ᠲᠡᠷᠢᠭᠦᠨ ᠨᠢᠭᠤᠷ>ᠭᠡᠷ ᠤᠷᠤᠨ> ᠣᠨᠣᠯ

2020-10-29 10:34:53

ᠵᠣᠬᠢᠶᠠᠭ᠍ᠴᠢ᠄ ᠰᠤ ᠶᠦᠩ ᠱᠧᠩ ᠣᠩᠱᠢᠭ᠍ᠰᠠᠨ ᠣᠳᠠᠭ᠎ᠠ᠄ 3

10 ᠰᠠᠷ᠎ᠠ᠎ᠶᠢᠨ 28᠎ᠤ ᠡᠳᠦᠷ᠂ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠤᠷᠢᠶ᠎ᠠ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠤᠰᠬᠠᠢ ᠰᠡᠳᠦᠪᠲᠦ ᠲᠠᠶᠢᠯᠤᠮᠵᠢ ᠡᠷᠬᠢᠯᠡᠵᠦ ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶᠢᠨ ᠦᠨᠳᠦᠰᠦᠲᠡᠨ᠎ᠤ ᠤᠨᠤᠯ᠎ᠤᠨ ᠵᠢᠭᠠᠨ ᠰᠤᠳᠤᠯᠬᠤ ᠬᠡᠯᠲᠡᠰ᠎ᠤᠨ ᠳᠡᠳ᠋ ᠫᠷᠤᠹᠸᠰᠰᠤᠷ᠎ᠨᠢ ᠫᠢᠩ᠎ᠢ ᠤᠷᠢᠨ ︽ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠳᠤᠮᠳᠠᠳᠤ ᠤᠯᠤᠰ᠎ᠤᠨ ᠣᠨᠴᠠᠯᠢᠭ᠎ᠲᠠᠢ ᠵᠥᠪ ᠵᠠᠮ᠎ᠢ ᠪᠠᠷᠢᠮᠲᠠᠯᠠᠶ᠎ᠠ ︾ ᠭᠡᠰᠡᠨ ᠰᠡᠳᠦᠪ᠎ᠢᠶᠠᠷ ᠲᠠᠶᠢᠯᠤᠮᠵᠢ ᠬᠢᠯᠭᠡᠵᠡᠢ ᠃

᠎ᠨᠢ ᠫᠢᠩ ᠳᠠᠢᠯᠤᠮᠵᠢ᠎ᠳᠠᠭᠠᠨ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠤᠨᠤᠯ᠎ᠤᠨ ᠠᠭᠤᠯᠬᠤᠨ᠂ ᠮᠠᠨ᠎ᠤ ᠤᠯᠤᠰ᠎ᠤᠨ ᠦᠨᠳᠦᠰᠦᠲᠡᠨ᠎ᠤ ᠠᠵᠢᠯ᠎ᠳ᠋ᠤ ᠲᠤᠯᠭᠠᠷᠠᠵᠤ ᠪᠠᠶᠢᠭ᠎ᠠ ᠤᠯᠤᠰ᠎ᠤᠨ ᠳᠣᠲᠣᠭᠠᠳᠤ ᠭᠠᠳᠠᠭᠠᠳᠤ᠎ᠶᠢᠨ ᠪᠠᠶᠢᠳᠠᠯ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠵᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠠᠬᠢᠭᠤᠯᠬᠤ ᠵᠡᠷᠭᠡ 3 ᠲᠠᠯ᠎ᠠ᠎ᠪᠠᠷ ᠪᠣᠳᠠᠲᠤ ᠵᠢᠱᠢᠶ᠎ᠠ ᠪᠠ ᠨᠠᠷᠢᠨ ᠪᠣᠳᠠᠲᠠᠢ ᠲᠣᠭ᠎ᠠ᠎ᠶᠢ ᠵᠠᠳᠠᠯᠤᠨ᠂ ᠶᠡᠷᠦᠩᠬᠡᠶ ᠱᠦᠵᠢ ᠰᠢ᠎ᠶᠢᠨ ᠫᠢᠩ᠎ᠤᠨ ᠦᠨᠳᠦᠰᠦᠲᠡᠨ᠎ᠤ ᠠᠵᠢᠯ᠎ᠤᠨ ᠲᠤᠬᠠᠶ ᠰᠢᠷᠢᠰ ᠶᠠᠷᠢᠶᠠᠨ᠎ᠤ ᠵᠣᠷᠢᠭ ᠰᠠᠨᠠᠭ᠎ᠠ᠎ᠳ᠋ᠤ ᠭᠦᠨᠵᠡᠭᠡᠶ ᠲᠠᠶᠢᠯᠤᠮᠵᠢ ᠬᠢᠪᠠ ᠃ ᠲᠡᠷᠡ ᠪᠠᠰᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠬᠤ ᠂ ᠦᠨᠳᠦᠰᠦᠲᠡᠨ᠎ᠨᠦᠭᠦᠳ᠎ᠤᠨ ᠬᠠᠮᠲᠤ᠎ᠶᠢᠨ ᠴᠡᠴᠡᠭᠯᠡᠯ ᠬᠥᠭᠵᠢᠯ᠎ᠢ ᠠᠬᠢᠭᠤᠯᠬᠤ ᠂ ᠦᠨᠳᠦᠰᠦᠲᠡᠨ᠎ᠤ ᠪᠦᠯᠬᠦᠮᠳᠡᠯ᠎ᠤᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠶᠢ ᠭᠦᠨᠵᠡᠭᠡᠢ ᠥᠷᠨᠢᠭᠦᠯᠬᠦ᠂ ᠢᠨ᠍‍ᠲᠸᠷ ᠰᠦᠯᠵᠢᠶ᠎ᠡ᠎ᠶᠢ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠰᠢᠨ᠎ᠡ ᠲᠠᠪᠴᠠᠩ ᠪᠣᠯᠭᠠᠨ ᠪᠠᠶᠢᠭᠤᠯᠬᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠂ ᠦᠨᠳᠦᠰᠦᠲᠡᠨ᠎ᠤ ᠪᠦᠯᠬᠦᠮᠳᠡᠯ᠎ᠢ ᠬᠠᠤᠯᠢ ᠶᠣᠰᠣᠭᠠᠷ ᠬᠠᠮᠠᠭᠠᠯᠠᠬᠤ ᠵᠡᠷᠭᠡ ᠲᠠᠯ᠎ᠠ᠎ᠪᠠᠷ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠢ ᠠᠬᠢᠭᠤᠯᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠦᠭᠦᠯᠡᠨ ᠲᠠᠢᠯᠪᠤᠷᠢᠯᠠᠵᠠᠢ ᠃

