤᠨ᠎ᠤ 840 ᠭᠠᠷᠤᠶ ᠡᠮᠴᠢ ᠰᠤᠪᠢᠯᠠᠭᠴᠢ ᠬᠤᠪᠸᠢ᠎ᠶᠢ ᠲᠤᠰᠠᠯᠠᠬᠤ᠎ᠪᠠᠷ ᠮᠣᠷᠳᠠᠪᠠ ︔ 600 ᠲᠣᠨ ᠦᠬᠡᠷ ᠬᠣᠨᠢᠨ ᠮᠢᠬ᠎ᠠ ᠪᠠ ᠦᠨᠢᠶᠡᠨ ᠰᠦ ᠵᠡᠷᠭᠡ ᠠᠮᠢᠳᠤᠷᠠᠯ᠎ᠤᠨ ᠡᠳ᠋ ᠪᠣᠳᠠᠰ᠎ᠢ ᠤᠷᠢᠳ ᠬᠣᠵᠢᠳ ᠬᠤᠪᠸᠢ᠎ᠳ᠋ᠤ ᠬᠦᠷᠭᠡᠪᠡ ︔ ᠨᠡᠶᠢᠭᠡᠮ᠎ᠤᠨ ᠡᠯ᠎ᠡ ᠡᠲᠡᠭᠡᠳ᠎ᠡᠴᠠ ᠬᠤᠪᠧᠶ᠎ᠳ᠋ᠤ 1.14 ᠳ᠋ᠦᠩᠰᠢᠭᠤᠷ ᠲᠥᠭᠥᠷᠢᠭ ᠬᠠᠨᠳᠢᠪᠯᠠᠪᠠ ︔ ᠪᠦᠬᠦ ᠣᠷᠣᠨ᠎ᠤ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠰᠠᠨᠠᠭᠠᠴᠢᠯᠠᠭ᠎ᠠ᠎ᠡᠴᠠ᠎ᠪᠠᠨ ᠬᠠᠷᠢᠭᠤᠴᠠᠯᠭ᠎ᠠ ᠡᠭᠦᠷᠭᠡᠯᠡᠵᠦ ᠂ ᠬᠢᠵᠢᠭ᠎ᠤᠨ ᠪᠠᠶᠢᠳᠠᠯ᠎ᠢ ᠡᠰᠡᠷᠭᠦᠴᠡᠬᠦ ᠬᠠᠮᠤᠭ᠎ᠤᠨ ᠡᠮᠦᠨ᠎ᠡ ᠹᠷᠣᠨᠲ᠎ᠲᠤ ᠡᠷᠡᠯᠭᠡᠭᠯᠡᠨ ᠪᠠᠢᠯᠳᠤᠪᠠ ᠁ ᠲᠦᠮᠡᠨ ᠤᠯᠠᠨ᠎ᠢᠶᠠᠷ᠎ᠢᠶᠡᠨ ᠰᠡᠳᠬᠢᠯ ᠨᠢᠭᠡᠳᠴᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠦᠨᠳᠦᠰᠦᠲᠡᠨ᠎ᠨᠦᠭᠦᠳ ᠰᠡᠳᠬᠢᠯ ᠰᠡᠳᠬᠢᠯ᠎ᠢᠶᠡᠨ ᠮᠡᠳᠡᠯᠴᠡᠬᠦ ᠂ ᠭᠠᠷ ᠭᠠᠷ᠎ᠢᠶᠡᠨ ᠬᠣᠯᠪᠣᠯᠴᠠᠬᠤ ᠰᠠᠢᠬᠠᠨ ᠤᠯᠠᠮᠵᠢᠯᠠᠯ᠎ᠢ ᠦᠷᠭᠦᠯᠵᠢᠯᠡᠨ ᠪᠠᠳᠠᠷᠠᠭᠤᠯᠵᠤ ᠂ ᠲᠠᠯ᠎ᠠ ᠨᠤᠲᠤᠭ᠎ᠤᠨ ᠬᠦᠪᠡᠬᠦᠳ ᠤᠢᠬᠢᠳ ᠪᠣᠳᠠᠲᠤ ᠠᠵᠢᠯᠯᠠᠭ᠎ᠠ᠎ᠪᠠᠷ᠎ᠢᠶᠡᠨ ︽ ᠵᠢᠱᠢᠶᠡᠴᠢ ᠥᠪᠡᠷᠲᠡᠭᠡᠨ ᠵᠠᠰᠠᠬᠤ ᠣᠷᠣᠨ ︾᠎ᠤ ᠡᠷᠬᠢᠮ ᠳᠡᠭᠡᠳᠦ ᠢᠷᠠᠭᠤ ᠠᠯᠳᠠᠷ᠎ᠤᠨ ᠬᠡᠷᠡᠯ ᠬᠢᠯᠪᠠᠭ᠎ᠠ᠎ᠶᠢ ᠰᠢᠨ᠎ᠡ ᠴᠠᠭ ᠦᠶ᠎ᠡ᠎ᠳ᠋ᠤ ᠰᠠᠴᠤᠷᠠᠭᠤᠯᠤᠬᠰᠠᠭᠠᠷ ᠪᠠᠢᠨ᠎ᠠ ᠃

︽ ᠬᠦᠪᠡᠭᠡ ᠬᠢᠵᠠᠭᠠᠷ ᠦᠭᠡᠢ ᠡᠪᠡᠰᠤ ᠤᠷᠭᠤᠮᠠᠯ ᠦᠨᠳᠦᠰᠦ᠎ᠪᠠᠷ᠎ᠢᠶᠡᠨ ᠵᠠᠯᠭᠠᠯᠳᠤᠵᠤ ᠂ ᠥᠷᠭᠡᠨ ᠠᠭᠤᠳᠠᠮ ᠡᠬᠡ ᠭᠠᠵᠠᠷ᠎ᠲᠤ ᠠᠭᠤᠯᠠ ᠤᠰᠤ ᠦᠷᠭᠦᠯᠵᠢᠯᠡᠨ᠎ᠡ ᠃ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ ᠭᠠᠷ ᠬᠣᠯᠪᠣᠯᠴᠠᠨ ᠰᠡᠳᠬᠢᠯ ᠨᠢᠭᠡᠳᠴᠦ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠵᠣᠯ ᠵᠢᠷᠭᠠᠯ᠎ᠢᠶᠡᠨ ᠪᠠᠳᠤᠳᠬᠠᠨ᠎ᠠ ︾ ᠃ ᠨᠢᠭᠡᠨ ᠪᠠᠳᠠᠭ ᠭᠦᠨ ᠰᠡᠳᠬᠢᠯᠭᠡ᠎ᠲᠠᠢ ︽ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠶ᠎ᠠ ︾ ᠬᠡᠬᠦ ᠲᠠᠭᠤᠤ᠎ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠪᠦᠯᠬᠦᠮᠳᠡᠨ ᠨᠢᠭᠡᠳᠴᠦ ᠂ ᠰᠠᠢᠨ ᠰᠠᠶᠢᠬᠠᠨ ᠢᠷᠡᠭᠡᠳᠦᠢ᠎ᠶᠢ ᠬᠠᠮᠲᠤ᠎ᠪᠠᠷ ᠴᠣᠭᠴᠠᠯᠠᠬᠤ ᠰᠡᠳᠬᠢᠯ᠎ᠤᠨ ᠳᠠᠭᠤᠨ᠎ᠢ ᠬᠠᠩᠬᠢᠨᠠᠭᠤᠯᠪᠠ ᠃ ᠨᠢᠳᠦᠨ ᠴᠡᠴᠡᠬᠡᠢ᠎ᠪᠠᠨ ᠬᠠᠮᠠᠭᠠᠯᠠᠬᠤ᠎ᠲᠠᠢ ᠠᠳᠠᠯᠢ ᠦᠨᠳᠦᠰᠦᠳᠡᠨ᠎ᠤ ᠪᠦᠯᠬᠦᠮᠳᠡᠯ᠎ᠢ ᠬᠠᠮᠠᠭᠠᠯᠠᠵᠤ ᠂ ᠠᠮᠢ ᠨᠠᠰᠤ᠎ᠪᠠᠨ ᠨᠠᠨᠳᠢᠩᠨᠠᠬᠤ᠎ᠲᠠᠢ ᠠᠳᠠᠯᠢ ᠦᠨᠳᠦᠰᠦᠲᠡᠨ᠎ᠤ ᠪᠦᠯᠬᠦᠮᠳᠡᠯ᠎ᠢ ᠨᠠᠨᠳᠢᠩᠨᠠᠵᠤ ᠂ ᠬᠦᠰᠡᠯ ᠨᠠᠶᠢᠳᠠᠯᠭ᠎ᠠ᠎ᠪᠠᠨ ᠪᠠᠲᠤ ᠴᠡᠭᠡᠵᠢᠯᠡᠵᠦ ᠂ ᠠᠴᠢ ᠡᠨᠡᠷᠢᠯ᠎ᠳ᠋ᠤ ᠲᠠᠯᠠᠷᠬᠠᠵᠤ ᠂ ᠭᠠᠷ ᠬᠣᠯᠪᠣᠨ ᠮᠥᠷᠥ ᠵᠡᠷᠭᠡᠴᠡᠨ ᠤᠷᠤᠭᠰᠢᠯᠠᠵᠤ ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠥᠪᠡᠷ᠎ᠤᠨ ᠠᠮᠢᠳᠤᠯᠢᠭ ᠦᠢᠯᠡᠳᠦᠯᠭᠡ᠎ᠪᠠᠷ᠎ᠢᠶᠡᠨ ︽ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠡᠯᠢᠬᠡᠰᠡᠨ ᠲᠤᠳᠤᠨᠤᠰᠢᠬᠰᠠᠨ ︾ ᠠᠮᠤᠭᠤᠯᠠᠩᠳᠦ ᠲᠦᠷᠦ᠎ᠶᠢᠨ ᠬᠦᠭᠵᠢᠯᠳᠤ ᠲᠠᠭᠤᠤ᠎ᠪᠠᠨ ᠬᠠᠩᠬᠢᠨᠠᠭᠤᠯᠤᠨ᠎ᠠ ᠃

︵ ᠲᠠᠪᠤ᠋ ︶ ᠬᠡᠳᠦᠢ ᠡᠷᠡᠯᠬᠡᠭ ᠪᠠᠭᠠᠲᠤᠷᠯᠢᠭ ᠠᠵᠢᠯᠯᠠᠭ᠎ᠠ᠎ᠲᠠᠢ ᠪᠠᠶᠢᠪᠠᠯ ᠳᠡᠳᠦᠢ ᠰᠦᠷᠯᠢᠭ ᠰᠠᠶᠢᠬᠠᠨ ᠠᠶᠠᠨ ᠵᠠᠮ᠎ᠲᠠᠢ ᠪᠣᠯᠤᠨ᠎ᠠ ︔ ᠬᠡᠳᠦᠢ ᠡᠷᠡᠰ ᠪᠠᠲᠤ ᠢᠲᠡᠭᠡᠯ ᠵᠣᠷᠢᠭ᠎ᠲᠠᠢ ᠪᠣᠯ ᠳᠡᠳᠦᠢ ᠭᠡᠭᠡᠨ ᠰᠠᠷᠠᠭᠤᠯ ᠢᠷᠡᠭᠡᠳᠦᠢ᠎ᠲᠠᠢ ᠪᠣᠯᠤᠨ᠎ᠠ ᠃

︽ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠎ᠶᠢ ᠬᠦᠰᠡᠵᠦ ᠪᠠᠶᠢᠨ᠎ᠠ ︾ ᠂ ︽ ᠥᠪᠥᠷ ᠮᠣᠩᠭᠣᠯ᠎ᠳ᠋ᠤ ᠠᠪᠴᠤ ᠬᠡᠯᠡᠪᠡᠯ ᠂ ᠨᠡᠶᠢᠭᠡᠮ᠎ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ᠎ᠢ ᠬᠠᠮᠠᠭᠠᠯᠠᠬᠤ᠎ᠳ᠋ᠤ ᠡᠷᠬᠡᠪᠰᠢ ᠦᠨᠳᠦᠰᠦᠲᠡᠨ᠎ᠤ ᠪᠦᠯᠬᠦᠮᠳᠡᠯ᠎ᠤᠨ ᠶᠡᠬᠡ ᠲᠠᠯ᠎ᠠ᠎ᠶᠢ ᠪᠡᠬᠢᠵᠢᠭᠦᠯᠦᠨ ᠬᠥᠭᠵᠢᠭᠦᠯᠬᠦ ᠬᠡᠷᠡᠭᠲᠡᠢ ︾ ᠂ ︽ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ᠎ᠢ ᠭᠦᠨᠵᠡᠭᠡᠢ ᠦᠢᠯᠡᠳᠦᠯᠭᠡᠵᠢᠭᠦᠯᠵᠦ ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ᠎ᠶᠢᠨ ᠬᠥᠮᠦᠵᠢᠯ᠎ᠢ ᠭᠦᠨᠵᠡᠭᠡᠶᠢᠷᠡᠭᠦᠯᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ ᠂ ᠡᠯ᠎ᠡ ᠦᠨᠳᠦᠰᠦᠲᠡᠨ᠎ᠤ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠎ᠶᠢ ᠠᠬᠢᠭᠤᠯᠵᠤ ︾ ᠂ ︽ ᠴᠢᠨᠡᠭᠡᠯᠢᠭ ᠨᠡᠶᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ᠎ᠳ᠋ᠤ ᠨᠢᠭᠡ ᠦᠨᠳᠦᠰᠦᠲᠡᠨ᠎ᠢ ᠴᠦ ᠣᠷᠬᠢᠭᠳᠠᠭᠤᠯᠵᠤ ᠪᠣᠯᠬᠤ ᠦᠭᠡᠢ ︔ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳ᠋ᠤ ᠨᠢᠭᠡ ᠦᠨᠳᠦᠰᠦᠲᠡᠨ᠎ᠢ ᠴᠦ ᠣᠷᠬᠢᠭᠳᠠᠭᠤᠯᠵᠤ ᠪᠣᠯᠬᠤ ᠦᠭᠡᠢ ︾ ᠁ ᠨᠠᠮ᠎ᠤᠨ ᠠᠷᠪᠠᠨ ᠨᠠᠢᠮᠠᠳᠤᠭᠠᠷ ᠶᠡᠬᠡ ᠬᠤᠷᠠᠯ᠎ᠡᠴᠠ ᠨᠠᠭᠠᠰᠢ ᠂ ᠶᠡᠷᠦᠩᠬᠡᠢ ᠱᠦᠵᠢ ᠰᠢ᠎ᠶᠢᠨ ᠫᠢᠩ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠢᠮᠠᠭᠲᠠ ᠭᠦᠨ ᠰᠠᠨᠠᠭᠠᠯᠵᠠᠵᠤ ᠂ ᠢᠮᠠᠭᠲᠠ ᠥᠪᠥᠷ ᠮᠣᠩᠭᠣᠯ᠎ᠤᠨ ᠦᠨᠳᠦᠰᠦᠲᠡᠨ᠎ᠤ ᠠᠵᠢᠯ᠎ᠲᠠᠢ ᠰᠡᠳᠬᠢᠯ ᠵᠢᠷᠦᠬᠡ᠎ᠪᠠᠨ ᠬᠣᠯᠪᠤᠵᠤ ᠢᠷᠡᠵᠠᠢ ᠃ ᠶᠡᠷᠦᠩᠬᠡᠶ ᠱᠦᠵᠢ᠎ᠶᠢᠨ ᠨᠠᠶᠢᠳᠠᠯᠭ᠎ᠠ᠎ᠶᠢ ᠪᠠᠲᠤ ᠴᠡᠭᠡᠵᠢᠯᠡᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠤᠯ ᠮᠠᠨ᠎ᠤ ᠦᠢᠯᠡ ᠠᠵᠢᠯᠯᠠᠭᠠᠨ᠎ᠤ ᠴᠢᠭᠯᠡᠯ ᠮᠥᠨ ᠂ ᠨᠡᠩ ᠴᠤ ᠦᠢᠯᠡ ᠠᠵᠢᠯᠯᠠᠭᠠᠨ᠎ᠤ ᠬᠦᠴᠦᠨ ᠮᠥᠨ ᠃

ᠦᠢᠯᠡ ᠠᠵᠢᠯᠯᠠᠭ᠎ᠠ ᠂ ᠪᠠᠲᠤ ᠴᠢᠩᠭ᠎ᠠ ᠤᠳᠤᠷᠢᠳᠤᠯᠭ᠎ᠠ᠎ᠪᠠᠷ ᠤᠷᠤᠭᠰᠢᠯᠠᠨ ᠳᠠᠪᠰᠢᠬᠤ ᠠᠤᠭ᠎ᠠ ᠬᠦᠴᠦᠨ᠎ᠢ ᠨᠢᠭᠲᠠᠷᠠᠭᠤᠯᠤᠨ᠎ᠠ ᠃ ᠨᠠᠮ ᠪᠣᠯ ᠮᠠᠨ᠎ᠤ ᠡᠯ᠎ᠡ ᠵᠦᠢᠯ᠎ᠤᠨ ᠠᠵᠢᠯ ᠦᠢᠯᠡᠰ᠎ᠤᠨ ᠭᠣᠤᠯᠯᠠᠭᠴᠢ ᠮᠥᠨ ᠂ ᠨᠠᠮ᠎ᠤᠨ ᠤᠳᠤᠷᠢᠳᠤᠯᠭ᠎ᠠ᠎ᠶᠢ ᠢᠮᠠᠭᠲᠠ ᠪᠠᠷᠢᠮᠲᠠᠯᠠᠪᠠᠯ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠰᠢᠭ ᠲᠤᠰᠠ ᠂ ᠵᠣᠯ ᠵᠢᠷᠭᠠᠯ ᠪᠠᠢᠵᠤ ᠴᠢᠳᠠᠨ᠎ᠠ ᠃ ᠰᠢ᠎ᠶᠢᠨ ᠫᠢᠩ ᠨᠥᠬᠥᠷ᠎ᠢᠶᠠᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶᠠᠨ᠎ᠤ ᠲᠣᠭᠣᠷᠢᠨ᠎ᠳ᠋ᠤ ᠨᠠᠩ ᠢᠯᠡᠭᠦᠦ ᠨᠢᠭᠲᠠᠷᠠᠨ ᠪᠦᠯᠬᠦᠮᠳᠡᠵᠦ ᠂ ︽ ᠳᠥᠷᠪᠡᠨ ᠤᠬᠠᠮᠰᠠᠷ ︾᠎ᠢᠶᠡᠨ ᠲᠠᠰᠤᠷᠠᠯᠲᠠ ᠦᠭᠡᠢ ᠴᠢᠩᠭᠠᠳᠬᠠᠵᠤ ᠂ ︽ ᠳᠥᠷᠪᠡᠨ ᠢᠲᠡᠭᠡᠯ ︾᠎ᠢᠶᠡᠨ ᠪᠠᠲᠤᠳᠬᠠᠵᠤ ᠂ ︽ ᠬᠣᠶᠠᠷ᠎ᠢ ᠬᠠᠮᠠᠭᠠᠯᠠᠬᠤ ︾᠎ᠶᠢ ᠪᠡᠶᠡᠯᠡᠭᠦᠯᠵᠦ ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ ᠂ ᠨᠠᠮ᠎ᠤᠨ ᠡᠯ᠎ᠡ ᠵᠦᠢᠯ᠎ᠤᠨ ᠴᠢᠭᠯᠡᠯᠲᠡ ᠲᠥᠷᠥ᠎ᠶᠢᠨ ᠪᠣᠳᠣᠯᠭ᠎ᠠ᠎ᠶᠢ ᠭᠤᠶᠢᠪᠢᠰᠢ ᠦᠭᠡᠶ ᠨᠠᠶᠢᠳᠠᠪᠤᠷᠢᠵᠢᠭᠤᠯᠪᠠᠯ ᠰᠠᠶᠢ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠨᠡᠩ ᠰᠠᠶᠢᠲᠤᠷ ᠪᠡᠬᠢᠵᠢᠭᠦᠯᠵᠦ ᠂ ᠡᠷᠡᠯᠬᠡᠭᠯᠡᠨ ᠤᠷᠤᠭᠰᠢᠯᠠᠬᠤ ᠂ ᠠᠯᠢᠪᠠ ᠪᠦᠬᠦᠨ᠎ᠢ ᠢᠯᠠᠬᠤ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠪᠦᠷᠢᠯᠳᠦᠭᠦᠯᠵᠤ ᠴᠢᠳᠠᠨ᠎ᠠ ᠃

ᠦᠢᠯᠡ ᠠᠵᠢᠯᠯᠠᠭ᠎ᠠ ᠂ ᠰᠢᠨᠵᠢᠯᠡᠬᠦ ᠤᠬᠠᠭᠠᠨᠴᠢ ᠤᠨᠤᠯ᠎ᠢᠶᠠᠷ ᠤᠷᠤᠭᠰᠢᠯᠠᠯᠲᠠ᠎ᠶᠢᠨ ᠵᠠᠮ᠎ᠢ ᠵᠢᠭᠠᠨ᠎ᠠ ᠃ ᠤᠬᠠᠮᠰᠠᠷ᠎ᠡᠴᠠ᠎ᠪᠠᠨ ︽ ᠬᠣᠶᠠᠷ᠎ᠢ ᠬᠠᠮᠠᠭᠠᠯᠠᠬᠤ ︾᠎ᠶᠢᠨ ᠦᠨᠳᠦᠷᠴᠡ᠎ᠡᠴᠠ ᠦᠨᠳᠦᠰᠦᠲᠡᠨ᠎ᠤ ᠠᠵᠢᠯ᠎ᠢ ᠲᠥᠯᠥᠪᠯᠡᠨ ᠠᠬᠢᠭᠤᠯᠵᠤ ᠂ ᠶᠡᠷᠦᠩᠬᠡᠶ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶᠢ ᠰᠤᠷᠤᠯᠴᠠᠨ ᠣᠶᠢᠯᠠᠭᠠᠵᠤ ᠂ ᠨᠠᠮ᠎ᠤᠨ ᠦᠨᠳᠦᠰᠦᠲᠡᠨ᠎ᠤ ᠣᠨᠣᠯ ᠪᠣᠯᠤᠨ ᠲᠥᠷᠥ᠎ᠶᠢᠨ ᠪᠣᠳᠣᠯᠭ᠎ᠠ᠎ᠶᠢ ᠪᠦᠬᠦ ᠲᠠᠯ᠎ᠠ᠎ᠪᠠᠷ ᠣᠨᠣᠪᠴᠢᠲᠠᠶ ᠭᠦᠨᠵᠡᠭᠡᠶ ᠲᠤᠭᠤᠰᠢᠯᠠᠭᠤᠯᠤᠨ ᠬᠡᠷᠡᠭᠵᠢᠭᠦᠯᠵᠤ ᠂ ᠨᠡᠶᠢᠲᠡᠯᠢᠭ ᠴᠢᠨᠠᠷ ᠪᠠ ᠵᠥᠷᠢᠶᠡᠲᠦ ᠴᠢᠨᠠᠷ᠎ᠤᠨ ᠬᠠᠷᠢᠴᠠᠭ᠎ᠠ᠎ᠶᠢ ᠲᠣᠳᠣᠷᠬᠠᠶ ᠪᠣᠯᠭᠠᠵᠤ ᠂ ︽ ᠦᠵᠡᠯ ᠰᠠᠨᠠᠭᠠᠨ᠎ᠤ ᠬᠡᠷᠡᠯ ᠭᠢᠯᠪᠠᠭ᠎ᠠ ︾᠎ᠶᠢ ᠤᠬᠠᠮᠰᠠᠷᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠬᠢᠵᠠᠭᠠᠷ ᠥᠬᠡᠶ ᠬᠦᠴᠦᠨ ᠴᠢᠳᠠᠯ᠎ᠢ ᠬᠥᠭᠵᠢᠭᠡᠬᠦ᠎ᠪᠠᠷ ᠴᠢᠷᠮᠠᠶᠢᠵᠤ ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠭᠤᠤ ᠶᠡᠬᠡ ᠡᠬᠡ ᠤᠯᠤᠰ ᠂ ᠳᠤᠮᠳᠠᠳᠤ᠎ᠶᠢᠨ ᠦᠨᠳᠦᠰᠦᠲᠡᠨ ᠂ ᠳᠤᠮᠳᠠᠳᠤ᠎ᠶᠢᠨ ᠰᠣᠶᠣᠯ ᠂ ᠳᠤᠮᠳᠠᠳᠤ ᠤᠯᠤᠰ᠎ᠤᠨ ᠡᠪ ᠬᠠᠮᠲᠤ ᠨᠠᠮ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠲᠤᠬᠠᠶ ᠬᠠᠮᠲᠤ᠎ᠶᠢᠨ ᠲᠠᠨᠢᠯᠲᠠ᠎ᠶᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ ᠃

ᠦᠢᠯᠡ ᠠᠵᠢᠯᠯᠠᠭ᠎ᠠ ᠂ ᠭᠡᠷᠡᠯ ᠰᠠᠴᠤᠷᠠᠩᠭᠤᠢ ᠲᠡᠦᠬᠡᠨ᠎ᠡᠴᠠ ᠤᠷᠤᠭᠰᠢᠯᠠᠯᠲᠠ᠎ᠶᠢᠨ ᠬᠦᠴᠦᠨ᠎ᠢ ᠰᠢᠩᠭᠡᠭᠡᠨ ᠠᠪᠤᠨ᠎ᠠ ᠃ ︽ ᠶᠡᠬᠡ ᠶᠣᠰᠣ᠎ᠶᠢ ᠮᠡᠳᠡᠶ᠎ᠡ ᠭᠡᠪᠡᠯ ᠡᠷᠬᠡᠪᠰᠢ ᠤᠷᠢᠳ᠎ᠢᠶᠠᠷ ᠲᠡᠦᠬᠡ᠎ᠡᠴᠠ ᠭᠠᠷᠳᠠᠬᠤ ᠬᠡᠷᠡᠭᠲᠡᠢ ︾ ᠃ ᠨᠠᠮ᠎ᠤᠨ ᠲᠡᠤᠬᠡ ᠂ ᠰᠢᠨ᠎ᠡ ᠳᠤᠮᠳᠠᠳᠤ ᠤᠯᠤᠰ᠎ᠤᠨ ᠲᠡᠤᠬᠡ ᠂ ᠥᠭᠡᠷᠡᠴᠢᠯᠡᠯᠲᠡ ᠨᠡᠭᠡᠭᠡᠯᠲᠡ᠎ᠶᠢᠨ ᠲᠡᠤᠬᠡ ᠂ ᠨᠡᠶᠢᠭᠡᠮ ᠵᠢᠷᠤᠮ᠎ᠤᠨ ᠬᠥᠭᠵᠢᠯᠲᠡ᠎ᠶᠢᠨ ᠲᠡᠤᠬᠡ᠎ᠶᠢᠨ ᠬᠥᠮᠦᠵᠢᠯ᠎ᠢ ᠭᠦᠨᠵᠡᠭᠡᠶ ᠥᠷᠨᠢᠭᠦᠯᠵᠦ ᠂ ᠥᠪᠥᠷ ᠮᠣᠩᠭᠣᠯ᠎ᠤᠨ ᠣᠷᠣᠨ ᠨᠤᠲᠤᠭ ᠪᠣᠯᠤᠨ ᠡᠬᠡ ᠤᠯᠤᠰ᠎ᠤᠨ ᠬᠠᠷᠢᠴᠠᠭᠠᠨ᠎ᠤ ᠲᠡᠤᠬᠡ᠎ᠶᠢᠨ ᠬᠥᠮᠦᠵᠢᠯ᠎ᠢ ᠭᠦᠨᠵᠡᠭᠡᠶ ᠥᠷᠨᠢᠭᠦᠯᠵᠦ ᠂ ᠡᠯ᠎ᠡ ᠦᠨᠳᠦᠰᠦᠲᠡᠨ᠎ᠤ ᠺᠠᠳ᠋ᠷ ᠣᠯᠠᠨ ᠲᠦᠮᠡᠨ᠎ᠢ ᠬᠥᠲᠥᠯᠥᠨ ᠵᠢᠯᠣᠭᠣᠳᠴᠤ ᠵᠥᠪ ᠡᠬᠡ ᠤᠯᠤᠰ᠎ᠤᠨ ᠦᠵᠡᠯᠲᠡ ᠂ ᠦᠨᠳᠦᠰᠦᠲᠡᠨ᠎ᠤ ᠦᠵᠡᠯᠲᠡ ᠂ ᠰᠣᠶᠣᠯ᠎ᠤᠨ ᠦᠵᠡᠯᠲᠡ ᠂ ᠲᠡᠤᠬᠡ᠎ᠶᠢᠨ ᠦᠵᠡᠯᠲᠡ ᠂ ᠱᠠᠰᠢᠨ ᠰᠤᠷᠲᠠᠬᠤᠨ᠎ᠤ ᠦᠵᠡᠯᠲᠡ᠎ᠶᠢ ᠪᠣᠶ ᠪᠣᠯᠭᠠᠬᠤ ᠬᠡᠷᠡᠭᠲᠡᠶ ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ᠎ᠢ ᠤᠬᠠᠮᠰᠠᠷ᠎ᠡᠴᠠ᠎ᠪᠠᠨ ᠦᠢᠯᠡᠳᠦᠯᠭᠡᠵᠢᠭᠦᠯᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠪᠠᠶᠢᠩᠭᠤᠵᠢᠭᠤᠯᠤᠨ ᠂ ᠤᠷᠳᠤ ᠬᠤᠭᠤᠴᠠᠭ᠎ᠠ᠎ᠪᠠᠷ ᠪᠦᠲᠦᠮᠵᠢᠲᠡᠢ ᠰᠠᠶᠢᠲᠤᠷ ᠠᠳᠬᠤᠵᠤ ᠂ ᠬᠠᠮᠲᠤ ᠴᠣᠭᠴᠠ᠎ᠶᠢᠨ ᠤᠬᠠᠮᠰᠠᠷ᠎ᠢ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠰᠡᠳᠬᠢᠯ᠎ᠳ᠋ᠤ ᠪᠠᠲᠤ ᠦᠨᠳᠦᠰᠦᠯᠡᠭᠦᠯᠬᠦ ᠬᠡᠷᠡᠭᠲᠡᠢ ᠃

