2026-01-23 10:10:04
ᠸᠠᠡᠭ ᠴᠧᠩ᠂ ᠭᠤᠤ ᠸᠸᠨ 《ᠳᠤᠮᠳᠠᠳᠤ ᠤᠯᠤᠰ᠎ᠤᠨ ᠠᠷᠠᠳ᠎ᠤᠨ ᠶᠡᠬᠡ ᠰᠤᠷᠭᠠᠭᠤᠯᠢ᠎ᠶᠢᠨ ᠡᠷᠳᠡᠮ ᠰᠢᠨᠵᠢᠯᠡᠭᠡᠨ᠎ᠦ ᠰᠡᠳᠬᠦᠯ》᠎ᠤᠨ 2025 ᠣᠨ᠎ᠤ 1 ᠳ᠋ᠤᠭᠡᠷ ᠬᠤᠭᠤᠴᠠᠭ᠎ᠠ᠎ᠳᠤ ᠦᠭᠦᠯᠡᠯ ᠨᠡᠢᠳᠡᠯᠡᠵᠦ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ᠎ᠪᠠᠷ ᠳᠤᠮᠳᠠᠳᠤ᠎ᠶᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶᠢ ᠪᠡᠶᠡᠯᠡᠭᠦᠯᠬᠦ᠎ᠳᠦ ᠨᠡᠢᠭᠡᠮ᠎ᠦᠨ ᠦᠷᠳᠡᠭ᠎ᠦᠨ ᠦᠵᠡᠯᠲᠡ᠎ᠶᠢᠨ ᠪᠠᠢᠭᠤᠯᠤᠯᠲᠠ᠎ᠠᠴᠠ ᠰᠠᠯᠵᠤ ᠴᠢᠳᠠᠬᠤ ᠦᠭᠡᠢ ᠭᠡᠵᠦ ᠵᠢᠭᠠᠵᠦ ᠭᠠᠷᠭᠠᠪᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷᠲᠤ ᠥᠨᠢ ᠤᠳᠠᠭᠠᠨ ᠤᠯᠠᠮᠵᠢᠯᠠᠯ ᠲᠠᠢ ᠬᠠᠮᠲᠤ᠎ᠶᠢᠨ ᠥᠷᠲᠡᠭ᠎ᠦᠨ ᠦᠵᠡᠯᠲᠡ ᠠᠭᠤᠯᠤᠭᠳᠠᠵᠤ ᠪᠠᠢᠳᠠᠭ᠃ ᠬᠠᠮᠲᠤ᠎ᠶᠢᠨ ᠥᠷᠲᠡᠭ᠎ᠦᠨ ᠦᠵᠡᠯᠲᠡ᠎ᠶᠢᠨ ᠪᠠᠢᠭᠤᠯᠤᠯᠲᠠ ᠨᠢ ᠣᠳᠣ᠌᠎ᠶᠢᠨ ᠨᠡᠢᠭᠡᠮ᠎ᠳᠦ ᠮᠠᠰᠢ ᠴᠢᠬᠤᠯᠠ ᠶᠤᠮ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷᠲᠤ ᠡᠯᠪᠡᠭ ᠪᠠᠶᠠᠯᠢᠭ᠋ ᠦᠷᠳᠡᠭ᠎ᠦᠨ ᠦᠵᠡᠯᠲᠡ ᠠᠭᠤᠯᠤᠭᠳᠠᠵᠤ ᠪᠠᠢᠳᠠᠭ᠂ ᠡᠳᠡᠭᠡᠷ ᠦᠷᠳᠡᠭ᠎ᠦᠨ ᠦᠵᠡᠯᠲᠡ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠦᠷᠢᠯᠳᠦᠵᠦ ᠬᠥᠭᠵᠢᠬᠦ ᠶᠠᠪᠤᠴᠠ᠎ᠳᠤ ᠴᠢᠬᠤᠯᠠ ᠦᠢᠯᠡᠳᠦᠯ ᠦᠵᠡᠭᠦᠯᠦᠭᠰᠡᠨ ᠶᠤᠮ᠃ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠶᠢ ᠬᠠᠮᠲᠤ᠎ᠪᠠᠷ ᠪᠠᠶ᠋ᠢᠭᠤᠯᠬᠤ ᠢᠯᠡ ᠲᠣᠳᠣ᠌ ᠬᠠᠷᠢᠭᠤᠴᠠᠯᠭᠠᠲᠤ ᠤᠬᠠᠮᠰᠠᠷ᠂ ᠰᠠᠢᠨ ᠰᠠᠢᠬᠠᠨ ᠠᠮᠢᠳᠤᠷᠠᠯ᠎ᠢ ᠪᠡᠶᠡᠯᠡᠭᠦᠯᠬᠦ ᠲᠡᠮᠡᠴᠡᠯ᠎ᠦᠨ ᠵᠣᠷᠢᠭ᠋ ᠰᠠᠨᠠᠭ᠎ᠠ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠨᠢᠭᠡ ᠭᠡᠷ ᠮᠡᠲᠦ ᠳᠣᠲᠣᠨᠣ᠌ ᠪᠠᠢᠬᠤ ᠡᠶ᠎ᠡ ᠨᠠᠶ᠋ᠢᠷᠠᠮᠳᠠᠭᠤ ᠪᠠᠢᠬᠤ ᠣᠢᠯᠠᠭᠠᠭᠳᠠᠬᠤᠨ᠂ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠳᠦ ᠬᠠᠷᠠᠮ ᠦᠭᠡᠢ ᠵᠣᠷᠢᠭᠤᠯᠬᠤ ᠭᠦᠨ ᠵᠤᠵᠠᠭᠠᠨ ᠬᠠᠢᠷ᠎ᠠ ᠰᠡᠳᠬᠢᠯᠭᠡ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠦᠷᠳᠡᠭ᠎ᠦᠨ ᠥᠷᠭᠡᠴᠡ᠎ᠶᠢ ᠪᠦᠷᠢᠯᠳᠦᠭᠦᠯᠵᠡᠢ᠃ ᠬᠠᠮᠲᠤ᠎ᠶᠢᠨ ᠥᠷᠲᠡᠭ᠎ᠦᠨ ᠦᠵᠡᠯᠲᠡ ᠨᠢ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠋ ᠰᠢᠨᠵᠢ᠎ᠶᠢ ᠢᠯᠡᠷᠡᠭᠦᠯᠵᠦ᠂ ᠬᠥᠮᠥᠰ᠎ᠢ ᠬᠥᠲᠥᠯᠥᠨ ᠳᠠᠭᠠᠭᠤᠯᠵᠤ ᠪᠠᠢᠭᠠᠳ ᠥᠪᠡᠷ᠎ᠢ᠎ᠪᠡᠨ ᠳᠤᠮᠳᠠᠳᠤ᠎ᠶᠢᠨ ᠦᠨᠳᠦᠰᠦᠲᠡᠨ᠎ᠦ ᠶᠡᠬᠡ ᠭᠡᠷ ᠪᠦᠯᠢ᠎ᠶᠢ ᠪᠦᠲᠦᠭᠡᠨ ᠪᠠᠶ᠋ᠢᠭᠤᠯᠬᠤ᠎ᠲᠠᠢ ᠤᠬᠠᠮᠰᠠᠷ᠎ᠠᠴᠠ᠎ᠪᠠᠨ ᠨᠢᠭᠡᠳᠦᠭᠦᠯᠵᠦ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶᠢᠨ ᠠᠰᠢᠭ᠋ ᠲᠤᠰᠠ᠂ ᠬᠠᠮᠲᠤ᠎ᠶᠢᠨ ᠬᠤᠪᠢ ᠵᠠᠶᠠᠭ᠎ᠠ᠎ᠶᠢ ᠲᠤᠰᠬᠠᠵᠤ᠂ ᠥᠷᠲᠡᠭ᠎ᠦᠨ ᠠᠭᠤᠯᠤᠭᠳᠠᠬᠤᠨ ᠨᠢ ᠴᠠᠭ ᠦᠶ᠎ᠡ᠎ᠶᠢᠨ ᠬᠤᠪᠢᠷᠠᠯᠲᠠ᠎ᠶᠢ ᠳᠠᠭᠠᠯᠳᠤᠨ ᠲᠠᠰᠤᠷᠠᠯᠲᠠ ᠦᠭᠡᠢ ᠬᠥᠭᠵᠢᠵᠦ ᠪᠠᠢᠳᠠᠭ᠃ ᠦᠷᠳᠡᠭ᠎ᠦᠨ ᠦᠵᠡᠯᠲᠡ ᠪᠣᠯ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠬᠠᠮᠲᠤ᠎ᠶᠢᠨ ᠰᠡᠳᠬᠢᠴᠡ᠎ᠶᠢᠨ ᠬᠡᠪ ᠴᠢᠨᠠᠷ᠎ᠤᠨ ᠴᠢᠬᠤᠯᠠ ᠢᠯᠡᠷᠡᠯ ᠮᠥᠨ᠂ ᠣᠳᠣᠬᠢᠴᠢᠯᠠᠯᠲᠠ᠎ᠶᠢᠨ ᠠᠬᠤᠢ ᠪᠠᠢᠳᠠᠯ ᠳᠣᠣᠷ᠎ᠠ᠂ ᠦᠷᠳᠡᠭ᠎ᠦᠨ ᠬᠠᠨᠳᠤᠰᠢ᠎ᠶᠢ ᠪᠠᠲᠤ ᠡᠵᠡᠮᠳᠡᠬᠦ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠪᠦᠬᠦ ᠲᠠᠯ᠎ᠠ᠎ᠪᠠᠷ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠯᠢᠬᠡᠷ᠎ᠢ ᠰᠠᠢᠲᠤᠷ ᠶᠠᠷᠢᠬᠤ᠂ ᠠᠶᠤᠯ ᠲᠦᠭᠰᠢᠭᠦᠷᠢ ᠥᠷᠢᠰᠦᠯᠳᠦᠭᠡᠨ᠎ᠢ ᠪᠦᠲᠦᠮᠵᠢᠲᠡᠢ ᠠᠷᠭᠠᠴᠠᠭᠠᠬᠤ᠎ᠳᠤ ᠠᠰᠢᠭ᠍ᠲᠠᠢ ᠶᠤᠮ᠃
(《ᠱᠢᠨᠬᠤᠸᠠ ᠵᠤᠬᠢᠶᠠᠯ ᠤᠨ ᠱᠦᠭᠦᠮᠡᠭ》 ᠡᠴᠡ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