ᠲᠡᠷᠢᠭᠦᠨ ᠨᠢᠭᠤᠷ>ᠭᠡᠷ ᠤᠷᠤᠨ> ᠣᠨᠣᠯ

2021-10-08 10:15:50

ᠵᠣᠬᠢᠶᠠᠭ᠍ᠴᠢ᠄ ᠶᠠᠩ ᠯᠢ ᠵᠢᠶᠧ ᠣᠩᠱᠢᠭ᠍ᠰᠠᠨ ᠣᠳᠠᠭ᠎ᠠ᠄ 3

ᠭᠣᠣᠯ ᠰᠠᠨᠠᠭᠤᠯᠤᠮᠵᠢ

●ᠤᠯᠤᠰ᠎ᠤᠨ ᠳᠣᠲᠣᠭᠠᠳᠤ᠎ᠶᠢᠨ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠡᠭᠦᠳᠦᠯᠲᠡ ᠪᠣᠯᠤᠭᠰᠠᠨ᠎ᠤ ᠬᠤᠪᠢ᠎ᠳ᠋ᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠨᠢ ᠨᠠᠮ ᠪᠠ ᠤᠯᠤᠰ᠎ᠤᠨ ᠪᠦᠬᠦ ᠲᠠᠯ᠎ᠠ᠎ᠶᠢᠨ ᠠᠵᠢᠯ᠎ᠤᠨ ᠤᠷᠤᠭᠰᠢᠲᠠᠢ ᠬᠥᠭᠵᠢᠬᠦ᠎ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠭᠰᠠᠨ ᠪᠠᠶᠢᠨ᠎ᠠ

● ᠳᠤᠮᠳᠠᠳᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ ᠬᠢᠭᠡᠳ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠣᠨᠴᠠᠯᠢᠭ᠎ᠲᠠᠢ ᠬᠠᠷᠢᠯᠴᠠᠨ ᠤᠶᠠᠯᠳᠤᠭᠰᠠᠨ ᠪᠦᠲᠦᠭᠡᠭᠳᠡᠬᠦᠨ ᠮᠥᠨ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠬᠥᠭᠵᠢᠯᠲᠡ᠎ᠶᠢᠨ ᠵᠠᠶᠢᠯᠠᠰᠢ ᠦᠭᠡᠢ ᠰᠣᠩᠭᠣᠯᠲᠠ ᠮᠥᠨ

● ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ ᠪᠠ ᠥᠪᠡᠷᠲᠡᠭᠡᠨ ᠵᠠᠰᠠᠬᠤ᠎ᠶᠢ ᠤᠶᠠᠯᠳᠤᠭᠤᠯᠬᠤ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶᠢᠨ ᠬᠦᠴᠦᠨ ᠵᠦᠢᠯ᠎ᠢ ᠤᠶᠠᠯᠳᠤᠭᠤᠯᠬᠤ᠎ᠶᠢ ᠪᠡᠶᠡᠯᠡᠭᠦᠯᠦᠨ᠎ᠡ

● ᠵᠦᠪᠬᠡᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠪᠠᠯ ᠥᠪᠥᠷ ᠮᠣᠩᠭᠣᠯ ᠭᠡᠷᠡᠯ ᠰᠠᠴᠤᠷᠠᠩᠭᠤᠢ ᠥᠨᠥᠳᠦᠷ ᠪᠠ ᠨᠡᠩ ᠰᠠᠵᠢᠨ ᠰᠠᠶᠢᠬᠠᠨ ᠢᠷᠡᠭᠡᠳᠦᠢ᠎ᠲᠠᠢ ᠪᠤᠯᠵᠤ ᠴᠢᠳᠠᠨ᠎ᠠ


ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ ᠪᠣᠯ ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢᠨ ᠡᠬᠢ ᠡᠭᠦᠰᠦᠯ ᠮᠥᠨ ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠬᠡᠷᠡᠭᠵᠢᠭᠦᠯᠬᠦ᠎ᠶᠢᠨ ᠤᠭ ᠰᠠᠨᠠᠭ᠎ᠠ ᠂ ᠪᠠᠷᠢᠮᠲᠠᠯᠠᠬᠤ ᠦᠨᠳᠦᠰᠦᠯᠡᠯ ᠂ ᠲᠡᠭᠦᠯᠳᠡᠷᠵᠢᠭᠦᠯᠬᠦ ᠬᠠᠷᠠᠯᠲᠠ ᠪᠣᠯ ᠳᠠᠷᠤᠢ ᠤᠯᠤᠰ ᠣᠷᠣᠨ᠎ᠤ ᠨᠢᠭᠡᠳᠦᠯ᠂ ᠦᠨᠳᠦᠰᠦᠲᠡᠨ᠎ᠤ ᠪᠦᠯᠬᠦᠮᠳᠡᠯ᠎ᠢ ᠬᠠᠮᠠᠭᠠᠯᠠᠬᠤ᠎ᠳ᠋ᠤ ᠣᠷᠣᠰᠢᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ ᠪᠣᠯ ᠮᠠᠨ᠎ᠤ ᠤᠯᠤᠰ᠎ᠤᠨ ᠦᠨᠳᠦᠰᠦᠨ ᠤᠯᠤᠰ ᠲᠦᠷᠦ᠎ᠶᠢᠨ ᠪᠠᠶᠢᠭᠤᠯᠤᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠤᠨ ᠴᠢᠬᠤᠯᠠ ᠠᠭᠤᠯᠭ᠎ᠠ ᠪᠠ ᠲᠦᠷᠢᠮ᠎ᠤᠨ ᠪᠠᠲᠤᠯᠠᠭ᠎ᠠ ᠮᠥᠨ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠨᠢ ᠮᠠᠨ᠎ᠤ ᠤᠯᠤᠰ᠎ᠤᠨ ᠤᠯᠤᠰ᠎ᠤᠨ ᠪᠠᠶᠢᠳᠠᠯ᠎ᠲᠠᠢ ᠨᠡᠶᠢᠴᠡᠵᠦ᠂ ᠤᠯᠤᠰ ᠣᠷᠣᠨ᠎ᠤ ᠨᠢᠭᠡᠳᠦᠯ᠂ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶᠢᠬᠤ᠎ᠶᠢ ᠬᠠᠮᠠᠭᠠᠯᠠᠬᠤ᠂ ᠦᠨᠳᠦᠰᠦᠲᠡᠨ᠎ᠤ ᠡᠷᠬᠡ ᠲᠡᠭᠰᠢ ᠪᠦᠯᠬᠦᠮᠳᠡᠯ᠎ᠢ ᠬᠠᠮᠠᠭᠠᠯᠠᠬᠤ᠂ ᠦᠨᠳᠦᠰᠦᠲᠡᠨ᠎ᠤ ᠣᠷᠣᠨ᠎ᠤ ᠬᠥᠭᠵᠢᠯᠲᠡ᠎ᠶᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠤ ᠨᠢᠭᠲᠠᠷᠠᠯ᠎ᠤᠨ ᠬᠦᠴᠦᠨ᠎ᠢ ᠴᠢᠩᠭᠠᠳᠬᠠᠬᠤ ᠵᠡᠷᠭᠡ ᠲᠠᠯ᠎ᠠ᠎ᠪᠠᠷ ᠴᠥᠮ ᠴᠢᠬᠤᠯᠠ ᠦᠢᠯᠡᠳᠦᠯ ᠦᠵᠡᠭᠦᠯᠦᠭᠰᠡᠨ᠎ᠢ ᠦᠢᠯᠡᠳᠦᠯᠭᠡ ᠭᠡᠷᠡᠴᠢᠯᠡᠵᠡᠢ᠃

ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ᠎ᠤᠨ ᠳᠣᠲᠣᠭᠠᠳᠤ᠎ᠶᠢᠨ ᠦᠨᠳᠦᠰᠦᠲᠡᠨ᠎ᠤ ᠠᠰᠠᠭᠤᠳᠠᠯ᠎ᠢ ᠰᠢᠶ᠋ᠳᠪᠦᠷᠢᠯᠡᠭᠰᠡᠨ ᠡᠭᠦᠳᠦᠯᠲᠡ ᠮᠥᠨ

ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠢᠭᠤᠯᠤᠭᠳᠠᠭᠰᠠᠨ᠎ᠤ ᠳᠠᠷᠠᠭ᠎ᠠ ᠦᠨᠳᠦᠰᠦᠲᠡᠨ᠎ᠤ ᠠᠰᠠᠭᠤᠳᠠᠯ᠎ᠢ ᠮᠠᠰᠢ ᠴᠢᠬᠤᠯᠠᠴᠢᠯᠠᠨ᠂ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠠᠮ᠎ᠢ ᠬᠠᠯᠠᠰᠢᠷᠠᠯ ᠦᠭᠡᠢ ᠡᠷᠢᠯᠬᠢᠯᠡᠭᠰᠡᠭᠡᠷ ᠢᠷᠡᠵᠡᠢ᠃ ᠬᠠᠶᠢᠨ ᠰᠦᠪᠡᠭᠴᠢᠯᠡᠬᠦ᠂ ᠲᠣᠭᠲᠠᠭᠠᠬᠤ᠂ ᠳᠠᠬᠢᠨ ᠬᠠᠶᠢᠨ ᠰᠦᠪᠡᠭᠴᠢᠯᠡᠬᠦ᠂ ᠳᠠᠬᠢᠨ ᠲᠣᠭᠲᠠᠭᠠᠬᠤ ᠶᠠᠪᠤᠴᠠ᠎ᠶᠢ ᠥᠩᠭᠡᠷᠡᠭᠡᠭᠡᠳ᠂ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠶᠢᠳᠠᠯ᠎ᠲᠠᠢ ᠪᠦᠲᠦᠭᠡᠯᠴᠢ᠎ᠪᠠᠷ ᠤᠶᠠᠯᠳᠤᠭᠤᠯᠵᠤ᠂ ᠨᠠᠮ᠎ᠤᠨ ᠦᠨᠳᠦᠰᠦᠲᠡᠨ᠎ᠤ ᠣᠨᠣᠯ ᠪᠠ ᠦᠨᠳᠦᠰᠦᠲᠡᠨ᠎ᠤ ᠲᠥᠷᠥ᠎ᠶᠢᠨ ᠪᠣᠳᠣᠯᠭ᠎ᠠ᠎ᠶᠢ ᠲᠣᠭᠲᠠᠭᠠᠵᠤ᠂ ᠦᠨᠳᠦᠰᠦᠲᠡᠨ᠎ᠨᠦᠭᠦᠳ ᠡᠷᠬᠡ ᠲᠡᠭᠰᠢ ᠪᠠᠶᠢᠬᠤ᠎ᠶᠢ ᠤᠯᠤᠰ ᠪᠠᠶᠢᠭᠤᠯᠬᠤ ᠦᠨᠳᠦᠰᠦᠨ ᠵᠠᠷᠴᠢᠮ᠎ᠤᠨ ᠨᠢᠭᠡ ᠪᠣᠯᠭᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠲᠣᠭᠲᠠᠭᠠᠭᠰᠠᠨ ᠪᠠᠶᠢᠨ᠎ᠠ᠃ ᠤᠯᠤᠰ᠎ᠤᠨ ᠦᠨᠳᠦᠰᠦᠨ ᠤᠯᠤᠰ ᠲᠦᠷᠦ᠎ᠶᠢᠨ ᠪᠠᠶᠢᠭᠤᠯᠤᠯ᠎ᠤᠨ ᠨᠢᠭᠡ ᠪᠣᠯᠤᠭᠰᠠᠨ᠎ᠤ ᠬᠤᠪᠢ᠎ᠳ᠋ᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ ᠪᠣᠯ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶᠢᠭᠤᠯᠤᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠤᠯᠠᠨ ᠨᠠᠮ᠎ᠤᠨ ᠬᠠᠮᠲᠤᠷᠠᠨ ᠠᠵᠢᠯᠯᠠᠬᠤ ᠪᠠ ᠤᠯᠤᠰ ᠲᠦᠷᠦ᠎ᠶᠢᠨ ᠵᠥᠪᠯᠡᠯᠭᠡ ᠬᠢᠬᠦ ᠪᠠᠶᠢᠭᠤᠯᠤᠯ᠂ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠲᠠᠢ ᠵᠡᠷᠭᠡᠴᠡᠭᠰᠡᠨ ᠨᠢᠭᠡᠨ ᠤᠯᠤᠰ ᠲᠦᠷᠦ᠎ᠶᠢᠨ ᠪᠠᠶᠢᠭᠤᠯᠤᠯ ᠮᠥᠨ᠃ ᠮᠠᠨ᠎ᠤ ᠨᠠᠮ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ᠎ᠢ ᠬᠡᠷᠡᠭᠵᠢᠭᠦᠯᠦᠭᠰᠡᠨ᠎ᠨᠢ ᠤᠯᠤᠰ ᠣᠷᠣᠨ᠎ᠤ ᠪᠦᠯᠬᠦᠮᠳᠡᠯ ᠨᠢᠭᠡᠳᠦᠯ᠎ᠢ ᠪᠠᠲᠤᠯᠠᠭᠰᠠᠨ ᠮᠥᠷᠲᠡᠭᠡᠨ ᠪᠠᠰᠠ ᠦᠨᠳᠦᠰᠦᠲᠡᠨ᠎ᠨᠦᠭᠦᠳ᠎ᠤᠨ ᠬᠠᠮᠲᠤ᠎ᠪᠠᠷ ᠡᠷᠬᠡ ᠮᠡᠳᠡᠵᠦ ᠡᠵᠡᠨ ᠰᠠᠭᠤᠬᠤ᠎ᠶᠢ ᠪᠡᠶᠡᠯᠡᠭᠦᠯᠪᠡ᠃ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠠᠨ ᠦᠨᠳᠦᠰᠦᠲᠡᠨ᠎ᠲᠠᠢ ᠤᠯᠤᠰ᠎ᠤᠨ ᠤᠯᠤᠰ ᠲᠦᠷᠦ᠎ᠶᠢᠨ ᠪᠠᠶᠢᠭᠤᠯᠤᠯ᠎ᠤᠨ ᠠᠰᠠᠭᠤᠳᠠᠯ ᠳᠡᠭᠡᠷᠡᠬᠢ ᠨᠢᠭᠡᠨ ᠠᠭᠤᠤ ᠶᠡᠬᠡ ᠡᠭᠦᠳᠦᠯᠲᠡ ᠮᠥᠨ᠂ ᠢᠯᠡ ᠲᠣᠳᠣ ᠳᠤᠮᠳᠠᠳᠤ ᠤᠯᠤᠰ᠎ᠤᠨ ᠣᠨᠴᠠᠯᠢᠭ᠎ᠲᠠᠢ᠃ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ ᠪᠣᠯᠤᠭᠰᠠᠨ᠎ᠤ ᠬᠤᠪᠢ᠎ᠳ᠋ᠤ᠂ ᠦᠨᠳᠦᠰᠦᠲᠡᠨ᠎ᠤ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠢᠨ ᠰᠤᠳᠠᠰᠤ ᠮᠥᠨ᠂ ᠦᠨᠳᠦᠰᠦᠲᠡᠨ᠎ᠤ ᠪᠦᠯᠬᠦᠮᠳᠡᠯ᠎ᠢ ᠴᠢᠩᠭᠠᠳᠬᠠᠬᠤ᠎ᠶᠢᠨ ᠦᠨᠳᠦᠰᠦ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠎ᠳ᠋ᠤ ᠪᠠᠶᠢᠨ᠎ᠠ᠃ ᠤᠯᠤᠰ᠎ᠤᠨ ᠳᠣᠲᠣᠭᠠᠳᠤ᠎ᠶᠢᠨ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠡᠭᠦᠳᠦᠯᠲᠡ ᠪᠣᠯᠤᠭᠰᠠᠨ᠎ᠤ ᠬᠤᠪᠢ᠎ᠳ᠋ᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠨᠢ ᠨᠠᠮ ᠪᠣᠯᠤᠨ ᠤᠯᠤᠰ᠎ᠤᠨ ᠪᠦᠬᠦ ᠲᠠᠯ᠎ᠠ᠎ᠶᠢᠨ ᠠᠵᠢᠯ᠎ᠤᠨ ᠤᠷᠤᠭᠰᠢᠲᠠᠢ ᠬᠥᠭᠵᠢᠬᠦ᠎ᠶᠢ ᠠᠬᠢᠭᠤᠯᠬᠤ ᠴᠢᠬᠤᠯᠠ ᠪᠠᠲᠤᠯᠠᠭ᠎ᠠ ᠪᠣᠯᠤᠭᠰᠠᠨ ᠪᠠᠶᠢᠨ᠎ᠠ᠃ ᠰᠢᠨ᠎ᠡ ᠲᠡᠦᠬᠡᠨ ᠨᠥᠬᠥᠴᠡᠯ ᠳᠣᠣᠷ᠎ᠠ᠂ ᠦᠨᠳᠦᠰᠦᠲᠡᠨ᠎ᠨᠦᠭᠦᠳ᠎ᠤᠨ ᠶᠡᠬᠡ ᠪᠦᠯᠬᠦᠮᠳᠡᠯ᠎ᠤᠨ ᠲᠤᠭ᠎ᠢ ᠥᠨᠳᠥᠷ ᠮᠠᠨᠳᠤᠭᠤᠯᠵᠤ᠂ ᠨᠠᠮ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠤᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠤᠯᠠᠮ ᠨᠢᠭᠡ ᠠᠯᠬᠤᠮ ᠪᠠᠷᠢᠮᠲᠠᠯᠠᠨ ᠲᠡᠭᠦᠯᠳᠡᠷᠵᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ᠎ᠢ ᠦᠢᠯᠡᠳᠦᠯᠭᠡᠵᠢᠭᠦᠯᠦᠨ᠂ ᠡᠭᠡ ᠤᠯᠤᠰ᠎ᠤᠨ ᠤᠮᠠᠷᠠᠲᠤ᠎ᠶᠢᠨ ᠠᠮᠤᠷ ᠲᠣᠭᠲᠠᠭᠤᠨ᠎ᠤ ᠬᠠᠯᠬᠠᠪᠴᠢ᠎ᠶᠢ ᠨᠡᠩ ᠪᠠᠲᠤ ᠪᠡᠬᠢ ᠪᠣᠯᠭᠠᠨ ᠪᠦᠳᠦᠭᠡᠨ ᠪᠠᠶᠢᠭᠤᠯᠬᠤ ᠬᠡᠷᠡᠭᠲᠡᠢ᠃

ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ᠎ᠢ ᠬᠡᠷᠡᠭᠵᠢᠭᠦᠯᠬᠦ ᠪᠣᠯ ᠮᠠᠨ᠎ᠤ ᠤᠯᠤᠰ᠎ᠤᠨ ᠨᠢᠭᠡᠳᠦᠭᠰᠡᠨ ᠣᠯᠠᠨ ᠦᠨᠳᠦᠰᠦᠲᠡᠨ᠎ᠲᠠᠢ ᠤᠯᠤᠰ᠎ᠤᠨ ᠲᠡᠦᠬᠡᠨ ᠬᠥᠭᠵᠢᠯᠲᠡ᠎ᠶᠢᠨ ᠵᠠᠶᠢᠯᠠᠰᠢ ᠦᠭᠡᠢ ᠰᠤᠩᠭᠤᠯᠲᠠ ᠮᠥᠨ

ᠳᠤᠮᠳᠠᠳᠤ᠎ᠶᠢᠨ ᠦᠨᠳᠦᠰᠦᠲᠡᠨ ᠤᠷᠳᠤ ᠤᠳᠠᠭᠠᠨ ᠬᠥᠭᠵᠢᠯᠲᠡ᠎ᠶᠢᠨ ᠲᠡᠦᠬᠡᠨ ᠶᠠᠪᠤᠴᠠ᠎ᠳ᠋ᠤ ︽ ᠤᠯᠠᠨ ᠡᠰᠢᠴᠢᠯᠡᠭᠰᠡᠨ ᠨᠢᠭᠡ ᠴᠤᠬᠴᠠ︾᠎ᠶᠢᠨ ᠶᠡᠷᠦᠩᠬᠡᠢ ᠪᠠᠶᠢᠷᠢᠰᠢᠯ᠎ᠢ ᠪᠦᠷᠢᠯᠳᠦᠭᠦᠯᠵᠡᠢ᠃ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠴᠣᠭᠴᠠᠯᠠᠨ ᠪᠠᠶᠢᠭᠤᠯᠤᠭᠰᠠᠨ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ ᠪᠤᠯᠤᠨ᠎ᠠ᠂ ᠳᠤᠮᠳᠠᠳᠤ᠎ᠶᠢᠨ ᠦᠨᠳᠦᠰᠦᠲᠡᠨ᠎ᠤ ᠶᠡᠬᠡ ᠭᠡᠷ ᠪᠦᠯᠢ ᠳᠣᠲᠣᠷ᠎ᠠ ᠦᠨᠳᠦᠰᠦᠲᠡᠨ᠎ᠨᠦᠭᠦᠳ ᠵᠢᠷᠭᠠᠯ ᠵᠣᠪᠠᠯᠠᠩ᠎ᠢᠶᠡᠨ ᠬᠠᠮᠲᠤᠳᠬᠠᠵᠤ᠂ ᠢᠷᠡᠭᠤ ᠠᠯᠳᠠᠷ ᠢᠴᠢᠭᠦᠷᠢ ᠭᠤᠳᠤᠮᠰᠢᠬ᠎ᠢᠶᠡᠨ ᠬᠠᠮᠲᠤᠳᠬᠠᠵᠤ᠂ ᠦᠬᠦᠵᠦ ᠰᠡᠭᠡᠬᠦ᠎ᠪᠠᠨ ᠬᠠᠮᠲᠤᠳᠬᠠᠵᠤ᠂ ᠬᠤᠪᠢ ᠵᠠᠶᠠᠭ᠎ᠠ᠎ᠪᠠᠨ ᠬᠠᠮᠲᠤᠳᠬᠠᠵᠤ ᠪᠠᠵᠢᠨ᠎ᠠ᠂ ᠳᠤᠮᠳᠠᠳᠤ᠎ᠶᠢᠨ ᠦᠨᠳᠦᠰᠦᠲᠡᠨ᠎ᠤ ᠪᠦᠯᠬᠦᠮᠳᠡᠯ ᠨᠢᠭᠡᠳᠦᠯ᠎ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠬᠦ ᠬᠦᠴᠦᠨ ᠪᠣᠯ ᠡᠯ᠎ᠡ ᠦᠨᠳᠦᠰᠦᠲᠡᠨ᠎ᠤ ᠪᠦᠯᠬᠦᠮᠳᠡᠯ ᠠᠭᠤᠰᠤᠯᠴᠠᠯ᠂ ᠤᠯᠠᠨ ᠡᠰᠢᠴᠢᠯᠡᠭᠰᠡᠨ ᠨᠢᠭᠡ ᠴᠣᠭᠴᠠ᠎ᠶᠢᠨ ᠡᠬᠢ ᠰᠤᠷᠪᠤᠯᠵᠢ ᠮᠥᠨ᠃ ᠤᠯᠠᠨ ᠦᠨᠳᠦᠰᠦᠲᠡᠨ᠎ᠲᠠᠢ ᠤᠯᠤᠰ᠎ᠲᠤ ᠠᠪᠴᠤ ᠬᠡᠯᠡᠪᠡᠯ᠂ ᠦᠨᠳᠦᠰᠦᠲᠡᠨ᠎ᠤ ᠠᠰᠠᠭᠤᠳᠠᠯ᠎ᠢ ᠵᠥᠪ ᠣᠨᠣᠪᠴᠢᠲᠠᠢ ᠲᠠᠨᠢᠵᠤ ᠰᠢᠢᠳᠪᠦᠷᠢᠯᠡᠵᠦ ᠴᠢᠳᠠᠬᠤ ᠡᠰᠡᠬᠦ ᠪᠣᠯ ᠮᠠᠨᠳᠤᠵᠤ ᠪᠠᠭᠤᠷᠠᠬᠤ ᠪᠠ ᠤᠷᠤᠰᠢᠵᠤ ᠮᠥᠬᠥᠬᠦ᠎ᠲᠠᠢ ᠬᠣᠯᠪᠣᠭᠳᠠᠬᠤ ᠠᠰᠠᠭᠤᠳᠠᠯ ᠮᠥᠨ᠃ ᠳᠤᠮᠳᠠᠳᠤ ᠤᠯᠤᠰ᠎ᠤᠨ ᠡᠪ ᠬᠠᠮᠲᠤ ᠨᠠᠮ ᠮᠠᠷᠺᠰ᠎ᠤᠨ ᠦᠵᠡᠯ᠎ᠤᠨ ᠦᠨᠳᠦᠰᠦᠲᠡᠨ᠎ᠤ ᠣᠨᠣᠯ᠎ᠤᠨ ᠤᠭ ᠶᠤᠰᠤ᠎ᠶᠢ ᠮᠠᠨ᠎ᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠤᠨ ᠪᠣᠳᠠᠲᠤ ᠪᠠᠶᠢᠳᠠᠯ᠎ᠲᠠᠢ ᠤᠶᠠᠯᠳᠤᠭᠤᠯᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠨᠡᠭᠡᠭᠡᠭᠰᠡᠨ ᠪᠠᠶᠢᠨ᠎ᠠ᠂ ᠡᠭᠦᠨ᠎ᠳ᠋ᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠬᠡᠷᠡᠭᠵᠢᠭᠦᠯᠬᠦ᠎ᠶᠢ ᠪᠠᠭᠲᠠᠭᠠᠨ᠎ᠠ᠃

