ᠲᠡᠷᠢᠭᠦᠨ ᠨᠢᠭᠤᠷ>ᠭᠡᠷ ᠤᠷᠤᠨ> ᠣᠨᠣᠯ

2021-03-05 10:24:48

ᠵᠣᠬᠢᠶᠠᠭ᠍ᠴᠢ᠄ ᠣᠩᠱᠢᠭ᠍ᠰᠠᠨ ᠣᠳᠠᠭ᠎ᠠ᠄ 3

▲ ᠦᠪᠦᠷ ᠮᠤᠩᠭᠤᠯ᠎ᠤᠨ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠰᠠᠬᠢᠨ ᠪᠠᠷᠠᠯᠠᠵᠦ ᠬᠠᠷᠢᠯᠴᠠᠨ ᠬᠠᠪᠰᠣᠷᠣᠯᠴᠠᠬᠣ᠎ᠶᠢ ᠬᠦᠰᠡᠵᠦ ᠪᠠᠢᠨ᠎ᠠ ᠃ ᠰᠠᠬᠢᠬᠤ ᠭᠡᠳᠡᠭ᠎ᠨᠢ ᠬᠡᠷ᠎ᠤᠨ ᠡᠬᠦᠳᠡ᠎ᠪᠠᠨ ᠰᠠᠢᠳᠤᠷ ᠰᠠᠬᠢᠵᠤ ᠂ ᠡᠬᠡ ᠤᠯᠤᠰ᠎ᠤᠨ ᠬᠢᠯᠢ ᠬᠢᠵᠠᠭᠠᠷ᠎ᠢ ᠰᠠᠢᠳᠤᠷ ᠰᠠᠬᠢᠵᠤ ᠂ ᠦᠪᠦᠷ ᠮᠤᠩᠭᠤᠯ᠎ᠤᠨ ᠴᠦᠬᠡᠨ ᠳᠤᠭᠠᠳᠤ ᠦᠨᠳᠦᠰᠦᠳᠡᠨ᠎ᠤ ᠰᠠᠢᠨ ᠰᠠᠢᠬᠠᠨ ᠣᠶᠣᠨ ᠰᠠᠨᠠᠭᠠᠨ᠎ᠤ ᠬᠡᠷ ᠣᠷᠣᠨ᠎ᠢᠶᠡᠨ ᠰᠠᠬᠢᠬᠤ᠎ᠶᠢ ᠬᠡᠯᠡᠵᠦ ᠪᠤᠢ ︔ ᠪᠠᠷᠠᠯᠠᠬᠤ ᠭᠡᠳᠡᠭ᠎ᠨᠢ ᠦᠨᠳᠦᠷ᠎ᠲᠤ ᠵᠤᠭᠰᠤᠨ ᠠᠯᠤᠰ᠎ᠢ ᠪᠠᠷᠠᠯᠠᠵᠦ ᠂ ᠠᠵᠢᠯ ᠦᠢᠯᠡᠰ᠎ᠢᠶᠡᠨ ᠲᠦᠯᠦᠪᠵᠢᠬᠦᠯᠵᠦ ᠂ ᠬᠦᠭᠵᠢᠯᠳᠠ᠎ᠪᠠᠨ ᠠᠬᠢᠭᠤᠯᠬᠤ᠎ᠳ᠋ᠤ ᠳᠤᠬᠠᠢ᠎ᠶᠢᠨ ᠭᠠᠵᠠᠷ᠎ᠡᠴᠠ᠎ᠪᠠᠨ ᠭᠠᠷᠴᠤ ᠂ ᠪᠠᠢᠭᠠᠯᠢ᠎ᠶᠢᠨ ᠨᠦᠬᠦᠴᠡᠯ᠎ᠤᠨ ᠬᠢᠵᠠᠭᠠᠷᠯᠠᠯ᠎ᠢ ᠳᠠᠪᠠᠵᠣ ᠂ ᠦᠪᠦᠷ ᠮᠤᠩᠭᠤᠯ᠎ᠡᠴᠠ᠎ᠪᠠᠨ ᠭᠠᠷᠴᠤ ᠂ ᠦᠷᠬᠡᠨ ᠲᠡᠨᠢᠭᠡᠷ ᠳᠡᠯᠡᠬᠡᠢ᠎ᠶᠢᠨ ᠬᠠᠷᠠᠭ᠎ᠠ᠎ᠲᠠᠢ ᠪᠤᠯᠵᠦ ᠂ ᠪᠦᠬᠦ ᠳᠠᠯ᠎ᠠ᠎ᠶᠢᠨ ᠤᠬᠠᠮᠰᠠᠷ᠎ᠲᠠᠢ ᠪᠤᠯᠬᠤ᠎ᠶᠢ ᠬᠡᠯᠡᠵᠦ ᠪᠤᠢ ︔ ᠬᠠᠷᠢᠯᠴᠠᠨ ᠬᠠᠪᠰᠣᠷᠣᠯᠴᠠᠬᠣ ᠭᠡᠳᠡᠭ᠎ᠨᠢ ᠦᠨᠳᠦᠰᠦᠳᠡᠨ᠎ᠨᠦᠭᠦᠳ᠎ᠤᠨ ᠺᠠᠳ᠋ᠷ ᠤᠯᠠᠨ ᠲᠦᠮᠡᠨ ᠡᠷᠬᠡ ᠳᠡᠭᠰᠢ ᠪᠦᠯᠬᠦᠮᠳᠠᠯ᠎ᠲᠠᠢ ᠡᠶ᠎ᠠ ᠵᠤᠬᠢᠴᠠᠩᠭᠤᠢ ᠪᠠᠢᠬᠤ ᠦᠵᠡᠯ ᠰᠠᠨᠠᠭ᠎ᠠ᠎ᠶᠢ ᠪᠤᠢ ᠪᠤᠯᠭᠠᠵᠤ ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ ᠰᠡᠳᠬᠢᠯ ᠨᠢᠬᠡᠳᠤᠨ ᠬᠠᠮᠳᠤ᠎ᠪᠠᠷ ᠡᠬᠡ ᠤᠯᠤᠰ᠎ᠤᠨ ᠬᠢᠯᠢ ᠬᠢᠵᠠᠭᠠᠷ᠎ᠢᠶᠡᠨ ᠰᠠᠬᠢᠨ ᠬᠠᠮᠠᠭᠠᠯᠠᠵᠦ ᠂ ᠬᠠᠮᠳᠤ᠎ᠪᠠᠷ ᠰᠠᠢᠨ ᠰᠠᠢᠬᠠᠨ ᠠᠮᠢᠳᠤᠷᠠᠯ᠎ᠢᠶᠡᠨ ᠴᠤᠬᠴᠠᠯᠠᠬᠤ᠎ᠶᠢ ᠬᠡᠯᠡᠵᠦ ᠪᠤᠢ ᠃

 ᠶᠡᠷᠦᠩᠬᠡᠢ ᠱᠦᠵᠢ ᠰᠢ᠎ᠶᠢᠨ ᠫᠢᠩ 2014 ᠣᠨ᠎ᠤ 1 ᠰᠠᠷ᠎ᠠ᠎ᠶᠢᠨ 26᠎ᠡᠴᠠ 28᠎ᠤ ᠡᠳᠦᠷ ᠪᠤᠯᠲᠠᠯ᠎ᠠ ᠦᠪᠦᠷ ᠮᠣᠩᠭᠣᠯ᠎ᠳ᠋ᠤ ᠪᠠᠢᠴᠠᠭᠠᠨ ᠰᠣᠳᠣᠯᠵᠣ ᠦᠨᠳᠦᠰᠦᠳᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠪᠣᠯᠭᠣᠭᠠᠨ ᠳᠣᠬᠣᠨᠢᠭᠣᠯᠬᠣ ᠦᠶ᠎ᠡ᠎ᠶᠢᠨ ᠶᠠᠷᠢᠶ᠎ᠠ᠎

