ᠲᠡᠷᠢᠭᠦᠨ ᠨᠢᠭᠤᠷ>ᠭᠡᠷ ᠤᠷᠤᠨ>ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠤᠭᠴᠠ ᠵᠢᠨ ᠤᠬᠠᠮᠰᠠᠷ᠎ᠢ ᠪᠠᠲᠤ ᠴᠤᠭᠴᠠᠯᠠᠶ᠎ᠠ·ᠰᠢᠭᠦᠮᠵᠢ

2026-09-11 11:16:47

ᠵᠣᠬᠢᠶᠠᠭ᠍ᠴᠢ᠄ ​ᠤᠶᠠᠩᠭ᠎ᠠ ᠣᠩᠱᠢᠭ᠍ᠰᠠᠨ ᠣᠳᠠᠭ᠎ᠠ᠄ 3

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠭᠤᠯᠤᠭᠳᠠᠬᠤ ᠶ᠋ᠢ ᠳᠠᠭᠠᠯᠳᠤᠨ᠂ ᠥᠪᠥᠷ ᠮᠣᠩᠭᠣᠯ᠎ᠤᠨ ᠬᠤᠪᠢᠰᠬᠠᠯᠲᠤ ᠤᠳᠬ᠎ᠠ ᠵᠣᠬᠢᠶᠠᠯ ᠠᠭᠠᠵᠢᠮ᠎ᠢᠶᠠᠷ ᠬᠦᠭᠵᠢᠨ᠂ 20 ᠳ᠋ᠤᠭᠠᠷ ᠵᠠᠭᠤᠨ᠎ᠤ ᠲᠠᠪᠢ ᠵᠢᠷᠠᠭᠠᠳ ᠣᠨ ᠪᠣᠯᠬᠤ᠎ᠳᠤ ᠨᠠ᠊·ᠰᠠᠢᠨᠴᠤᠭᠲᠤ᠂᠎ᠤ· ᠪᠦᠷᠢᠨᠪᠡᠬᠢ᠂ ᠨᠠ᠊·ᠰᠠᠢ᠍ᠢᠰᠢᠶᠠᠯᠳᠤ᠂ ᠬᠠ᠊·ᠳ᠋ᠠᠮᠪᠢᠵᠠᠯᠰᠠᠨ᠂ ᠴᠢᠮᠡᠳᠳᠣᠷᠵᠢ ᠵᠡᠷᠭᠡ ᠲᠥᠯᠥᠭᠡᠯᠡᠬᠦ ᠴᠢᠨᠠᠷᠲᠠᠶ ᠵᠣᠬᠢᠶᠠᠯᠴᠢᠳ᠎ᠦᠨ ᠡᠩᠨᠡᠭᠡ ᠠᠭᠠᠵᠢᠮ᠎ᠢᠶᠠᠷ ᠪᠦᠷᠢᠯᠳᠦᠨ᠂ ᠭᠠᠵᠠᠷ ᠣᠷᠣᠨ᠎ᠤ ᠤᠳᠬ᠎ᠠ ᠵᠣᠬᠢᠶᠠᠯ᠎ᠤᠨ ᠬᠥᠭᠵᠢᠯᠲᠡ ᠪᠠ ᠦᠵᠡᠯ ᠰᠠᠨᠠᠭᠠᠨ᠎ᠤ ᠨᠢᠭ᠍ᠲᠠᠷᠠᠯ᠎ᠢ ᠠᠬᠢᠭᠤᠯᠬᠤ ᠭᠣᠣᠯᠯᠠᠭ᠍ᠴᠢ ᠬᠦᠴᠦᠨ ᠪᠣᠯᠤᠭᠰᠠᠨ ᠪᠠᠶ᠋ᠢᠨ᠎ᠠ᠃ ᠡᠳᠡᠭᠡᠷ ᠵᠣᠬᠢᠶᠠᠯᠴᠢᠳ ᠬᠤᠪᠢᠰᠬᠠᠯᠲᠤ ᠠᠬᠤᠶ᠋ᠢᠴᠢ ᠦᠵᠡᠯ᠎ᠤᠨ ᠵᠣᠬᠢᠶᠠᠨ ᠪᠦᠲᠦᠭᠡᠬᠦ ᠠᠷᠭ᠎ᠠ᠎ᠶᠢ ᠵᠢᠷᠤᠮᠯᠠᠨ᠂ ᠪᠤᠳᠠᠳᠤ ᠠᠬᠤᠢ᠎ᠳᠤ ᠨᠡᠢᠴᠡᠭᠰᠡᠨ ᠨᠡᠶ᠋ᠢᠲᠡᠯᠢᠭ ᠳᠦᠷᠢ᠎ᠶᠢ ᠱᠤᠭᠤᠵᠦ᠂ ᠬᠤᠪᠢᠰᠬᠠᠯᠲᠤ ᠵᠣᠷᠢᠭ᠋ ᠰᠠᠨᠠᠭ᠎ᠠ᠎ᠶᠢ ᠪᠠᠳᠠᠷᠠᠭᠤᠯᠤᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠤᠭᠴᠠ᠎ᠶᠢᠨ ᠤᠬᠠᠮᠰᠠᠷ᠎ᠢ ᠪᠠᠲᠤ ᠴᠤᠬ᠍ᠴᠠᠯᠠᠬᠤ᠎ᠳᠤ ᠴᠢᠬᠤᠯᠠ ᠲᠣᠯᠢ ᠪᠣᠯᠬᠤ ᠠᠴᠢ ᠬᠣᠯᠪᠣᠭᠳᠠᠯ ᠪᠦᠬᠦᠢ ᠤᠳᠬ᠎ᠠ ᠵᠣᠬᠢᠶᠠᠯ᠎ᠤᠨ ᠲᠤᠷᠰᠢᠯᠭ᠎ᠠ ᠬᠠᠡᠭᠭᠠᠵᠠᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠬᠤ᠎ᠳᠦ ᠴᠢᠬᠤᠯᠠ ᠦᠢᠯᠡᠳᠦᠯ ᠦᠵᠡᠭᠦᠯᠪᠡ

20 ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠤ ᠬᠤᠪᠢᠰᠬᠠᠯᠳᠤ ᠰᠢᠯᠦᠭ᠎ᠤᠨ ᠨᠢᠭᠡᠨ ᠢᠯᠡ ᠲᠣᠳᠣ᠌ ᠣᠨᠴᠠᠯᠢᠭ᠋ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠲᠤᠭᠤᠱᠢᠲᠠᠢ ᠪᠠᠷᠢᠮᠳᠠᠯᠠᠬ᠍ᠰᠠᠨ᠎ᠳᠤ ᠪᠤᠢ᠃ ᠤᠷᠠᠨ ᠵᠤᠬᠢᠶᠠᠯᠴᠢᠳ᠎ᠠᠴᠠ ᠤᠯᠤᠰ ᠲᠦᠷᠦ᠎ᠶᠢᠨ ᠦᠨᠳᠦᠷ ᠵᠣᠭᠰᠣᠯᠲᠠ᠎ᠳᠤ ᠵᠤᠬ᠍ᠰᠤᠵᠦ᠂ ᠨᠠᠮ᠎ᠤᠨ ᠤᠳᠤᠷᠢᠳᠤᠯᠭ᠎ᠠ ᠪᠠ ᠨᠡᠶ᠋ᠢᠭᠡᠮ ᠵᠢᠷᠤᠮ᠎ᠤᠨ ᠵᠠᠮ᠎ᠢ ᠠᠷᠠᠳ ᠲᠦᠮᠡᠨ᠎ᠤ ᠬᠤᠪᠢ ᠵᠠᠶᠠᠭ᠎ᠠ᠎ᠲᠠᠢ ᠨᠢᠭ᠍ᠲᠠ ᠬᠣᠯᠪᠤᠨ᠂ ᠳᠦᠷᠰᠦᠯᠢᠭ ᠰᠢᠨᠵᠢ ᠪᠦᠬᠦᠢ ᠰᠢᠯᠦᠭ᠎ᠤᠨ ᠬᠡᠯᠡ᠎ᠪᠠᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠯᠤᠰ ᠲᠦᠷᠦ᠎ᠶᠢᠨ ᠵᠣᠷᠢᠯᠲᠠ᠎ᠶᠢ ᠠᠷᠠᠳ ᠤᠯᠠᠨ᠎ᠤ ᠣᠢᠯᠭᠠᠵᠦ ᠮᠡᠳᠡᠵᠦ ᠴᠢᠳᠠᠬᠤ ᠤᠶᠤᠨ ᠰᠠᠨᠠᠭᠠᠨ᠎ᠤ ᠵᠦᠭᠯᠡᠭᠦᠷ ᠪᠣᠯᠭᠠᠨ ᠬᠤᠪᠢᠷᠠᠭᠣᠯᠬᠤ ᠪᠡᠷ ᠴᠢᠷᠮᠠᠢᠪᠠ᠃ ᠪ᠊·ᠪᠦᠷᠢᠨᠪᠡᠬᠢ᠎ᠶᠢᠨ 《ᠡᠮᠡᠭᠡᠨ ᠡᠵᠢ᠎ᠶᠢᠨ ᠶᠠᠷᠢᠶ᠎ᠠ》᠎ᠳ᠋ᠤ᠌᠂ ᠵᠤᠬᠢᠶᠠᠬ᠍ᠴᠢ ᠳᠠᠪᠠᠭᠤᠯᠤᠯ᠂ ᠠᠳᠠᠯᠢᠳᠬᠠᠯ᠎ᠤᠨ ᠠᠷᠭ᠎ᠠ᠎ᠶᠢ ᠬᠣᠣᠰᠯᠠᠭᠣᠯᠣᠨ ᠬᠡᠷᠡᠭᠯᠡᠵᠦ᠂ ᠡᠮᠡᠭᠡᠨ ᠡᠵᠢ᠎ᠶᠢᠨ ᠶᠠᠷᠢᠶ᠎ᠠ ᠪᠡᠷ ᠡᠪ ᠬᠠᠮᠲᠤ ᠨᠠᠮ᠎ᠤᠨ ᠬᠠᠯᠠᠭᠤᠨ ᠬᠠᠢᠷ᠎ᠠ᠎ᠳᠤ ᠦᠰᠦᠨ ᠪᠤᠢᠵᠢᠬ᠍ᠰᠠᠨ ᠰᠢᠨ᠎ᠡ ᠴᠠᠭ ᠦᠶ᠎ᠡ᠎ᠶᠢᠨ ᠬᠡᠤᠬᠡᠳ ᠪᠠᠭᠠᠴᠤᠳ᠎ᠤᠨ ᠡᠷᠳᠡᠮ ᠴᠢᠳᠠᠯ ᠲᠠᠢ ᠪᠠᠢᠬᠤ᠎ᠶᠢ 《ᠡᠰᠡᠷᠸ᠎ᠠ ᠲᠩᠷᠢ ᠴᠣᠭᠣᠷᠤᠬᠠᠢ ᠪᠣᠯ ᠨᠦᠬᠦᠵᠦ ᠴᠤ᠌ ᠴᠢᠳᠠᠨ᠎ᠠ》᠂ 《ᠡᠡᠭ ᠳᠡᠯᠡᠬᠡᠢ ᠬᠠᠭᠠᠷᠬᠠᠢ ᠪᠣᠯ ᠣᠶᠣᠵᠦ ᠴᠤ᠌ ᠴᠢᠳᠠᠨ᠎ᠠ》 ᠭᠡᠵᠦ ᠵᠦᠢᠷᠯᠡᠨ ᠰᠢᠯᠦᠭᠯᠡᠵᠡᠢ᠃ ᠰᠢᠯᠦᠭ᠎ᠲᠦ 《ᠰᠤᠷᠭᠠᠬ᠍ᠰᠠᠨ》 ᠭᠡᠬᠦ ᠦᠰᠦᠭ ᠨᠠᠢ᠍ᠮᠠ ᠤᠳᠠᠭ᠎ᠠ ᠢᠯᠡᠷᠡᠵᠦ᠂ ᠠᠪᠤ ᠡᠵᠢ᠎ᠶᠢᠨ ᠰᠤᠷᠭᠠᠬ᠍ᠰᠠᠨ ᠨᠢ ᠡᠳᠦᠷ ᠲᠣᠳᠤᠮ᠎ᠤᠨ ᠠᠳᠠᠯ ᠠᠮᠢᠳᠤᠷᠠᠯ ᠲᠠᠢ ᠬᠠᠮᠢᠶᠠᠲᠠᠢ ᠵᠦᠢᠯ ᠪᠠᠢᠵᠦ᠂ ᠠᠯᠲᠠ ᠲᠤᠩᠭᠠᠬᠤ᠂ ᠪᠠᠭᠠᠵᠢ ᠦᠢᠯᠡᠳᠬᠦ᠂ ᠮᠠᠰᠢᠨ ᠵᠢᠯᠤᠭᠤᠳᠬᠤ᠂ ᠴᠠᠬᠢᠯᠭᠠᠨ ᠭᠠᠷᠭᠠᠬᠤ ᠵᠡᠷᠬᠡ ᠨᠡᠢᠭᠡᠮ ᠵᠢᠷᠦᠮ᠎ᠦᠨ ᠪᠦᠲᠦᠭᠡᠨ ᠪᠠᠢᠭᠤᠯᠤᠯᠲᠠ᠎ᠳᠤ ᠤᠷᠤᠯᠴᠠᠬ᠍ᠰᠠᠨ ᠦᠢᠯᠡᠰ᠎ᠢ 《ᠨᠠᠮ ᠮᠢᠨᠢ ᠰᠤᠷᠭᠠᠬ᠍ᠰᠠᠨ》 ᠭᠡᠵᠦ᠂ ᠨᠠᠮ᠎ᠤᠨ ᠠᠴᠢ ᠭᠠᠪᠢᠶ᠎ᠠ᠎ᠶᠢ ᠦᠨᠡᠯᠡᠨ ᠮᠠᠭᠲᠠᠪᠠ᠃ ᠡᠨᠡ ᠬᠦ᠌ ᠡᠪ ᠬᠠᠮᠲᠤ ᠨᠠᠮ᠎ᠤᠨ ᠠᠴᠢ ᠭᠠᠪᠢᠶ᠎ᠠ᠎ᠶᠢ ᠮᠠᠭᠲᠠᠨ ᠳᠠᠭᠤᠯᠠᠬ᠍ᠰᠠᠨ ᠳᠠᠭᠤᠨ ᠬᠣᠭᠣᠯᠠᠢ ᠨᠢ ᠨᠠᠮ᠎ᠤᠨ ᠤᠳᠤᠷᠢᠳᠤᠯᠭ᠎ᠠ᠎ᠶᠢ ᠴᠢᠩᠭᠠᠳᠬᠠᠵᠦ᠂ ᠠᠷᠠᠳ ᠲᠦᠮᠡᠨ᠎ᠤ ᠣᠶᠣᠨ ᠣᠬᠠᠭᠠᠨ᠎ᠤ ᠬᠢᠨ ᠵᠦᠭᠯᠡᠭᠦᠷ ᠪᠣᠯᠵᠦ᠂ ᠠᠷᠠᠳ ᠣᠯᠠᠨ᠎ᠢ ᠳᠠᠢᠴᠢᠯᠠᠨ ᠨᠡᠢᠭᠡᠮ ᠵᠢᠷᠦᠮ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠭᠡᠬᠦ᠎ᠳᠦ ᠴᠢᠬᠤᠯᠠ ᠦᠢᠯᠡᠳᠦᠯ ᠦᠵᠡᠭᠦᠯᠦᠭᠰᠡᠨ ᠶᠤᠮ᠃

ᠤᠮᠠᠷᠠᠲᠤ᠎ᠶᠢᠨ ᠤᠯᠠᠨ ᠦᠨᠳᠦᠰᠦᠲᠡᠨ᠎ᠦ ᠪᠦᠯᠬᠦᠮᠳᠡᠯ᠎ᠢ ᠨᠢᠬ᠍ᠲᠠᠷᠠᠭᠣᠯᠪᠠ

ᠦᠪᠦᠷ ᠮᠣᠩᠭᠣᠯ ᠨᠢ ᠭᠤᠷᠪᠠᠨ ᠮᠢᠩᠭᠠᠨ ᠦᠨᠦᠴᠢᠨ ᠬᠡᠤᠬᠡᠳ᠎ᠢ ᠥᠷᠡᠴᠢᠯᠡᠨ ᠲᠡᠵᠢᠭᠡᠭᠰᠡᠨ ᠢᠷᠠᠭᠤ ᠰᠠᠢᠬᠠᠨ ᠦᠯᠢᠭᠡᠷ ᠲᠡᠤᠬᠡ ᠲᠠᠢ ᠪᠠᠢᠵᠤ᠂ ᠳᠤᠮᠳᠠᠳᠤ ᠤᠯᠤᠰ᠎ᠤᠨ ᠤᠮᠠᠷᠠᠲᠤ᠎ᠶᠢᠨ ᠴᠢᠬᠤᠯᠠ ᠠᠮᠢ ᠠᠬᠤᠢ᠎ᠶᠢᠨ ᠠᠮᠤᠷ ᠲᠦᠪᠰᠢᠨ᠎ᠦ ᠬᠠᠯᠬᠠᠪᠴᠢ ᠪᠤᠯᠤᠨ᠎ᠠ᠃ ᠦᠪᠡᠷᠲᠡᠬᠡᠨ ᠵᠠᠰᠠᠬᠤ ᠤᠷᠤᠨ ᠪᠠᠢᠭᠤᠯᠤᠬ᠍ᠳᠠᠬ᠍ᠰᠠᠨ᠎ᠠᠴᠠ ᠨᠠᠭᠠᠰᠢ ᠦᠨᠳᠦᠰᠦᠲᠡᠨ᠎ᠦ ᠪᠦᠯᠬᠦᠮᠳᠡᠯ᠎ᠢ ᠠᠬᠢᠭᠤᠯᠬᠤ ᠲᠠᠯ᠎ᠠ ᠪᠡᠷ ᠰᠢᠯᠢᠳᠡᠭ ᠰᠠᠢᠬᠠᠨ ᠤᠯᠠᠮᠵᠢᠯᠠᠯ ᠲᠠᠢ ᠶᠤᠮ᠃ 20 ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠤ ᠬᠤᠪᠢᠰᠬᠠᠯᠲᠤ ᠰᠢᠯᠦᠭᠴᠢᠳ ᠤᠮᠠᠷᠠᠳᠤ᠎ᠶᠢᠨ ᠤᠯᠠᠨ ᠦᠨᠳᠦᠰᠦᠲᠡᠨ᠎ᠦ ᠪᠦᠯᠬᠦᠮᠳᠡᠯ ᠨᠢᠭ᠍ᠲᠠᠷᠠᠯ᠎ᠢ ᠮᠠᠭᠲᠠᠨ ᠳᠠᠭᠤᠯᠠᠬ᠍ᠰᠠᠨ ᠠᠭᠤᠯᠭ᠎ᠠ ᠪᠦᠬᠦᠢ ᠰᠢᠯᠦᠭ ᠲᠤᠭᠤᠷᠪᠢᠯ ᠤᠯᠠᠨ ᠲᠤᠭᠤᠷᠪᠢᠵᠠᠢ᠃ ᠪ᠊· ᠪᠦᠷᠢᠨᠪᠡᠬᠢ᠎ᠶᠢᠨ 《ᠨᠦᠬᠦᠷᠯᠡᠯ᠎ᠦᠨ ᠴᠡᠴᠡᠭ》᠂ 《ᠠᠯᠮᠤᠷᠠᠳ᠎ᠤᠨ ᠮᠤᠳᠤ》᠂ 《ᠠᠯᠢᠮ᠎ᠠ》᠂ 《ᠠᠮᠢᠯᠠᠯ᠎ᠤᠨ ᠪᠡᠯᠭᠡᠳᠦ ᠴᠡᠴᠡᠭ》᠂ 《ᠪᠦᠯᠬᠦᠮᠳᠡᠯ》 ᠵᠡᠷᠭᠡ ᠰᠢᠯᠦᠭ᠎ᠲᠦ ᠮᠤᠩᠭᠤᠯ ᠬᠢᠲᠠᠳ ᠦᠨᠳᠦᠰᠦᠲᠡᠨ᠂ ᠴᠢᠨᠠᠭᠰᠢᠯᠠᠪᠠᠯ ᠤᠮᠠᠷᠠᠲᠤ᠎ᠶᠢᠨ ᠤᠯᠠᠨ ᠦᠨᠳᠦᠰᠦᠲᠡᠨ᠎ᠦ ᠪᠦᠯᠬᠦᠮᠳᠡᠯ᠎ᠢ ᠬᠠᠷᠠᠭᠤᠯᠤᠬ᠍ᠰᠠᠨ ᠬᠤᠪᠢᠰᠬᠠᠯᠲᠤ ᠠᠭᠤᠯᠭ᠎ᠠ ᠦᠯᠡᠮᠵᠢᠬᠡᠨ ᠢᠯᠡᠷᠡᠪᠡ᠃ 《ᠠᠮᠢᠯᠠᠯ᠎ᠤᠨ ᠪᠡᠯᠭᠡᠳᠦ ᠴᠡᠴᠡᠭ》᠎ᠦ᠋ᠨ 《ᠭᠠᠭᠴᠠ ᠮᠣᠳᠤ ᠭᠠᠯ ᠪᠣᠯᠬᠤ ᠦᠭᠡᠢ᠂ ᠭᠠᠭᠴᠠ ᠬᠦᠮᠦᠨ ᠠᠢᠯ ᠪᠣᠯᠬᠤ ᠦᠭᠡᠢ》 ᠭᠡᠬᠦ ᠬᠡᠰᠡᠭ᠎ᠲᠦ ᠬᠢᠲᠠᠳ ᠮᠤᠩᠭᠤᠯ ᠬᠤᠶᠠᠷ ᠦᠨᠳᠦᠰᠦᠲᠡᠨ᠎ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ᠂ ᠬᠠᠮᠲᠤᠷᠠᠯᠴᠠᠨ ᠬᠠᠪᠰᠤᠷᠤᠯᠴᠠᠬ᠍ᠰᠠᠨ ᠪᠣᠳᠠᠳᠤ ᠪᠠᠢᠳᠠᠯ᠎ᠢ ᠳᠡᠯᠭᠡᠨ ᠰᠢᠯᠦᠭᠯᠡᠵᠡᠢ᠃ ᠦᠨᠳᠦᠰᠦᠲᠡᠨ᠎ᠦ ᠬᠤᠭᠤᠷᠤᠨᠳᠤᠬᠢ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠪᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠦᠢᠯᠡᠳᠦᠯᠭᠡ᠎ᠶᠢᠨ ᠠᠷᠭ᠎ᠠ ᠵᠠᠮ ᠮᠥᠨ᠃ ᠰᠢᠯᠦᠭ᠎ᠲᠤ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠠᠵᠢᠯ ᠲᠥᠷᠥᠯ᠎ᠤᠨ ᠬᠢᠲᠠᠳ ᠦᠨᠳᠦᠰᠦᠲᠡᠨ᠎ᠤ ᠠᠬ᠎ᠠ ᠳᠡᠭᠦᠦ ᠨᠡᠷ ᠲᠠᠯ᠎ᠠ ᠨᠤᠲᠤᠭ᠎ᠲᠤ ᠢᠷᠡᠵᠦ᠂ ᠮᠣᠩᠭᠣᠯ ᠦᠨᠳᠦᠰᠦᠲᠡᠨ᠎ᠤ ᠣᠯᠠᠨ ᠲᠦᠮᠡᠨ᠎ᠲᠠᠢ ᠦᠢᠯᠡᠳᠪᠦᠷᠢᠯᠡᠯ ᠠᠮᠢᠳᠤᠷᠠᠯ᠎ᠤᠨ ᠳᠤᠮᠳᠠ ᠬᠠᠷᠢᠯᠴᠠᠨ ᠬᠠᠪᠰᠤᠷᠤᠯᠴᠠᠵᠤ᠂ ᠡᠯ᠎ᠡ ᠦᠨᠳᠦᠰᠦᠲᠡᠨ᠎ᠤ 《ᠬᠠᠮᠲᠤ᠎ᠪᠠᠷ ᠰᠠᠭᠤᠷᠢᠰᠢᠵᠤ᠂ ᠬᠠᠮᠲᠤ᠎ᠪᠠᠷ ᠰᠤᠷᠤᠯᠴᠠᠵᠤ᠂ ᠬᠠᠮᠲᠤ᠎ᠪᠠᠷ ᠠᠵᠢᠯᠯᠠᠵᠤ᠂ ᠬᠠᠮᠲᠤ᠎ᠪᠠᠷ ᠵᠢᠷᠭᠠᠬᠤ》 ᠠᠮᠢᠳᠤᠯᠢᠭ᠋ ᠵᠢᠷᠤᠭᠯᠠᠯ᠎ᠢ ᠪᠣᠢ ᠪᠣᠯᠭᠠᠪᠠ᠃ ᠡᠢᠮᠦᠷᠬᠦᠦ ᠶᠠᠪᠤᠯᠴᠠᠭ᠎ᠠ᠎ᠨᠢ ᠭᠠᠵᠠᠷ ᠤᠷᠤᠨ᠎ᠤ ᠤᠷᠤᠨ ᠵᠠᠢ᠎ᠶᠢ ᠪᠠᠭᠠᠰᠬᠠᠵᠦ᠂ ᠬᠠᠶ᠋ᠢᠷ᠎ᠠ ᠰᠡᠳᠬᠢᠯᠭᠡ᠎ᠶᠢᠨ ᠬᠠᠮᠲᠤ᠎ᠶᠢᠨ ᠲᠠᠨᠢᠯᠲᠠ ᠪᠣᠯᠤᠨ ᠦᠢᠯᠡᠳᠦᠯᠭᠡ᠎ᠶᠢᠨ ᠬᠤᠷᠰᠢᠯᠴᠠᠭ᠎ᠠ᠎ᠶᠢ ᠠᠬᠢᠭᠤᠯᠵᠠᠢ᠃ ᠲᠠᠷᠢᠶᠠᠯᠠᠬᠤ᠂ ᠨᠡᠬᠡᠬᠦ᠂ ᠲᠡᠷᠭᠡ ᠵᠢᠯᠣᠭᠣᠳᠬᠤ ᠵᠡᠷᠭᠡ ᠦᠢᠯᠡᠳᠪᠦᠷᠢᠯᠡᠯ᠎ᠤᠨ ᠤᠷ᠎ᠠ ᠴᠢᠳᠠᠪᠤᠷᠢ᠎ᠶᠢᠨ ᠤᠯᠠᠮᠵᠢᠯᠠᠯ ᠪᠠ ᠬᠥᠳᠡᠭᠡ ᠪᠠᠭᠤᠵᠤ ᠬᠠᠪᠰᠤᠷᠤᠨ ᠲᠡᠳᠬᠦᠬᠦ᠂ ᠬᠦᠴᠢᠷ ᠪᠡᠷᠬᠡᠰᠢᠶᠡᠯ᠎ᠢ ᠬᠠᠮᠲᠤ᠎ᠪᠠᠷ ᠲᠤᠭᠤᠯᠬᠤ ᠠᠵᠢᠯᠯᠠᠭ᠎ᠠ ᠨᠢ ᠮᠣᠩᠭᠣᠯ ᠬᠢᠲᠠᠳ ᠦᠨᠳᠦᠰᠦᠲᠡᠨ ᠦ᠌ ᠬᠤᠭᠤᠷᠤᠨᠳᠤᠬᠢ ᠬᠠᠪᠰᠤᠷᠤᠯᠴᠠᠭ᠎ᠠ᠎ᠵᠢ ᠰᠢᠭᠤᠳ ᠳᠤᠰᠬᠠᠵᠦ ᠂ ᠳᠤᠮᠳᠠᠳᠤ᠎ᠶᠢᠨ ᠦᠨᠳᠦᠰᠦᠲᠡᠨ᠎ᠤ 《ᠨᠢᠭᠡ᠎ᠨᠢ ᠬᠦᠴᠢᠷᠳᠡᠪᠡᠯ ᠨᠡᠶ᠋ᠢᠲᠡ᠎ᠪᠠᠷ᠎ᠢᠶᠠᠨ ᠳᠡᠮᠵᠢᠬᠦ》 ᠬᠠᠮᠲᠤ᠎ᠶᠢᠨ ᠴᠣᠭᠴᠠ᠎ᠶᠢᠨ ᠵᠣᠷᠢᠭ᠋ ᠰᠠᠨᠠᠭ᠎ᠠ ᠲᠠᠢ ᠨᠡᠢᠴᠡᠭᠰᠡᠨ ᠪᠠᠢᠨ᠎ᠠ᠃ ᠦᠨᠳᠦᠰᠦᠲᠡᠨ᠎ᠨᠦᠭᠦᠳ᠎ᠤᠨ ᠤᠷᠳᠤ ᠬᠤᠭᠤᠴᠠᠭ᠎ᠠ᠎ᠪᠠᠷ ᠬᠠᠷᠢᠯᠴᠠᠨ ᠬᠠᠪᠰᠤᠷᠤᠯᠴᠠᠬᠤ ᠳᠤᠮᠳᠠ ᠪᠦᠷᠢᠯᠳᠦᠭᠰᠡᠨ ᠬᠤᠪᠢ ᠵᠠᠶᠠᠭ᠎ᠠ᠎ᠪᠠᠨ ᠬᠠᠮᠲᠤᠳᠬᠠᠬᠤ᠂ ᠵᠢᠷᠭᠠᠯ ᠵᠣᠪᠠᠯᠠᠩ᠎ᠢᠶᠠᠨ ᠬᠠᠮᠲᠤᠳᠬᠠᠬᠤ ᠨᠢᠭ᠍ᠲᠠ ᠬᠠᠷᠢᠯᠴᠠᠭ᠎ᠠ ᠪᠣᠯ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠴᠢᠬᠤᠯᠠ ᠤᠶᠤᠨ ᠰᠠᠨᠠᠭᠠᠨ᠎ᠤ ᠬᠣᠯᠪᠣᠭᠠᠰᠤ ᠮᠥᠨ᠃

ᠨᠡᠢᠭᠡᠮ ᠵᠢᠷᠦᠮᠲᠤ ᠪᠦᠲᠦᠭᠡᠨ ᠪᠠᠢᠭᠤᠯᠤᠯᠲᠠ᠎ᠶᠢ ᠠᠬᠢᠭᠤᠯᠪᠠ

20 ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠳᠤ ᠥᠪᠥᠷ ᠮᠤᠩᠭᠤᠯ᠎ᠤᠨ ᠠᠵᠤ ᠠᠬᠤᠢ᠂ ᠨᠡᠶ᠋ᠢᠭᠡᠮ ᠰᠤᠶᠤᠯ᠎ᠤᠨ ᠬᠦᠷᠢᠶᠡᠨ᠎ᠳᠤ ᠴᠥᠮ ᠲᠡᠦᠬᠡᠲᠦ ᠴᠢᠨᠠᠷᠲᠠᠢ ᠬᠤᠪᠢᠷᠠᠯᠲᠠ ᠭᠠᠷᠴᠠᠢ᠃ ᠨᠠᠮ᠎ᠤᠨ ᠲᠥᠪ ᠬᠣᠷᠢᠶᠠᠨ᠎ᠤ ᠬᠠᠯᠠᠮᠵᠢᠯᠠᠯ ᠪᠠ ᠬᠠᠪᠰᠤᠷᠤᠯᠭ᠎ᠠ ᠳᠣᠣᠷ᠎ᠠ ᠥᠪᠥᠷ ᠮᠣᠩᠭᠣᠯ᠎ᠤᠨ ᠠᠷᠠᠳ ᠲᠦᠮᠡᠨ ᠨᠡᠶ᠋ᠢᠭᠡᠮ ᠵᠢᠷᠤᠮ᠎ᠤᠨ ᠣᠳᠣᠬᠢᠴᠢᠯᠠᠯᠲᠠ᠎ᠶᠢᠨ ᠪᠦᠳᠦᠭᠡᠨ ᠪᠠᠶ᠋ᠢᠭᠤᠯᠤᠯᠲᠠ᠎ᠶᠢᠨ ᠠᠤᠭ᠎ᠠ ᠬᠠᠭᠤᠳᠠᠰᠤ᠎ᠶᠢ ᠨᠡᠭᠡᠭᠡᠵᠦ᠂ ᠦᠨᠦᠳᠦᠷ᠎ᠦᠨ ᠡᠭᠡ ᠤᠯᠤᠰ᠎ᠤᠨ ᠤᠮᠠᠷᠠᠲᠤ᠎ᠶᠢᠨ ᠦᠵᠡᠰᠬᠦᠯᠡᠩᠲᠦ ᠰᠠᠶ᠋ᠢᠬᠠᠨ ᠦᠵᠡᠮᠵᠢ᠎ᠶᠢᠨ ᠣᠷᠣᠨ ᠪᠣᠯᠬᠤ᠎ᠳᠤ ᠭᠡᠷᠡᠯ ᠰᠠᠴᠤᠷᠠᠩᠭᠤᠢ ᠬᠠᠭᠤᠳᠠᠰᠤ᠎ᠶᠢ ᠪᠢᠴᠢᠭᠯᠡᠵᠡᠢ᠃ ᠬᠤᠪᠢᠰᠬᠠᠯᠲᠤ ᠤᠷᠠᠨ ᠵᠤᠬᠢᠶᠠᠯ᠎ᠳᠦ ᠡᠭᠦᠨ᠎ᠢ ᠬᠠᠷᠠᠭᠤᠯᠤᠬ᠍ᠰᠠᠨ ᠠᠭᠤᠯᠭ᠎ᠠ ᠪᠦᠬᠦᠢ ᠰᠢᠯᠦᠭ ᠲᠤᠭᠤᠷᠪᠢᠯ ᠨᠡᠯᠢᠶᠡᠳ ᠤᠯᠠᠨ ᠠᠵᠢᠬ᠍ᠯᠠᠬ᠍ᠳᠠᠨ᠎ᠠ᠃ ᠨᠠ᠊·ᠰᠠᠶ᠋ᠢᠨᠴᠣᠭᠲᠤ᠎ᠶᠢᠨ 《ᠪᠠᠶᠠᠷ᠎ᠤᠨ ᠳᠠᠭᠤᠯᠠᠯ》᠎ᠤ᠋ᠨ ᠭᠤᠷᠪᠠᠳᠤᠭᠠᠷ ᠪᠦᠯᠦᠭ᠎ᠲᠤ ᠤᠯᠤᠰ ᠪᠠᠶ᠋ᠢᠭᠤᠯᠤᠭᠳᠠᠭᠰᠠᠨ᠎ᠤ ᠳᠠᠷᠠᠭᠠᠬᠢ ᠠᠷᠪᠠᠨ ᠵᠢᠯ᠎ᠤᠨ ᠬᠤᠭᠤᠴᠠᠭᠠᠨ᠎ᠳᠠᠬᠢ ᠥᠪᠥᠷ ᠮᠣᠩᠭᠣᠯ᠎ᠤᠨ ᠠᠵᠤ ᠦᠢᠯᠡᠳᠪᠦᠷᠢ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠤᠰᠤᠨ ᠠᠰᠢᠭ᠍ᠯᠠᠯᠲᠠ᠎ᠶᠢ ᠥᠷᠭᠡᠳᠬᠡᠨ ᠪᠠᠶ᠋ᠢᠭᠤᠯᠬᠤ ᠵᠡᠷᠭᠡ ᠣᠯᠠᠨ ᠬᠦᠷᠢᠶ᠎ᠡ ᠴᠠᠷᠠᠭᠠᠨ᠎ᠳᠤ ᠣᠯᠤᠭᠰᠠᠨ ᠠᠮᠵᠢᠯᠲᠠ ᠪᠦᠲᠦᠮᠵᠢ᠎ᠶᠢ ᠢᠯᠡ ᠲᠣᠳᠣ᠌ ᠴᠠᠭ ᠦᠶ᠎ᠡ᠎ᠶᠢᠨ ᠪᠢᠴᠢᠯᠭᠡ᠎ᠪᠠᠷ ᠵᠢᠷᠤᠬ᠍ᠯᠠᠬ᠍ᠰᠠᠨ ᠨᠢ ᠬᠢᠯᠢ ᠬᠢᠵᠠᠭᠠᠷ ᠦᠨᠳᠦᠰᠦᠲᠡᠨ᠎ᠤ ᠣᠷᠣᠨ᠎ᠤ ᠤᠯᠠᠮᠵᠢᠯᠠᠯ᠎ᠠᠴᠠ ᠣᠳᠣ᠌ ᠦᠶ᠎ᠡ᠎ᠶᠢᠨ ᠬᠡᠯᠪᠡᠷᠢ ᠲᠡᠶ᠋ᠢᠰᠢ ᠬᠤᠪᠢᠷᠠᠵᠤ ᠪᠠᠶ᠋ᠢᠭ᠎ᠠ ᠬᠥᠭᠵᠢᠯᠲᠡ᠎ᠶᠢᠨ ᠪᠠᠶ᠋ᠢᠳᠠᠯ᠎ᠢ ᠬᠠᠷᠠᠭᠤᠯᠪᠠ᠃ ᠪᠠᠰᠠ ᠮᠣᠩᠭᠣᠯ ᠦᠨᠳᠦᠰᠦᠳᠡᠨ᠎ᠤ ᠠᠷᠠᠳ ᠲᠦᠮᠡᠨ᠎ᠤ ᠮᠣᠲ᠋ᠣᠷᠴᠢᠨ᠂ ᠨᠢᠰᠬᠡᠯ᠎ᠤᠨ ᠵᠢᠯᠣᠭᠣᠴᠢ ᠵᠡᠷᠭᠡ ᠠᠳᠠᠯᠢ ᠪᠤᠰᠤ᠎ᠶᠢᠨ ᠠᠵᠢᠯ ᠤ᠋ᠨ ᠪᠠᠢᠷᠢ ᠳ᠋ᠦ᠍ ᠭᠠᠪᠰᠢᠭᠠᠢᠯᠠᠨ ᠠᠵᠢᠯᠯᠠᠬ᠍ᠰᠠᠨ᠎ᠢ ᠵᠢᠷᠤᠬ᠍ᠯᠠᠬ᠍ᠰᠠᠨ ᠨᠢ ᠤᠯᠠᠮᠵᠢᠯᠠᠯᠲᠤ ᠤᠳᠬ᠎ᠠ ᠵᠤᠬᠢᠶᠠᠯ᠎ᠳᠤ ᠢᠯᠡᠷᠡᠭᠰᠡᠨ ᠳᠦᠷᠢ᠎ᠡᠴᠡ ᠢᠯᠭᠠᠬ᠍ᠳᠠᠬᠤ ᠰᠢᠨ᠎ᠡ ᠳᠦᠷᠢ ᠨᠤᠭᠦᠳ ᠪᠤᠯᠤᠭᠰᠠᠨ ᠶᠤᠮ᠃ ᠡᠳᠡᠭᠡᠷ᠎ᠨᠢ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ ᠭᠠᠷ ᠬᠣᠯᠪᠣᠯᠴᠠᠨ ᠨᠡᠶ᠋ᠢᠭᠡᠮ ᠵᠢᠷᠤᠮ᠎ᠢ ᠬᠠᠮᠲᠤ᠎ᠪᠠᠷ ᠪᠦᠳᠦᠭᠡᠨ ᠪᠠᠶ᠋ᠢᠭᠤᠯᠤᠭᠰᠠᠨ ᠪᠣᠳᠠᠲᠤ ᠪᠢᠴᠢᠯᠭᠡ ᠪᠣᠯᠬᠤ᠎ᠪᠠᠷ ᠪᠠᠷᠠᠬᠤ ᠦᠭᠡᠢ ᠨᠡᠩ ᠴᠤ᠌ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ᠎ᠶᠢᠨ ᠬᠥᠭᠵᠢᠯᠲᠡ᠎ᠶᠢᠨ ᠬᠠᠭᠤᠳᠠᠰᠤ᠎ᠶᠢᠨ ᠦᠨᠳᠦᠰᠦᠲᠡᠨ᠎ᠤ ᠭᠠᠵᠠᠷ ᠣᠷᠣᠨ᠎ᠳᠠᠬᠢ ᠠᠮᠢᠳᠤᠯᠢᠭ᠋ ᠳᠡᠯᠭᠡᠯᠲᠡ ᠪᠣᠯᠬᠤ ᠶᠤᠮ᠃ ᠡᠨᠡ ᠬᠦ᠌ ᠰᠢᠯᠦᠭᠯᠡᠯ ᠨᠢ ᠨᠡᠶ᠋ᠢᠭᠡᠮ ᠵᠢᠷᠤᠮ᠎ᠤᠨ ᠪᠦᠳᠦᠭᠡᠨ ᠪᠠᠶ᠋ᠢᠭᠤᠯᠤᠯᠲᠠ᠎ᠶᠢᠨ ᠦᠢᠯᠡᠰ᠎ᠤᠨ ᠬᠢᠯᠢ ᠬᠢᠵᠠᠭᠠᠷ᠎ᠤᠨ ᠦᠨᠳᠦᠰᠦᠲᠡᠨ᠎ᠤ ᠭᠠᠵᠠᠷ ᠣᠷᠣᠨ᠎ᠳᠤ ᠲᠣᠭᠲᠠᠭᠤᠨ᠎ᠢᠶᠠᠷ ᠤᠷᠤᠭᠰᠢᠯᠠᠬᠤ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠤ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ᠎ᠳᠤ ᠪᠠᠲᠤ ᠪᠡᠬᠢ ᠬᠥᠭᠵᠢᠯᠲᠡ᠎ᠶᠢᠨ ᠰᠠᠭᠤᠷᠢ ᠪᠠ ᠬᠠᠶ᠋ᠢᠷ᠎ᠠ ᠰᠡᠳᠬᠢᠯᠭᠡ᠎ᠶᠢᠨ ᠬᠣᠯᠪᠣᠭᠠᠰᠤ᠎ᠶᠢ ᠴᠣᠭᠴᠠᠯᠠᠵᠠᠢ᠃

ᠲᠡᠤᠬᠡᠳᠦ ᠴᠢᠨᠠᠷᠲᠠᠢ ᠨᠡᠢᠲᠡ᠎ᠶᠢᠨ ᠴᠡᠭᠡᠵᠢᠯᠡᠭᠦᠢ᠎ᠶᠢ ᠭᠦᠨᠵᠡᠭᠡᠢᠷᠡᠭᠦᠯᠪᠡ

ᠲᠡᠤᠬᠡᠳᠦ ᠴᠢᠨᠠᠷᠲᠠᠢ ᠨᠡᠢᠲᠡ᠎ᠶᠢᠨ ᠴᠡᠭᠡᠵᠢᠯᠡᠬᠦᠢ ᠪᠣᠯ ᠦᠨᠳᠦᠰᠦᠲᠡᠨ᠎ᠤ ᠲᠠᠨᠢᠨ ᠮᠡᠳᠡᠷᠡᠬᠦᠢ᠎ᠶᠢᠨ ᠴᠢᠬᠤᠯᠠ ᠰᠠᠭᠤᠷᠢ ᠮᠥᠨ᠃ 20᠎ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠤ ᠥᠪᠥᠷ ᠮᠣᠩᠭᠣᠯ᠎ᠤᠨ ᠬᠤᠪᠢᠰᠬᠠᠯᠲᠤ ᠰᠢᠯᠦᠭ ᠨᠢ ᠤᠯᠤᠰ᠎ᠤᠨ ᠪᠠᠶᠠᠷ᠂ ᠲᠠᠪᠤᠨ ᠰᠠᠷ᠎ᠠ᠎ᠶᠢᠨ ᠨᠢᠭᠡᠨ᠎ᠤ ᠬᠦᠳᠡᠯᠮᠦᠷᠢᠴᠢᠳ᠎ᠤᠨ ᠪᠠᠶᠠᠷ᠂ ᠶᠠᠫᠣᠨ᠎ᠢ ᠡᠰᠡᠷᠭᠦᠴᠡᠭᠰᠡᠨ ᠳᠠᠶ᠋ᠢᠨ᠎ᠤ ᠢᠯᠠᠯᠲᠠ᠎ᠶᠢᠨ ᠳᠤᠷᠠᠰᠬᠠᠯ᠎ᠤᠨ ᠡᠳᠦᠷ ᠵᠡᠷᠭᠡ ᠳᠤᠷᠠᠰᠬᠠᠯᠲᠤ ᠴᠠᠭ ᠮᠦᠴᠡ ᠪᠠ ᠦᠨᠳᠦᠰᠦᠲᠡᠨ᠎ᠦ ᠲᠡᠮᠡᠴᠡᠯ᠎ᠦᠨ ᠦᠩᠭᠡᠷᠡᠯᠲᠡ ᠪᠡᠷ ᠭᠣᠣᠯ ᠰᠡᠳᠦᠪᠯᠡᠭᠦᠨ᠎ᠢᠶᠡᠨ ᠪᠣᠯᠭᠠᠵᠦ᠂ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠮᠲᠤ᠎ᠶᠢᠨ ᠲᠡᠦᠬᠡ᠎ᠶᠢᠨ ᠴᠡᠭᠡᠵᠢᠯᠡᠬᠦᠢ᠎ᠶᠢ ᠭᠦᠨᠵᠡᠭᠡᠢᠷᠡᠭᠦᠯᠬᠦ ᠪᠡᠷ ᠤᠷᠤᠯᠳᠤᠵᠠᠢ᠃ 《ᠠᠮᠢᠯᠠᠯ᠎ᠤᠨ ᠪᠡᠯᠭᠡᠳᠦ ᠴᠡᠴᠡᠭ》 ᠪᠣᠯ ᠪ᠊· ᠪᠦᠷᠢᠨᠪᠡᠬᠢ᠎ᠶᠢᠨ ᠤᠯᠤᠰ ᠪᠠᠢᠭᠤᠯᠤᠬ᠍ᠳᠠᠬ᠍ᠰᠠᠨ ᠠᠷᠪᠠᠨ ᠵᠢᠯ᠎ᠦᠨ ᠣᠢ᠎ᠳᠤ ᠵᠣᠷᠢᠭᠤᠯᠤᠨ ᠪᠢᠴᠢᠭᠰᠡᠨ ᠤᠯᠤᠰ ᠲᠦᠷᠥ᠎ᠶᠢᠨ ᠤᠶᠠᠩᠭ᠎ᠠ᠎ᠶᠢᠨ ᠰᠢᠯᠦᠭ ᠪᠤᠯᠤᠨ᠎ᠠ᠃ ᠲᠤᠰ ᠰᠢᠯᠦᠭ ᠳᠤᠯᠤᠭᠠᠨ ᠵᠠᠭᠤ ᠭᠠᠷᠤᠢ ᠮᠦᠷ᠎ᠦᠨ ᠠᠭᠤᠯᠭ᠎ᠠ ᠪᠡᠷ ᠬᠣᠷᠢ ᠳ᠋ᠤᠭᠠᠷ ᠵᠠᠭᠤᠨ᠎ᠤ ᠲᠠᠪᠢ ᠵᠢᠷᠠᠭᠠᠳ ᠣᠨ᠎ᠤ ᠦᠶ᠎ᠡ᠎ᠶᠢᠨ ᠳᠤᠮᠳᠠᠳᠤ ᠤᠯᠤᠰ᠎ᠤᠨ ᠠᠵᠤ ᠠᠬᠤᠢ᠂ ᠰᠤᠶᠣᠯ ᠰᠤᠷᠭᠠᠨ ᠬᠦᠮᠦᠵᠢᠯ᠎ᠦᠨ ᠬᠦᠷᠢᠶ᠎ᠡ ᠴᠠᠷᠠᠭᠠᠨ᠎ᠳᠦ ᠡᠭᠦᠰᠦᠭᠰᠡᠨ ᠬᠤᠪᠢᠷᠠᠯᠲᠠ ᠬᠦᠭᠵᠢᠯᠲᠡ᠎ᠶᠢᠨ ᠪᠠᠢᠳᠠᠯ᠎ᠢ ᠰᠢᠯᠦᠭᠯᠡᠵᠦ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠴᠢ ᠭᠠᠪᠢᠶ᠎ᠠ᠎ᠶᠢ ᠮᠠᠭᠲᠠᠨ ᠳᠠᠭᠤᠯᠠᠵᠠᠢ᠃ ᠡᠨᠡ ᠨᠢ ᠣᠩᠰᠢᠭ᠍ᠴᠢᠳ᠎ᠤᠨ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠪᠠᠢᠭᠤᠯᠤᠬ᠍ᠳᠠᠬ᠍ᠰᠠᠨ ᠡᠨᠡ ᠬᠦ᠌ ᠠᠭᠤᠤ ᠶᠡᠬᠡ ᠲᠡᠤᠬᠡᠨ ᠴᠠᠭ ᠮᠦᠴᠡ᠎ᠶᠢᠨ ᠲᠣᠬᠠᠢ ᠭᠦᠨ ᠰᠠᠭᠤᠬ᠍ᠳᠠᠯ᠎ᠢ ᠪᠠᠲᠤᠳᠬᠠᠵᠦ ᠴᠢᠳᠠᠬᠤ ᠪᠡᠷ ᠪᠠᠷᠠᠬᠤ ᠦᠭᠡᠢ ᠪᠠᠰᠠ ᠤᠯᠤᠰ᠎ᠤᠨ ᠲᠣᠰᠬᠠᠷ ᠲᠣᠭᠲᠠᠨᠢᠯ᠂ ᠦᠨᠳᠦᠰᠦᠲᠡᠨ᠎ᠦ ᠴᠢᠯᠦᠭᠡᠯᠡᠯᠲᠡ᠂ ᠤᠯᠤᠰ ᠭᠡᠷ᠎ᠦᠨ ᠲᠤᠬᠠᠢ ᠬᠠᠢᠷ᠎ᠠ ᠰᠡᠳᠭᠢᠯᠭᠡ᠎ᠶᠢ ᠬᠦᠭᠵᠢᠭᠡᠵᠦ᠂ ᠲᠡᠳᠡᠨᠦᠰ᠎ᠦᠨ ᠤᠯᠤᠰ᠎ᠢᠶᠠᠨ ᠬᠠᠢᠷᠠᠯᠠᠬᠤ ᠵᠤᠷᠢᠭ᠋ ᠰᠠᠨᠠᠭ᠎ᠠ᠎ᠶᠢ ᠪᠠᠳᠠᠷᠠᠭᠤᠯᠤᠨ᠂ ᠡᠷᠡᠯᠬᠡᠭᠯᠡᠨ ᠤᠷᠤᠬ᠍ᠰᠢᠯᠠᠬᠤ ᠢᠲᠡᠭᠡᠯ ᠵᠤᠷᠢᠭ᠋᠎ᠢ ᠪᠠᠲᠤᠳᠬᠠᠵᠦ᠂ ᠬᠣᠪᠢᠰᠬᠠᠯ᠎ᠤᠨ ᠤᠭ ᠰᠠᠨᠠᠭ᠎ᠠ᠎ᠶᠢ ᠤᠯᠠᠮᠵᠢᠯᠠᠵᠦ ᠴᠢᠳᠠᠵᠠᠢ᠃ ᠪ᠊ · ᠪᠦᠷᠢᠨᠪᠡᠬᠢ᠎ᠶᠢᠨ 《ᠨᠠᠢ᠍ᠮᠠᠨ ᠰᠠᠷ᠎ᠠ᠎ᠶᠢᠨ ᠠᠷᠪᠠᠨ ᠲᠠᠪᠤᠨ᠎ᠢ ᠳᠤᠷᠠᠰᠬᠠᠶ᠎ᠠ》᠎ᠳ᠋ᠤ᠌ ᠤᠬᠤᠷᠬᠠᠨ ᠠᠪᠰᠠᠷᠬᠠᠨ ᠦᠭᠡ ᠬᠡᠯᠡᠯᠭᠡ᠂ ᠬᠤᠷᠴᠠ ᠲᠣᠳᠤ ᠰᠠᠨᠠᠭ᠎ᠠ ᠳᠦᠷᠬᠦ ᠪᠡᠷ ᠦᠩᠭᠡᠷᠡᠭᠰᠡᠨ᠎ᠦ ᠶᠠᠫᠤᠨ ᠡᠵᠡᠷᠬᠡᠭ ᠳᠦᠷᠢᠮᠡᠬᠡᠢᠲᠡᠨ᠎ᠦ ᠬᠠᠷᠬᠢᠰ ᠬᠡᠷᠴᠡᠭᠡᠢ ᠳᠠᠷᠤᠯᠠᠯ ᠺᠤᠯᠤᠨᠢᠴᠢᠯᠠᠯ᠎ᠢ ᠢᠯᠡᠴᠢᠯᠡᠨ᠂ ᠤᠩᠰᠢᠭ᠍ᠴᠢᠳ᠎ᠲᠤ ᠦᠨᠦᠳᠦᠷ᠎ᠦᠨ ᠡᠷᠬᠡ ᠴᠢᠯᠦᠭᠡᠳᠦ ᠵᠣᠯ ᠵᠢᠷᠭᠠᠯᠲᠤ ᠠᠮᠢᠳᠤᠷᠠᠯ ᠪᠣᠯ ᠬᠢᠯᠪᠠᠷ ᠪᠤᠰᠤ ᠪᠡᠷ ᠢᠷᠡᠭᠰᠡᠨ ᠭᠡᠳᠡᠭ᠎ᠢ ᠮᠡᠳᠡᠭᠦᠯᠦᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠡᠤᠭᠡᠨ ᠭᠠᠪᠢᠶ᠎ᠠ ