2020-09-26 10:22:13
ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠬᠠᠶ ᠰᠢᠷᠢᠰ ᠰᠢᠭᠦᠮᠵᠢ ︵ ᠠᠷᠪᠠᠨ ᠳᠣᠯᠣᠭ᠎ᠠ ︶
ᠶᠡᠬᠡ ᠶᠣᠰᠣ᠎ᠶᠢ ᠮᠡᠳᠡᠶ᠎ᠡ ᠭᠡᠪᠡᠯ ᠤᠷᠢᠳ᠎ᠢᠶᠠᠷ ᠲᠡᠦᠬᠡ᠎ᠶᠢ ᠤᠢᠯᠠᠭᠠᠬᠤ ᠬᠡᠷᠡᠭᠲᠡᠢ ᠃ ᠲᠡᠦᠬᠡ ᠪᠣᠯ ᠬᠥᠮᠦᠨ ᠲᠥᠷᠥᠯᠬᠢᠲᠡᠨ᠎ᠤ ᠨᠡᠶᠢᠭᠡᠮ᠎ᠤᠨ ᠥᠩᠭᠡᠷᠡᠯᠳᠡ ᠮᠥᠨ ᠂ ᠲᠡᠦᠬᠡ ᠰᠤᠷᠤᠯᠴᠠᠵᠤ ᠪᠠᠢᠭ᠎ᠠ᠎ᠨᠢ ᠲᠡᠦᠬᠡ᠎ᠪᠠᠷ ᠲᠤᠯᠢ ᠪᠤᠯᠭᠠᠵᠤ ᠂ ᠢᠷᠡᠭᠡᠳᠦᠢ᠎ᠪᠠᠨ ᠳᠤᠳᠤᠷᠬᠠᠢᠯᠠᠬᠤ᠎ᠶᠢᠨ ᠲᠥᠯᠥᠭᠡ ᠶᠤᠮ ᠃ ᠲᠡᠦᠬᠡᠨ ᠲᠤᠷᠰᠢᠯᠭ᠎ᠠ᠎ᠪᠠᠷ ᠲᠣᠯᠢ ᠪᠣᠯᠭᠠᠵᠤ ᠣᠳᠣ᠎ᠶᠢᠨ ᠪᠠᠶᠢᠳᠠᠯ᠎ᠢ ᠬᠠᠷᠠᠪᠠᠯ ᠰᠠᠶᠢ ᠪᠢᠳᠡ ᠬᠠᠮᠢᠭ᠎ᠠ᠎ᠡᠴᠠ ᠢᠷᠡᠭᠰᠡᠨ ᠂ ᠤᠳᠤ ᠬᠠᠮᠢᠭ᠎ᠠ ᠪᠠᠢᠬᠤ ᠂ ᠬᠣᠶᠢᠰᠢᠳᠠ ᠬᠠᠮᠢᠭ᠎ᠠ ᠤᠴᠢᠬᠤ᠎ᠪᠠᠨ ᠨᠡᠩ ᠰᠠᠢᠨ ᠣᠶᠢᠯᠠᠭᠠᠵᠤ ᠂ ᠡᠭᠦᠨ᠎ᠤ ᠤᠯᠠᠮ᠎ᠡᠴᠠ ᠨᠡᠶᠢᠭᠡᠮ ᠵᠢᠷᠤᠮ ᠪᠠ ᠡᠪ ᠬᠠᠮᠲᠤ ᠶᠣᠰᠣᠨ᠎ᠤ ᠬᠦᠰᠡᠯᠡᠩ ᠢᠲᠡᠭᠡᠯ ᠪᠢᠰᠢᠷᠡᠯ᠎ᠢᠶᠡᠨ ᠲᠠᠰᠤᠷᠠᠯᠳᠠ ᠦᠭᠡᠢ ᠪᠠᠲᠤᠳᠬᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠦᠶᠯᠡᠰ᠎ᠢ ᠡᠷᠡᠰ ᠭᠤᠶᠢᠪᠢᠰᠢ ᠦᠭᠡᠶ ᠠᠬᠢᠭᠤᠯᠵᠤ ᠴᠢᠳᠠᠨ᠎ᠠ ᠃
16 ᠳ᠋ᠤᠭᠠᠷ ᠵᠠᠭᠤᠨ᠎ᠳ᠋ᠤ ᠧᠦ᠋ᠷᠣᠫᠠ ᠲᠢᠪ᠎ᠤᠨ ᠡᠷᠲᠡ ᠦᠶ᠎ᠡ᠎ᠶᠢᠨ ᠬᠡᠢ ᠪᠤᠳᠤᠯ᠎ᠤᠨ ᠨᠡᠶᠢᠭᠡᠮ ᠵᠢᠷᠤᠮ᠎ᠤᠨ ᠡᠷᠳᠡᠮᠲᠡᠨ ᠲᠤᠮᠠᠰ · ᠮᠸᠷᠤᠨ ︽ ᠬᠦᠰᠡᠯᠡᠩᠳᠤ ᠤᠷᠴᠢᠯᠠᠩ ︾ ᠭᠡᠬᠦ ᠨᠣᠮ ᠮᠡᠨᠳᠦᠯᠡᠭᠰᠡᠨ᠎ᠡᠴᠠ ᠨᠠᠭᠠᠰᠢ ᠂ ᠬᠥᠮᠦᠨ ᠲᠥᠷᠥᠯᠬᠢᠲᠡᠨ᠎ᠤ ᠨᠡᠶᠢᠭᠡᠮ ᠵᠢᠷᠤᠮ᠎ᠤᠨ ᠦᠢᠯᠡᠰ᠎ᠤᠨ ᠲᠤᠬᠠᠶ ᠬᠠᠶᠢᠨ ᠰᠦᠪᠡᠭᠴᠢᠯᠡᠯᠲᠡ ᠨᠢᠭᠡᠨᠲᠡ 500 ᠭᠠᠷᠤᠶ ᠵᠢᠯ ᠪᠣᠯᠵᠤ ᠂ ᠤᠷᠢᠳ ᠬᠣᠵᠢᠳ ᠬᠡᠢ ᠪᠤᠳᠤᠯ᠎ᠤᠨ ᠨᠡᠶᠢᠭᠡᠮ ᠵᠢᠷᠤᠮ ᠂ ᠰᠢᠨᠵᠢᠯᠡᠬᠦ ᠤᠬᠠᠭᠠᠨ᠎ᠤ ᠨᠡᠶᠢᠭᠡᠮ ᠵᠢᠷᠤᠮ ᠂ ᠨᠡᠶᠢᠭᠡᠮ ᠵᠢᠷᠤᠮ᠎ᠤᠨ ᠤᠨᠤᠯ᠎ᠡᠴᠠ ᠦᠢᠯᠡᠳᠦᠯᠭᠡ ᠬᠦᠷᠲᠡᠯ᠎ᠡ ᠂ ᠳᠠᠬᠢᠭᠠᠳ ᠨᠢᠭᠡ ᠤᠯᠤᠰ ᠨᠡᠶᠢᠭᠡᠮ ᠵᠢᠷᠤᠮ᠎ᠢ ᠪᠦᠳᠦᠭᠡᠨ ᠪᠠᠶᠢᠭᠤᠯᠤᠭᠰᠠᠨ᠎ᠡᠴᠠ ᠤᠯᠠᠨ ᠤᠯᠤᠰ ᠨᠡᠢᠭᠡᠮ ᠵᠢᠷᠤᠮ᠎ᠢ ᠦᠢᠯᠡᠳᠦᠯᠭᠡᠵᠢᠭᠦᠯᠦᠭᠰᠡᠨ ᠬᠦᠷᠲᠡᠯᠡᠬᠢ ᠬᠥᠭᠵᠢᠯᠲᠡ᠎ᠶᠢᠨ ᠶᠠᠪᠤᠴᠠ᠎ᠶᠢ ᠥᠩᠭᠡᠷᠡᠭᠡᠵᠦ ᠂ ᠳᠠᠪᠠᠯᠭᠠᠨ ᠬᠡᠯᠪᠡᠷᠢ᠎ᠪᠠᠷ ᠤᠷᠤᠭᠰᠢᠯᠠᠵᠤ ᠂ ᠡᠷᠭᠢᠭᠦᠯᠭᠡᠨ ᠬᠡᠯᠪᠡᠷᠢ᠎ᠪᠠᠷ ᠳᠡᠭᠡᠭᠰᠢᠯᠡᠵᠤ ᠂ ᠣᠷᠭᠢᠯ᠎ᠲᠠᠢ ᠮᠦᠷᠳᠡᠭᠡᠨ ᠪᠠᠭᠤᠷᠠᠯᠲᠠ᠎ᠲᠠᠢ ᠪᠠᠢᠵᠤ ᠂ ᠰᠦᠷ ᠳᠠᠯᠠᠶᠢᠴᠠᠲᠠᠶ ᠲᠡᠤᠬᠡ᠎ᠶᠢᠨ ᠬᠥᠭᠵᠢᠯᠲᠡ᠎ᠶᠢᠨ ᠵᠢᠷᠤᠭ ᠳᠦᠷᠰᠦ᠎ᠶᠢ ᠢᠯᠡᠷᠡᠭᠦᠯᠵᠡᠶ ᠃
︽ ᠠᠷᠪᠠᠨ ᠰᠠᠷ᠎ᠠ᠎ᠶᠢᠨ ᠬᠤᠪᠢᠰᠬᠠᠯ᠎ᠤᠨ ᠫᠤᠤ᠎ᠶᠢᠨ ᠲᠠᠭᠤᠨ ᠳᠤᠮᠳᠠᠳᠤ ᠤᠯᠤᠰ᠎ᠲᠤ ᠮᠠᠷᠺᠰ ᠯᠧᠨᠢᠨ᠎ᠤ ᠦᠵᠡᠯ᠎ᠢ ᠠᠪᠴᠢᠷᠠᠵᠤ ᠦᠭᠴᠠᠢ ︾ ᠃ ᠳᠤᠮᠳᠠᠳᠤ ᠤᠯᠤᠰ᠎ᠤᠨ ᠡᠪ ᠬᠠᠮᠲᠤᠴᠤᠳ ᠣᠷᠣᠰ᠎ᠤᠨ ᠠᠷᠪᠠᠨ ᠰᠠᠷ᠎ᠠ᠎ᠶᠢᠨ ᠬᠤᠪᠢᠰᠬᠠᠯ᠎ᠤᠨ ᠤᠷᠢᠶᠠᠯᠠᠭ᠎ᠠ ᠳᠣᠤᠷ᠎ᠠ ᠂ ᠨᠡᠶᠢᠭᠡᠮ ᠵᠢᠷᠤᠮ᠎ᠢ ᠣᠳᠣᠬᠢᠴᠢᠯᠠᠯᠲᠠ᠎ᠶᠢᠨ ᠲᠥᠰᠦᠯ ᠪᠣᠯᠭᠠᠨ ᠳᠤᠮᠳᠠᠳᠤ ᠤᠯᠤᠰ᠎ᠲᠤ ᠣᠷᠣᠭᠤᠯᠤᠭᠰᠠᠨ᠎ᠡᠴᠠ ᠨᠠᠭᠠᠰᠢ ᠂ ᠬᠡᠳᠦᠨ ᠦᠶ᠎ᠡ᠎ᠶᠢᠨ ᠳᠤᠮᠳᠠᠳᠤ ᠤᠯᠤᠰ᠎ᠤᠨ ᠡᠪ ᠬᠠᠮᠲᠤᠴᠤᠳ ᠳᠤᠮᠳᠠᠳᠤ ᠤᠯᠤᠰ᠎ᠤᠨ ᠠᠷᠠᠳ ᠲᠦᠮᠡᠨ᠎ᠢ ᠪᠦᠯᠬᠦᠮᠳᠡᠭᠦᠯᠦᠨ ᠲᠡᠮᠡᠴᠡᠵᠦ ᠂ ᠲᠡᠤᠬᠡ᠎ᠶᠢᠨ ᠰᠠᠯᠬᠢ ᠪᠣᠷᠣᠭᠠᠨ᠎ᠢ ᠲᠤᠭᠤᠯᠵᠤ ᠂ ᠲᠣᠭ᠎ᠠ ᠲᠣᠮᠰᠢ ᠦᠭᠡᠶ ᠬᠦᠴᠢᠷ ᠪᠡᠷᠬᠡᠰᠢᠶᠡᠯ ᠨᠤᠭᠤᠷᠠᠯ ᠪᠦᠳᠦᠷᠢᠯ᠎ᠤᠨ ᠳᠤᠮᠳᠠ ᠲᠠᠰᠤᠷᠠᠯᠲᠠ ᠤᠢᠭᠡᠢ ᠬᠠᠶᠢᠨ ᠰᠦᠪᠡᠭᠴᠢᠯᠡᠵᠤ ᠂ ᠠᠯᠢ ᠤᠯᠠᠨ ᠬᠦᠴᠢᠷ ᠪᠡᠷᠭᠡᠰᠢᠶᠡᠯ᠎ᠢ ᠳᠠᠪᠠᠵᠤ ᠂ ᠤᠳᠠᠭ᠎ᠠ ᠳᠠᠷᠠᠭᠠᠯᠠᠨ ᠢᠯᠠᠯᠲᠠ ᠣᠯᠵᠤ ᠂ ᠲᠤᠰ ᠤᠯᠤᠰ᠎ᠤᠨ᠎ᠢᠶᠡᠨ ᠪᠠᠶᠢᠳᠠᠯ᠎ᠳ᠋ᠤ ᠳᠣᠭᠢᠷᠬᠠᠰᠠᠨ ᠨᠡᠶᠢᠭᠡᠮ ᠵᠢᠷᠤᠮ᠎ᠤᠨ ᠵᠠᠮ᠎ᠢ ᠬᠠᠶᠢᠨ ᠰᠦᠪᠡᠭᠴᠢᠯᠡᠵᠦ ᠭᠠᠷᠭᠠᠭᠰᠠᠨ ᠪᠠᠶᠢᠨ᠎ᠠ ᠃ ᠣᠳᠣᠬᠠᠨ᠎ᠳ᠋ᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ ᠰᠢᠨ᠎ᠡ ᠴᠠᠭ ᠦᠶ᠎ᠠ᠎ᠳ᠋ᠤ ᠣᠷᠣᠵᠤ ᠂ ᠳᠤᠮᠳᠠᠳᠤ᠎ᠶᠢᠨ ᠦᠨᠳᠦᠰᠦᠲᠡᠨ ᠪᠣᠰᠴᠤ ᠵᠣᠭᠰᠣᠭᠰᠠᠨ ᠂ ᠪᠠᠶᠠᠵᠢᠨ ᠴᠢᠨᠡᠭᠡᠯᠢᠭᠵᠢᠭᠰᠡᠨ᠎ᠡᠴᠠ ᠬᠦᠴᠦᠷᠬᠡᠭᠵᠢᠭᠰᠡᠨ ᠠᠭᠤᠤ ᠶᠡᠬᠡ ᠦᠰᠦᠷᠦᠯᠲᠡ᠎ᠶᠢ ᠤᠭᠲᠤᠨ ᠠᠪᠴᠢᠷᠠᠵᠤ ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ ᠭᠡᠭᠡᠨ ᠰᠠᠷᠠᠭᠤᠯ ᠢᠷᠡᠭᠡᠳᠦᠢ᠎ᠶᠢ ᠤᠭᠲᠤᠨ ᠠᠪᠴᠢᠷᠠᠪᠠ ᠃
ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠠᠮᠵᠢᠯᠲᠠ᠎ᠲᠠᠢ ᠡᠭᠦᠳᠦᠯᠲᠡ ᠪᠠ ᠠᠭᠤᠤ ᠶᠡᠬᠡ ᠦᠢᠯᠡᠳᠦᠯᠭᠡ᠎ᠨᠢ ᠤᠲᠤ ᠪᠠᠶᠢᠭ᠎ᠠ ᠳᠡᠯᠡᠬᠡᠶ᠎ᠶᠢᠨ ᠠᠵᠤ ᠠᠬᠤᠶ ᠤᠯᠤᠰ ᠲᠦᠷᠦ᠎ᠶᠢᠨ ᠬᠦᠴᠦᠨ᠎ᠤ ᠬᠠᠷᠢᠴᠠᠯ᠎ᠢ ᠨᠡᠶᠢᠭᠡᠮ ᠵᠢᠷᠤᠮ ᠪᠠ ᠬᠥᠭᠵᠢᠵᠦ ᠪᠠᠶᠢᠭ᠎ᠠ ᠤᠯᠤᠰ᠎ᠤᠳ᠎ᠲᠤ ᠠᠰᠢᠭᠲᠠᠶ ᠬᠤᠪᠢᠷᠠᠯᠲᠠ᠎ᠲᠠᠢ ᠪᠣᠯᠭᠠᠭᠰᠠᠨ ᠪᠥᠭᠡᠳ ᠪᠠᠰᠠ ᠬᠥᠮᠦᠰ᠎ᠤᠨ ᠨᠡᠶᠢᠭᠡᠮ ᠵᠢᠷᠤᠮ᠎ᠤᠨ ᠲᠤᠬᠠᠶ ᠢᠲᠡᠭᠡᠯ᠎ᠢ ᠲᠠᠬᠢᠨ ᠡᠷᠴᠢᠯᠡᠭᠰᠡᠡ ᠪᠠᠶᠢᠨ᠎ᠠ ᠃ ᠳᠤᠮᠳᠠᠳᠤ ᠤᠯᠤᠰ᠎ᠤᠨ ᠡᠪ ᠬᠠᠮᠲᠤ ᠨᠠᠮ ᠪᠠ ᠳᠤᠮᠳᠠᠳᠤ ᠤᠯᠤᠰ᠎ᠤᠨ ᠠᠷᠠᠳ ᠲᠦᠮᠡᠨ ᠥᠪᠡᠷ᠎ᠤᠨ ᠠᠭᠤᠤ ᠶᠡᠬᠡ ᠡᠭᠦᠳᠦᠨ ᠪᠦᠲᠦᠭᠡᠯᠲᠡᠪᠠᠷᠢᠶᠡᠨ ᠳᠡᠯᠡᠬᠡᠶ᠎ᠶᠢᠨ ᠨᠡᠶᠢᠭᠡᠮ ᠵᠢᠷᠤᠮ᠎ᠤᠨ ᠭᠣᠤᠯ ᠲᠤᠯᠭᠠᠭᠤᠷᠢ ᠪᠠ 21 ᠳ᠋ᠤᠭᠡᠷ ᠵᠠᠭᠤᠨ᠎ᠤ ᠨᠡᠶᠢᠭᠡᠮ ᠵᠢᠷᠤᠮ᠎ᠤᠨ ᠬᠥᠭᠵᠢᠯᠲᠡ᠎ᠶᠢ ᠬᠥᠲᠥᠯᠥᠨ ᠳᠠᠭᠠᠭᠤᠯᠬᠤ ᠠᠭᠤᠤ ᠶᠡᠬᠡ ᠲᠤᠭ ᠪᠣᠯᠤᠭᠰᠠᠨ ᠪᠠᠶᠢᠨ᠎ᠠ ᠃
ᠨᠢᠭᠡ ᠵᠦᠢᠯ᠎ᠤᠨ ᠴᠣ ᠰᠢᠨ᠎ᠡ ᠪᠠᠶᠢᠭᠤᠯᠤᠯ᠎ᠤᠨ ᠬᠡᠯᠪᠡᠷᠢ ᠪᠣᠯᠤᠭᠰᠠᠨ᠎ᠤ ᠬᠤᠪᠢ᠎ᠳ᠋ᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ 13 ᠲᠠᠯ᠎ᠠ᠎ᠶᠢᠨ ᠢᠯᠡᠳᠲᠡ ᠳᠠᠪᠠᠭᠤᠯᠢᠭ᠎ᠲᠠᠢ ᠂ ᠡᠭᠦᠨ᠎ᠤ ᠳᠣᠲᠣᠷᠠᠬᠢ ᠨᠢᠭᠡ ᠴᠢᠬᠤᠯᠠ ᠲᠠᠯ᠎ᠠ ᠪᠣᠯ ᠳᠠᠷᠤᠶ ︽ ᠦᠨᠳᠦᠰᠦᠲᠡᠨ ᠪᠦᠬᠦᠨ ᠡᠷᠬᠡ ᠲᠡᠭᠰᠢ ᠪᠠᠶᠢᠬᠤ᠎ᠶᠢ ᠪᠠᠷᠢᠮᠲᠠᠯᠠᠵᠦ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠪᠡᠬᠢ ᠪᠤᠢ ᠪᠣᠯᠭᠠᠵᠤ ᠂ ᠬᠠᠮᠲᠤ᠎ᠪᠠᠷ ᠪᠦᠯᠬᠦᠮᠳᠡᠨ ᠲᠡᠮᠡᠴᠡᠵᠦ ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠡᠶᠡᠯᠡᠭᠦᠯᠬᠦ᠎ᠶᠢ ᠪᠠᠷᠢᠮᠲᠠᠯᠠᠵᠠᠢ ︾ ᠃ ᠨᠡᠶᠢᠭᠡᠮ ᠵᠢᠷᠤᠮᠲᠤ ᠥᠭᠡᠷᠡᠴᠢᠯᠡᠯᠲᠡ᠎ᠶᠢ ᠪᠡᠶᠡᠯᠡᠭᠦᠯᠦᠭᠰᠡᠨ᠎ᠡᠴᠠ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ᠎ᠶᠢᠨ ᠥᠷᠨᠢᠩᠭᠦᠶ ᠬᠥᠭᠵᠢᠯᠲᠡ ᠬᠦᠷᠲᠡᠯ᠎ᠡ ᠂ ᠪᠢᠳᠡ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ᠎ᠶᠢᠨ ᠵᠠᠮ᠎ᠢ ᠨᠡᠭᠡᠭᠡᠵᠦ ᠂ ᠤᠯᠤᠰ ᠣᠷᠣᠨ᠎ᠤ ᠴᠡᠴᠡᠭᠯᠡᠨ ᠬᠦᠴᠦᠷᠬᠡᠭᠵᠢᠵᠦ ᠂ ᠠᠷᠠᠳ᠎ᠤᠨ ᠠᠮᠢᠳᠤᠷᠠᠯ᠎ᠢ ᠴᠢᠨᠡᠭᠡᠯᠢᠭ ᠬᠡᠮᠵᠢᠶᠡᠨ᠎ᠳ᠋ᠤ ᠬᠦᠷᠭᠡᠬᠦ᠎ᠶᠢ ᠠᠯᠬᠤᠮ ᠠᠯᠬᠤᠮ᠎ᠢᠶᠠᠷ ᠪᠡᠶᠡᠯᠡᠭᠦᠯᠵᠠᠢ ᠃ ᠲᠤᠮᠲᠠᠲᠤ ᠤᠯᠤᠰ᠎ᠤᠨ ᠡᠪ ᠬᠠᠮᠲᠤ ᠨᠠᠮ ᠳᠤᠮᠳᠠᠳᠤ᠎ᠶᠢᠨ ᠦᠨᠳᠦᠰᠦᠲᠡᠨ᠎ᠤ ᠦᠨᠳᠦᠰᠦᠨ ᠠᠰᠢᠭ ᠲᠤᠰᠠ᠎ᠶᠢᠨ ᠬᠠᠮᠤᠭ᠎ᠤᠨ ᠦᠨᠡᠨᠴᠢ ᠰᠢᠳᠤᠷᠭᠤ ᠲᠥᠯᠥᠭᠡᠯᠡᠭᠴᠢ ᠪᠠ ᠡᠷᠡᠰ ᠪᠠᠲᠤ ᠬᠠᠮᠠᠭᠠᠯᠠᠭᠴᠢ ᠪᠣᠯᠤᠭᠰᠠᠨ᠎ᠤ ᠬᠤᠪᠢ᠎ᠳ᠋ᠤ ᠂ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠵᠢᠯ᠎ᠤᠨ ᠪᠣᠳᠠᠲᠤ ᠪᠠᠢᠳᠠᠯ᠎ᠳ᠋ᠤ ᠪᠦᠲᠦᠭᠡᠯᠴᠢ᠎ᠪᠠᠷ ᠬᠡᠷᠡᠭᠯᠡᠵᠦ ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ᠎ᠳ᠋ᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠳᠦᠷᠢᠮ᠎ᠢ ᠬᠡᠷᠡᠭᠵᠢᠭᠦᠯᠵᠦ ᠂ ᠦᠨᠳᠦᠰᠦᠲᠡᠨ᠎ᠨᠦᠭᠦᠳ ᠴᠥᠮ ᠡᠷᠬᠡ ᠲᠡᠭᠰᠢ ᠪᠠᠶᠢᠬᠤ᠎ᠶᠢ ᠪᠠᠷᠢᠮᠲᠠᠯᠠᠵᠤ ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠨᠡᠭᠡᠭᠡᠵᠦ ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠠᠮᠢᠳᠤᠷᠠᠯ᠎ᠤᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠦᠨᠳᠦᠰᠦᠲᠡᠨ᠎ᠤ ᠭᠠᠵᠠᠷ ᠣᠷᠣᠨ᠎ᠤ ᠳᠦᠷᠰᠦ ᠪᠠᠶᠢᠳᠠᠯ᠎ᠳ᠋ᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠬᠤ᠎ᠶᠢ ᠠᠬᠢᠭᠤᠯᠪᠠ ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠪᠠᠶᠢᠭᠤᠯᠤᠯ᠎ᠢ ᠪᠠᠷᠢᠮᠲᠠᠯᠠᠵᠤ ᠂ ᠦᠨᠳᠦᠰᠦᠲᠡᠨ᠎ᠨᠦᠭᠦᠳ᠎ᠤᠨ ᠪᠦᠯᠬᠦᠮᠳᠡᠨ ᠲᠡᠮᠡᠴᠡᠬᠦ ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠠᠷᠢᠮᠲᠠᠯᠠᠬᠤ ᠪᠣᠯ ᠳᠤᠮᠳᠠᠳᠤ᠎ᠶᠢᠨ ᠦᠨᠳᠦᠰᠦᠲᠡᠨ᠎ᠤ ᠬᠦᠴᠦᠷᠬᠡᠭ ᠶᠡᠬᠡ ᠨᠢᠭᠲᠠᠷᠠᠯ᠎ᠤᠨ ᠬᠦᠴᠦᠨ ᠪᠠ ᠶᠡᠷᠦ ᠪᠤᠰᠤ᠎ᠶᠢᠨ ᠪᠦᠲᠦᠭᠡᠯᠴᠢ ᠬᠦᠴᠦᠨ᠎ᠤ ᠴᠢᠬᠤᠯᠠ ᠡᠬᠢ ᠪᠤᠯᠠᠭ ᠮᠥᠨ ᠭᠡᠰᠡᠡᠢ ᠲᠡᠤᠭᠡ ᠬᠦᠢᠴᠡᠳ ᠭᠡᠷᠡᠴᠢᠯᠡᠭᠰᠡᠡ ᠪᠠᠢᠨ᠎ᠠ ᠃