▲ ᠨᠡᠢᠭᠡᠮ ᠲᠤᠭᠤᠷᠢᠬ ᠪᠤᠯ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠬᠠᠮᠳᠦ᠎ᠶᠢᠨ ᠭᠡᠷ ᠪᠦᠯᠢ ᠪᠣᠯᠣᠨ᠎ᠠ ᠂ ᠦᠨᠳᠦᠰᠦᠳᠡᠨ᠎ᠨᠦᠭᠦᠳ ᠨᠢᠬᠳᠠᠷᠠᠨ ᠪᠦᠯᠬᠦᠮᠳᠡᠵᠦ ᠨᠢᠭᠡ ᠭᠡᠷ᠎ᠤᠨ ᠬᠦᠮᠦᠨ ᠮᠡᠳᠦ ᠳᠣᠳᠣᠨᠣ ᠪᠠᠢᠬᠣ ᠬᠡᠷᠡᠭᠳᠠᠢ ᠃ ᠦᠨᠳᠦᠰᠦᠳᠡᠨ᠎ᠤ ᠪᠦᠯᠬᠦᠮᠳᠡᠯ ᠲᠠᠪᠰᠢᠯᠳᠡ᠎ᠶᠢ ᠡᠭᠦᠳᠦᠨ ᠪᠠᠢᠭᠤᠯᠬᠤ ᠠᠵᠢᠯᠯᠠᠭ᠎ᠠ᠎ᠶᠢ ᠨᠡᠢᠭᠡᠮ ᠲᠤᠭᠤᠷᠢᠬ᠎ᠲᠤ ᠤᠷᠤᠭᠤᠯᠬᠤ ᠠᠵᠢᠯ᠎ᠢ ᠭᠦᠨᠵᠡᠭᠡᠢ ᠠᠬᠢᠭᠤᠯᠵᠦ ᠂ ᠨᠡᠢᠭᠡᠮ ᠲᠤᠭᠤᠷᠢᠬ᠎ᠢ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠳᠣᠮᠣ ᠭᠡᠷ ᠪᠦᠯᠢ ᠪᠤᠯᠭᠠᠨ ᠪᠠᠢᠭᠤᠯᠵᠦ ᠂ ᠦᠨᠳᠦᠰᠦᠳᠡᠨ᠎ᠨᠦᠭᠦᠳ᠎ᠤᠨ ᠤᠯᠠᠨ ᠲᠦᠮᠡᠨ᠎ᠤ ᠠᠵᠠ ᠵᠢᠷᠭᠠᠯ᠎ᠲᠠᠢ ᠠᠵᠢᠯᠯᠠᠵᠤ ᠠᠮᠢᠳᠤᠷᠠᠬᠤ ᠰᠠᠢᠨ ᠰᠠᠢᠬᠠᠨ ᠨᠡᠢᠭᠡᠮ ᠲᠤᠭᠤᠷᠢᠭ᠎ᠤᠨ ᠤᠷᠴᠢᠨ ᠲᠤᠭᠤᠷᠢᠨ᠎ᠢ ᠢᠳᠡᠪᠬᠢᠳᠠᠢ ᠪᠦᠷᠢᠯᠳᠦᠭᠦᠯᠬᠦ ᠬᠡᠷᠡᠭᠳᠠᠢ ᠃

▲ ᠮᠠᠨ᠎ᠤ ᠤᠯᠤᠰ ᠪᠤᠯ ᠨᠢᠭᠡᠳᠦᠭᠰᠡᠨ ᠤᠯᠠᠨ ᠦᠨᠳᠦᠰᠦᠳᠡᠨ᠎ᠲᠠᠢ ᠤᠯᠤᠰ ᠪᠣᠯᠣᠨ᠎ᠠ ᠂ ᠲᠤᠮᠳᠠᠳᠤ᠎ᠶᠢᠨ ᠦᠨᠳᠦᠰᠦᠳᠡᠨ ᠪᠤᠯ ᠤᠯᠠᠨ ᠦᠨᠳᠦᠰᠦᠳᠡᠨ ᠲᠠᠰᠤᠷᠠᠯᠳᠠ ᠦᠭᠡᠢ ᠶᠠᠪᠤᠭᠲᠠᠭᠤᠯᠤᠭᠰᠠᠠ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢᠶᠠᠷ ᠲᠠᠮᠵᠢᠨ ᠪᠦᠷᠢᠯᠳᠦᠭᠰᠡᠨ ᠶᠤᠮ ᠃ ᠲᠤᠮᠳᠠᠳᠤ᠎ᠶᠢᠨ ᠪᠤᠯᠪᠠᠰᠤᠨ ᠪᠤᠯ ᠡᠶ᠎ᠡ ᠨᠠᠢᠷᠲᠠᠢ ᠠᠲᠠᠯ᠎ᠠ ᠠᠳᠠᠯᠢ ᠪᠤᠰᠤ ᠪᠠᠢᠲᠠᠭ ᠤᠯᠠᠨ ᠦᠨᠳᠦᠰᠦᠳᠡᠨ᠎ᠤ ᠰᠤᠶᠤᠯ᠎ᠤᠨ ᠰᠢᠮᠡᠳᠤ ᠬᠦᠷᠦᠰᠦᠨ᠎ᠳ᠋ᠤ ᠦᠨᠳᠦᠰᠦᠯᠡᠭᠰᠡᠨ ᠦᠨᠢ ᠤᠳᠠᠭᠠᠨ ᠲᠡᠦᠭᠡ᠎ᠲᠠᠢ ᠂ ᠲᠡᠯᠡᠭᠡᠢ ᠳ᠋ᠠᠬᠢᠨ᠎ᠳ᠋ᠤ ᠤᠳᠤ ᠪᠤᠯᠳᠠᠯ᠎ᠠ ᠲᠠᠰᠤᠷᠠᠰᠢ ᠦᠭᠡᠢ ᠬᠦᠭᠵᠢᠵᠤ ᠢᠷᠡᠭᠰᠡᠡ ᠴᠤᠷ᠎ᠤᠨ ᠭᠠᠭᠴᠠ ᠪᠤᠯᠪᠠᠰᠤᠨ ᠪᠣᠯᠣᠨ᠎ᠠ ᠃ ᠴᠦᠭᠡᠨ ᠲᠤᠭᠠᠳᠤ ᠦᠨᠳᠦᠰᠦᠳᠡᠨ᠎ᠤ ᠰᠤᠶᠤᠯ᠎ᠢ ᠬᠠᠮᠠᠭᠠᠯᠠᠬᠤ ᠪᠠ ᠤᠯᠠᠮᠵᠢᠯᠠᠬᠤ᠎ᠶᠢ ᠴᠢᠬᠤᠯᠠᠴᠢᠯᠠᠵᠤ ᠂ ︽ ᠬᠡᠰᠡᠷ︾ ᠮᠡᠳᠦ᠎ᠶᠢᠨ ᠪᠤᠳᠠᠰ᠎ᠤᠨ ᠪᠤᠰᠤ ᠰᠤᠶᠤᠯ᠎ᠤᠨ ᠦᠪ᠎ᠢ ᠲᠡᠮᠵᠢᠨ ᠲᠡᠳᠬᠦᠵᠦ ᠂ ᠤᠯᠠᠮᠵᠢᠯᠠᠨ ᠵᠠᠯᠭᠠᠮᠵᠢᠯᠠᠭᠴᠢ᠎ᠶᠢ ᠰᠠᠢᠳᠤᠷ ᠬᠦᠮᠦᠵᠢᠬᠦᠯᠵᠦ ᠂ ᠦᠶ᠎ᠡ᠎ᠶᠢᠨ ᠦᠶ᠎ᠡ᠎ᠳ᠋ᠤ ᠤᠯᠠᠮᠵᠢᠯᠠᠬᠤ ᠬᠡᠷᠡᠭᠳᠡᠢ ᠃ ᠬᠦᠮᠦᠰ᠎ᠢ ᠬᠦᠳᠦᠯᠦᠨ ᠵᠢᠯᠤᠭᠤᠳᠴᠤ ᠪᠠᠢᠭᠠᠳ ᠵᠦᠪ ᠲᠡᠦᠭᠡ᠎ᠶᠢᠨ ᠦᠵᠡᠯᠳᠡ ᠂ ᠤᠯᠤᠰ ᠬᠦᠷᠦᠨ᠎ᠤ ᠦᠵᠡᠯᠳᠡ ᠂ ᠦᠨᠳᠦᠰᠦᠳᠡᠨ᠎ᠤ ᠦᠵᠡᠯᠳᠡ ᠂ ᠰᠤᠶᠤᠯ᠎ᠤᠨ ᠦᠵᠡᠯᠳᠡ᠎ᠲᠠᠢ ᠪᠤᠯᠭᠠᠵᠤ ᠂ ᠦᠨᠳᠦᠰᠦᠳᠡᠨ᠎ᠨᠦᠭᠦᠳ᠎ᠤᠨ ᠠᠷᠠᠳ ᠲᠦᠮᠡᠨ᠎ᠤ ᠠᠭᠤᠤ ᠶᠡᠭᠡ ᠡᠬᠡ ᠤᠯᠤᠰ᠎ᠤᠨ᠎ᠢᠶᠡᠨ ᠲᠤᠬᠠᠢ ᠬᠠᠮᠲᠦ᠎ᠶᠢᠨ ᠲᠠᠨᠢᠯᠲᠠ ᠂ ᠲᠤᠮᠳᠠᠳᠤ᠎ᠶᠢᠨ ᠦᠨᠳᠦᠰᠦᠳᠡᠨ᠎ᠤ ᠲᠤᠬᠠᠢ ᠬᠠᠮᠲᠦ᠎ᠶᠢᠨ ᠲᠠᠨᠢᠯᠲᠠ ᠂ ᠲᠤᠮᠳᠠᠳᠤ ᠤᠯᠤᠰ᠎ᠤᠨ ᠤᠨᠴᠠᠯᠢᠬ᠎ᠲᠠᠢ ᠨᠡᠢᠭᠡᠮ ᠵᠢᠷᠦᠮ᠎ᠤᠨ ᠵᠠᠮ ᠱᠣᠭᠣᠮ᠎ᠤᠨ ᠲᠤᠬᠠᠢ ᠬᠠᠮᠲᠦ᠎ᠶᠢᠨ ᠲᠠᠨᠢᠯᠲᠠ᠎ᠶᠢ ᠲᠠᠰᠤᠷᠠᠯᠳᠠ ᠦᠭᠡᠢ ᠪᠡᠬᠢᠵᠢᠬᠦᠯᠬᠦ ᠬᠡᠷᠡᠭᠳᠡᠢ ᠃

▲ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ ᠪᠤᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠎ᠶᠢᠨ ᠪᠠᠢᠭᠤᠯᠤᠯ ᠪᠣᠯᠣᠨ᠎ᠠ ᠂ ᠦᠨᠳᠦᠰᠦᠳᠡᠨ᠎ᠤ ᠤᠷᠤᠨ᠎ᠤ ᠦᠪᠡᠷᠳᠡᠭᠡᠨ ᠵᠠᠰᠠᠬᠤ ᠪᠠᠢᠭᠤᠯᠤᠯ᠎ᠤᠨ ᠤᠨᠤᠯ ᠪᠠ ᠦᠢᠯᠡᠳᠦᠯᠭᠡ᠎ᠶᠢᠨ ᠲᠤᠷᠰᠢᠯᠭ᠎ᠠ᠎ᠶᠢ ᠨᠠᠷᠢᠨ ᠬᠢᠨᠠᠮᠠᠭᠠᠢ ᠳ᠋ᠦ᠋ᠢᠩᠨᠡᠨ ᠂ ᠡᠨᠡ ᠬᠦ ᠪᠠᠢᠭᠤᠯᠤᠯ᠎ᠢ ᠢᠮᠠᠬᠳᠠ ᠪᠠᠷᠢᠮᠳᠠᠯᠠᠨ ᠲᠡᠬᠦᠯᠳᠡᠷᠵᠢᠬᠦᠯᠵᠤ ᠂ ᠦᠨᠳᠦᠰᠦᠳᠡᠨ᠎ᠤ ᠪᠦᠯᠬᠦᠮᠳᠡᠯ ᠠᠭᠤᠰᠤᠯᠴᠠᠯ᠎ᠢ ᠠᠬᠢᠭᠤᠯᠤᠨ ᠂ ᠡᠯ᠎ᠠ ᠦᠨᠳᠦᠰᠦᠳᠡᠨ ᠠᠨᠠᠷ᠎ᠤᠨ ᠮᠦᠬᠦᠯᠢᠭ ᠰᠢᠭ ᠨᠢᠭᠳᠠᠷᠠᠨ ᠪᠦᠯᠬᠦᠮᠳᠡᠬᠦ᠎ᠶᠢ ᠠᠬᠢᠭᠤᠯᠬᠤ ᠬᠡᠷᠡᠭᠲᠡᠢ ᠃