ᠳᠤᠮᠳᠠᠳᠤ ᠤᠯᠤᠰ᠎ᠤᠨ ᠡᠪ ᠬᠠᠮᠲᠤ ᠨᠠᠮ 1921 ᠣᠨ᠎ᠳ᠋ᠤ ᠪᠠᠶᠢᠭᠤᠯᠤᠭᠳᠠᠭᠰᠠᠨ᠎ᠡᠴᠠ ᠨᠠᠭᠠᠰᠢ᠂ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ᠎ᠢ ᠢᠳᠡᠪᠬᠢᠲᠡᠢ ᠰᠦᠪᠡᠭᠴᠢᠯᠡᠵᠦ᠂ ᠵᠣᠬᠢᠬᠤ ᠬᠡᠪᠴᠢᠶᠡᠨ᠎ᠳ᠋ᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶᠢ ᠦᠢᠯᠡᠳᠦᠯᠭᠡᠵᠢᠭᠦᠯᠵᠦ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠠᠷᠠᠳᠴᠢᠯᠠᠭᠰᠠᠨ ᠬᠤᠪᠢᠰᠬᠠᠯ᠎ᠤᠨ ᠢᠯᠠᠯᠲᠠ᠎ᠶᠢ ᠣᠯᠵᠠᠢ᠃ 1949 ᠣᠨ᠎ᠤ 9 ᠰᠠᠷ᠎ᠠ᠎ᠳ᠋ᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠬᠤ᠎ᠡᠴᠠ ᠡᠮᠦᠨᠡᠬᠡᠨ ᠬᠤᠷᠠᠯᠳᠤᠭᠤᠯᠤᠭᠰᠠᠨ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠰᠠᠨᠠᠭᠤᠯᠭ᠎ᠠ᠎ᠶᠢ ᠦᠨᠳᠦᠰᠦᠯᠡᠨ᠂ ᠡᠯ᠎ᠡ ᠦᠨᠳᠦᠰᠦᠲᠡᠨ᠂ ᠡᠯ᠎ᠡ ᠨᠠᠮ ᠪᠦᠯᠦᠭ᠎ᠤᠨ ᠲᠥᠯᠥᠭᠡᠯᠡᠭᠴᠢᠳ ᠬᠠᠮᠲᠤ᠎ᠪᠠᠷ ᠵᠥᠪᠳᠡᠯᠴᠡᠨ ᠲᠣᠭᠲᠠᠭᠠᠵᠤ᠂ ᠨᠢᠭᠡᠳᠦᠭᠰᠡᠨ ᠤᠯᠠᠨ ᠦᠨᠳᠦᠰᠦᠲᠡᠨ᠎ᠲᠠᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠢ ᠪᠠᠶᠢᠭᠤᠯᠬᠤ᠎ᠶᠢᠨ ᠬᠠᠮᠲᠤ ᠲᠤᠬᠠᠢ᠎ᠶᠢᠨ ᠦᠶ᠎ᠡ᠎ᠶᠢᠨ ᠲᠦᠷ ᠴᠠᠭ᠎ᠤᠨ ᠦᠨᠳᠦᠰᠦᠨ ᠬᠠᠤᠯᠢ᠎ᠶᠢᠨ ᠰᠢᠨᠵᠢ ᠴᠢᠨᠠᠷ᠎ᠲᠠᠢ ︽ ᠳᠤᠮᠳᠠᠳᠤ ᠤᠯᠤᠰ᠎ᠤᠨ ᠠᠷᠠᠳ᠎ᠤᠨ ᠤᠯᠤᠰ ᠲᠦᠷᠦ᠎ᠶᠢᠨ ᠵᠥᠪᠯᠡᠯᠭᠡᠨ᠎ᠤ ᠬᠤᠷᠠᠯ᠎ᠤᠨ ᠬᠠᠮᠲᠤ᠎ᠶᠢᠨ ᠬᠥᠲᠥᠯᠪᠦᠷᠢ︾᠎ᠶᠢ ᠪᠠᠲᠤᠯᠠᠪᠠ᠃ ᠡᠨᠡ ᠬᠥᠲᠥᠯᠪᠦᠷᠢ᠎ᠳ᠋ᠤ ᠰᠢᠨ᠎ᠡ ᠳᠤᠮᠳᠠᠳᠤ ᠤᠯᠤᠰ᠎ᠤᠨ ᠦᠨᠳᠦᠰᠦᠲᠡᠨ᠎ᠤ ᠲᠦᠷᠦ᠎ᠶᠢᠨ ᠪᠤᠳᠤᠯᠭ᠎ᠠ᠎ᠶᠢ ᠲᠤᠰᠬᠠᠶᠢᠯᠠᠨ ᠲᠣᠳᠣᠷᠬᠠᠶᠢᠯᠠᠨ ᠥᠭᠦᠯᠡᠭᠰᠡᠨ ᠪᠥᠭᠡᠳ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶᠢ ᠤᠯᠤᠰ᠎ᠤᠨ ᠦᠨᠳᠦᠰᠦᠨ ᠲᠦᠷᠦ᠎ᠶᠢᠨ ᠪᠤᠳᠤᠯᠭ᠎ᠠ ᠪᠣᠯᠭᠠᠨ ᠲᠣᠭᠲᠠᠭᠠᠪᠠ᠃ ᠰᠢᠨ᠎ᠡ ᠳᠤᠮᠳᠠᠳᠤ ᠤᠯᠤᠰ ᠡᠨᠡ ᠬᠦ ᠴᠢᠬᠤᠯᠠ ᠶᠡᠬᠡ ᠲᠡᠦᠬᠡ᠎ᠶᠢᠨ ᠰᠣᠩᠭᠣᠯᠲᠠ᠎ᠶᠢ ᠬᠢᠭᠰᠡᠨ᠎ᠨᠢ ᠭᠣᠣᠯᠳᠠᠭᠤ ᠳᠤᠮᠳᠠᠳᠤ ᠤᠯᠤᠰ᠎ᠤᠨ ᠤᠯᠤᠰ᠎ᠤᠨ ᠪᠠᠶᠢᠳᠠᠯ᠎ᠡᠴᠠ ᠰᠢᠯᠲᠠᠭᠠᠯᠠᠭᠳᠠᠭᠰᠠᠨ ᠶᠤᠮ᠃ ᠳᠤᠮᠳᠠᠳᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠵᠢᠭᠤᠯᠤᠯ ᠪᠣᠯ ᠮᠠᠷᠺᠰ᠎ᠤᠨ ᠦᠵᠡᠯ᠎ᠤᠨ ᠦᠨᠳᠦᠰᠦᠲᠡᠨ᠎ᠤ ᠤᠨᠤᠯ᠎ᠢ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠣᠨᠴᠠᠯᠢᠭ᠎ᠲᠠᠢ ᠤᠶᠠᠯᠳᠤᠭᠤᠯᠤᠭᠰᠠᠨ ᠪᠦᠲᠦᠭᠡᠭᠳᠡᠬᠦᠨ ᠮᠥᠨ᠂ ᠳᠤᠮᠳᠠᠳᠤ ᠤᠯᠤᠰ᠎ᠤᠨ ᠦᠨᠳᠦᠰᠦᠲᠡᠨ᠎ᠤ ᠬᠠᠷᠢᠴᠠᠭᠠᠨ᠎ᠤ ᠲᠡᠦᠬᠡᠨ ᠬᠥᠭᠵᠢᠯᠲᠡ᠎ᠶᠢᠨ ᠵᠠᠶᠢᠯᠠᠰᠢ ᠦᠭᠡᠢ ᠰᠣᠩᠭᠣᠯᠲᠠ ᠮᠥᠨ᠃

ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶᠢ ᠪᠠᠷᠢᠮᠲᠠᠯᠠᠨ ᠲᠡᠭᠦᠯᠳᠡᠷᠵᠢᠭᠦᠯᠬᠦ᠎ᠳ᠋ᠤ ᠡᠷᠬᠡᠪᠰᠢ ︽ ᠬᠣᠶᠠᠷ᠎ᠢ ᠤᠶᠠᠯᠳᠤᠭᠤᠯᠬᠤ︾᠎ᠶᠢ ᠪᠠᠷᠢᠮᠲᠠᠯᠠᠬᠤ ᠬᠡᠷᠡᠭᠲᠡᠢ

ᠶᠡᠷᠦᠩᠬᠡᠢ ᠱᠦᠵᠢ ᠰᠢ᠎ᠶᠢᠨ ᠫᠢᠩ᠄ ︽ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠨᠢᠭᠡᠳᠦᠯ ᠪᠠ ᠥᠪᠡᠷᠲᠡᠭᠡᠨ ᠵᠠᠰᠠᠬᠤ᠎ᠶᠢ ᠤᠶᠠᠯᠳᠤᠭᠤᠯᠵᠤ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶᠢᠨ ᠬᠦᠴᠦᠨ ᠵᠦᠢᠯ᠎ᠢ ᠤᠶᠠᠯᠳᠤᠭᠤᠯᠬᠤ ᠬᠡᠷᠡᠭᠲᠡᠢ︾ ᠭᠡᠵᠦ ᠵᠢᠭᠠᠵᠦ ᠭᠠᠷᠭᠠᠭᠰᠠᠨ ᠪᠠᠵᠢᠨ᠎ᠠ᠃ ᠡᠨᠡ ᠬᠦ ᠴᠢᠬᠤᠯᠠ ᠨᠤᠲᠠᠯᠠᠯᠲᠠ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ ᠮᠠᠨ᠎ᠤ ᠤᠯᠤᠰ᠎ᠤᠨ ᠨᠢᠭᠡᠨ ᠦᠨᠳᠦᠰᠦᠨ ᠤᠯᠤᠰ ᠲᠦᠷᠦ᠎ᠶᠢᠨ ᠪᠠᠶᠢᠭᠤᠯᠤᠯ ᠪᠣᠯᠤᠭᠰᠠᠨ᠎ᠤ ᠬᠤᠪᠢ᠎ᠳ᠋ᠤ᠂ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠤᠨ ᠴᠢᠬᠤᠯᠠ ᠠᠭᠤᠯᠭ᠎ᠠ᠎ᠶᠢ ᠬᠠᠷᠠᠭᠤᠯᠵᠤ᠂ ᠮᠠᠨ᠎ᠤ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠨᠡᠩ ᠰᠠᠶᠢᠲᠤᠷ ᠪᠠᠷᠢᠮᠲᠠᠯᠠᠨ ᠲᠡᠭᠦᠯᠳᠡᠷᠵᠢᠭᠦᠯᠬᠦ᠎ᠳ᠋ᠤ ᠦᠨᠳᠦᠰᠦᠨ ᠵᠢᠷᠤᠮᠯᠠᠯ ᠬᠠᠩᠭᠠᠭᠰᠠᠨ ᠪᠠᠶᠢᠨ᠎ᠠ᠃ ᠨᠢᠭᠡ᠎ᠳ᠋ᠤ᠂ ᠨᠢᠭᠡᠳᠦᠯ ᠪᠠ ᠥᠪᠡᠷᠲᠡᠭᠡᠨ ᠵᠠᠰᠠᠬᠤ᠎ᠶᠢ ᠤᠶᠠᠯᠳᠤᠭᠤᠯᠬᠤ᠎ᠶᠢ ᠪᠠᠷᠢᠮᠲᠠᠯᠠᠬᠤ ᠬᠡᠷᠡᠭᠲᠡᠢ᠃ ᠪᠦᠯᠬᠦᠮᠳᠡᠯ ᠨᠢᠭᠡᠳᠦᠯ ᠪᠣᠯ ᠤᠯᠤᠰ ᠣᠷᠣᠨ᠎ᠤ ᠬᠠᠮᠤᠭ᠎ᠤᠨ ᠳᠡᠭᠡᠳᠦ ᠠᠰᠢᠭ ᠲᠤᠰᠠ ᠮᠥᠨ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶᠢᠨ ᠠᠰᠢᠭ ᠲᠤᠰᠠ ᠮᠥᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶᠢ ᠬᠡᠷᠡᠭᠵᠢᠭᠦᠯᠬᠦ᠎ᠶᠢᠨ ᠤᠷᠢᠲᠠᠯ ᠪᠠ ᠰᠠᠭᠤᠷᠢ ᠮᠥᠨ᠃ ᠤᠯᠤᠰ ᠣᠷᠣᠨ᠎ᠤ ᠪᠦᠯᠬᠦᠮᠳᠡᠯ ᠨᠢᠭᠡᠳᠦᠯ ᠪᠠᠶᠢᠬᠤ ᠦᠭᠡᠢ ᠪᠣᠯ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠶᠢ ᠶᠠᠷᠢᠬᠤ᠎ᠶᠢᠨ ᠠᠷᠭ᠎ᠠ ᠦᠭᠡᠢ᠃ ᠡᠭᠦᠨ᠎ᠤ ᠬᠠᠮᠲᠤ᠂ ᠤᠯᠤᠰ᠎ᠤᠨ ᠬᠠᠤᠯᠢ ᠴᠠᠭᠠᠵᠠ ᠪᠠ ᠵᠠᠰᠠᠭ᠎ᠤᠨ ᠵᠠᠷᠯᠢᠭ᠎ᠢ ᠬᠡᠷᠡᠭᠵᠢᠭᠦᠯᠬᠦ᠎ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠭᠠᠵᠠᠷ ᠣᠷᠣᠨ᠎ᠤ ᠥᠪᠡᠷᠲᠡᠭᠡᠨ ᠵᠠᠰᠠᠬᠤ ᠡᠷᠬᠡ᠎ᠪᠠᠨ ᠬᠡᠷᠡᠭᠵᠢᠭᠦᠯᠬᠦ᠎ᠶᠢ ᠬᠠᠤᠯᠢ ᠶᠣᠰᠣᠭᠠᠷ ᠪᠠᠲᠤᠯᠠᠵᠤ᠂ ᠥᠪᠡᠷᠲᠡᠭᠡᠨ ᠵᠠᠰᠠᠬᠤ ᠭᠠᠵᠠᠷ ᠣᠷᠣᠨ᠎ᠳ᠋ᠤ ᠣᠨᠴᠠᠭᠠᠢ ᠳᠡᠮᠵᠢᠯᠭᠡ ᠦᠵᠡᠭᠦᠯᠵᠦ᠂ ᠥᠪᠡᠷᠲᠡᠭᠡᠨ ᠵᠠᠰᠠᠬᠤ ᠭᠠᠵᠠᠷ ᠣᠷᠣᠨ᠎ᠤ ᠣᠨᠴᠠᠭᠠᠢ ᠠᠰᠠᠭᠤᠳᠠᠯ᠎ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠬᠣᠶᠠᠷ᠎ᠲᠤ᠂ ᠦᠨᠳᠦᠰᠦᠲᠡᠨ᠎ᠤ ᠬᠦᠴᠦᠨ ᠵᠦᠢᠯ ᠪᠠ ᠣᠷᠣᠨ ᠪᠦᠰᠡ᠎ᠶᠢᠨ ᠬᠦᠴᠦᠨ ᠵᠦᠢᠯ᠎ᠢ ᠤᠶᠠᠯᠳᠤᠭᠤᠯᠬᠤ᠎ᠶᠢ ᠪᠠᠷᠢᠮᠲᠠᠯᠠᠬᠤ ᠭᠡᠷᠡᠭᠲᠡᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠳ᠋ᠤ ᠦᠨᠳᠦᠰᠦᠲᠡᠨ᠎ᠤ ᠬᠦᠴᠦᠨ ᠵᠦᠢᠯ᠎ᠢ ᠪᠠᠭᠲᠠᠭᠠᠬᠤ ᠮᠥᠷᠲᠡᠭᠡᠨ ᠪᠠᠰᠠ ᠣᠷᠣᠨ ᠪᠦᠰᠡ᠎ᠶᠢᠨ ᠬᠦᠴᠦᠨ ᠵᠦᠢᠯ᠎ᠢ ᠪᠠᠭᠲᠠᠭᠠᠨ᠎ᠠ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ᠎ᠨᠢ ᠶᠠᠮᠠᠷ ᠨᠢᠭᠡᠨ ᠦᠨᠳᠦᠰᠦᠲᠡᠨ᠎ᠤ ᠭᠠᠭᠴᠠᠭᠠᠷ ᠡᠳ᠋ᠯᠡᠬᠦ ᠥᠪᠡᠷᠲᠡᠭᠡᠨ ᠵᠠᠰᠠᠬᠤ ᠶᠠᠪᠤᠳᠠᠯ ᠪᠢᠰᠢ᠂ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠨᠢ ᠨᠡᠩ ᠴᠤ ᠶᠠᠮᠠᠷ ᠨᠢᠭᠡᠨ ᠦᠨᠳᠦᠰᠦᠲᠡᠨ᠎ᠤ ᠭᠠᠭᠴᠠᠭᠠᠷ ᠦᠮᠴᠢᠯᠡᠬᠦ ᠭᠠᠵᠠᠷ ᠣᠷᠣᠨ ᠪᠢᠰᠢ ᠶᠤᠮ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠣᠯ ᠳᠤᠮᠳᠠᠳᠤ ᠤᠯᠤᠰ᠎ᠤᠨ ᠦᠨᠳᠦᠰᠦᠲᠡᠨ᠎ᠤ ᠠᠰᠠᠭᠤᠳᠠᠯ᠎ᠢ ᠰᠢᠶ᠋ᠳᠪᠦᠷᠢᠯᠡᠬᠦ ᠲᠡᠦᠬᠡᠨ ᠰᠣᠩᠭᠣᠯᠲᠠ ᠮᠥᠨ᠂ ᠦᠨᠳᠦᠰᠦᠲᠡᠨ᠎ᠨᠦᠭᠦᠳ᠎ᠤᠨ ᠪᠦᠯᠬᠦᠮᠳᠡᠯ ᠪᠠ ᠬᠠᠮᠲᠤᠷᠠᠯᠴᠠᠭ᠎ᠠ᠎ᠶᠢ ᠴᠢᠩᠭᠠᠳᠬᠠᠵᠤ᠂ ᠦᠨᠳᠦᠰᠦᠲᠡᠨ᠎ᠨᠦᠭᠦᠳ᠎ᠤᠨ ᠴᠡᠴᠡᠭᠯᠡᠯ ᠬᠥᠭᠵᠢᠯ᠎ᠢ ᠠᠬᠢᠭᠤᠯᠬᠤ ᠪᠦᠲᠦᠮᠵᠢᠲᠡᠶ ᠠᠷᠭ᠎ᠠ ᠵᠠᠮ ᠮᠥᠨ᠂ ᠤᠯᠤᠰ ᠣᠷᠣᠨ᠎ᠤ ᠲᠣᠭᠲᠠᠭᠤᠨ ᠪᠠ ᠨᠢᠭᠡᠳᠦᠯ᠎ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ᠃ ᠮᠠᠨ᠎ᠤ ᠤᠯᠤᠰ᠎ᠤᠨ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ ᠪᠤᠯ ᠴᠥᠮ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠣᠣᠷᠠᠬᠢ ᠭᠠᠵᠠᠷ ᠣᠷᠣᠨ ᠪᠠᠵᠢᠵᠤ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ᠎ᠤᠨ ᠨᠤᠲᠤᠭ ᠳᠡᠪᠢᠰᠭᠡᠷ ᠮᠥᠨ᠂ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠪᠠᠷ ᠥᠮᠴᠢᠯᠡᠬᠦ ᠭᠠᠵᠠᠷ ᠣᠷᠣᠨ ᠮᠥᠨ᠃ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠳ᠋ᠤ ᠦᠨᠳᠦᠰᠦᠲᠡᠨ᠎ᠨᠦᠭᠦᠳ ᠡᠷᠬᠡ ᠲᠡᠭᠰᠢ ᠬᠠᠤᠯᠢ ᠴᠠᠭᠠᠵᠠ᠎ᠶᠢᠨ ᠪᠠᠶᠢᠷᠢ ᠰᠠᠭᠤᠷᠢ᠎ᠶᠢ ᠡᠳ᠋ᠯᠡᠵᠦ᠂ ᠡᠯ᠎ᠡ ᠵᠦᠢᠯ᠎ᠤᠨ ᠠᠵᠢᠯ ᠦᠢᠯᠡᠰ᠎ᠢ ᠬᠠᠮᠲᠤ᠎ᠪᠠᠷ ᠴᠤᠭᠴᠠᠯᠠᠨ᠂ ᠥᠭᠡᠷᠡᠴᠢᠯᠡᠯᠲᠡ ᠬᠥᠭᠵᠢᠯᠲᠡ᠎ᠶᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠨ᠎ᠡ᠃

ᠥᠪᠥᠷ ᠮᠣᠩᠭᠣᠯ᠎ᠤᠨ ᠥᠷᠨᠢᠩᠭᠦᠢ ᠬᠥᠭᠵᠢᠯᠲᠡ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠤᠨ ᠲᠡᠷᠢᠭᠦᠨ᠎ᠤ ᠴᠢᠨᠠᠷ ᠪᠠ ᠵᠥᠪ ᠣᠨᠣᠪᠴᠢᠲᠤ ᠴᠢᠨᠠᠷ᠎ᠢ ᠬᠠᠷᠠᠭᠤᠯᠪᠠ