ᠲᠡᠤᠬᠡᠨ᠎ᠳ᠋ᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠭᠴᠢ ᠬᠦᠴᠦᠨ ᠠᠭᠤᠯᠤᠭᠳᠠᠵᠤ ᠪᠠᠶᠢᠳᠠᠭ ᠃ ᠲᠡᠦᠬᠡ ᠰᠤᠷᠤᠯᠴᠠᠬᠤ ᠳᠤᠮᠳᠠ ᠢᠲᠡᠭᠡᠯ ᠪᠢᠰᠢᠷᠡᠯ᠎ᠢᠶᠡᠨ ᠪᠠᠲᠤᠳᠬᠠᠵᠤ ᠂ ᠵᠢᠮ᠎ᠡ ᠶᠣᠰᠣ᠎ᠶᠢ ᠡᠵᠡᠮᠰᠢᠵᠦ ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮᠲᠤ ᠪᠠᠶᠢᠭᠤᠯᠤᠯ᠎ᠤᠨ ᠯᠤᠲᠤ ᠶᠡᠬᠡ ᠳᠠᠪᠠᠭᠤᠯᠢᠭ᠎ᠢ ᠭᠦᠢᠴᠡᠳ ᠪᠠᠳᠠᠷᠠᠭᠤᠯᠵᠤ ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠲᠠᠰᠤᠷᠠᠯᠲᠠ ᠤᠢᠭᠡᠢ ᠪᠡᠬᠢᠵᠢᠭᠦᠯᠦᠨ ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠎ᠶᠢ ᠠᠬᠢᠭᠤᠯᠵᠤ ᠂ ᠬᠠᠮᠲᠤ᠎ᠪᠠᠷ ᠪᠦᠯᠬᠦᠮᠳᠡᠨ ᠲᠡᠮᠡᠴᠡᠵᠦ ᠂ ᠬᠠᠮᠲᠤ᠎ᠪᠠᠷ ᠴᠡᠴᠡᠭᠯᠡᠨ ᠬᠥᠭᠵᠢᠬᠦ ᠠᠤᠭ᠎ᠠ ᠶᠡᠬᠡ ᠬᠦᠴᠦᠨ᠎ᠢ ᠨᠢᠭᠲᠠᠷᠠᠭᠤᠯᠪᠠᠯ ᠪᠢᠳᠡ ᠤᠷᠤᠭᠰᠢᠯᠠᠯᠲᠠ᠎ᠶᠢᠨ ᠵᠠᠮ ᠳᠡᠭᠡᠷᠡᠬᠢ ᠠᠯᠢᠪᠠ ᠠᠶᠤᠯ ᠲᠦᠭᠰᠢᠭᠦᠷᠢ ᠥᠷᠢᠰᠥᠯᠳᠦᠭᠡᠨ᠎ᠢ ᠢᠯᠠᠵᠤ ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠰᠠᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠼᠠᠢ ᠬᠤᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