ᠲᠡᠷᠢᠭᠦᠨ ᠨᠢᠭᠤᠷ>ᠭᠡᠷ ᠤᠷᠤᠨ>ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠶ᠎ᠠ·ᠰᠢᠭᠦᠮᠵᠢ

2022-05-20 10:08:07

ᠵᠣᠬᠢᠶᠠᠭ᠍ᠴᠢ᠄ ᠤᠯᠠᠭᠠᠨᠲᠤᠶᠠᠭ᠎ᠠ ᠣᠩᠱᠢᠭ᠍ᠰᠠᠨ ᠣᠳᠠᠭ᠎ᠠ᠄ 3

ᠵᠢᠯᠪᠦᠷᠢ᠎ᠶ᠋ᠢᠨ 5 ᠰᠠᠷ᠎ᠠ ᠪᠣᠯ ᠪᠦᠬᠦ᠌ᠣᠷᠣᠨ᠎ᠤ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠵᠢᠨ ᠤᠬᠠᠭᠤᠯᠭ᠎ᠠ ᠵᠢᠨ ᠰᠠᠷ᠎ᠠ ᠪᠣᠯᠤᠨ᠎ᠠ᠂ ᠵᠢᠯ ᠪᠦᠷᠢᠵᠢᠨ 5 ᠰᠠᠷ᠎ᠠ᠎ᠶ᠋ᠢᠨ ᠬᠠᠮᠤᠭ᠎ᠤᠨ ᠰᠡᠭᠦᠯᠴᠢ᠎ᠶ᠋ᠢᠨ ᠨᠢᠭᠡ ᠭᠠᠷᠠᠭ ᠪᠣᠯ ᠦᠨᠳᠦᠰᠦᠲᠡᠨ᠎ᠦ ᠬᠠᠤᠯᠢᠵᠢᠯ᠎ᠤᠨ ᠤᠬᠠᠭᠤᠯᠭ᠎ᠠ ᠵᠢᠨ ᠭᠠᠷᠠᠭ ᠪᠣᠯᠤᠨ᠎ᠠ᠃ᠡᠨᠡ ᠵᠢᠯ ᠮᠠᠨ᠎ᠤ ᠤᠷᠤᠨ《ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠭᠦᠨᠵᠡᠭᠡᠶ ᠤᠬᠠᠭᠤᠯᠤᠨ ᠲᠤᠭᠤᠰᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨᠤᠬᠠᠮᠰᠠᠷ᠎ᠢ ᠪᠠᠲᠤ ᠴᠤᠭᠴᠠᠯᠠᠬᠤ》 ᠭᠤᠤᠯ ᠰᠡᠳᠦᠪ᠎ᠤᠨ ᠲᠤᠭᠤᠷᠢᠨ ᠳ᠋ᠤ ᠦᠨᠳᠦᠰᠦᠲᠡᠨ᠎ᠦ ᠲᠥᠷᠥ᠎ᠶ᠋ᠢᠨᠪᠣᠳᠣᠯᠭ᠎ᠠ᠎ᠶ᠋ᠢ ᠤᠬᠠᠭᠤᠯᠬᠤ ᠰᠠᠷ᠎ᠠ᠎ᠶ᠋ᠢᠨ ᠠᠵᠢᠯᠯᠠᠭ᠎ᠠ ᠵᠢ ᠦᠷᠭᠡᠨ ᠬᠦᠨᠵᠡᠭᠡᠢ ᠤᠳᠬ᠎ᠠ ᠲᠡᠬᠦᠯᠳᠡᠷ ᠶᠠᠪᠤᠭᠳᠠᠭᠤᠯᠵᠤ᠂ ᠪᠥᠬᠥ᠌ ᠣᠷᠣᠨ᠎ᠤ ᠦᠨᠳᠦᠰᠦᠲᠡᠨ ᠨᠤᠭᠦᠳ᠎ᠤᠨᠣᠯᠠᠨ ᠲᠦᠮᠡᠨ᠎ᠤ ᠤᠷᠤᠯᠴᠠᠭ᠎ᠠ ᠵᠢ ᠲᠠᠢᠴᠢᠯᠠᠵᠤ᠂ ᠦᠨᠳᠦᠰᠦᠲᠡᠨ᠎ᠦᠲᠥᠷᠥ᠎ᠶ᠋ᠢᠨ ᠪᠣᠳᠣᠯᠭ᠎ᠠ᠎ᠶ᠋ᠢ ᠰᠤᠷᠤᠯᠴᠠᠬᠤ ᠤᠢᠯᠠᠭᠠᠬᠤ ᠬᠦᠷᠢᠶᠡᠯᠡᠬᠦ ᠬᠡᠷᠡᠭᠵᠢᠬᠦᠯᠬᠦ ᠰᠠᠢᠠ ᠰᠠᠢᠬᠠᠨ ᠠᠭᠤᠷᠠᠮᠢᠰᠬᠤᠯ᠎ᠢ ᠴᠢᠨᠠᠭᠰᠢᠳᠠ ᠪᠤᠢ ᠪᠤᠯᠭᠠᠵᠤ ᠪᠠᠢᠨ᠎ᠠ ᠃

ᠦᠨᠳᠦᠰᠦᠲᠡᠨ᠎ᠦᠠᠵᠢᠯ ᠪᠣᠯ ᠢᠮᠠᠭ᠍ᠲᠠ ᠨᠠᠮ ᠪᠠ ᠤᠯᠤᠰ᠎ᠤᠨ ᠠᠵᠢᠯ ᠦᠶ᠋ᠯᠡᠰ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠳᠤ ᠬᠣᠯᠪᠣᠭ᠍ᠳᠠᠬᠤ ᠴᠢᠬᠤᠯᠠ ᠶᠡᠬᠡ ᠠᠵᠢᠯ ᠮᠥᠨ᠂ ᠦᠨᠳᠦᠰᠦᠳᠡᠨ ᠨᠤᠬᠦᠳ᠎ᠤᠨ ᠤᠯᠠᠨᠲᠦᠮᠡᠨ᠎ᠤ ᠬᠦᠭᠵᠢᠯ ᠪᠠᠳᠠᠷᠠᠯ ᠵᠤᠯ ᠵᠢᠷᠭᠠᠯ ᠲᠠᠢ ᠰᠢᠭᠤᠳᠬᠤᠯᠪᠤᠭᠳᠠᠨ᠎ᠠ᠃ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠰᠠᠢᠳᠤᠷ ᠤᠬᠠᠭᠤᠯᠬᠤ ᠪᠤᠯ ᠦᠨᠳᠦᠰᠦᠳᠡᠨ᠎ᠤ ᠲᠦᠷᠦᠵᠢᠨ ᠪᠤᠳᠤᠯᠭ᠎ᠠ ᠵᠢ ᠰᠠᠢᠳᠤᠷ ᠬᠡᠷᠡᠭᠵᠢᠬᠦᠯᠬᠦ ᠵᠢᠨ ᠤᠷᠢᠳᠠᠯᠨᠦᠬᠦᠴᠡᠯ ᠪᠤᠯᠤᠨ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤᠴᠣᠭ᠍ᠴᠠᠯᠠᠬᠤ᠎ᠶ᠋ᠢᠨ ᠴᠢᠬᠤᠯᠠ ᠠᠷᠭ᠎ᠠ ᠵᠠᠮ ᠮᠥᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠦᠷᠢᠮ》᠎ᠢ᠋ ᠨᠠᠢᠳᠠᠪᠤᠷᠢᠵᠢᠭᠤᠯᠬᠤ ᠶ᠋ᠢᠨᠵᠠᠢᠯᠠᠰᠢ ᠥᠬᠡᠶ ᠱᠠᠭᠠᠷᠳᠠᠯᠭ᠎ᠠ ᠪᠠᠢᠵᠤ᠂ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ᠎ᠶ᠋ᠢᠨ ᠪᠦᠳᠦᠮᠵᠢᠳᠡᠢᠠᠷᠭ᠎ᠠ ᠬᠡᠮᠵᠢᠶ᠎ᠡ ᠮᠦᠨ᠃ ᠵᠢᠯ ᠪᠦᠷᠢ ᠵᠢᠨ 5 ᠰᠠᠷ᠎ᠠ ᠵᠢᠨ ᠦᠨᠳᠦᠰᠦᠳᠡᠨ᠎ᠤ ᠲᠦᠷᠦᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ ᠵᠢᠨ ᠦᠨᠢᠷ ᠪᠠᠶᠠᠯᠢᠭ ᠠᠵᠢᠯᠯᠠᠭ᠎ᠠ ᠨᠢ ᠦᠨᠳᠦᠰᠦᠳᠡᠨ᠎ᠤ ᠲᠦᠷᠦᠵᠢᠨ ᠪᠤᠳᠤᠯᠭ᠎ᠠ ᠵᠢᠨ ᠤᠬᠠᠭᠤᠯᠭ᠎ᠠ ᠬᠦᠮᠦᠵᠢᠯ᠎ᠢ ᠰᠢᠨ᠎ᠡᠨᠢᠭᠡᠨ ᠤᠷᠬᠢᠯ ᠳ᠋ᠤ ᠬᠦᠷᠭᠡᠵᠦ᠂ ᠮᠠᠨ᠎ᠤ ᠤᠷᠤᠨ᠎ᠤ ᠦᠨᠳᠦᠰᠦᠳᠡᠨᠨᠤᠬᠦᠳ᠎ᠤᠨ ᠤᠯᠠᠨ ᠲᠦᠮᠡᠨ᠎ᠤ ᠨᠠᠮ᠎ᠤᠨ ᠦᠨᠳᠦᠰᠦᠳᠡᠨ᠎ᠤᠲᠦᠷᠦ ᠵᠢᠨ ᠪᠤᠳᠤᠯᠭ᠎ᠠ ᠵᠢᠨ ᠲᠤᠬᠠᠢ ᠲᠠᠨᠢᠯᠳᠠ ᠵᠢ ᠬᠦᠨᠵᠭᠡᠢᠷᠡᠬᠦᠯᠵᠦ᠂ 《ᠭᠤᠷᠪᠠᠨ ᠰᠠᠯᠵᠤ ᠴᠢᠳᠠᠬᠤᠦᠭᠡᠢ》᠂ 《ᠲᠠᠪᠤᠨ ᠬᠠᠮᠳᠤ ᠵᠢᠨᠲᠠᠨᠢᠯᠳᠠ》 ᠵᠢᠨ ᠲᠤᠬᠠᠢ ᠤᠢᠯᠠᠭᠠᠯᠳᠠᠵᠢ ᠴᠢᠨᠠᠭᠰᠢᠳᠠ ᠪᠠᠳᠤᠳᠬᠠᠨ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠲᠠᠰᠤᠷᠠᠯᠳᠠ ᠦᠭᠡᠢ ᠪᠡᠬᠢᠵᠢᠬᠦᠯᠵᠡᠢ᠃

ᠡᠨᠡᠵᠢᠯ᠎ᠤᠨ 《ᠦᠨᠳᠦᠰᠦᠲᠡᠨ᠎ᠤ ᠲᠦᠷᠦᠵᠢᠨ ᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》 ᠵᠢᠨ ᠠᠵᠢᠯᠯᠠᠭ᠎ᠠ ᠵᠢᠨ ᠬᠤᠭᠤᠴᠠᠭᠠᠨᠳ᠋ᠤ ᠬᠦᠬᠡᠬᠤᠲᠠ《ᠢᠨᠲᠧᠷ ᠰᠦᠯᠵᠢᠶ᠎ᠡ + ᠦᠨᠳᠦᠰᠦᠲᠡᠨ᠎ᠤᠪᠦᠯᠬᠦᠮᠳᠡᠯ》 ᠎ᠤ᠋ᠨ ᠠᠷᠭ᠎ᠠ ᠬᠡᠯᠪᠡᠷᠢ ᠪᠡᠷ ᠳᠠᠮᠵᠢᠭᠤᠯᠤᠨ ᠪᠦᠬᠦ ᠬᠤᠲᠠ ᠵᠢᠨ 9 ᠬᠤᠰᠢᠭᠤ ᠰᠢᠶᠠᠨ ᠲᠤᠭᠤᠷᠢᠭ ᠯᠤᠭ᠎ᠠ ᠸᠢᠳᠢᠣ᠋ ᠬᠤᠯᠪᠤᠭ᠎ᠠᠠᠪᠴᠤ᠂ ᠦᠨᠳᠦᠰᠦᠲᠡᠨ᠎ᠤ ᠲᠦᠷᠦ ᠵᠢᠨ ᠪᠤᠳᠤᠯᠭ᠎ᠠ ᠵᠢ ᠤᠬᠠᠭᠤᠯᠬᠤ ᠠᠵᠢᠯᠯᠠᠭ᠎ᠠ ᠵᠢ ᠵᠡᠷᠭᠡ ᠪᠡᠷ ᠦᠷᠨᠢᠭᠦᠯᠪᠡ; ᠪᠤᠭᠤᠲᠤ ᠬᠤᠲᠠ ᠰᠢᠨ᠎ᠡᠵᠠᠭᠤᠴᠢᠯᠠᠭᠤᠷ᠎ᠢ ᠭᠦᠢᠴᠡᠳ ᠠᠰᠢᠭᠯᠠᠨ᠂ 《ᠰᠢᠯᠵᠢᠶ᠎ᠡ᠂ ᠰᠦᠯᠵᠢᠶ᠎ᠡ᠂ᠵᠢᠷᠭᠢᠶ᠎ᠡ᠂ ᠲᠧᠯᠸᠢᠰ᠂ ᠰᠤᠨᠢᠨ᠂ ᠳᠡᠯᠭᠡᠴᠡ 》 ᠵᠢᠷᠭᠤᠭ᠎ᠠ ᠵᠢ ᠨᠢᠭᠡ ᠴᠤᠭᠴᠠᠵᠢᠭᠤᠯᠤᠨ᠂ᠪᠦᠬᠦ ᠲᠠᠪᠴᠠᠩ᠎ᠢ ᠬᠠᠮᠤᠷᠤᠭᠰᠠᠨ ᠰᠦᠯᠵᠢᠶᠡᠨ᠎ᠤ ᠤᠬᠠᠭᠤᠯᠭ᠎ᠠ ᠵᠢᠨ ᠠᠵᠢᠯ᠎ᠤᠨ ᠪᠠᠢᠷᠢᠰᠢᠯ᠎ᠢ ᠪᠦᠷᠢᠯᠳᠦᠭᠦᠯᠵᠦ᠂ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠦᠮᠦᠵᠢᠯ᠎ᠢ ᠠᠬᠢᠭᠤᠯᠪᠠ; ᠬᠢᠩᠭᠠᠨ ᠠᠢᠮᠠᠭ ᠤᠬᠠᠭᠤᠯᠤᠨᠲᠠᠢᠯᠪᠤᠷᠢᠯᠠᠬᠤ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠂ ᠠᠳᠠᠯᠢ ᠪᠤᠰᠤ ᠬᠦᠯᠢᠶᠡᠨ ᠠᠪᠤᠭ᠍ᠴᠢᠳ᠎ᠢ ᠦᠨᠳᠦᠰᠦᠯᠡᠨᠦᠯᠢᠭᠡᠷ᠂ ᠱᠤᠭ ᠶᠠᠷᠢᠶ᠎ᠠ᠂ ᠤᠷᠠᠨ ᠵᠢᠷᠤᠭ᠂ ᠤᠷᠠᠨ ᠰᠠᠢᠬᠠᠨ᠎ᠤ ᠲᠤᠭᠯᠠᠯᠲᠠ ᠵᠡᠷᠭᠡ ᠤᠯᠠᠨ ᠲᠦᠮᠡᠨ᠎ᠤ ᠦᠵᠡᠵᠦᠰᠤᠨᠢᠷᠬᠠᠬᠤ ᠳᠤᠷᠠᠲᠠᠢ ᠠᠷᠭ᠎ᠠ ᠬᠡᠯᠪᠡᠷᠢ᠎ᠪᠠᠷ ᠦᠨᠳᠦᠰᠦᠲᠡᠨ᠎ᠤᠤᠨᠤᠯ ᠲᠦᠷᠦ᠍᠎ᠶ᠋ᠢᠨ ᠪᠤᠳᠤᠯᠭ᠎ᠠ ᠬᠠᠤᠯᠢ ᠲᠣᠭ᠍ᠲᠠᠭᠠᠯ᠎ᠢ ᠤᠬᠠᠭᠤᠯᠪᠠ ᠁ ᠠᠵᠢᠯ᠎ᠤᠨ ᠠᠷᠭ᠎ᠠ ᠬᠡᠯᠪᠡᠷᠢ ᠨᠢ ᠠᠵᠢᠯ᠎ᠤᠨᠦᠷ᠎ᠡ ᠪᠦᠳᠦᠮᠵᠢ ᠵᠢ ᠰᠢᠭᠤᠳ ᠨᠦᠯᠦᠭᠡᠯᠡᠳᠡᠭ ᠤᠴᠢᠷᠳᠠᠢ᠃ ᠪᠦᠬᠦ ᠤᠷᠤᠨ᠎ᠤ ᠡᠯ᠎ᠡ ᠭᠠᠵᠠᠷ ᠤᠷᠤᠨ᠎ᠤ ᠬᠢᠨᠭᠠᠷᠳᠠᠴᠠ ᠨᠢ ᠢᠯᠡ ᠲᠤᠳᠤ᠂ ᠬᠦᠯᠢᠶᠡᠨ ᠠᠪᠤᠭᠴᠢᠳ ᠨᠢ ᠤᠯᠤᠯᠲᠠ ᠲᠦᠷᠦᠭᠳᠡᠯ ᠲᠠᠢ᠂ ᠤᠬᠠᠭᠤᠯᠭ᠎ᠠ ᠬᠦᠮᠦᠵᠢᠯ ᠨᠢᠦᠷ᠎ᠡ ᠪᠦᠲᠦᠮᠵᠢ ᠲᠡᠢ ᠪᠠᠢᠬᠤ ᠱᠠᠭᠠᠷᠳᠠᠯᠭ᠎ᠠ ᠪᠡᠷ ᠤᠬᠠᠭᠤᠯᠭ᠎ᠠ ᠵᠢᠨ ᠠᠷᠭ᠎ᠠ ᠬᠡᠯᠪᠡᠷᠢ ᠵᠢᠨ ᠰᠢᠨ᠎ᠡ ᠵᠢᠡᠭᠦᠳᠴᠦ᠂ ᠬᠠᠷᠢᠯᠴᠠᠨ ᠲᠤᠯᠢ ᠪᠤᠯᠭᠠᠵᠤ ᠪᠤᠯᠬᠤᠢᠴᠠ ᠠᠷᠭ᠎ᠠ ᠬᠡᠯᠪᠡᠷᠢ ᠪᠡᠷ ᠨᠠᠮ᠎ᠤᠨ ᠦᠨᠳᠦᠰᠦᠲᠡᠨ᠎ᠤ ᠤᠨᠤᠯᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠬᠦᠮᠦᠵᠢᠯ᠎ᠤᠨ ᠰᠢᠨ᠎ᠡ ᠪᠠᠢᠳᠠᠯ᠎ᠢ ᠡᠬᠦᠳᠦᠭᠰᠡᠨ ᠪᠠᠢᠨ᠎ᠠ ᠃

ᠦᠨᠳᠦᠰᠦᠲᠡᠨ᠎ᠤᠲᠦᠷᠦ ᠵᠢᠨ ᠪᠤᠳᠤᠯᠭ᠎ᠠ ᠵᠢᠨ ᠤᠬᠠᠭᠤᠯᠭ᠎ᠠ ᠬᠦᠮᠦᠵᠢᠯ ᠪᠤᠯ ᠤᠷᠲᠤ ᠬᠤᠭᠤᠴᠠᠭᠠᠨ᠎ᠤ ᠦᠷᠭᠦᠯᠵᠢ ᠵᠢᠨ ᠴᠢᠨᠠᠷᠲᠠᠢᠠᠵᠢᠯ ᠪᠤᠯᠤᠨ᠎ᠠ᠃ ᠵᠦᠪᠬᠡᠨ 《ᠦᠨᠳᠦᠰᠦᠲᠡᠨ᠎ᠤ ᠲᠦᠷᠦ ᠵᠢᠨᠪᠤᠳᠤᠯᠭ᠎ᠠ ᠵᠢᠨ ᠤᠬᠠᠭᠤᠯᠭ᠎ᠠ ᠵᠢᠨ ᠰᠠᠷ᠎ᠠ》 ᠳ᠋ᠤ ᠯᠠ ᠬᠢᠵᠠᠭᠠᠷᠯᠠᠭᠳᠠᠬᠤ ᠪᠢᠰᠢ᠃ ᠵᠠᠰᠠᠭ᠎ᠤᠨ ᠲᠠᠯ᠎ᠠ ᠡᠴᠡ ᠴᠠᠭ ᠦᠶ᠎ᠡ ᠵᠢᠨ ᠬᠦᠭᠵᠢᠯᠳᠡ ᠵᠢᠨ ᠪᠠᠢᠳᠠᠯ᠂ᠤᠯᠠᠨ ᠲᠦᠮᠡᠨ᠎ᠤ ᠬᠦᠯᠢᠶᠡᠨ ᠠᠪᠬᠤ ᠲᠠᠭᠠᠰᠢᠶᠠᠯ ᠳ᠋ᠤ ᠵᠤᠬᠢᠴᠠᠭᠤᠯᠤᠨ ᠤᠬᠠᠭᠤᠯᠭ᠎ᠠ ᠬᠦᠮᠦᠵᠢᠯ᠎ᠤᠨ ᠠᠷᠭ᠎ᠠ ᠬᠡᠯᠪᠡᠷᠢᠵᠢᠨ ᠰᠢᠨ᠎ᠡ ᠵᠢ ᠲᠠᠰᠤᠷᠠᠯᠳᠠ ᠦᠭᠡᠢ ᠡᠬᠦᠳᠴᠦ ᠤᠬᠠᠭᠤᠯᠭ᠎ᠠᠬᠦᠮᠦᠵᠢᠯ᠎ᠤᠨ ᠠᠵᠢᠯᠯᠠᠭ᠎ᠠ ᠵᠢ ᠪᠠᠢᠩᠭᠤᠵᠢᠭᠤᠯᠵᠤ᠂ ᠦᠷ᠎ᠡ ᠪᠦᠳᠦᠮᠵᠢ ᠵᠢ ᠪᠠᠳᠤᠯᠠᠪᠠᠯ ᠵᠤᠬᠢᠨ᠎ᠠ; ᠦᠨᠳᠦᠰᠦᠳᠡᠨ ᠨᠤᠬᠦᠳ᠎ᠤᠨᠺᠠᠳ᠋ᠷ ᠤᠯᠠᠨ ᠲᠦᠮᠡᠨ ᠦᠪᠡᠷ᠎ᠤᠨ ᠪᠡᠶ᠎ᠡ ᠡᠴᠡ ᠪᠠᠨ ᠡᠬᠢᠯᠡᠨ ᠬᠢᠵᠦ᠂ ᠵᠢᠵᠢᠭ ᠰᠠᠵᠢᠭ ᠶᠠᠪᠤᠳᠠᠯ ᠡᠴᠡ ᠭᠠᠷᠳᠠᠨᠬᠢᠵᠦ᠂ ᠱᠢᠨ᠎ᠡ ᠴᠠᠭ ᠦᠶ᠎ᠡ᠎ᠶ᠋ᠢᠨ ᠦᠨᠳᠦᠰᠦᠲᠡᠨ᠎ᠦ ᠤᠨᠤᠯ ᠲᠦᠷᠦ ᠵᠢᠨ ᠪᠤᠳᠤᠯᠭ᠎ᠠ ᠵᠢᠨ ᠬᠦᠷᠢᠶᠡᠯᠡᠭᠴᠢ᠂ ᠦᠢᠯᠡᠳᠦᠯᠭᠡᠵᠢᠭᠦᠯᠦᠭ᠌ᠴᠢ᠂ᠠᠬᠢᠭᠤᠯᠤᠭ᠍ᠴᠢ ᠪᠤᠯᠵᠤ᠂ ᠵᠢᠷᠭᠠᠯ ᠵᠤᠪᠠᠯᠠᠩ ᠵᠢᠡᠨ ᠬᠠᠮᠲᠤᠳᠬᠠᠬᠤ᠂ ᠠᠯᠳᠠᠷ ᠭᠤᠲᠤᠮᠰᠢᠭ ᠵᠢᠡᠨ ᠬᠠᠮᠲᠤᠳᠬᠠᠬᠤ᠂ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠵᠢᠨ ᠴᠤᠭᠴᠠ ᠵᠢᠨ ᠤᠢᠯᠠᠭᠠᠭᠳᠠᠬᠤᠨ᠎ᠢᠪᠠᠲᠤ ᠱᠤᠭᠤᠵᠤ᠂ ᠬᠠᠮᠳᠤ ᠪᠡᠷ ᠴᠡᠴᠡᠭᠯᠡᠨ ᠬᠦᠭᠵᠢᠬᠦ ᠰᠠᠢᠨ ᠰᠠᠢᠬᠠᠨ ᠪᠠᠢᠳᠠᠯ᠎ᠵᠢᠡᠨ ᠦᠷᠬᠦᠯᠵᠢᠯᠡᠨ ᠪᠠᠳᠤᠯᠠᠪᠠᠯ ᠵᠤᠬᠢᠨ᠎ᠠ !

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠪᠣᠣ ᠮᠧᠢ ᠷᠥᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面