ᠲᠡᠷᠢᠭᠦᠨ ᠨᠢᠭᠤᠷ>ᠭᠡᠷ ᠤᠷᠤᠨ>ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠶ᠎ᠠ·ᠰᠢᠭᠦᠮᠵᠢ

2022-09-09 10:48:53

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

ᠡᠨᠡ ᠵᠢᠯ ᠎ᠦᠨ 3 ᠰᠠᠷ᠎ᠠ᠎ᠶ᠋ᠢᠨ 5 ᠎ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠠᠷᠪᠠᠨ ᠭᠤᠷᠪᠠᠳᠤᠭᠠᠷ ᠬᠤᠭᠤᠴᠠᠭᠠᠨ᠎ᠤ ᠪᠦᠬᠦ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠲᠠᠪᠤᠳᠤᠭᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠎ᠦᠨ ᠬᠢᠨᠠᠨ ᠵᠥᠪᠯᠡᠬᠦ᠌ ᠎ᠳᠦ ᠣᠷᠣᠯᠴᠠᠬᠤ᠎ᠳᠠᠭᠠᠨ᠂ 《ᠦᠨᠳᠦᠰᠦᠲᠡᠨ ᠎ᠦ ᠪᠦᠯᠬᠦᠮᠳᠡᠯ ᠪᠣᠯ ᠮᠠᠨ ᠎ᠤ ᠤᠯᠤᠰ᠎ᠤᠨ ᠦᠨᠳᠦᠰᠦᠲᠡᠨ᠎ᠨᠦᠭᠦᠳ ᠎ᠦᠨ ᠠᠷᠠᠳ ᠲᠦᠮᠡᠨ ᠎ᠦ ᠠᠮᠢᠨ ᠰᠤᠳᠠᠰᠤ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ ᠪᠤᠯᠤᠨ᠎ᠠ》 ᠬᠡᠵᠦ ᠴᠢᠬᠤᠯᠠᠴᠢᠯᠠᠭᠰᠠᠨ ᠪᠠᠢᠳᠠᠬ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠤᠯ ᠮᠠᠨ᠎ᠤ ᠤᠯᠤᠰ᠎ᠤᠨ ᠬᠠᠮᠤᠭ᠎ᠤᠨ ᠡᠷᠲᠡ ᠪᠠᠢᠭᠤᠯᠤᠭ᠍ᠳᠠᠭ᠍ᠰᠠᠨ ᠴᠥᠭᠡᠨ ᠲᠣᠭᠠᠲᠤ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ ᠪᠠᠢᠵᠤ᠂ ᠦᠨᠳᠦᠰᠦᠲᠡᠨ᠎ᠦ ᠪᠦᠯᠬᠦᠮᠳᠡᠯ᠎ᠲᠠᠪᠰᠢᠯᠳᠠ ᠵᠢᠨ ᠢᠷᠠᠭᠤ ᠠᠯᠳᠠᠷᠲᠤ ᠤᠯᠠᠮᠵᠢᠯᠠᠯ ᠲᠠᠢ ᠶᠤᠮ᠃ 《3000 ᠦᠨᠦᠴᠢᠨ ᠬᠡᠦᠭᠡᠳ᠎ᠢ ᠦᠷᠡᠴᠢᠯᠡᠨ ᠲᠡᠵᠢᠭᠡᠭᠰᠡᠡ》 ᠡᠴᠡ 《 ᠲᠠᠯ᠎ᠠ ᠨᠤᠳᠤᠭ᠎ᠤᠨ ᠪᠤᠯᠤᠳ ᠬᠤᠳᠠ ᠵᠢ ᠪᠦᠳᠦᠭᠡᠨ ᠪᠠᠢᠭᠤᠯᠤᠭᠰᠠᠨ》 ᠁ ᠲᠡᠦᠬᠡ᠎ᠶ᠋ᠢᠨ ᠰᠠᠢᠬᠠᠨ ᠳᠠᠭᠤᠷᠢᠰᠭᠠᠯ᠎ᠠᠴᠠ ᠡᠳᠦᠭᠡ ᠵᠢᠨ ᠦᠵᠡᠰᠭᠦᠯᠡᠩᠲᠦ ᠰᠠᠢᠬᠠᠨ ᠤᠮᠠᠷᠠᠲᠤ ᠬᠢᠯᠢ ᠪᠡᠨ ᠬᠠᠮᠳᠤ ᠪᠡᠷ ᠪᠦᠲᠦᠭᠡᠨ ᠪᠠᠢᠭᠤᠯᠵᠤ ᠬᠠᠮᠲᠤ ᠪᠠᠷ ᠡᠷᠡᠮᠡᠭᠡᠢᠯᠡᠨ ᠤᠷᠤᠭᠰᠢᠯᠠᠬᠤ ᠱᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭᠯᠡᠵᠦ᠂ ᠦᠪᠦᠷ ᠮᠤᠩᠭᠤᠯ᠎ᠤᠨ ᠦᠨᠳᠦᠰᠦᠳᠡᠨ ᠨᠤᠬᠦᠳ᠎ᠤᠨ ᠤᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠰᠡᠳᠬᠢᠨ ᠨᠢᠬᠡᠳᠦᠨ ᠪᠦᠯᠬᠦᠮᠳᠡᠨ ᠲᠠᠪᠰᠢᠬᠤ ᠴᠠᠭ ᠦᠶ᠎ᠡ ᠵᠢᠨ ᠢᠷᠠᠭᠤ ᠡᠭᠡᠰᠢᠭ᠎ᠢ ᠲᠠᠭᠤᠷᠢᠰᠤᠭᠤᠯᠤᠭᠰᠠᠭᠠᠷ ᠁

ᠵᠢᠯ ᠪᠦᠷᠢ᠎ᠶ᠋ᠢᠨ 9 ᠰᠠᠷ᠎ᠠ ᠪᠤᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ᠎ᠶ᠋ᠢᠨ ᠰᠠᠷ᠎ᠠ ᠪᠤᠯᠤᠨ᠎ᠠ᠃ ᠡᠨᠡ ᠨᠢ ᠮᠦᠨ ᠴᠸ᠋ ᠮᠠᠨ᠎ᠤ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠢ ᠲᠦᠯᠬᠢᠨ ᠠᠬᠢᠭᠤᠯᠬᠤ ᠨᠡᠷᠡᠲᠦ ᠢᠨᠵᠸᠨ᠋ᠸᠷᠢᠩ ᠪᠤᠯᠤᠨ᠎ᠠ᠃ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠭ᠎ᠠ᠎ᠶ᠋ᠢᠨ ᠰᠠᠷ᠎ᠠ ᠪᠣᠯ ᠱᠢᠨ᠎ᠡ ᠴᠠᠭ ᠦᠶ᠎ᠡ᠎ᠳᠦ ᠨᠠᠮ᠎ᠤᠨ ᠦᠨᠳᠦᠰᠦᠲᠡᠨ᠎ᠦ ᠠᠵᠢᠯ᠎ᠢ ᠭᠦᠨᠵᠡᠭᠡᠢ ᠨᠠᠷᠢᠯᠢᠭ ᠪᠣᠳᠠᠲᠠᠢᠵᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠣᠳᠠᠲᠠᠢ ᠪᠦᠲᠦᠮᠵᠢᠲᠡᠢ ᠪᠠᠲᠤᠳᠭᠠᠬᠤ ᠴᠢᠬᠤᠯᠠ ᠠᠴᠢᠶᠠᠯᠠᠪᠤᠷᠢ ᠪᠤᠯᠵᠤ ᠪᠠᠢᠳᠠᠬ᠃ ᠤᠢᠯᠠᠭᠠᠬᠰᠠᠨ ᠵᠢᠡᠷ᠂ ᠡᠨᠡ ᠵᠢᠯ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠤᠬᠠᠭᠤᠯᠭ᠎ᠠ᠎ᠶ᠋ᠢᠨ ᠰᠠᠷ᠎ᠠ ᠳ᠋ᠦ᠂ ᠪᠥᠬᠥ᠌ ᠣᠷᠣᠨ᠎ᠤ ᠡᠯ᠎ᠡ ᠭᠠᠵᠠᠷ᠎ᠤᠨ ᠬᠢᠨ ᠨᠠᠮ᠎ᠤᠨ ᠦᠨᠳᠦᠰᠦᠲᠡᠨ᠎ᠦ ᠣᠨᠣᠯ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠪᠥᠬᠥ᠌ ᠣᠷᠣᠨ᠎ᠤ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠭᠦᠳᠦᠨ ᠪᠠᠢᠭᠤᠯᠬᠤ ᠠᠵᠢᠯ᠎ᠤᠨ ᠤᠷᠠᠨ ᠪᠦᠲᠦᠭᠡᠯ᠎ᠦᠨ ᠦᠵᠡᠭᠦᠯᠭᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ᠎ᠶ᠋ᠢ ᠱᠢᠯᠭᠠᠷᠠᠭᠤᠯᠤᠨ ᠬᠥᠬᠢᠭᠦᠯᠬᠦ᠌᠂ ᠦᠨᠳᠦᠰᠦᠲᠡᠨ᠎ᠦ ᠪᠦᠯᠬᠦᠮᠳᠡᠯ᠎ᠦᠨ ᠨᠡᠢᠳᠡᠯᠢᠭ ᠦᠶ᠋ᠯᠡ ᠠᠵᠢᠯᠯᠠᠭ᠎ᠠ᠎ᠶ᠋ᠢ ᠤᠬᠠᠭᠤᠯᠤᠨ ᠲᠠᠢᠯᠪᠤᠷᠢᠯᠠᠬᠤ᠂ ᠲᠠᠢᠰᠠᠨ᠎ᠤ ᠵᠦᠴᠦᠭᠡ 《ᠤᠯᠤᠰ᠎ᠤᠨ ᠬᠡᠸ᠋ᠬᠡᠳ 》 ᠎ᠢ᠋ ᠲᠣᠭᠣᠷᠢᠨ ᠲᠤᠭᠯᠠᠬᠤ ᠵᠡᠷᠭᠡ ᠱᠢᠷᠢᠰ ᠠᠵᠢᠯᠯᠠᠭ᠎ᠠ᠎ᠶ᠋ᠢ ᠲᠥᠪᠯᠡᠷᠡᠭᠦᠯᠦᠨ ᠥᠷᠨᠢᠭᠦᠯᠬᠦ᠌ ᠪᠣᠯᠤᠨ᠎ᠠ᠃ ᠰᠢᠷᠢᠰ ᠤᠬᠠᠭᠤᠯᠭ᠎ᠠ᠎ᠶ᠋ᠢᠨ ᠠᠵᠢᠯᠯᠠᠭ᠎ᠠ᠎ᠨᠢ᠂ ᠬᠦᠳᠡᠭᠡ ᠲᠤᠰᠬᠤᠨ ᠮᠠᠯᠵᠢᠬᠤ ᠲᠠᠷᠢᠶᠠᠯᠠᠬᠤ ᠤᠷᠤᠨ᠂ ᠨᠠᠢᠭᠡᠮ ᠲᠤᠭᠤᠷᠢᠬ ᠲᠸ᠋ ᠬᠦᠨᠵᠡᠭᠡᠢᠷᠡᠨ᠂ ᠤᠯᠠᠨ ᠲᠦᠮᠡᠨ᠎ᠦ ᠢᠳᠡᠪᠬᠢᠵᠢᠯ᠎ᠢ ᠲᠠᠢ᠌ᠴᠢᠯᠠᠵᠦ᠍᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠰᠠᠢ᠌ᠨ ᠰᠠᠢᠬᠠᠨ ᠠᠭᠤᠷ ᠠᠮᠢᠰᠬᠤᠯ᠎ᠢ ᠪᠤᠢ ᠪᠤᠯᠭᠠᠬᠤ ᠵᠢᠨ ᠬᠠᠮᠲᠤ ᠦᠨᠳᠦᠰᠦᠲᠡᠨ᠎ᠦ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠤᠯᠠᠨ ᠲᠦᠮᠡᠨ ᠳ᠋ᠦ ᠲᠠᠮᠵᠢᠭᠤᠯᠤᠨ᠂ ᠦᠨᠳᠦᠰᠦᠲᠡᠨ ᠨᠤᠭᠦᠳ᠎ᠤᠨ ᠬᠣᠭᠣᠷᠣᠨᠳᠣᠬᠢ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠭ᠎ᠠ ᠣᠢᠯᠠᠭᠠᠯᠴᠠᠭ᠎ᠠ ᠎ᠶ᠋ᠢ ᠤᠯᠠᠮ ᠨᠢᠭᠡ ᠠᠯᠬᠤᠮ ᠨᠢᠬᠳᠠᠷᠠᠭᠤᠯᠵᠤ᠂ ᠡᠷᠬᠡ ᠲᠡᠭ᠌ᠰᠢ᠂ ᠪᠦᠯᠬᠦᠮᠳᠡᠯ᠎ᠲᠡᠶ ᠂ ᠬᠠᠷᠢᠯᠴᠠᠨ ᠬᠠᠪᠰᠤᠷᠤᠯᠴᠠᠬᠰᠠᠨ᠂ ᠡᠶ᠎ᠡ ᠵᠣᠬᠢᠴᠠᠯ᠎ᠲᠠᠶ᠎ᠨᠡᠢᠭᠡᠮ ᠵᠢᠷᠤᠮ᠎ᠤᠨ ᠦᠨᠳᠦᠰᠦᠲᠡᠨ᠎ᠦ ᠬᠠᠷᠢᠴᠠᠭ᠎ᠠ᠎ᠶ᠋ᠢ ᠪᠠᠢᠭᠤᠯᠬᠤ᠎ᠳᠤ ᠠᠱᠢᠭ᠍ᠲᠠᠶ ᠶᠤᠮ᠃

ᠪᠢᠳᠡ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠤᠬᠠᠭᠤᠯᠭ᠎ᠠ᠎ᠶ᠋ᠢᠨ ᠰᠠᠷ᠎ᠠ ᠪᠡᠷ ᠠᠵᠠ ᠲᠤᠬᠢᠶᠠᠯ ᠪᠤᠯᠭᠠᠵᠤ᠂ ᠬᠠᠮᠲᠤ ᠪᠡᠷ ᠬᠦᠳᠡᠯᠦᠯᠴᠡᠨ ᠦᠨᠳᠦᠰᠦᠲᠡᠨ ᠨᠤᠭᠦᠳ᠎ᠤᠨ ᠬᠤᠭᠤᠷᠤᠨᠳᠤᠬᠢ ᠰᠤᠯᠢᠯᠴᠠᠭ᠎ᠠ ᠶᠠᠪᠤᠯᠴᠠᠭ᠎ᠠ ᠠᠭᠤᠰᠤᠯᠴᠠᠯ᠎ᠢ ᠤᠯᠠᠮ ᠴᠢᠨᠠᠬᠰᠢᠲᠠ ᠠᠬᠢᠭᠤᠯᠤᠶ᠎ᠠ᠃《ᠥᠪᠥᠷ ᠮᠣᠩᠭᠣᠯ᠎ᠤᠨ ᠥᠨᠥᠳᠦᠷ ᠪᠣᠯ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠦᠯᠬᠦᠮᠳᠡᠨ ᠲᠡᠮᠡᠴᠡᠭ᠌ᠰᠡᠨ᠎ᠦ ᠦᠷ᠎ᠡ ᠳ᠋ᠦᠩ ᠮᠥᠨ᠂ ᠥᠪᠥᠷ ᠮᠣᠩᠭᠣᠯ ᠎ᠤᠨ ᠮᠠᠷᠭᠠᠰᠢ ᠮᠥᠨ ᠬᠦ᠌ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠪᠦᠯᠬᠦᠮᠳᠡᠨ ᠲᠡᠮᠡᠴᠡᠬᠦ᠌᠎ᠶ᠋ᠢ ᠱᠠᠭᠠᠷᠳᠠᠵᠤ ᠪᠠᠢᠨ᠎ᠠ》᠃ ᠱᠢᠨ᠎ᠡ ᠠᠶᠠᠨ᠎ᠳᠤ᠂ ᠥᠪᠥᠷ ᠮᠣᠩᠭᠣᠯ᠎ᠤᠨ 2400 ᠲᠦᠮᠡᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠶᠡᠷᠦᠩᠬᠡᠢ ᠱᠦᠵᠢ ᠰᠢ ᠵᠢᠨ ᠫᠢᠩ ᠎ᠤᠨ ᠵᠢᠭᠠᠭ᠍ᠰᠠᠨ ᠴᠢᠭ᠌ᠯᠡᠯ᠎ᠢᠶᠡᠷ ᠰᠡᠳᠭᠢᠯ ᠎ᠢᠶᠡᠨ ᠨᠢᠭᠡᠳᠭᠡᠨ ᠬᠦᠴᠦ᠍ ᠪᠡᠨ ᠬᠠᠮᠲᠤᠳᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭ᠎ᠢ ᠡᠭᠦᠷᠢᠳᠡ ᠴᠡᠴᠡᠭ᠌ᠯᠡᠭᠦᠯᠦᠨ ᠳᠡᠯᠭᠡᠷᠡᠭᠦᠯᠵᠦ᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠡᠩ ᠦᠵᠡᠰᠭᠦᠯᠡᠩᠲᠦ ᠰᠠᠢᠬᠠᠨ ᠪᠣᠯᠭᠠᠨ ᠪᠦᠲᠦᠭᠡᠨ ᠪᠠᠢᠭᠤᠯᠬᠤ᠎ᠪᠠᠷ ᠬᠦᠴᠦᠯᠡᠨ ᠴᠢᠷᠮᠠᠢᠵᠠᠭᠠᠶ᠎ᠡ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠠᠨᠠᠷ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面