ᠲᠡᠷᠢᠭᠦᠨ ᠨᠢᠭᠤᠷ>ᠭᠡᠷ ᠤᠷᠤᠨ>ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠶ᠎ᠠ·ᠰᠢᠭᠦᠮᠵᠢ

2022-08-12 11:34:43

ᠵᠣᠬᠢᠶᠠᠭ᠍ᠴᠢ᠄ ᠰᠢᠨᠡᠪᠢᠯᠢᠭ ᠣᠩᠱᠢᠭ᠍ᠰᠠᠨ ᠣᠳᠠᠭ᠎ᠠ᠄ 3

ᠬᠢᠩᠭᠠᠨ ᠠᠢᠮᠠᠬ ᠤ᠋ᠨ ᠬᠤᠷᠴᠢᠨ ᠪᠠᠷᠠᠭᠤᠨ ᠭᠠᠷᠤᠨ ᠡᠮᠦᠨᠡᠳᠦ ᠬᠤᠰᠢᠭᠤᠨ᠎ᠤ ᠰᠢᠩ ᠺᠸ ᠨᠡᠢᠬᠡᠮ ᠲᠤᠭᠤᠷᠢᠬ ᠲᠦ᠍᠂ ᠮᠤᠩᠭᠤᠯ ᠦᠨᠳᠦᠰᠦᠳᠡᠨ ᠤ᠋ ᠰᠠᠭᠤᠭᠠᠯᠢ ᠠᠷᠠᠳ ᠵᠢᠡᠷ ᠪᠦᠷᠢᠯᠳᠦᠭᠰᠡᠨ ᠲᠦᠷᠪᠡᠨ ᠤᠳᠠᠰᠤᠳᠤ ᠬᠤᠭᠤᠷ ᠤ᠋ᠨ ᠨᠡᠢᠬᠡᠮᠯᠢᠭ ᠪᠤᠯᠤᠨ ᠬᠢᠳᠠᠳ ᠦᠨᠳᠦᠰᠦᠳᠡᠨ ᠤ᠋ ᠰᠠᠭᠤᠭᠠᠯᠢ ᠠᠷᠠᠳ ᠵᠢᠡᠷ ᠪᠦᠷᠢᠯᠳᠦᠭᠰᠡᠨ ᠬᠤᠪᠢᠰᠬᠠᠯᠳᠤ ᠲᠠᠭᠤᠤ ᠤᠷᠠᠯᠢᠭ᠎ᠤᠨ ᠪᠦᠯᠬᠦᠮ ᠤ᠋ᠨ ᠬᠠᠮᠳᠤᠷᠠᠨ ᠵᠤᠬᠢᠶᠠᠨ ᠪᠦᠳᠦᠭᠡᠭᠰᠡᠨ ᠨᠠᠮ ᠤ᠋ᠨ ᠲᠡᠦᠬᠡ ᠵᠢᠨ ᠭᠤᠤᠯ ᠰᠡᠳᠦᠪᠳᠦ ᠬᠤᠯᠪᠤᠭ᠎ᠠ᠂ ᠴᠠᠷᠬᠢᠯ ᠬᠤᠯᠪᠤᠭ᠎ᠠ ᠵᠢᠨ ᠲᠤᠬᠯᠠᠯᠳᠠ ᠨᠢ ᠲᠤᠬᠠᠢ ᠵᠢᠨ ᠭᠠᠵᠠᠷ᠎ᠤᠨ ᠤᠯᠠᠨ ᠲᠦᠮᠡᠨ᠎ᠳ᠋ᠤ ᠦᠪᠡᠳᠡᠭᠰᠢ ᠤᠷᠠᠯᠢᠭ᠎ᠤᠨ ᠰᠤᠨᠢᠷᠬᠠᠯ ᠬᠦᠷᠳᠡᠭᠡᠨ ᠦᠷᠭᠡᠨ ᠲᠡᠯᠭᠡᠷ ᠬᠦᠷᠢᠶᠡᠯᠡᠯ᠎ᠢ ᠤᠯᠤᠨ᠎ᠠ᠃ ᠮᠤᠩᠭᠤᠯ ᠦᠨᠳᠦᠰᠦᠳᠡᠨ᠂ ᠬᠢᠳᠠᠳ ᠦᠨᠳᠦᠰᠦᠳᠡᠨ᠂ ᠮᠠᠨᠵᠤ ᠦᠨᠳᠦᠰᠦᠳᠡᠨ ᠵᠡᠷᠬᠡ ᠤᠯᠠᠨ ᠦᠨᠳᠦᠰᠦᠳᠡᠨ ᠲᠦᠪᠯᠡᠷᠡᠨ ᠰᠠᠭᠤᠷᠢᠰᠢᠬᠰᠠᠨ ᠨᠡᠢᠬᠡᠮ ᠲᠤᠭᠤᠷᠢᠬ ᠪᠤᠯᠤᠬᠰᠠᠨ ᠤ᠋ ᠬᠤᠪᠢ ᠳ᠋ᠤ᠂ ᠤᠯᠠᠨ ᠵᠢᠯ ᠤ᠋ᠨ ᠲᠤᠷᠰᠢ ᠲᠤᠬᠠᠢ ᠵᠢᠨ ᠭᠠᠵᠠᠷ ᠨᠢ 《ᠦᠨᠳᠦᠰᠦᠳᠡᠨ ᠨᠤᠬᠦᠳ ᠪᠦᠯᠬᠦᠮᠳᠡᠨ ᠨᠢᠬᠡ ᠬᠡᠷ᠎ᠤᠨ ᠬᠦᠮᠦᠨ ᠮᠡᠳᠦ ᠲᠤᠳᠤᠨᠤ》᠂ 《ᠨᠡᠢᠬᠡᠮ ᠲᠤᠭᠤᠷᠢᠬ ᠤ᠋ᠨ ᠬᠦᠷᠰᠢ ᠵᠡᠷᠬᠡᠯᠡᠳᠡᠬᠡ ᠵᠢᠨ ᠪᠠᠶᠠᠷ》ᠵᠡᠷᠬᠡ ᠰᠢᠷᠢᠰ ᠠᠵᠢᠯᠯᠠᠭ᠎ᠠ ᠵᠢ ᠬᠦᠨᠵᠡᠬᠡᠢ ᠦᠷᠨᠢᠬᠦᠯᠵᠦ᠂ ᠦᠨᠳᠦᠰᠦᠳᠡᠨ ᠨᠤᠬᠦᠳ᠎ᠤᠨ ᠤᠯᠠᠨ ᠲᠦᠮᠡᠨ ᠳ᠋ᠦ᠍ ᠪᠤᠳᠤᠯ ᠰᠠᠨᠠᠯ ᠵᠢᠡᠨ ᠰᠤᠯᠢᠯᠴᠠᠵᠤ ᠨᠡᠪᠳᠡᠷᠡᠯᠴᠡᠬᠦ ᠲᠠᠪᠴᠠᠩ ᠢ᠋ ᠴᠤᠬᠴᠠᠯᠠᠨ ᠦᠭᠴᠦ᠂ ᠦᠨᠳᠦᠰᠦᠳᠡᠨ ᠨᠤᠬᠦᠳ᠎ᠤᠨ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠠᠬᠢᠭᠤᠯᠵᠤ᠂ 2014 ᠤᠨ ᠳ᠋ᠤ ᠪᠦᠬᠦ ᠤᠯᠤᠰ ᠤ᠋ᠨ ᠦᠨᠳᠦᠰᠦᠳᠡᠨ ᠤ᠋ ᠪᠦᠯᠬᠦᠮᠳᠡᠯ ᠲᠠᠪᠰᠢᠯᠳᠠ ᠵᠢᠨ ᠵᠢᠱ᠌ᠢᠶᠡᠴᠢ ᠬᠠᠮᠳᠤ ᠨᠡᠢᠳᠡ ᠵᠢᠨ ᠢᠷᠠᠭᠤ ᠠᠯᠳᠠᠷ᠎ᠢ ᠬᠦᠷᠳᠡᠭᠰᠡᠨ ᠪᠠᠢᠨ᠎ᠠ᠃