ᠥᠪᠥᠷ ᠮᠣᠩᠭᠣᠯ᠎ᠤᠨ ᠬᠤᠪᠢᠰᠬᠠᠯᠲᠤ ᠲᠡᠮᠡᠴᠡᠯ ᠪᠣᠯ ᠳᠤᠮᠳᠠᠳᠤ ᠤᠯᠤᠰ᠎ᠤᠨ ᠬᠤᠪᠢᠰᠬᠠᠯ᠎ᠤᠨ ᠴᠢᠬᠤᠯᠠ ᠪᠦᠷᠢᠯᠳᠦᠬᠦᠨ ᠬᠡᠰᠡᠭ ᠪᠣᠯᠤᠨ᠎ᠠ᠃ ᠥᠪᠥᠷ ᠮᠣᠩᠭᠣᠯ᠎ᠤᠨ ᠡᠯ᠎ᠡ ᠦᠨᠳᠦᠰᠦᠲᠡᠨ᠎ᠤ ᠠᠷᠠᠳ ᠲᠦᠮᠡᠨ ᠴᠢᠯᠥᠭᠡᠯᠡᠯᠲᠡ᠎ᠪᠠᠨ ᠡᠷᠢᠯᠬᠢᠯᠡᠬᠦ᠎ᠶᠢᠨ ᠲᠥᠯᠥᠭᠡ᠂ ᠪᠦᠯᠬᠦᠮᠳᠡᠨ ᠨᠢᠭᠡᠳᠴᠦ᠂ ᠴᠢᠰᠤ ᠤᠷᠤᠰᠬᠠᠨ ᠲᠡᠮᠡᠴᠡᠵᠦ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠵᠠᠮ᠎ᠢᠶᠠᠷ ᠵᠠᠮᠨᠠᠨ᠂ 1947 ᠣᠨ᠎ᠤ 5 ᠰᠠᠷ᠎ᠠ᠎ᠶᠢᠨ 1᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ᠎ᠢ ᠪᠠᠶᠢᠭᠤᠯᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠵᠠᠰᠠᠭ᠎ᠤᠨ ᠣᠷᠳᠣᠨ ᠪᠠᠶᠢᠭᠤᠯᠤᠭᠳᠠᠭᠰᠠᠨ᠎ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠪᠦᠯᠬᠦᠮᠳᠡᠯ᠎ᠢ ᠪᠡᠬᠢᠵᠢᠭᠦᠯᠵᠦ᠂ ᠡᠭᠡ ᠣᠷᠣᠨ᠎ᠤ ᠨᠢᠭᠡᠳᠦᠯ᠎ᠢ ᠬᠠᠮᠠᠭᠠᠯᠠᠨ ᠂ ᠦᠨᠳᠦᠰᠦᠲᠡᠨ᠎ᠨᠦᠭᠦᠳ᠎ᠤᠨ ᠥᠪᠡᠷᠲᠡᠭᠡᠨ ᠵᠠᠰᠠᠬᠤ᠎ᠶᠢ ᠬᠡᠷᠡᠭᠵᠢᠭᠦᠯᠬᠦ᠎ᠳ᠋ᠤ ᠨᠢᠭᠡᠨ ᠲᠤᠬ ᠪᠤᠯᠵᠠᠢ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠲᠠᠢ ᠪᠠᠶᠢᠵᠤ᠂ ᠶᠡᠷᠦᠩᠬᠡᠢ ᠰᠠᠶᠢᠳ ᠵᠧᠦ ᠧᠨ ᠯᠠᠢ ︽ ᠵᠢᠱᠢᠶᠡᠴᠢ ᠥᠪᠡᠷᠲᠡᠭᠡᠨ ᠵᠠᠰᠠᠬᠤ ᠣᠷᠣᠨ︾ ᠬᠡᠮᠡᠬᠦ ᠢᠷᠡᠭᠤ ᠠᠯᠳᠠᠷ ᠬᠦᠷᠲᠡᠭᠡᠵᠡᠢ᠃ ᠤᠷᠲᠤ ᠬᠤᠭᠤᠴᠠᠭᠠᠨ᠎ᠤ ᠲᠤᠷᠰᠢ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠦᠨᠳᠦᠰᠦᠲᠡᠨ᠎ᠤ ᠪᠦᠯᠬᠦᠮᠳᠡᠯ᠎ᠢ ᠨᠢᠳᠦᠨ ᠴᠡᠴᠡᠭᠡᠢ᠎ᠪᠠᠨ ᠰᠢᠭ ᠬᠠᠶᠢᠷᠠᠯᠠᠨ ᠬᠠᠮᠠᠭᠠᠯᠠᠵᠤ᠂ ᠦᠨᠳᠦᠰᠦᠲᠡᠨ᠎ᠤ ᠪᠦᠯᠬᠦᠮᠳᠡᠯ᠎ᠢ ᠠᠮᠢ ᠨᠠᠰᠤ᠎ᠪᠠᠨ ᠰᠢᠭ᠋ ᠨᠠᠨᠳᠢᠩᠨᠠᠵᠤ᠂ ᠡᠷᠬᠡ ᠲᠡᠭᠰᠢ᠂ ᠪᠦᠯᠬᠦᠮᠳᠡᠯ᠎ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠩᠭᠤᠢ ᠨᠡᠶᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ᠎ᠶᠢ ᠲᠠᠰᠤᠷᠠᠯᠲᠠ ᠦᠭᠡᠢ ᠪᠡᠬᠢᠵᠢᠭᠦᠯᠦᠨ ᠬᠥᠭᠵᠢᠭᠦᠯᠪᠡ᠃ 70 ᠭᠠᠷᠤᠶ ᠵᠢᠯ᠎ᠤᠨ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ ᠂ ᠤᠯᠤᠰ᠎ᠡᠴᠠ ᠦᠨᠳᠦᠰᠦᠲᠡᠨ᠎ᠤ ᠭᠠᠵᠠᠷ ᠣᠷᠣᠨ᠎ᠳ᠋ᠤ ᠣᠯᠭᠣᠭᠰᠠᠨ ᠡᠵᠡᠨ ᠮᠡᠳᠡᠬᠦ ᠡᠷᠬᠡ ᠪᠠ ᠡᠯ᠎ᠡ ᠵᠦᠶ᠋ᠯ᠎ᠤᠨ ᠲᠥᠷᠥ᠎ᠶᠢᠨ ᠪᠣᠳᠣᠯᠭ᠎ᠠ᠎ᠶᠢ ᠭᠦᠶ᠋ᠴᠡᠳ ᠂ ᠠᠮᠢᠳᠤᠯᠢᠭ ᠂ ᠰᠠᠶᠢᠲᠤᠷ ᠬᠡᠷᠡᠭᠯᠡᠵᠦ ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ᠎ᠶᠢᠨ ᠢᠵᠢ ᠪᠥᠷᠢᠳᠦᠭᠰᠡᠨ ᠬᠠᠤᠯᠢ ᠲᠣᠭᠲᠠᠭᠠᠯ᠎ᠤᠨ ᠰᠢᠰᠲ᠋ᠧᠮ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ ᠂ ᠦᠨᠳᠦᠰᠦᠲᠡᠨ᠎ᠤ ᠪᠦᠯᠬᠦᠮᠳᠡᠯ ᠂ ᠬᠢᠯᠢ ᠬᠢᠵᠠᠭᠠᠷ᠎ᠤᠨ ᠠᠮᠤᠷ ᠲᠣᠭᠲᠠᠭᠤᠨ ᠂ ᠨᠡᠶᠢᠭᠡᠮ᠎ᠤᠨ ᠲᠣᠭᠲᠠᠭᠤᠨ ᠤᠯᠤᠰ ᠲᠥᠷᠥ᠎ᠶᠢᠨ ᠪᠠᠶᠢᠳᠠᠯ᠎ᠢ ᠪᠠᠲᠤᠯᠠᠵᠤ ᠂ ᠬᠣᠲᠠ ᠬᠥᠳᠡᠭᠡ᠎ᠶᠢᠨ ᠳᠦᠷᠰᠦ ᠪᠠᠶᠢᠳᠠᠯ᠎ᠳ᠋ᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠶ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠷᠨᠢᠩᠭᠦᠢ ᠬᠥᠭᠵᠢᠯᠲᠡ᠎ᠨᠢ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠤᠨ ᠲᠡᠷᠢᠭᠦᠨ᠎ᠤ ᠴᠢᠨᠠᠷ ᠪᠠ ᠵᠥᠪ ᠣᠨᠣᠪᠴᠢᠲᠤ ᠴᠢᠨᠠᠷ᠎ᠢ ᠬᠠᠷᠠᠭᠤᠯᠵᠠᠢ᠃ ᠥᠪᠥᠷ ᠮᠣᠩᠭᠣᠯ᠎ᠤᠨ ᠠᠵᠤ ᠠᠬᠤᠢ ᠨᠡᠶᠢᠭᠡᠮ᠎ᠤᠨ ᠬᠥᠭᠵᠢᠯᠲᠡ᠎ᠶᠢᠨ ᠠᠭᠤᠤ ᠶᠡᠬᠡ ᠦᠢᠯᠡᠳᠦᠯᠭᠡ ᠪᠠ ᠭᠡᠷᠡᠯ ᠰᠠᠴᠤᠷᠠᠩᠭᠤᠢ ᠠᠮᠵᠢᠯᠲᠠ ᠪᠦᠲᠦᠮᠵᠢ ᠪᠣᠯ ᠮᠠᠨ᠎ᠤ ᠤᠯᠤᠰ᠎ᠤᠨ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠤᠨ ᠠᠮᠵᠢᠯᠲᠠᠲᠠᠢ ᠦᠢᠯᠡᠳᠦᠯᠭᠡ ᠮᠥᠨ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠠᠭᠲᠠᠭᠠᠭᠰᠠᠨ ᠪᠦᠬᠦ ᠤᠯᠤᠰ᠎ᠤᠨ ᠠᠷᠠᠳ ᠲᠦᠮᠡᠨ᠎ᠤ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠭᠰᠡᠨ ᠠᠭᠤᠤ ᠶᠡᠬᠡ ᠦᠷ᠎ᠡ ᠪᠦᠲᠦᠭᠡᠯ ᠮᠥᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠥᠪᠥᠷ ᠮᠣᠩᠭᠣᠯ᠎ᠳ᠋ᠠᠬᠢ ᠠᠭᠤᠤ ᠶᠡᠬᠡ ᠢᠯᠠᠯᠲᠠ᠎ᠶᠢᠨ ᠦᠷ᠎ᠡ ᠪᠦᠲᠦᠭᠡᠯ ᠮᠥᠨ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠬᠡᠷᠡᠭᠵᠢᠭᠦᠯᠬᠦ ᠪᠣᠯ ᠳᠤᠮᠳᠠᠳᠤ ᠤᠯᠤᠰ᠎ᠤᠨ ᠣᠨᠴᠠᠯᠢᠭ᠎ᠲᠠᠢ ᠦᠨᠳᠦᠰᠦᠲᠡᠨ᠎ᠤ ᠠᠰᠠᠭᠤᠳᠠᠯ᠎ᠢ ᠰᠢᠢᠳᠪᠦᠷᠢᠯᠡᠬᠦ ᠵᠥᠪ ᠵᠠᠮ ᠮᠥᠨ ᠭᠡᠳᠡᠭ᠎ᠢ ᠭᠦᠢᠴᠡᠳ ᠭᠡᠷᠡᠴᠢᠯᠡᠪᠡ᠃