▲ ᠦᠪᠤᠷ ᠮᠤᠡᠭᠭᠤᠯ ᠪᠤᠯ ᠮᠠᠨ᠎ᠤ ᠤᠯᠤᠰ᠎ᠤᠨ ᠦᠨᠳᠤᠰᠤᠳᠠᠨ᠎ᠤ ᠤᠷᠤᠨ᠎ᠤ ᠦᠪᠡᠷᠳᠡᠭᠡᠨ ᠵᠠᠰᠬᠠᠤ ᠪᠠᠢᠭᠤᠯᠤᠯ᠎ᠤᠨ ᠡᠬᠦᠰᠦᠭᠰᠡᠨ ᠭᠠᠵᠠᠷ ᠪᠠᠢᠵᠤ ᠂ ᠦᠨᠳᠤᠰᠤᠳᠠᠨ᠎ᠤ ᠪᠦᠯᠬᠦᠮᠳᠠᠯ᠎ᠤᠨ ᠢᠷᠠᠭᠤ ᠠᠯᠲᠠᠷᠲᠦ ᠤᠯᠠᠮᠵᠢᠯᠠᠯ᠎ᠲᠠᠢ ᠶᠤᠮ ᠃ ᠡᠯ᠎ᠡ ᠦᠨᠳᠤᠰᠤᠳᠠᠨ᠎ᠤ ᠶᠡᠬᠡ ᠪᠦᠯᠬᠦᠮᠳᠠᠯ᠎ᠤᠨ ᠲᠤᠭ᠎ᠢ ᠦᠨᠳᠤᠷ ᠮᠠᠨᠳᠤᠭᠤᠯᠵᠤ ᠂ ᠨᠠᠮ᠎ᠤᠨ ᠦᠨᠳᠤᠰᠤᠳᠠᠨ᠎ᠤ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ ᠂ ᠦᠨᠳᠤᠰᠤᠳᠠᠨ᠎ᠤ ᠪᠦᠯᠬᠦᠮᠳᠠᠯ ᠲᠠᠪᠰᠢᠯᠳᠠ᠎ᠶᠢᠨ ᠬᠦᠮᠦᠵᠢᠯ᠎ᠢ ᠬᠦᠨᠵᠡᠭᠡᠢᠷᠡᠬᠦᠯᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠢᠯᠠᠭᠠᠬᠳᠠᠬᠤᠨ᠎ᠢ ᠦᠢᠯᠡᠳᠤᠯᠭᠡᠵᠢᠬᠦᠯᠤᠨ ᠂ ᠲᠤᠮᠳᠠᠳᠤ᠎ᠶᠢᠨ ᠦᠨᠳᠤᠰᠤᠳᠠᠨ᠎ᠤ ᠬᠠᠮᠳᠤ ᠴᠤᠭᠴᠠ᠎ᠶᠢᠨ ᠤᠬᠠᠮᠰᠠᠷ᠎ᠢ ᠪᠠᠲᠦ ᠴᠣᠭᠴᠠᠯᠠᠵᠣ ᠂ ᠦᠨᠳᠤᠰᠤᠳᠠᠨ᠎ᠨᠦᠭᠦᠳ᠎ᠤᠨ ᠠᠷᠠᠳ ᠲᠦᠮᠡᠨ᠎ᠢ ᠨᠠᠮ᠎ᠤᠨ ᠲᠤᠭᠤᠷᠢᠨ᠎ᠳ᠋ᠤ ᠨᠢᠬᠳᠠᠷᠠᠭᠣᠯᠣᠨ ᠪᠦᠯᠬᠦᠮᠳᠠᠬᠦᠯᠵᠤ ᠂ ᠡᠭᠡ ᠤᠯᠤᠰ᠎ᠤᠨ ᠤᠮᠠᠷᠠᠳᠤ ᠬᠢᠯᠢ᠎ᠶᠢ ᠬᠠᠮᠳᠤ᠎ᠪᠠᠷ ᠰᠠᠬᠢᠨ ᠬᠠᠮᠠᠭᠠᠯᠠᠵᠤ ᠂ ᠲᠠᠡᠭᠰᠤᠭ ᠰᠠᠢᠬᠠᠨ ᠠᠮᠢᠳᠤᠷᠠᠯ᠎ᠢ ᠬᠠᠮᠳᠤ᠎ᠪᠠᠷ ᠴᠤᠭᠴᠠᠯᠠᠨ ᠂ ᠰᠢᠨ᠎ᠠ ᠴᠠᠭ ᠦᠶ᠎ᠠ᠎ᠳ᠋ᠤ ᠵᠢᠱᠢᠶᠠᠴᠢ ᠦᠪᠡᠷᠳᠡᠭᠡᠨ ᠵᠠᠰᠠᠬᠤ ᠤᠷᠤᠨ᠎ᠤ ᠡᠷᠬᠢᠮ ᠲᠡᠭᠡᠳᠤ ᠢᠷᠠᠭᠤ ᠠᠯᠳᠠᠷ᠎ᠢᠶᠡᠨ ᠦᠷᠬᠦᠯᠵᠢᠯᠡᠨ ᠪᠠᠷᠢᠮᠳᠠᠯᠠᠬᠤ ᠭᠡᠷᠡᠭᠳᠡᠢ ᠃

 ᠶᠡᠷᠦᠩᠬᠡᠢ ᠱᠦᠵᠢ ᠰᠢ᠎ᠶᠢᠨ ᠫᠢᠩ 2019 ᠣᠨ᠎ᠤ 7 ᠰᠠᠷ᠎ᠠ᠎ᠶᠢᠨ 15᠎ᠡᠴᠠ 16᠎ᠤ ᠡᠳᠦᠷ ᠪᠣᠯᠳᠠᠯ᠎ᠠ ᠦᠪᠦᠷ ᠮᠤᠩᠭᠤᠯ᠎ᠳ᠋ᠤ ᠰᠢᠨᠵᠢᠯᠡᠨ ᠪᠠᠢᠴᠠᠭᠠᠬᠰᠠᠨ ᠪᠦᠭᠡᠳ ︽ ᠤᠬ ᠰᠠᠨᠠᠭ᠎ᠠ᠎ᠪᠠᠨ ᠦᠯᠦ ᠮᠠᠷᠳᠠᠵᠦ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ᠎ᠢ ᠦᠷᠨᠢᠭᠦᠯᠵᠦ ᠪᠠᠢᠭ᠎ᠠ ᠪᠠᠢᠳᠠᠯ᠎ᠢ ᠵᠢᠭᠠᠨ ᠵᠢᠯᠤᠭᠤᠳᠬᠤ ᠦᠶ᠎ᠡ᠎ᠶᠢᠨ ᠶᠠᠷᠢᠶ᠎ᠠ ᠡᠴᠠ


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠼᠠᠢ ᠬᠤᠩ

ᠣᠷᠴᠢᠭᠤᠯᠤᠭ᠍ᠴᠢ᠄

ᠢᠷᠡᠯᠲᠡ᠄ ᠰᠢᠨᠬᠤᠸᠠ ᠬᠣᠷᠢᠶ᠎ᠠ
兼容浏览器的HTML页面