ᠦᠢᠯᠡ ᠠᠵᠢᠯᠯᠠᠭ᠎ᠠ ᠂ ᠡᠭᠦᠷᠭᠡ ᠬᠠᠷᠢᠭᠤᠴᠠᠯᠭ᠎ᠠ ᠡᠭᠦᠷᠭᠡᠯᠡᠯ᠎ᠢᠶᠠᠷ ᠴᠠᠭ ᠦᠶ᠎ᠡ᠎ᠶᠢᠨ ᠤᠷᠤᠰᠬᠠᠯ᠎ᠢ ᠡᠵᠡᠮᠳᠡᠨ᠎ᠡ ᠃ ︽ ᠶᠡᠬᠡ ᠶᠣᠰᠣ᠎ᠶᠢ ᠳᠦᠭᠦᠮᠴᠢᠯᠡᠬᠦᠶ᠎ᠡ ᠪᠣᠳᠠᠲᠠᠢ ᠠᠵᠢᠯᠯᠠᠬᠤ ᠪᠣᠯ ᠬᠠᠮᠤᠭ᠎ᠤᠨ ᠴᠢᠬᠤᠯᠠ ᠶᠤᠮ ︾ ᠃ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠤᠨ ᠬᠥᠮᠦᠵᠢᠯ᠎ᠢ ᠪᠦᠬᠦ ᠲᠠᠯ᠎ᠠ᠎ᠪᠠᠷ ᠴᠢᠩᠭᠠᠳᠬᠠᠬᠤ ᠪᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠎ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠂ ᠮᠥᠨ ᠴᠦ ᠴᠠᠭ ᠦᠶ᠎ᠡ᠎ᠶᠢᠨ ᠬᠥᠭᠵᠢᠯᠲᠡ᠎ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠃ ᠲᠠᠯ᠎ᠠ ᠨᠤᠲᠤᠭ᠎ᠤᠨ ᠬᠦᠪᠡᠭᠦᠳ ᠦᠬᠢᠳ ᠨᠢᠭᠡ ᠪᠦᠷᠢ ᠤᠯᠤᠰ᠎ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠎ᠢ ᠤᠯᠠᠮᠵᠢᠯᠠᠬᠤ ᠂ ᠬᠡᠷᠡᠭᠯᠡᠬᠦ ᠂ ᠬᠥᠭᠵᠢᠭᠦᠯᠬᠦ ᠲᠡᠤᠬᠡᠨ ᠶᠠᠪᠤᠴᠠ᠎ᠳ᠋ᠤ ᠰᠠᠨᠠᠭᠠᠴᠢᠯᠠᠭ᠎ᠠ᠎ᠡᠴᠠ᠎ᠪᠠᠨ ᠤᠬᠠᠮᠰᠠᠷ᠎ᠡᠴᠠ᠎ᠪᠠᠨ ᠣᠷᠣᠯᠴᠠᠵᠤ ᠂ ᠳᠤᠮᠳᠠᠳᠤ᠎ᠶᠢᠨ ᠦᠨᠳᠦᠰᠦᠲᠡᠨ᠎ᠤ ᠪᠠᠭᠲᠠᠭᠠᠮᠵᠢᠲᠤ ᠴᠢᠨᠠᠷ᠎ᠢᠶᠠᠷ ᠨᠡᠩ ᠴᠢᠩᠭ᠎ᠠ ᠂ ᠨᠢᠭᠲᠠᠷᠠᠯ᠎ᠤᠨ ᠬᠦᠴᠦᠨ᠎ᠢᠶᠠᠷ ᠨᠡᠩ ᠶᠡᠬᠡ ᠬᠤᠪᠢ ᠵᠠᠶᠠᠭᠠᠨ᠎ᠤ ᠬᠠᠮᠲᠤ ᠴᠣᠭᠴᠠ ᠵᠦᠭ ᠤᠷᠤᠭᠰᠢᠯᠠᠬᠤ᠎ᠳ᠋ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠢ ᠃ ᠡᠬᠡ ᠣᠷᠣᠨ᠎ᠤ ᠨᠢᠭᠡᠳᠦᠯ᠎ᠢ ᠡᠪᠳᠡᠬᠦ ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ ᠶᠠᠮᠠᠷᠪᠠ ᠦᠭᠡ ᠶᠠᠷᠢᠶ᠎ᠠ ᠦᠢᠯᠡ ᠠᠵᠢᠯᠯᠠᠭ᠎ᠠ᠎ᠳ᠋ᠤ ᠴᠥᠮ ᠡᠷᠬᠡᠪᠰᠢ ᠴᠠᠭ ᠲᠤᠬᠠᠶ᠎ᠳ᠋ᠤᠨᠢ ᠵᠥᠪ ᠪᠤᠷᠤᠭᠤ᠎ᠶᠢ ᠢᠯᠭᠠᠨ ᠲᠠᠨᠢᠵᠤ ᠂ ᠡᠷᠡᠰ ᠴᠣᠬᠢᠯᠲᠠ ᠥᠭᠬᠦ ᠬᠡᠷᠡᠭᠲᠡᠶ ᠃