ᠨᠡᠢᠬᠡᠮ ᠲᠤᠭᠤᠷᠢᠬ ᠪᠤᠯ ᠦᠨᠳᠦᠰᠦᠳᠡᠨ ᠨᠤᠬᠦᠳ᠎ᠤᠨ ᠤᠯᠠᠨ ᠲᠦᠮᠡᠨ ᠤ᠋ ᠬᠡᠷ ᠤᠷᠤᠨ ᠮᠦᠨ᠂ ᠪᠠᠰᠠ ᠴᠦ᠍ ᠦᠨᠳᠦᠰᠦᠳᠡᠨ ᠤ᠋ ᠪᠦᠯᠬᠦᠮᠳᠡᠯ ᠤ᠋ᠨ ᠭᠤᠤᠯ ᠵᠢᠬᠰᠠᠭᠠᠯ ᠤ᠋ᠨ ᠭᠠᠵᠠᠷ ᠮᠦᠨ᠃ ᠡᠨᠡ ᠬᠦ᠌ ᠵᠢᠬᠰᠠᠭᠠᠯ ᠤ᠋ᠨ ᠭᠠᠵᠠᠷ ᠲᠦ᠍ ᠭᠠᠵᠠᠷ ᠤᠷᠤᠨ᠎ᠤ ᠪᠠᠢᠳᠠᠯ ᠳ᠋ᠤᠨᠢ ᠵᠤᠬᠢᠴᠠᠬᠰᠠᠨ᠂ ᠦᠨᠳᠦᠰᠦᠳᠡᠨ ᠨᠤᠬᠦᠳ᠎ᠤᠨ ᠤᠯᠠᠨ ᠲᠦᠮᠡᠨ ᠤ᠋ ᠪᠤᠳᠤᠯ ᠰᠠᠨᠠᠯ ᠵᠢᠨᠨ ᠰᠤᠯᠢᠯᠴᠠᠵᠤ ᠨᠡᠪᠳᠡᠷᠡᠯᠴᠡᠬᠦ ᠳ᠋ᠤ ᠲᠦᠬᠦᠮ ᠲᠠᠪᠴᠠᠩ ᠭᠠᠷᠭᠠᠵᠤ ᠦᠭᠬᠦ ᠨᠢ ᠨᠡᠭᠡᠷᠡᠨ ᠪᠠᠷᠰ ᠲᠦ᠍ ᠵᠢᠬᠦᠷ ᠤᠷᠭᠤᠭᠤᠯᠤᠬᠰᠠᠨ ᠠᠳᠠᠯᠢ ᠪᠤᠯᠵᠤ᠂ ᠬᠢᠵᠠᠭᠠᠯᠠᠰᠢ ᠦᠭᠡᠢ ᠨᠢᠭᠳᠠᠷᠠᠯ᠎ᠤᠨ ᠬᠦᠴᠦᠨ᠎ᠢ ᠤᠨᠳᠤᠷᠤᠭᠤᠯᠵᠤ ᠴᠢᠳᠠᠨ᠎ᠠ᠃ ᠰᠢᠩ ᠺᠸ ᠨᠡᠢᠬᠡᠮ ᠲᠤᠭᠤᠷᠢᠬ ᠰᠠᠭᠤᠭᠠᠯᠢ ᠠᠷᠠᠳ ᠤ᠋ᠨ ᠦᠵᠡᠵᠦ ᠰᠤᠨᠢᠷᠬᠠᠬᠤ ᠲᠤᠷᠠᠳᠠᠢ ᠤᠳᠬ᠎ᠠ ᠤᠷᠠᠯᠢᠬ ᠤ᠋ᠨ ᠲᠤᠬᠯᠠᠯᠳᠠ ᠵᠢᠨ ᠬᠡᠯᠪᠡᠷᠢ ᠪᠡᠷ ᠲᠠᠮᠵᠢᠭᠤᠯᠤᠨ ᠲᠡᠳᠡᠨ ᠤ᠋ ᠠᠵᠢᠯ᠎ᠤᠨ ᠴᠢᠯᠦᠭᠡᠨ᠎ᠤ ᠰᠤᠶᠤᠯ ᠤ᠋ᠨ ᠠᠮᠢᠳᠤᠷᠠᠯ ᠢ᠋ ᠪᠠᠶᠠᠯᠢᠬᠵᠢᠭᠤᠯᠵᠤ᠂ᠨᠡᠢᠬᠡᠮ ᠲᠤᠭᠤᠷᠢᠬ ᠤ᠋ᠨ ᠠᠭᠤᠷ ᠠᠮᠢᠰᠬᠤᠯ ᠢ᠋ ᠡᠶ᠎ᠡ ᠨᠠᠢᠷᠳᠠᠢ ᠬᠦᠷ ᠬᠦᠭᠵᠢᠶᠡᠨ ᠲᠠᠢ ᠪᠤᠯᠭᠠᠬᠤ ᠲᠤᠮᠳᠠ᠂ ᠨᠠᠮ᠎ᠤᠨ ᠦᠨᠳᠦᠰᠦᠳᠡᠨ᠎ᠤ ᠲᠤᠬᠠᠢ ᠤᠨᠤᠯ ᠲᠦᠷᠦ ᠵᠢᠨ ᠪᠤᠳᠤᠯᠭ᠎ᠠ ᠵᠢ ᠠᠮᠢᠳᠤᠯᠢᠭ ᠤᠬᠠᠭᠤᠯᠵᠤ᠂ ᠠᠷᠠᠳ ᠤᠯᠠᠨ᠎ᠤ《ᠬᠤᠶᠠᠷ᠎ᠢ ᠲᠤᠭᠳᠠᠭᠠᠭᠰᠠᠨ》᠎ᠢ ᠬᠦᠷᠢᠶᠡᠯᠡᠬᠦ ᠲᠠᠨᠢᠯᠳᠠ ᠤᠬᠠᠮᠰᠠᠷ᠎ᠢ ᠨᠡᠮᠡᠭᠳᠡᠬᠦᠯᠵᠦ᠂ ᠲᠤᠮᠳᠠᠳᠤ ᠵᠢᠨ ᠬᠦᠮᠦᠨ᠎ᠤ ᠤᠮᠤᠭᠰᠢᠯᠳᠤ ᠰᠡᠳᠬᠢᠯᠭᠡ ᠵᠢ ᠨᠡᠮᠡᠭᠳᠡᠬᠦᠯᠦᠨ᠎ᠡ᠃ ᠡᠯ᠎ᠡ ᠨᠡᠢᠬᠡᠮ ᠲᠤᠭᠤᠷᠢᠬ᠎ᠤᠨ ᠬᠢᠨ ᠰᠢᠩ ᠺᠸ ᠨᠡᠢᠬᠡᠮ ᠲᠤᠭᠤᠷᠢᠬ ᠲᠠᠢ ᠠᠳᠠᠯᠢᠬᠠᠨ ᠵᠢᠡᠷ ᠠᠮᠢᠳᠤᠯᠢᠬ ᠬᠦᠳᠡᠯᠦᠩᠬᠦᠢ ᠰᠢᠨ᠎ᠡ ᠵᠢ ᠡᠬᠦᠳᠦᠭᠰᠡᠨ ᠠᠭᠤᠯᠭ᠎ᠠ ᠬᠡᠯᠪᠡᠷᠢ ᠵᠢ ᠠᠰᠢᠬᠯᠠᠨ᠂ ᠦᠨᠳᠦᠰᠦᠳᠡᠨ ᠨᠤᠬᠦᠳ᠎ᠤᠨ ᠤᠯᠠᠨ ᠲᠦᠮᠡᠨ ᠤ᠋ ᠰᠤᠯᠢᠯᠴᠠᠭ᠎ᠠ ᠶᠠᠪᠤᠯᠴᠠᠭᠠᠨ᠎ᠤ ᠲᠠᠪᠴᠠᠩ ᠢ᠋ ᠨᠡᠩ ᠤᠯᠠᠨ ᠴᠤᠬᠴᠠᠯᠠᠪᠠᠯ᠂ ᠦᠨᠳᠦᠰᠦᠳᠡᠨ ᠨᠤᠬᠦᠳ᠎ᠤᠨ ᠤᠯᠠᠨ ᠲᠦᠮᠡᠨ ᠤ᠋ ᠬᠠᠢᠷ᠎ᠠ ᠰᠡᠳᠬᠢᠯᠬᠡ ᠵᠢᠨ ᠨᠡᠪᠳᠡᠷᠡᠯᠴᠡᠬᠡᠨ ᠤ᠋ ᠬᠦᠬᠦᠷᠬᠡ ᠬᠤᠯᠪᠤᠭᠠᠰᠤ ᠵᠢ ᠪᠡᠬᠢᠵᠢᠬᠦᠯᠵᠦ᠂ ᠲᠤᠮᠳᠠᠳᠤ ᠵᠢᠨ ᠦᠨᠳᠦᠰᠦᠳᠡᠨ ᠤ᠋ ᠬᠠᠮᠳᠤ ᠵᠢᠨ ᠴᠤᠬᠴᠠ ᠵᠢᠨ ᠤᠬᠠᠮᠰᠠᠷ ᠢ᠋ ᠪᠠᠳᠤ ᠴᠤᠬᠴᠠᠯᠠᠬᠤ ᠳ᠋ᠤ ᠦᠪᠡᠷᠮᠢᠴᠡ ᠬᠤᠪᠢ ᠨᠡᠮᠡᠷᠢ ᠦᠵᠡᠬᠦᠯᠵᠦ ᠴᠢᠳᠠᠬᠤ ᠨᠢ ᠯᠠᠪᠳᠠᠢ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面