2021-10-08 10:15:44
ᠭᠣᠣᠯ ᠰᠠᠨᠠᠭᠤᠯᠤᠮᠵᠢ
● ᠦᠨᠳᠦᠰᠦᠲᠡᠨ᠎ᠨᠦᠭᠦᠳ᠎ᠤᠨ ᠰᠣᠶᠣᠯ ᠪᠤᠯ ᠢᠭᠴᠤ ᠰᠠᠬᠤᠯᠢᠭ ᠰᠠᠯᠠᠭ᠎ᠠ ᠨᠠᠮᠠᠭ᠎ᠠ᠂ ᠳᠤᠮᠳᠠᠳᠤ᠎ᠶᠢᠨ ᠰᠣᠶᠣᠯ ᠪᠤᠯ ᠬᠦᠳᠡᠷ ᠵᠤᠵᠠᠭᠠᠨ ᠡᠰᠢ ᠦᠨᠳᠦᠰᠦ ᠮᠦᠨ᠂ ᠡᠨᠡ ᠪᠣᠯ ᠳᠤᠮᠳᠠᠳᠤ᠎ᠶᠢᠨ ᠦᠨᠳᠦᠰᠦᠲᠡᠨ᠎ᠤ ᠦᠶ᠎ᠡ᠎ᠶᠢᠨ ᠦᠶ᠎ᠡ᠎ᠳ᠋ᠤ ᠣᠷᠣᠰᠢᠨ ᠲᠣᠭᠲᠠᠨᠢᠬᠤ ᠬᠥᠳᠡᠯᠭᠡᠭᠴᠢ ᠬᠦᠴᠦᠨ ᠮᠥᠨ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠲᠠᠨᠢᠯᠲᠠ᠂ ᠳᠤᠮᠳᠠᠳᠤ᠎ᠶᠢᠨ ᠦᠨᠳᠦᠰᠦᠲᠡᠨ᠎ᠤ ᠵᠣᠷᠢᠭ ᠰᠠᠨᠠᠭᠠᠨ᠎ᠤ ᠠᠮᠢᠨ ᠰᠤᠳᠠᠰᠤ ᠮᠥᠨ
● ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠬᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢᠯᠠᠭᠰᠠᠨ᠎ᠡᠴᠠ ᠰᠠᠶᠢ ᠭᠣᠶᠢᠳᠠ ᠰᠠᠶᠢᠬᠠᠨ ᠳᠤᠮᠳᠠᠳᠤ᠎ᠶᠢᠨ ᠰᠣᠶᠣᠯ ᠪᠣᠢ ᠪᠣᠯᠤᠭᠰᠠᠨ ᠶᠤᠮ
● ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶᠢᠨ ᠰᠣᠶᠣᠯ᠎ᠤᠨ ᠲᠤᠬᠠᠢ ᠬᠠᠮᠲᠤ᠎ᠶᠢᠨ ᠲᠠᠨᠢᠯᠲᠠ᠎ᠶᠢ ᠴᠢᠩᠭᠠᠳᠬᠠᠵᠤ᠂ ᠰᠢᠨ᠎ᠡ ᠴᠠᠭ ᠦᠶ᠎ᠡ᠎ᠳ᠋ᠤ ᠳᠤᠮᠳᠠᠳᠤ᠎ᠶᠢᠨ ᠰᠣᠶᠣᠯ᠎ᠤᠨ ᠤᠳᠤᠮᠰᠢᠯ᠎ᠢ ᠤᠯᠠᠮᠵᠢᠯᠠᠵᠤ᠂ ᠳᠤᠮᠳᠠᠳᠤ᠎ᠶᠢᠨ ᠰᠣᠶᠣᠯ᠎ᠤᠨ ᠠᠮᠢᠨ ᠰᠤᠳᠠᠰᠤ᠎ᠶᠢ ᠰᠢᠮᠡᠵᠢᠭᠦᠯᠦᠨ᠂ ᠳᠤᠮᠳᠠᠳᠤ᠎ᠶᠢᠨ ᠪᠣᠯᠪᠠᠰᠤᠨ᠎ᠤ ᠰᠦᠷ ᠵᠢᠪᠬᠤᠭ᠎ᠠ᠎ᠶᠢ ᠬᠠᠷᠠᠭᠤᠯ᠎ᠤᠨ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠣᠶᠣᠯ᠎ᠤᠨ ᠬᠦᠴᠦᠨ᠎ᠢ ᠨᠢᠭᠲᠠᠷᠠᠭᠤᠯᠬᠤ ᠬᠡᠷᠡᠭᠲᠡᠢ
ᠰᠣᠶᠣᠯ ᠪᠣᠯ ᠦᠨᠳᠦᠰᠦᠲᠡᠨ᠎ᠤ ᠠᠮᠢᠨ ᠰᠤᠳᠠᠰᠤ ᠮᠥᠨ᠂ ᠮᠦᠨ ᠴᠦ ᠠᠷᠠᠳ ᠲᠦᠮᠡᠨ᠎ᠤ ᠤᠶᠤᠨ ᠰᠠᠨᠠᠭᠠᠨ᠎ᠤ ᠭᠡᠷ ᠣᠷᠣᠨ ᠮᠥᠨ᠃ ᠳᠤᠮᠳᠠᠳᠤ᠎ᠶᠢᠨ ᠦᠨᠳᠦᠰᠦᠲᠡᠨ᠎ᠨᠦᠭᠦᠳ ᠡᠭᠡ ᠣᠷᠣᠨ᠎ᠤ᠎ᠪᠠᠨ ᠦᠵᠡᠰᠬᠦᠯᠡᠩᠲᠦ ᠰᠠᠶᠢᠬᠠᠨ ᠠᠭᠤᠯᠠ ᠤᠰᠤ᠂ ᠥᠷᠭᠡᠨ ᠠᠭᠤᠳᠠᠮ ᠨᠤᠲᠤᠭ ᠳᠡᠪᠢᠰᠬᠡᠷ᠎ᠢ ᠬᠠᠮᠲᠤ᠎ᠪᠠᠷ ᠨᠡᠭᠡᠭᠡᠨ ᠬᠥᠭᠵᠢᠭᠦᠯᠵᠦ᠂ ᠳᠤᠮᠳᠠᠳᠤ ᠤᠯᠤᠰ᠎ᠤᠨ ᠪᠤᠭᠤᠷᠤᠯ ᠲᠡᠦᠬᠡ᠂ ᠭᠡᠷᠡᠯ ᠰᠠᠴᠤᠷᠠᠩᠭᠤᠢ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠭᠰᠡᠨ ᠶᠤᠮ᠃
ᠦᠨᠳᠦᠰᠦᠲᠡᠨ᠎ᠨᠦᠭᠦᠳ᠎ᠤᠨ ᠰᠢᠯᠢᠳᠡᠭ ᠤᠯᠠᠮᠵᠢᠯᠠᠯᠲᠤ ᠰᠣᠶᠣᠯ ᠪᠣᠯ ᠴᠥᠮ ᠳᠤᠮᠳᠠᠳᠤ᠎ᠶᠢᠨ ᠰᠣᠶᠣᠯ᠎ᠤᠨ ᠪᠦᠷᠢᠯᠳᠦᠬᠦᠨ ᠬᠡᠰᠡᠭ ᠮᠥᠨ
ᠦᠨᠳᠦᠰᠦᠲᠡᠨ ᠨᠢᠭᠡᠪᠦᠷᠢ᠎ᠶᠢᠨ ᠰᠣᠶᠣᠯ᠎ᠨᠢ ᠭᠤᠤᠯ ᠭᠤᠷᠤᠬ᠎ᠠ ᠰᠢᠭ᠎ᠢᠶᠠᠷ ᠳᠤᠮᠳᠠᠳᠤ᠎ᠶᠢᠨ ᠰᠣᠶᠣᠯ ᠭᠡᠬᠦ ᠡᠨᠡ ᠬᠦ ᠣᠶᠢᠯᠤᠨ ᠳᠠᠪᠠᠯᠭᠠᠯᠠᠭᠰᠠᠨ ᠶᠡᠬᠡ ᠭᠣᠣᠯ ᠮᠥᠷᠡᠨ᠎ᠢ ᠪᠦᠷᠢᠯᠳᠦᠭᠦᠯᠵᠡᠢ᠃ ᠮᠠᠨ᠎ᠤ ᠤᠯᠤᠰ᠎ᠤᠨ ᠡᠯ᠎ᠡ ᠦᠨᠳᠦᠰᠦᠲᠡᠨ ᠰᠢᠯᠦᠭᠯᠡᠯᠲᠦ ᠨᠣᠮ᠂ ᠴᠥ᠋ᠶᠢᠨ ᠤᠶᠠᠩᠭ᠎ᠠ᠂ ᠬᠠᠨ᠎ᠤ ᠮᠠᠭᠲᠠᠭᠠᠯ᠂ ᠲᠠᠩ᠎ᠤᠨ ᠰᠢᠯᠦᠭ᠂ ᠰᠦᠩ᠎ᠤᠨ ᠳᠠᠭᠤᠯᠠᠯ᠂ ᠶᠤᠸᠠᠨ᠎ᠤ ᠳᠠᠭᠤᠤᠷᠢᠯᠢᠭ᠋᠂ ᠮᠢᠩ ᠴᠢᠩ᠎ᠤᠨ ᠦᠯᠢᠭᠡᠷ᠎ᠤᠨ ᠵᠤᠬᠢᠶᠠᠯ ᠵᠡᠷᠭᠡ ᠠᠭᠤᠤ ᠶᠡᠬᠡ ᠪᠦᠲᠦᠭᠡᠯ᠎ᠢ ᠵᠣᠬᠢᠶᠠᠨ ᠪᠦᠲᠦᠭᠡᠵᠦ᠂ ᠡᠯ᠎ᠡ ᠦᠨᠳᠦᠰᠦᠲᠡᠨ᠎ᠤ ᠦᠢᠯᠡᠳᠪᠦᠷᠢᠯᠡᠯ ᠠᠮᠢᠳᠤᠷᠠᠯ᠎ᠤᠨ ᠳᠦᠷᠰᠦ ᠪᠠᠶᠢᠳᠠᠯ᠎ᠢ ᠠᠮᠢᠳᠤᠯᠢᠭ ᠵᠢᠷᠤᠭᠯᠠᠭᠰᠠᠨ ᠪᠠᠶᠢᠨ᠎ᠠ᠃ ︽ ᠰᠢᠯᠦᠭᠯᠡᠯᠲᠦ ᠨᠣᠮ︾ ᠪᠣᠯ ᠡᠯ᠎ᠡ ᠭᠠᠵᠠᠷ᠎ᠤᠨ ᠦᠨᠳᠦᠰᠦᠲᠡᠨ᠎ᠨᠦᠭᠦᠳ᠎ᠤᠨ ᠰᠢᠯᠦᠭ᠎ᠤᠨ ᠶᠡᠷᠦᠩᠬᠡᠶ ᠲᠡᠭᠦᠪᠦᠷᠢ ᠮᠦᠨ᠂ ︽ ᠴᠥ᠋ᠶᠢᠨ ᠤᠶᠠᠩᠭ᠎ᠠ︾᠎ᠶᠢ ᠴᠥ᠋ ᠤᠯᠤᠰ᠎ᠤᠨ ᠠᠷᠠᠳ᠎ᠤᠨ ᠳᠠᠭᠤᠤ᠎ᠪᠠᠷ ᠲᠣᠯᠢ ᠪᠣᠯᠭᠠᠨ ᠵᠣᠬᠢᠶᠠᠨ ᠪᠦᠲᠦᠭᠡᠭᠰᠡᠨ ᠶᠤᠮ᠂ ᠶᠤᠸᠠᠨ᠎ᠤ ᠳᠠᠭᠤᠤᠷᠢᠯᠢᠬᠤᠨ ᠪᠠᠳᠠᠷᠠᠯ ᠬᠦᠭᠵᠢᠯᠲᠡ᠎ᠳ᠋ᠤ ᠡᠯ᠎ᠡ ᠦᠨᠳᠦᠰᠦᠲᠡᠨ᠎ᠤ ᠣᠯᠠᠨ ᠲᠠᠯ᠎ᠠ᠎ᠶᠢᠨ ᠬᠤᠪᠢ ᠨᠡᠮᠡᠷᠢ ᠪᠠᠭᠲᠠᠵᠤ ᠪᠠᠵᠢᠳᠠᠭ᠋᠃ ᠡᠯ᠎ᠡ ᠦᠨᠳᠦᠰᠦᠲᠡᠨ ᠭᠡᠰᠡᠷ᠂ ᠮᠠᠨᠠᠰ᠂ ᠵᠠᠩᠭᠠᠷ ᠵᠡᠷᠭᠡ ᠰᠡᠳᠬᠢᠯ ᠳᠣᠭᠳᠣᠯᠤᠭᠤᠯᠤᠮ᠎ᠠ ᠠᠭᠤᠤ ᠶᠡᠬᠡ ᠲᠤᠤᠯᠢᠰ᠎ᠢ ᠤᠯᠠᠮᠵᠢᠯᠠᠨ ᠵᠠᠯᠭᠠᠮᠵᠢᠯᠠᠵᠤ᠂ ︽ ᠭᠤᠷᠪᠠᠨ ᠶᠡᠬᠡ ᠪᠠᠭᠠᠲᠤᠷᠯᠢᠭ ᠲᠤᠤᠯᠢ︾ ᠳᠤᠮᠳᠠᠳᠤ ᠤᠯᠤᠰ᠎ᠤᠨ ᠤᠳᠬ᠎ᠠ ᠵᠣᠬᠢᠶᠠᠯ᠎ᠤᠨ ᠲᠡᠦᠬᠡ᠎ᠶᠢᠨ ᠲᠤᠤᠯᠢ᠎ᠶᠢᠨ ᠬᠣᠭᠣᠰᠣᠨ᠎ᠢ ᠨᠥᠬᠥᠪᠥᠷᠢᠯᠡᠵᠡᠢ᠃ ᠦᠨᠳᠦᠰᠦᠲᠡᠨ᠎ᠨᠦᠭᠦᠳ ᠲᠦᠮᠡᠨ ᠭᠠᠵᠠᠷ᠎ᠤᠨ ᠤᠷᠳᠤ ᠴᠠᠭᠠᠨ ᠬᠡᠷᠡᠮ᠂ ᠳ᠋ᠦ᠋ ᠵᠢᠶᠠᠩ ᠶᠠᠨ ᠬᠠᠰᠢᠯᠭ᠎ᠠ᠂ ᠶᠡᠬᠡ ᠲᠠᠲᠠᠮᠠᠯ ᠭᠣᠣᠯ᠂ ᠬᠠᠭᠠᠨ᠎ᠤ ᠣᠷᠳᠣᠨ᠂ ᠪᠤᠳᠠᠯᠠ ᠣᠷᠳᠣᠨ᠂ ᠳᠠᠯᠳᠠ ᠰᠤᠪᠠᠭ ᠵᠡᠷᠭᠡ ᠠᠭᠤᠤ ᠶᠡᠬᠡ ᠪᠠᠷᠢᠯᠭ᠎ᠠ᠎ᠶᠢ ᠪᠦᠲᠦᠭᠡᠨ ᠪᠠᠶᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠲᠠᠪᠤᠨ ᠮᠢᠩᠭᠠᠨ ᠵᠢᠯ᠎ᠤᠨ ᠭᠡᠷᠡᠯ ᠰᠠᠴᠤᠷᠠᠩᠭᠤᠢ ᠲᠡᠦᠬᠡ᠎ᠶᠢ ᠲᠡᠮᠳᠡᠭᠯᠡᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡ᠎ᠶᠢ ᠭᠡᠷᠡᠴᠢᠯᠡᠪᠡ᠃ ᠶᠦᠨᠨᠠᠨ᠎ᠤ ᠯᠢᠵᠢᠶᠠᠩ᠎ᠤᠨ ᠡᠷᠲᠡᠨ᠎ᠤ ᠬᠤᠳᠠ᠂ ᠶᠤᠸᠠᠨ᠎ᠤ ᠳᠡᠭᠡᠳᠦ ᠨᠡᠶᠢᠰᠯᠡᠯ᠎ᠤᠨ ᠪᠠᠭᠤᠷᠢ᠂ ᠬᠠᠨᠢ᠎ᠶᠢᠨ ᠱᠠᠲᠤᠨ ᠲᠠᠷᠢᠶ᠎ᠠ ᠵᠡᠷᠭᠡ᠎ᠪᠠᠷ ᠲᠥᠯᠥᠭᠡᠯᠡᠭᠦᠯᠦᠭᠰᠡᠨ ᠳᠡᠯᠡᠬᠡᠢ᠎ᠶᠢᠨ ᠰᠣᠶᠣᠯ᠎ᠤᠨ ᠥᠪ᠂ ᠬᠣᠲᠣᠩ ᠦᠨᠳᠦᠰᠦᠲᠡᠨ᠎ᠤ ᠬᠤᠸᠠᠷ᠂ ᠮᠣᠩᠭᠣᠯ ᠦᠨᠳᠦᠰᠦᠲᠡᠨ᠎ᠤ ᠤᠷᠳᠤ᠎ᠶᠢᠨ ᠳᠠᠭᠤᠤ᠂ ᠤᠶᠢᠭᠤᠷ ᠦᠨᠳᠦᠰᠦᠲᠡᠨ᠎ᠤ ᠮᠦᠺᠠᠮ ᠤᠷᠠᠯᠢᠭ ᠵᠡᠷᠭᠡ᠎ᠪᠠᠷ ᠲᠥᠯᠥᠭᠡᠯᠡᠭᠦᠯᠦᠭᠰᠡᠨ ᠳᠡᠯᠡᠬᠡᠢ᠎ᠶᠢᠨ ᠪᠣᠳᠠᠰ᠎ᠤᠨ ᠪᠤᠰᠤ ᠰᠣᠶᠣᠯ᠎ᠤᠨ ᠥᠪ᠎ᠨᠢ ᠴᠥᠮ ᠳᠤᠮᠳᠠᠳᠤ᠎ᠶᠢᠨ ᠰᠣᠶᠣᠯ᠎ᠤᠨ ᠤᠬᠢ ᠰᠣᠳᠣ ᠪᠣᠯᠬᠤ ᠶᠤᠮ᠃ ᠳᠤᠮᠳᠠᠳᠤ᠎ᠶᠢᠨ ᠰᠣᠶᠣᠯ ᠪᠣᠯ ᠦᠨᠳᠦᠰᠦᠲᠡᠨ᠎ᠨᠦᠭᠦᠳ᠎ᠤᠨ ᠰᠣᠶᠣᠯ᠎ᠤᠨ ᠴᠤᠭᠯᠠᠷᠠᠯ ᠪᠣᠯᠬᠤ᠎ᠪᠠᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠂ 56 ᠦᠨᠳᠦᠰᠦᠲᠡᠨ᠎ᠤ ᠪᠠᠲᠤ ᠪᠡᠬᠢ ᠤᠶᠤᠨ ᠰᠠᠨᠠᠭᠠᠨ᠎ᠤ ᠬᠣᠯᠪᠣᠭᠠᠰᠤ ᠭᠡᠵᠦ ᠬᠡᠯᠡᠵᠦ ᠪᠣᠯᠤᠨ᠎ᠠ᠃
ᠤᠷᠲᠤ ᠤᠳᠠᠭᠠᠨ ᠲᠡᠦᠬᠡᠨ ᠶᠠᠪᠤᠴᠠ᠎ᠳ᠋ᠤ᠂ ᠡᠯ᠎ᠡ ᠦᠨᠳᠦᠰᠦᠲᠡᠨ ᠴᠥᠮ ᠳᠤᠮᠳᠠᠳᠤ᠎ᠶᠢᠨ ᠰᠣᠶᠣᠯ᠎ᠤᠨ ᠪᠦᠷᠢᠯᠳᠦᠯ ᠬᠥᠭᠵᠢᠯᠲᠡ᠎ᠳ᠋ᠤ ᠴᠢᠬᠤᠯᠠ ᠬᠤᠪᠢ ᠨᠡᠮᠡᠷᠢ ᠦᠵᠡᠭᠦᠯᠵᠡᠢ᠃ ᠦᠨᠳᠦᠰᠦᠲᠡᠨ᠎ᠨᠦᠭᠦᠳ᠎ᠤᠨ ᠰᠣᠶᠣᠯ ᠪᠤᠯ ᠢᠭᠴᠤ ᠰᠠᠬᠤᠯᠢᠭ ᠰᠠᠯᠠᠭ᠎ᠠ ᠨᠠᠮᠠᠭ᠎ᠠ᠂ ᠳᠤᠮᠳᠠᠳᠤ᠎ᠶᠢᠨ ᠰᠣᠶᠣᠯ ᠪᠤᠯ ᠬᠦᠳᠡᠷ ᠵᠤᠵᠠᠭᠠᠨ ᠡᠰᠢ ᠦᠨᠳᠦᠰᠦ ᠮᠦᠨ ᠂ ᠡᠨᠡ ᠪᠣᠯ ᠳᠤᠮᠳᠠᠳᠤ᠎ᠶᠢᠨ ᠦᠨᠳᠦᠰᠦᠲᠡᠨ᠎ᠤ ᠦᠶ᠎ᠡ᠎ᠶᠢᠨ ᠦᠶ᠎ᠡ ᠣᠷᠣᠰᠢᠨ ᠲᠣᠭᠲᠠᠨᠢᠬᠤ ᠬᠥᠳᠡᠯᠭᠡᠬᠦ ᠬᠦᠴᠦᠨ ᠮᠥᠨ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠲᠠᠨᠢᠯᠲᠠ᠂ ᠳᠤᠮᠳᠠᠳᠤ᠎ᠶᠢᠨ ᠦᠨᠳᠦᠰᠦᠲᠡᠨ᠎ᠤ ᠵᠣᠷᠢᠭ ᠰᠠᠨᠠᠭᠠᠨ᠎ᠤ ᠠᠮᠢᠨ ᠰᠤᠳᠠᠰᠤ ᠮᠥᠨ᠃ ᠪᠢᠳᠠ ᠳᠤᠮᠳᠠᠳᠤ᠎ᠶᠢᠨ ᠰᠣᠶᠣᠯ᠎ᠢ ᠰᠠᠶᠢᠲᠤᠷ ᠬᠠᠮᠠᠭᠠᠯᠠᠵᠤ ᠬᠥᠭᠵᠢᠭᠦᠯᠤᠨ ᠪᠠᠳᠠᠷᠠᠭᠤᠯᠵᠤ᠂ ᠳᠤᠮᠳᠠᠳᠤ᠎ᠶᠢᠨ ᠰᠣᠶᠣᠯ᠎ᠤᠨ ᠨᠢᠭᠲᠠᠷᠠᠯ᠎ᠤᠨ ᠬᠦᠴᠦᠨ᠂ ᠨᠥᠯᠥᠭᠡᠯᠡᠬᠦ ᠬᠦᠴᠦᠨ᠂ ᠦᠷᠢᠰᠦᠯᠳᠦᠬᠦ ᠬᠦᠴᠦᠨ᠎ᠢ ᠰᠠᠶᠢᠲᠤᠷ ᠴᠢᠩᠭᠠᠳᠬᠠᠬᠤ ᠬᠡᠷᠡᠭᠲᠡᠢ᠃
ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠠᠭᠤᠰᠤᠯᠴᠠᠵᠤ ᠠᠤᠭ᠎ᠠ ᠰᠤᠳᠤᠨ ᠳᠤᠮᠳᠠᠳᠤ᠎ᠶᠢᠨ ᠰᠣᠶᠣᠯ᠎ᠢ ᠪᠦᠷᠢᠯᠳᠦᠭᠦᠯᠵᠡᠢ
ᠳᠤᠮᠳᠠᠳᠤ᠎ᠶᠢᠨ ᠰᠣᠶᠣᠯ ᠪᠦᠬᠦᠨ᠎ᠢ ᠠᠪᠴᠤ ᠪᠠᠵᠢᠳᠠᠭᠢ ᠬᠠᠳᠠᠭᠠᠯᠠᠬᠤ ᠪᠠᠭᠲᠠᠭᠠᠮᠵᠢ᠎ᠲᠦ ᠴᠢᠨᠠᠷᠲᠠᠢ ᠪᠤᠯᠬᠤᠷ ᠭᠣᠶᠢᠳᠠ ᠰᠠᠶᠢᠬᠠᠨ᠂ ᠳᠡᠯᠭᠡᠷ ᠭᠦᠨᠵᠡᠭᠡᠢ ᠪᠠᠶᠢᠳᠠᠭ᠋︔ ᠳᠤᠮᠳᠠᠳᠤ᠎ᠶᠢᠨ ᠰᠤᠶᠤᠯ ᠦᠨᠳᠦᠰᠦᠲᠡᠨ᠎ᠨᠦᠭᠦᠳ᠎ᠤᠨ ᠰᠣᠶᠣᠯ ᠬᠠᠷᠢᠯᠴᠠᠨ ᠲᠤᠯᠢᠯᠠᠵᠤ ᠠᠭᠤᠰᠤᠯᠴᠠᠨ ᠨᠡᠪᠲᠡᠷᠡᠯᠴᠡᠬᠦ ᠳᠤᠲᠤᠭᠠᠳᠤ ᠴᠢᠨᠠᠷᠲᠠᠢ ᠪᠤᠯᠬᠤᠷ ᠴᠡᠴᠡᠭᠯᠡᠨ ᠬᠥᠭᠵᠢᠵᠦ ᠪᠠᠵᠢᠳᠠᠭ᠋᠃ ᠲᠡᠦᠬᠡ᠎ᠶᠢᠨ ᠤᠷᠳᠤ ᠬᠠᠭᠤᠳᠠᠰᠤ᠎ᠶᠢ ᠳᠡᠯᠭᠡᠬᠦ᠎ᠳ᠋ᠤ ᠵᠤᠤ ᠤᠯᠤᠰ᠎ᠤᠨ ᠡᠦ ᠯᠢᠩ ᠸᠠᠩ᠎ᠤᠨ ᠮᠤᠷᠢᠨ ᠳᠡᠭᠡᠷ᠎ᠡ᠎ᠡᠴᠠ ᠬᠠᠷᠪᠤᠵᠤ ᠨᠠᠮᠨᠠᠬᠤ ᠦᠭᠡᠷᠡᠴᠢᠯᠡᠯᠲᠡ᠎ᠡᠴᠠ ᠤᠮᠠᠷᠠᠲᠤ ᠸᠧᠢ ᠤᠯᠤᠰ᠎ᠤᠨ ᠰᠢᠶᠤᠤ ᠸᠸᠨ ᠳ᠋ᠢ ᠬᠠᠭᠠᠨ᠎ᠤ ᠬᠢᠲᠠᠳᠴᠢᠯᠠᠬᠤ ᠥᠭᠡᠷᠡᠴᠢᠯᠡᠯᠲᠡ ᠬᠦᠷᠲᠡᠯ᠎ᠡ︔ ︽ ᠯᠦᠸᠸᠶᠠᠩᠤᠨ ᠠᠶᠢᠯ ᠪᠣᠯᠭᠠᠨ ᠬᠤᠶᠢᠨ ᠬᠦᠭᠵᠢᠮ ᠰᠤᠷᠤᠭᠰᠠᠨ︾᠎ᠡᠴᠠ ︽ ᠲᠦᠮᠡᠨ ᠭᠠᠵᠠᠷ᠎ᠤᠨ ᠴᠢᠶᠠᠩ ᠦᠨᠳᠦᠰᠦᠲᠡᠨ ᠪᠦᠬᠦᠨ᠎ᠢᠶᠠᠷ᠎ᠢᠶᠡᠨ ᠬᠢᠲᠠᠳ ᠳᠠᠭᠤᠤ ᠰᠤᠷᠤᠭᠰᠠᠨ︾ ᠬᠦᠷᠲᠡᠯ᠎ᠡ︔ ᠬᠢᠯᠢ ᠬᠢᠵᠠᠭᠠᠷ᠎ᠤᠨ ᠦᠨᠳᠦᠰᠦᠲᠡᠨ᠎ᠤ ︽ ᠬᠦᠷᠮ᠎ᠡ ᠬᠡᠲᠦᠷᠴᠦ ᠪᠠᠩᠵᠠᠯ ᠡᠮᠦᠰᠬᠦ︾᠂ ︽ ᠢᠷᠠᠭᠤ ᠳᠠᠭᠤᠤ ᠪᠢᠴᠢᠭ᠎ᠤᠨ ᠬᠥᠮᠦᠨ᠎ᠤ ᠬᠤᠪᠴᠠᠰᠤ︾᠎ᠶᠢ ᠬᠡᠷᠡᠭᠯᠡᠵᠦ ᠰᠤᠷᠤᠭᠰᠠᠨ᠎ᠡᠴᠠ ᠳᠤᠮᠳᠠᠳᠤ ᠣᠷᠣᠨ᠎ᠳ᠋ᠤ ︽ ᠬᠦᠷᠮ᠎ᠡ ᠬᠡᠲᠦᠷᠴᠦ ᠦᠮᠦᠳᠦ ᠡᠮᠦᠰᠬᠦ︾᠂ ᠬᠤᠶᠢᠨ ᠬᠦᠷᠮ᠎ᠡ ᠬᠤᠶᠢᠨ ᠮᠠᠯᠠᠭᠠᠢ ᠳᠡᠯᠭᠡᠷᠡᠭᠰᠡᠨ ᠵᠢᠴᠢ ᠦᠨᠦᠳᠦᠷ᠎ᠤᠨ ᠭᠠᠵᠠᠷ ᠪᠤᠯᠭᠠᠨ᠎ᠳ᠋ᠤ ᠬᠠᠷᠠᠭᠳᠠᠬᠤ ᠠᠷᠰᠯᠠᠨ ᠪᠦᠵᠢᠭ᠂ ᠬᠤᠭᠤᠷ᠂ ᠮᠠᠨᠵᠦ ᠳᠡᠪᠡᠯ ᠵᠡᠷᠭᠡ ᠬᠦᠷᠲᠡᠯ᠎ᠡ ᠦᠨᠳᠦᠰᠦᠲᠡᠨ᠎ᠨᠦᠭᠦᠳ᠎ᠤᠨ ᠰᠤᠶᠤᠯ᠎ᠤᠨ ᠬᠠᠷᠢᠯᠴᠠᠨ ᠲᠤᠯᠢᠳᠠᠯ ᠠᠭᠤᠰᠤᠯᠴᠠᠯ ᠨᠡᠪᠲᠡᠷᠡᠯᠴᠡᠯᠢ ᠢᠯᠡᠷᠡᠭᠦᠯᠦᠭᠰᠡᠨ ᠪᠠᠶᠢᠨ᠎ᠠ᠃ ᠦᠨᠳᠦᠰᠦᠲᠡᠨ᠎ᠨᠦᠭᠦᠳ ᠬᠠᠷᠢᠯᠴᠠᠨ ᠰᠤᠷᠤᠯᠴᠠᠵᠤ᠂ ᠬᠠᠷᠢᠯᠴᠠᠨ ᠲᠤᠯᠢᠳᠠᠵᠤ᠂ ᠬᠡᠨ ᠠᠯᠢᠨᠡᠴᠠᠪᠠᠨ ᠰᠠᠯᠵᠤ ᠴᠢᠳᠠᠬᠤ ᠦᠭᠡᠢ ᠪᠤᠯᠵᠤ᠂ ᠨᠡᠶᠢᠲᠡᠯᠢᠭ ᠴᠢᠨᠠᠷ ᠶᠠᠪᠤᠬᠤ ᠲᠤᠳᠤᠮ ᠣᠯᠠᠰᠢᠷᠠᠵᠤ ᠂ ᠵᠥᠷᠢᠶᠡᠲᠦ ᠴᠢᠨᠠᠷ ᠶᠠᠪᠤᠬᠤ ᠲᠤᠳᠤᠮ ᠪᠠᠭᠠᠰᠴᠤ ᠪᠠᠶᠢᠨ᠎ᠠ᠃
ᠣᠯᠠᠨ᠎ᠤ ᠮᠡᠳᠡᠭᠡᠵᠢ᠎ᠪᠠᠷ᠂ ︽ ᠮᠣᠩᠭᠣᠯ᠎ᠤᠨ ᠨᠢᠭᠤᠴᠠ ᠲᠣᠪᠴᠢᠶᠠᠨ︾ ᠪᠣᠯ ᠮᠣᠩᠭᠣᠯ ᠦᠨᠳᠦᠰᠦᠲᠡᠨ᠎ᠤ ᠣᠲᠣ ᠬᠠᠳᠠᠭᠠᠯᠠᠭᠳᠠᠵᠤ ᠪᠠᠶᠢᠭ᠎ᠠ ᠬᠠᠮᠤᠭ ᠡᠷᠲᠡᠨ᠎ᠤ ᠲᠡᠦᠬᠡ ᠤᠳᠬ᠎ᠠ ᠵᠣᠬᠢᠶᠠᠯ᠎ᠤᠨ ᠰᠤᠳᠤᠷ ᠪᠢᠴᠢᠭ ᠪᠣᠯᠤᠨ᠎ᠠ᠂ ᠲᠡᠭᠦᠨ᠎ᠤ ᠠᠩᠬᠠᠨ᠎ᠤ ᠮᠣᠩᠭᠣᠯ ᠥᠰᠥᠭ᠎ᠤᠨ ᠣᠭ ᠵᠣᠬᠢᠶᠠᠯ᠎ᠨᠢ ᠠᠯᠢ ᠡᠷᠲᠡ ᠭᠡᠭᠡᠭᠳᠡᠵᠤ᠂ ᠣᠲᠣ ᠮᠠᠨ᠎ᠤ ᠤᠩᠰᠢᠵᠤ ᠪᠠᠵᠢᠭᠠᠨᠢ ᠬᠢᠲᠠᠳ ᠥᠰᠥᠭ᠎ᠤᠨ ᠠᠪᠢᠶ᠎ᠠ᠎ᠪᠠᠷ ᠠᠪᠢᠶᠠᠴᠢᠯᠠᠨ ᠪᠢᠴᠢᠭᠰᠡᠨ ᠮᠣᠩᠭᠣᠯ ᠬᠡᠯᠡᠨ᠎ᠤ ᠳᠡᠪᠲᠡᠷ ᠪᠤᠯᠤᠨ᠎ᠠ᠂ ︽ ᠮᠣᠩᠭᠣᠯ᠎ᠤᠨ ᠨᠢᠭᠤᠴᠠ ᠲᠣᠪᠴᠢᠶᠠᠨ︾ ᠪᠣᠯ ᠮᠣᠩᠭᠣᠯ ᠬᠢᠲᠠᠳ ᠰᠣᠶᠣᠯ᠎ᠤᠨ ᠰᠣᠯᠢᠯᠴᠠᠭᠠᠨ᠎ᠤ ᠬᠤᠷᠢᠶᠠᠩᠭᠤᠢ ᠪᠤᠯᠤᠨ᠎ᠠ᠃ ᠠᠳᠠᠯᠢ ᠪᠤᠰᠤ ᠦᠨᠳᠦᠰᠦᠲᠡᠨ᠎ᠤ ᠬᠣᠭᠣᠷᠣᠨᠳᠣᠬᠢ ᠰᠣᠶᠣᠯ᠎ᠤᠨ ᠮᠦᠷᠭᠦᠯᠳᠦᠯᠡᠴᠠ ᠦᠪᠡᠷᠮᠢᠴᠠ ᠰᠠᠵᠢᠬᠠᠨ ᠰᠤᠳᠤᠨ ᠵᠦᠢᠯ ᠴᠤᠯᠭᠤᠷᠠᠵᠦ᠂ ᠮᠠᠩᠬᠠᠨ ᠠᠶᠠᠯᠭᠤ ᠪᠣᠯ ᠳᠠᠷᠤᠢ ᠡᠭᠦᠨ᠎ᠤ ᠲᠣᠳᠣ ᠵᠢᠱᠢᠶ᠎ᠡ ᠪᠣᠯᠬᠤ ᠶᠤᠮ᠃ ᠡᠯ᠎ᠡ ᠦᠨᠳᠦᠰᠦᠲᠡᠨ᠎ᠤ ᠰᠣᠶᠣᠯ ᠰᠣᠯᠪᠢᠴᠠᠨ ᠭᠡᠷᠡᠯᠲᠦᠵᠦ᠂ ᠳᠤᠮᠳᠠᠳᠤ᠎ᠶᠢᠨ ᠰᠣᠶᠣᠯ ᠶᠠᠪᠤᠬᠤ ᠲᠤᠳᠤᠮ ᠰᠢᠨᠡᠳᠴᠦ ᠪᠠᠶᠢᠨ᠎ᠠ᠃
ᠰᠣᠶᠣᠯ᠎ᠤᠨ ᠰᠣᠯᠢᠯᠴᠠᠭ᠎ᠠ ᠶᠡᠷᠦ᠎ᠡᠴᠠ ᠳᠠᠩ ᠴᠢᠭᠯᠡᠯ᠎ᠤᠨ ᠪᠢᠰᠢ᠂ ᠶᠠᠭ ᠦᠨᠳᠦᠰᠦᠲᠡᠨ᠎ᠨᠦᠭᠦᠳ ᠰᠣᠶᠣᠯ᠎ᠤᠨ ᠲᠠᠯ᠎ᠠ᠎ᠪᠠᠷ ᠬᠠᠷᠢᠯᠴᠠᠨ ᠬᠦᠨᠳᠦᠳᠬᠡᠵᠦ᠂ ᠬᠠᠷᠢᠯᠴᠠᠨ ᠪᠠᠬᠠᠷᠬᠠᠵᠤ᠂ ᠬᠠᠷᠢᠯᠴᠠᠨ ᠰᠤᠷᠤᠯᠴᠠᠵᠤ᠂ ᠬᠠᠷᠢᠯᠴᠠᠨ ᠲᠣᠯᠢᠯᠠᠭᠰᠠᠨ᠎ᠡᠴᠠ ᠰᠠᠶᠢ ᠠᠤᠭ᠎ᠠ ᠰᠤᠳᠤᠨ ᠳᠤᠮᠳᠠᠳᠤ᠎ᠶᠢᠨ ᠰᠣᠶᠣᠯ ᠪᠤᠢ ᠪᠣᠯᠤᠭᠰᠠᠨ ᠶᠤᠮ᠃ ᠵᠦᠪᠬᠡᠨ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠪᠠᠯ ᠰᠠᠶᠢ ᠨᠢᠭᠡ ᠵᠦᠢᠯ᠎ᠤᠨ ᠰᠣᠶᠣᠯ ᠠᠮᠢᠵᠢᠷᠠᠯ᠎ᠤᠨ ᠬᠦᠴᠦᠨ᠎ᠢᠶᠠᠷ ᠪᠢᠯᠬᠠᠵᠤ ᠴᠢᠳᠠᠨ᠎ᠠ᠃ ᠦᠨᠳᠦᠰᠦᠲᠡᠨ᠎ᠨᠦᠭᠦᠳ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠳᠤᠮᠳᠠ ᠳᠤᠮᠳᠠᠳᠤ᠎ᠶᠢᠨ ᠰᠣᠶᠣᠯ᠎ᠢ ᠬᠠᠮᠲᠤ᠎ᠪᠠᠷ ᠡᠭᠦᠳᠦᠨ ᠪᠦᠲᠦᠭᠡᠵᠦ᠂ ᠳᠤᠮᠳᠠᠳᠤ᠎ᠶᠢᠨ ᠪᠣᠯᠪᠠᠰᠤᠨ ᠡᠭᠦᠨ᠎ᠡᠴᠠ ᠪᠣᠯᠵᠤ ᠥᠨᠢ ᠤᠳᠠᠭᠠᠨ ᠪᠠᠭᠤᠷᠠᠰᠢ ᠦᠭᠡᠢ ᠬᠥᠭᠵᠢᠨ ᠪᠤᠵᠠᠭᠠᠶᠢᠷᠠᠬᠤ ᠶᠤᠮ᠃
ᠰᠣᠶᠣᠯ᠎ᠤᠨ ᠬᠠᠮᠲᠤ᠎ᠶᠢᠨ ᠲᠠᠨᠢᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭᠠᠳᠬᠠᠶ᠎ᠠ
ᠬᠠᠮᠲᠤ᠎ᠶᠢᠨ ᠲᠠᠨᠢᠯᠲᠠ ᠪᠣᠯ ᠪᠦᠯᠬᠦᠮᠳᠡᠯ᠎ᠤᠨ ᠰᠠᠭᠤᠷᠢ ᠮᠥᠨ᠂ ᠬᠠᠮᠲᠤ᠎ᠶᠢᠨ ᠲᠠᠨᠢᠯᠲᠠ ᠦᠭᠡᠢ ᠪᠣᠯ ᠪᠦᠯᠬᠦᠮᠳᠡᠯ ᠵᠦᠪᠬᠡᠨ ᠦᠨᠳᠦᠰᠦ ᠦᠭᠡᠢ ᠮᠣᠳᠣ ᠠᠳᠠᠯᠢ᠃ ᠳᠤᠮᠳᠠᠳᠤ᠎ᠶᠢᠨ ᠦᠨᠳᠦᠰᠦᠲᠡᠨ᠎ᠤ ᠶᠡᠬᠡ ᠪᠦᠯᠬᠦᠮᠳᠡᠯ᠎ᠢ ᠴᠢᠩᠭᠠᠳᠬᠠᠬᠤ᠎ᠶᠢᠨ ᠠᠯᠤᠰ ᠬᠡᠳᠦ᠎ᠶᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠴᠢᠩᠭᠠᠳᠬᠠᠬᠤ ᠶᠠᠪᠤᠳᠠᠯ ᠪᠣᠯᠤᠨ᠎ᠠ᠂ ᠰᠣᠶᠣᠯ᠎ᠤᠨ ᠬᠠᠮᠲᠤ᠎ᠶᠢᠨ ᠲᠠᠨᠢᠯᠲᠠ ᠪᠣᠯ ᠬᠠᠮᠤᠭ᠎ᠤᠨ ᠭᠦᠨ ᠳᠠᠪᠬᠤᠷᠭ᠎ᠠ᠎ᠶᠢᠨ ᠬᠠᠮᠲᠤ᠎ᠶᠢᠨ ᠲᠠᠨᠢᠯᠲᠠ ᠮᠥᠨ᠃ ᠰᠣᠶᠣᠯ᠎ᠤᠨ ᠬᠠᠮᠲᠤ᠎ᠶᠢᠨ ᠲᠠᠨᠢᠯᠲᠠ᠎ᠶᠢᠨ ᠠᠰᠠᠭᠤᠳᠠᠯ᠎ᠢ ᠰᠢᠢᠳᠪᠦᠷᠢᠯᠡᠴᠢᠬᠡᠪᠡᠯ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠲᠤᠬᠠᠢ ᠬᠠᠮᠲᠤ᠎ᠶᠢᠨ ᠲᠠᠨᠢᠯᠲᠠ ᠰᠠᠶᠢ ᠪᠡᠬᠢᠵᠢᠵᠦ ᠴᠢᠳᠠᠨ᠎ᠠ᠃ ᠭᠠᠭᠴᠠ ᠬᠦ ᠰᠣᠶᠣᠯ᠎ᠤᠨ ᠬᠠᠮᠲᠤ᠎ᠶᠢᠨ ᠲᠠᠨᠢᠯᠲᠠ᠎ᠲᠠᠢ ᠪᠤᠯᠪᠠᠯ ᠰᠠᠶᠢ ᠰᠡᠳᠬᠢᠯ ᠨᠢᠭᠡᠳᠴᠤ᠂ ᠳᠤᠮᠳᠠᠳᠤ᠎ᠶᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭᠠᠳᠬᠠᠵᠤ ᠴᠢᠳᠠᠨ᠎ᠠ︔ ᠭᠠᠭᠴᠠ ᠬᠦ ᠳᠤᠮᠳᠠᠳᠤ᠎ᠶᠢᠨ ᠰᠣᠶᠣᠯ᠎ᠤᠨ ᠦᠨᠳᠦᠰᠦ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠰᠡᠳᠬᠢᠯ᠎ᠳ᠋ᠤ ᠭᠦᠨ ᠦᠨᠳᠦᠰᠦᠯᠡᠵᠦ ᠴᠢᠳᠠᠪᠠᠯ ᠦᠨᠳᠦᠰᠦᠲᠡᠨ᠎ᠨᠦᠭᠦᠳ᠎ᠤᠨ ᠰᠣᠶᠣᠯ ᠰᠠᠶᠢ ᠡᠯᠪᠡᠭ ᠰᠢᠮ᠎ᠡ᠎ᠶᠢ ᠰᠢᠩᠭᠡᠭᠡᠡ ᠦᠷᠭᠦᠯᠵᠢᠯᠡᠨ ᠬᠥᠭᠵᠢᠵᠦ ᠴᠢᠳᠠᠨ᠎ᠠ᠃