ᠤᠯᠤᠰ᠎ᠢᠶᠡᠨ ᠬᠠᠢᠷᠠᠯᠠᠭᠴᠢ ᠳᠤᠮᠳᠠᠳᠤ᠎ᠶᠢᠨ ᠬᠠᠷᠢᠶᠠᠲᠤ ᠴᠧᠨ ᠵᠢᠶᠠ ᠭᠧᠩ ᠠᠪᠤᠭᠠᠢ ᠤᠯᠠᠭᠠᠨᠬᠣᠲᠠ᠎ᠳ᠋ᠤ ᠠᠢᠯᠴᠢᠯᠠᠵᠤ ᠂ ︽ ᠰᠢᠨ᠎ᠡ ᠳᠤᠮᠳᠠᠳᠤ ᠤᠯᠤᠰ᠎ᠤᠨ ᠠᠵᠢᠬᠯᠠᠯᠲᠠ᠎ᠶᠢᠨ ᠲᠦᠷᠦᠭᠳᠡᠯ᠎ᠤᠨ ᠲᠡᠭᠦᠪᠦᠷᠢ ︾ ᠭᠡᠬᠦ ᠨᠣᠮ᠎ᠳᠠᠭᠠᠨ ᠄ ︽ ᠪᠢᠳᠡ ᠡᠨᠡ ᠤᠳᠠᠭ᠎ᠠ ᠥᠪᠥᠷ ᠮᠣᠩᠭᠣᠯ᠎ᠳ᠋ᠤ ᠢᠷᠡᠭᠡᠳ ᠭᠦᠨ ᠰᠠᠭᠤᠭᠳᠠᠯ᠎ᠲᠠᠢ ᠂ ᠳᠠᠷᠤᠢ ᠬᠢᠲᠠᠳ ᠮᠣᠩᠭᠣᠯ ᠠᠬ᠎ᠠ ᠳᠡᠭᠦᠦ᠎ᠶᠢᠨ ᠳᠣᠲᠣᠨᠣ ᠬᠠᠪᠰᠤᠷᠤᠯᠴᠠᠭᠰᠠᠨ ᠢᠯᠡᠷᠡᠯ ᠪᠣᠯᠤᠨ᠎ᠠ ᠃ ᠶᠠᠮᠠᠷ ᠴᠤ ᠤᠴᠢᠷ᠎ᠲᠤ ᠦᠢᠮᠡᠯᠳᠦᠬᠦ ᠦᠭᠡᠢ ᠂ ᠬᠡᠷᠪᠡ ᠰᠢᠶᠳᠪᠦᠷᠢᠯᠡᠬᠦ᠎ᠳ᠋ᠤ ᠬᠦᠴᠢᠷᠲᠡᠶ ᠶᠠᠪᠤᠳᠠᠯ ᠲᠣᠬᠢᠶᠠᠯᠳᠤᠪᠠᠯ ᠤᠯᠠᠨ᠎ᠢᠶᠠᠷ᠎ᠢᠶᠡᠨ ᠡᠶᠡᠯᠳᠡᠭ᠎ᠢᠶᠠᠷ ᠬᠤᠷᠠᠯ ᠬᠢᠵᠦ ᠶᠠᠷᠢᠯᠴᠠᠨ᠎ᠠ ᠃ ᠡᠳᠡᠭᠡᠷ ᠶᠠᠪᠤᠳᠠᠯ᠎ᠢᠶᠠᠷ ᠳᠠᠮᠵᠢᠨ ᠦᠨᠳᠦᠰᠦᠲᠡᠨ᠎ᠤ ᠪᠦᠯᠬᠦᠮᠳᠡᠯ ᠨᠠᠶᠢᠷᠠᠮᠳᠠᠯ᠎ᠢ ᠢᠯᠡᠷᠡᠭᠦᠯᠵᠦ ᠪᠠᠢᠭ᠎ᠠ᠎ᠶᠢ ᠪᠢᠳᠡ ᠮᠠᠭᠲᠠᠨ ᠰᠠᠶᠢᠰᠢᠶᠠᠭᠤᠰᠢᠲᠠᠶ ᠶᠤᠮ ︾ ᠭᠡᠵᠦ ᠪᠢᠴᠢᠭᠰᠡᠨ ᠪᠠᠢᠳᠠᠭ ᠃ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠦᠷᠭᠦᠯᠵᠢᠯᠡᠨ ᠭᠤᠶᠢᠪᠢᠰᠢ ᠦᠭᠡᠢ ᠪᠠᠲᠤ ᠴᠤᠭᠴᠠᠯᠠᠵᠤ ᠂ ᠨᠢᠭᠡ ᠰᠡᠳᠬᠢᠯ ᠨᠢᠭᠡ ᠵᠣᠷᠢᠭ᠎ᠢᠶᠠᠷ ᠮᠦᠷᠦ ᠵᠡᠷᠭᠡᠴᠡᠨ ᠤᠷᠤᠭᠰᠢᠯᠠᠪᠠᠯ ᠰᠠᠶᠢ ᠬᠠᠷᠢᠯᠴᠠᠨ ᠮᠡᠳᠡᠯᠴᠡᠵᠦ ᠂ ᠬᠠᠮᠲᠤ᠎ᠪᠠᠷ ᠬᠥᠭᠵᠢᠬᠦ ᠵᠠᠮ᠎ᠢᠶᠠᠷ ᠵᠠᠮᠨᠠᠵᠤ ᠴᠢᠳᠠᠨ᠎ᠠ ᠃ ᠡᠨᠡ ᠪᠣᠯ ᠲᠡᠦᠬᠡ᠎ᠡᠴᠠ ᠪᠢᠳᠡᠨ᠎ᠳ᠋ᠤ ᠣᠯᠭᠣᠭᠰᠠᠨ ᠡᠷᠬᠢᠮ ᠨᠠᠨᠳᠢᠨ ᠲᠤᠷᠰᠢᠯᠭ᠎ᠠ ᠮᠥᠨ ᠂ ᠨᠡᠩ ᠴᠤ ᠡᠯ᠎ᠡ ᠦᠨᠳᠦᠰᠦᠲᠡᠨ᠎ᠤ ᠵᠣᠯ ᠵᠢᠷᠭᠠᠯ᠎ᠲᠠᠢ ᠠᠮᠤᠷ ᠲᠣᠭᠲᠠᠭᠤᠨ ᠂ ᠡᠶ᠎ᠡ ᠵᠣᠬᠢᠴᠠᠩᠭᠤᠢ ᠰᠠᠢᠨ ᠰᠠᠶᠢᠬᠠᠨ ᠠᠯᠤᠰ ᠢᠷᠡᠭᠡᠳᠦᠢ ᠵᠦᠭ ᠤᠷᠤᠭᠰᠢᠯᠠᠬᠤ᠎ᠶᠢᠨ ᠵᠠᠶᠢᠯᠠᠰᠢ ᠦᠭᠡᠢ ᠰᠣᠩᠭᠣᠯᠲᠠ ᠪᠤᠯᠤᠨ᠎ᠠ ᠃

︵ ᠵᠢᠷᠭᠤᠭ᠎ᠠ ︶ ᠰᠠᠯᠬᠢᠨ᠎ᠤ ᠠᠶ᠎ᠠ᠎ᠪᠠᠷ ᠨᠠᠮᠢᠷᠠᠭᠰᠠᠨ ᠲᠤᠭ ᠳᠠᠯᠪᠠᠭ᠎ᠠ ᠂ ᠣᠭᠲᠠᠷᠭᠤᠶ᠎ᠶᠢᠨ ᠴᠡᠭᠡᠯ᠎ᠳ᠋ᠤ ᠴᠤᠤᠷᠢᠶᠠᠳᠤᠭᠰᠠᠨ ᠤᠷᠠᠢ ᠬᠠᠰᠬᠢᠷᠤᠯ ᠂ ᠰᠡᠳᠬᠢᠯ᠎ᠤᠨ ᠤᠭ᠎ᠡᠴᠠ ᠤᠨᠳᠤᠷᠤᠭᠰᠠᠨ ᠤᠷᠭᠢᠯᠤᠮ᠎ᠠ ᠰᠡᠳᠬᠢᠯᠭᠡ ᠁ 2020 ᠣᠨ᠎ᠤ ᠤᠯᠤᠰ᠎ᠤᠨ ᠪᠠᠶᠠᠷ᠎ᠤᠨ ᠡᠳᠦᠷ ᠭᠠᠵᠠᠷ ᠪᠣᠯᠭᠠᠨ᠎ᠳ᠋ᠤ ︽ ᠪᠦᠯᠬᠦᠮᠳᠡᠯ ︾᠎ᠤᠨ ᠰᠠᠨᠠᠭ᠎ᠠ ᠳᠦᠷᠢ ᠢᠯᠡᠷᠡᠵᠦ ᠂ ᠬᠥᠮᠦᠨ ᠪᠦᠬᠦᠨ ᠳᠤᠮᠳᠠᠳᠤ᠎ᠶᠢᠨ ᠦᠨᠳᠦᠰᠦᠲᠡᠨ᠎ᠤ ᠨᠢᠭᠡ ᠭᠡᠷ ᠪᠦᠯᠢ ᠮᠡᠲᠦ ᠳᠤᠳᠤᠨᠤᠰᠤᠭ ᠭᠦᠨ ᠵᠤᠵᠠᠭᠠᠨ ᠬᠦᠴᠦᠨ ᠴᠢᠳᠠᠯ᠎ᠢ ᠪᠡᠶᠡᠴᠢᠯᠡᠨ ᠣᠶᠢᠯᠠᠭᠠᠵᠤ ᠪᠠᠢᠯ᠎ᠠ ᠃