ᠣᠶᠢᠯᠠᠭᠠᠭᠰᠠᠨ᠎ᠢᠶᠠᠷ᠂ ᠲᠣᠰ ᠤᠳᠠᠭᠠᠨ᠎ᠤ ᠲᠠᠶᠢᠯᠤᠮᠵᠢ ᠪᠣᠯ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠨᠠᠮ᠎ᠤᠨ ᠬᠣᠷᠢᠶᠠᠨ᠎ᠤ ᠣᠨᠣᠯ ᠰᠤᠷᠤᠯᠴᠠᠬᠤ ᠭᠣᠤᠯ ᠳᠤᠭᠤᠶᠢᠯᠠᠩ᠎ᠤᠨ 2020 ᠣᠨ᠎ᠤ ᠠᠷᠪᠠᠳᠤᠭᠠᠷ ᠤᠳᠠᠭᠠᠨ᠎ᠤ ᠰᠤᠷᠤᠯᠴᠠᠬᠤ ᠬᠤᠷᠠᠯ ᠵᠢᠴᠢ ᠲᠠᠪᠤᠳᠤᠭᠠᠷ ᠤᠳᠠᠭᠠᠨ᠎ᠤ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ᠎ᠤᠨ ᠨᠢᠭᠡᠨ ᠠᠭᠤᠯᠭ᠎ᠠ ᠪᠣᠯᠤᠨ᠎ᠠ᠃ ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶᠠᠨ᠎ᠤ ᠨᠠᠮ᠎ᠤᠨ ᠬᠣᠷᠢᠶᠠᠨ᠎ᠤ ᠭᠡᠰᠢᠭᠦᠨ ᠂ ᠳᠡᠳ᠋ ᠭᠠᠵᠠᠷ᠎ᠤᠨ ᠲᠡᠰ᠎ᠡᠴᠠ ᠳᠡᠭᠡᠭᠰᠢᠬᠢ ᠺᠠᠳ᠋ᠷ ᠂ ᠪᠦᠬᠦ ᠰᠤᠷᠪᠤᠯᠵᠢᠯᠠᠬᠴᠢ ᠨᠠᠢᠷᠠᠭᠤᠯᠤᠬᠴᠢ ᠲᠠᠶᠢᠯᠤᠮᠵᠢ᠎ᠶᠢ ᠰᠣᠨᠣᠰᠪᠠ ᠃





  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠢᠨᠡᠴᠡᠴᠡᠭ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面