ᠪᠢᠳᠡ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶᠢᠨ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠴᠢᠩᠭᠠᠳᠬᠠᠵᠤ᠂ ᠰᠢᠨ᠎ᠡ ᠴᠠᠭ ᠦᠶ᠎ᠡ᠎ᠳ᠋ᠤ ᠳᠤᠮᠳᠠᠳᠤ᠎ᠶᠢᠨ ᠰᠣᠶᠣᠯ᠎ᠤᠨ ᠤᠳᠤᠮᠰᠢᠯ᠎ᠢ ᠤᠯᠠᠮᠵᠢᠯᠠᠵᠤ᠂ ᠳᠤᠮᠳᠠᠳᠤ᠎ᠶᠢᠨ ᠰᠣᠶᠣᠯ᠎ᠤᠨ ᠠᠮᠢᠨ ᠰᠤᠳᠠᠰᠤ᠎ᠶᠢ ᠤᠮᠳᠠᠯᠠᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠰᠣᠶᠣᠯ᠎ᠤᠨ ᠬᠦᠴᠦᠨ᠎ᠢ ᠨᠢᠭᠲᠠᠷᠠᠭᠤᠯᠬᠤ ᠬᠡᠷᠡᠭᠲᠡᠢ᠃ ᠦᠨᠳᠦᠰᠦᠲᠡᠨ᠎ᠨᠦᠭᠦᠳ᠎ᠤᠨ ᠰᠡᠳᠬᠢᠯ᠎ᠢ ᠨᠢᠭᠲᠠᠷᠠᠭᠤᠯᠵᠤ᠂ ᠤᠶᠤᠨ ᠰᠠᠨᠠᠭᠠᠨ᠎ᠤ ᠲᠠᠯ᠎ᠠ᠎ᠪᠠᠷ ᠬᠠᠷᠢᠯᠴᠠᠨ ᠲᠦᠰᠢᠯᠴᠡᠵᠦ᠂ ᠦᠨᠳᠦᠰᠦᠲᠡᠨ᠎ᠨᠦᠭᠦᠳ᠎ᠤᠨ ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠳᠡᠬᠦ᠎ᠶᠢ ᠠᠬᠢᠭᠤᠯᠤᠨ᠂ ᠳᠤᠮᠳᠠᠳᠤ᠎ᠶᠢᠨ ᠦᠨᠳᠦᠰᠦᠲᠡᠨ᠎ᠤ ᠪᠠᠭᠲᠠᠭᠠᠮᠵᠢᠲᠤ ᠴᠢᠨᠠᠷ᠎ᠢᠶᠠᠷ ᠨᠡᠩ ᠴᠢᠩᠭ᠎ᠠ᠂ ᠨᠢᠭᠲᠠᠷᠠᠯ᠎ᠤᠨ ᠬᠦᠴᠦᠨ᠎ᠢᠶᠠᠷ ᠨᠡᠩ ᠶᠡᠬᠡ ᠬᠤᠪᠢ ᠵᠠᠶᠠᠭᠠᠨ᠎ᠤ ᠬᠠᠮᠲᠤ ᠴᠣᠭᠴᠠ᠎ᠶᠢ ᠪᠠᠵᠢᠭᠤᠯᠬᠤᠶᠢ ᠠᠬᠢᠭᠤᠯᠬᠤ ᠬᠡᠷᠡᠭᠲᠡᠢ᠃ ᠳᠤᠮᠳᠠᠳᠤ᠎ᠶᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠦᠯᠭᠦᠮᠳᠡᠨ᠂ ᠰᠡᠳᠬᠢᠯ ᠨᠢᠭᠡᠳᠦᠨ ᠳᠤᠮᠳᠠᠳᠤ᠎ᠶᠢᠨ ᠵᠡᠭᠦᠳᠦ᠎ᠶᠢ ᠬᠠᠮᠲᠤ᠎ᠪᠠᠷ ᠲᠡᠷᠭᠡᠯᠰᠢᠭᠦᠯᠦᠨ᠎ᠡ᠃ ᠨᠡᠶᠢᠭᠡᠮ ᠵᠢᠷᠤᠮᠳᠦ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶᠢᠭᠤᠯᠬᠤ ᠬᠣᠶᠠᠳᠤᠭᠠᠷ ᠵᠠᠭᠤᠨ ᠵᠢᠯ᠎ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳ᠋ᠤ ᠦᠨᠳᠦᠰᠦᠲᠡᠨ᠎ᠨᠦᠭᠦᠳ ᠭᠠᠷ ᠭᠠᠷ᠎ᠢᠶᠡᠨ ᠬᠣᠯᠪᠣᠨ ᠮᠥᠷᠥ ᠵᠡᠷᠭᠡᠴᠡᠨ ᠬᠠᠮᠲᠤ᠎ᠪᠠᠷ ᠴᠢᠷᠮᠠᠶᠢᠨ ᠲᠡᠮᠡᠴᠡᠬᠦ᠎ᠶᠢ ᠱᠠᠭᠠᠷᠳᠠᠨ᠎ᠠ᠃
ᠨᠡᠶᠢᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ᠎ᠪᠠᠷ ᠵᠢᠯᠤᠭᠤᠳᠤᠯᠭ᠎ᠠ ᠪᠣᠯᠭᠠᠵᠤ᠂ ᠳᠤᠮᠳᠠᠳᠤ᠎ᠶᠢᠨ ᠰᠢᠯᠢᠳᠡᠭ ᠤᠯᠠᠮᠵᠢᠯᠠᠯᠲᠤ ᠰᠣᠶᠣᠯ᠂ ᠬᠤᠪᠢᠰᠬᠠᠯᠲᠤ ᠰᠣᠶᠣᠯ ᠪᠣᠯᠤᠨ ᠨᠡᠶᠢᠭᠡᠮ ᠵᠢᠷᠤᠮ᠎ᠤᠨ ᠲᠡᠷᠢᠭᠦᠨ᠎ᠤ ᠰᠣᠶᠣᠯ᠎ᠤᠨ ᠬᠥᠮᠦᠵᠢᠯ᠎ᠢ ᠴᠢᠩᠭᠠᠳᠬᠠᠵᠤ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠢ ᠬᠦᠳᠤᠯᠤᠨ ᠵᠢᠯᠣᠭᠣᠳᠴᠤ ᠵᠥᠪ ᠡᠬᠡ ᠤᠷᠤᠨᠴᠢ ᠦᠵᠡᠯᠲᠡ᠂ ᠲᠡᠦᠬᠡ᠎ᠶᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ᠎ᠤ ᠦᠵᠡᠯᠲᠡ᠎ᠶᠢ ᠪᠠᠲᠤ ᠪᠤᠢ ᠪᠣᠯᠭᠠᠬᠤ᠎ᠨᠢ ᠦᠨᠳᠦᠰᠦᠲᠡᠨ᠎ᠨᠦᠭᠦᠳ᠎ᠤᠨ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠶᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳ᠋ᠤ ᠲᠤᠶᠢᠯ᠎ᠤᠨ ᠴᠢᠬᠤᠯᠠ ᠶᠤᠮ᠃
ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠤ ᠳᠤᠮᠳᠠᠳᠤ᠎ᠶᠢᠨ ᠰᠣᠶᠣᠯ᠎ᠤᠨ ᠬᠠᠮᠲᠤ᠎ᠶᠢᠨ ᠲᠠᠨᠢᠯᠲᠠ᠎ᠶᠢ ᠨᠡᠮᠡᠭᠳᠡᠭᠦᠯᠬᠦ᠎ᠳ᠋ᠤ᠂ ᠪᠢᠳᠡ ᠳᠤᠮᠳᠠᠳᠤ᠎ᠶᠢᠨ ᠰᠣᠶᠣᠯ᠎ᠤᠨ ᠥᠪᠡᠷᠮᠢᠴᠡ ᠷᠢᠳᠢ ᠰᠢᠳᠢ ᠪᠠ ᠰᠢᠯᠢᠳᠡᠭ ᠣᠨᠴᠠᠯᠢᠭ᠎ᠢ ᠭᠦᠨᠵᠡᠭᠡᠢ ᠠᠭᠤᠳᠠᠯᠵᠤ᠂ ᠰᠣᠶᠣᠯ᠎ᠢᠶᠠᠷ ᠬᠥᠮᠦᠨ᠎ᠢ ᠤᠬᠠᠭᠠᠷᠠᠭᠤᠯᠵᠤ᠂ ᠰᠣᠶᠣᠯ᠎ᠢᠶᠠᠷ ᠬᠥᠮᠦᠨ᠎ᠢ ᠬᠥᠮᠦᠵᠢᠭᠦᠯᠵᠦ᠂ ᠦᠨᠳᠦᠰᠦᠲᠡᠨ᠎ᠨᠦᠭᠦᠳ᠎ᠤᠨ ᠤᠯᠠᠨ ᠲᠦᠮᠡᠨ᠎ᠳ᠋ᠤ ᠰᠣᠶᠣᠯ᠎ᠤᠨ ᠬᠥᠭᠵᠢᠯᠲᠡ᠎ᠶᠢᠨ ᠦᠷ᠎ᠡ ᠪᠦᠲᠦᠮᠵᠢ᠎ᠶᠢ ᠨᠡᠩ ᠰᠠᠵᠢᠨ ᠡᠳ᠋ᠯᠡᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ ᠴᠠᠭ ᠦᠶ᠎ᠡ᠎ᠶᠢᠨ ᠬᠠᠮᠤᠭ᠎ᠤᠨ ᠬᠦᠴᠦᠷᠬᠡᠭ ᠳᠠᠭᠤᠨ᠎ᠢ ᠴᠢᠪᠬᠠᠳᠠᠬᠤ ᠬᠡᠷᠡᠭᠲᠡᠢ ᠃
︵ ᠵᠤᠬᠢᠶᠠᠬᠴᠢ᠎ᠶᠢᠨ ᠪᠠᠵᠢᠭᠤᠯᠭᠠ᠄ ᠥᠪᠦᠷ ᠮᠤᠩᠭᠤᠯ᠎ᠤᠨ ᠨᠠᠮ᠎ᠤᠨ ᠰᠤᠷᠭᠠᠭᠤᠯᠢ᠂ ᠥᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠳᠤᠮᠳᠠᠳᠤ ᠤᠯᠤᠰ᠎ᠤᠨ ᠤᠨᠴᠠᠯᠢᠬ᠎ᠲᠠᠢ ᠨᠡᠵᠢᠭᠡᠮ ᠵᠢᠷᠤᠮ᠎ᠤᠨ ᠤᠨᠤᠯ᠎ᠤᠨ ᠰᠢᠰᠲ᠋ᠸᠮ᠎ᠤᠨ ᠰᠤᠳᠤᠯᠭᠠᠨ᠎ᠤ ᠲᠦᠪ ︶
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠤᠶᠤᠨᠲᠠᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