ᠪᠦᠯᠬᠦᠮᠳᠡᠯ ᠪᠣᠯ ᠳᠠᠷᠤᠢ ᠬᠦᠴᠦᠨ ᠮᠥᠨ ᠂ ᠪᠦᠯᠬᠦᠮᠳᠡᠯ᠎ᠨᠢ ᠭᠡᠷᠡᠯ ᠰᠠᠴᠤᠷᠠᠩᠭᠤᠢ ᠦᠢᠯᠡᠰ᠎ᠢ ᠴᠣᠭᠴᠠᠯᠠᠨ᠎ᠠ ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳ᠋ᠤ ᠤᠷᠤᠭᠰᠢᠯᠠᠯᠲᠠ᠎ᠶᠢᠨ ᠵᠠᠮ ᠲᠡᠭᠰᠢ ᠳᠠᠷᠳᠠᠩ ᠪᠢᠰᠢ ᠂ ᠴᠢᠨᠠᠭᠰᠢᠯᠠᠪᠠᠯ ᠰᠠᠭᠠᠳ ᠲᠣᠳᠬᠠᠷ ᠤᠯᠠᠨ ᠪᠠᠢᠵᠤ ᠂ ᠭᠠᠭᠴᠠ ᠬᠦ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠬᠤ᠎ᠪᠠᠷ ᠭᠣᠣᠯ ᠰᠢᠵᠢᠮ ᠪᠣᠯᠭᠠᠨ ᠡᠯ᠎ᠡ ᠵᠦᠢᠯ᠎ᠤᠨ ᠠᠵᠢᠯ᠎ᠢ ᠰᠠᠶᠢᠲᠤᠷ ᠬᠢᠵᠦ ᠂ ᠡᠯ᠎ᠡ ᠦᠨᠳᠦᠰᠦᠲᠡᠨ᠎ᠤ ᠬᠥᠮᠦᠰ᠎ᠤᠨ ᠰᠡᠳᠬᠢᠯ᠎ᠢ ᠨᠢᠭᠲᠠᠷᠠᠭᠤᠯᠤᠨ ᠤᠶᠤᠨ ᠰᠠᠨᠠᠭ᠎ᠠ᠎ᠶᠢ ᠬᠠᠷᠢᠯᠴᠠᠨ ᠤᠶᠠᠯᠳᠤᠭᠤᠯᠪᠠᠯ ᠰᠠᠶᠢ ᠰᠠᠢᠨ ᠰᠠᠶᠢᠬᠠᠨ ᠢᠷᠡᠭᠡᠳᠦᠢ᠎ᠶᠢ ᠴᠣᠭᠴᠠᠯᠠᠵᠤ ᠴᠢᠳᠠᠨ᠎ᠠ ︔ ᠭᠠᠭᠴᠠ ᠬᠦ ︽ ᠰᠡᠳᠬᠢᠯ ᠨᠢᠭᠡᠲᠦᠨ ᠬᠦᠴᠦ᠎ᠪᠠᠨ ᠬᠠᠮᠲᠤᠳᠬᠠᠵᠤ ᠬᠥᠯᠥᠰᠥ᠎ᠪᠠᠨ ᠰᠢᠪᠬᠠᠭᠰᠠᠨ ︾ ᠰᠠᠶᠢᠨ ᠰᠠᠶᠢᠬᠠᠨ ᠠᠭᠤᠷ ᠠᠮᠢᠰᠬᠤᠯ᠎ᠢ ᠲᠠᠰᠤᠷᠠᠯᠲᠠ ᠦᠭᠡᠢ ᠪᠡᠬᠢᠵᠢᠭᠦᠯᠵᠦ ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠎ᠶᠢ ᠠᠬᠢᠭᠤᠯᠪᠠᠯ ᠰᠠᠶᠢ ᠬᠠᠷᠰᠢ ᠰᠠᠭᠠᠳ᠎ᠢ ᠢᠯᠠᠨ ᠳᠠᠪᠠᠵᠤ ᠂ ᠰᠠᠯᠬᠢ ᠳᠠᠪᠠᠯᠭᠠᠨ᠎ᠢ ᠵᠦᠰᠦᠨ ᠤᠷᠤᠭᠰᠢᠯᠠᠵᠤ ᠴᠢᠳᠠᠨ᠎ᠠ ᠃

ᠮᠢᠩᠭᠠᠨ ᠵᠢᠯ᠎ᠤᠨ ᠳᠠᠪᠠᠯᠭᠠᠨ ᠠᠷᠢᠯᠤᠭᠠᠳᠤᠶ ᠂ ᠰᠠᠯᠬᠢᠨ᠎ᠤ ᠠᠶ᠎ᠠ᠎ᠪᠠᠷ ᠳᠠᠷᠪᠠᠭᠤᠯ ᠳᠠᠬᠢᠨ ᠨᠠᠮᠢᠷᠠᠨ᠎ᠠ ᠃ ᠬᠦᠰᠡᠯ ᠵᠡᠭᠦᠳᠦ᠎ᠪᠠᠷ ᠡᠷᠭᠢ ᠪᠣᠯᠭᠠᠵᠤ ᠂ ᠪᠦᠯᠬᠦᠮᠳᠡᠯ᠎ᠢᠶᠠᠷ ᠳᠠᠷᠪᠠᠭᠤᠯ ᠬᠢᠵᠦ ᠂ ᠲᠡᠮᠡᠴᠡᠯ᠎ᠢᠶᠠᠷ ᠰᠡᠯᠢᠭᠦᠷ ᠪᠤᠯᠭᠠᠨ ᠰᠡᠯᠢᠵᠦ ᠂ 2500 ᠭᠠᠷᠤᠢ ᠲᠦᠮᠡᠨ ᠡᠯ᠎ᠡ ᠦᠨᠳᠦᠰᠦᠲᠡᠨ᠎ᠤ ᠬᠥᠪᠡᠭᠦᠳ ᠥᠬᠢᠳ ᠬᠦᠴᠦ᠎ᠪᠠᠨ ᠬᠠᠮᠲᠤᠳᠬᠠᠨ ᠰᠡᠳᠬᠢᠯ᠎ᠢᠶᠡᠨ ᠨᠢᠭᠡᠳᠬᠡᠵᠦ ᠂ ᠨᠡᠩ ᠭᠡᠷᠡᠯ ᠰᠠᠴᠤᠷᠠᠩᠭᠤᠢ ᠢᠷᠡᠭᠡᠳᠦᠢ ᠵᠦᠭ ᠠᠶᠠᠯᠠᠨ᠎ᠠ ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠣᠷᠢᠶ᠎ᠠ
兼容浏览器的HTML页面