ᠭᠠᠭᠴᠠ ᠬᠦ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶᠢᠭᠡᠮ ᠵᠢᠷᠤᠮ᠎ᠤᠨ ᠵᠠᠮ᠎ᠢᠶᠠᠷ ᠵᠠᠮᠨᠠᠬᠤ᠎ᠶᠢ ᠪᠠᠷᠢᠮᠲᠠᠯᠠᠵᠤ᠂ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠪᠠᠯ ᠥᠪᠥᠷ ᠮᠣᠩᠭᠣᠯ ᠰᠠᠶᠢ ᠭᠡᠷᠡᠯ ᠰᠠᠴᠤᠷᠠᠩᠭᠤᠢ ᠥᠨᠥᠳᠦᠷ ᠪᠠ ᠨᠡᠩ ᠰᠠᠵᠢᠨ ᠰᠠᠶᠢᠬᠠᠨ ᠢᠷᠡᠭᠡᠳᠦᠢ᠎ᠲᠠᠢ ᠪᠤᠯᠵᠤ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠵᠠᠢ᠃ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠪᠠᠶᠢᠭᠤᠯᠤᠯ᠎ᠢ ᠢᠮᠠᠭᠲᠠ ᠭᠤᠶᠢᠪᠢᠰᠢ ᠦᠭᠡᠢ᠎ᠪᠠᠷ ᠪᠠᠷᠢᠮᠲᠠᠯᠠᠨ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠢᠷᠠᠭᠤ ᠠᠯᠳᠠᠷᠲᠤ ᠤᠯᠠᠮᠵᠢᠯᠠᠯ᠎ᠢ ᠦᠷᠭᠦᠯᠵᠢᠯᠡᠨ ᠪᠠᠷᠢᠮᠲᠠᠯᠠᠵᠤ᠂ ︽ ᠵᠢᠱᠢᠶᠡᠴᠢ ᠥᠪᠡᠷᠲᠡᠭᠡᠨ ᠵᠠᠰᠠᠬᠤ ᠣᠷᠣᠨ︾᠎ᠤ ᠡᠷᠬᠢᠮ ᠳᠡᠭᠡᠳᠦ ᠢᠷᠠᠭᠤ ᠠᠯᠳᠠᠷ᠎ᠢᠶᠡᠨ ᠨᠠᠨᠳᠢᠩᠨᠠᠵᠤ᠂ ᠳᠤᠮᠳᠠᠳᠤ᠎ᠶᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ᠎ᠶᠢᠨ ᠳᠤᠮᠳᠠᠳᠤ᠎ᠶᠢᠨ ᠵᠡᠭᠦᠳᠦ᠎ᠶᠢ ᠲᠡᠷᠭᠡᠯᠰᠢᠭᠦᠯᠬᠦ᠎ᠳ᠋ᠤ ᠰᠡᠳᠬᠢᠯ᠎ᠢᠶᠡᠨ ᠨᠢᠭᠡᠳᠬᠡᠨ ᠬᠦᠴᠦ᠎ᠪᠠᠨ ᠬᠠᠮᠲᠤᠳᠬᠠᠬᠤ ᠬᠡᠷᠡᠭᠲᠡᠢ ᠃

︵ ᠵᠤᠬᠢᠶᠠᠬᠴᠢ᠎ᠶᠢᠨ ᠪᠠᠵᠢᠭᠤᠯᠭ᠎ᠠ᠄ ᠥᠪᠦᠷ ᠮᠤᠩᠭᠤᠯ᠎ᠤᠨ ᠡᠳ᠋᠎ᠤᠨ ᠵᠠᠰᠠᠭ ᠠᠵᠤ ᠠᠬᠤᠢ᠎ᠶᠢᠨ ᠶᠡᠭᠡ ᠰᠤᠷᠭᠠᠭᠤᠯᠢ᠎ᠶᠢᠨ ᠮᠠᠷᠺᠰ᠎ᠤᠨ ᠦᠵᠡᠯ᠎ᠤᠨ ᠳᠡᠭᠡᠳᠦ ᠰᠤᠷᠭᠠᠭᠤᠯᠢ ︶


  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠤᠶᠤᠨᠲᠠᠨ᠎ᠠ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面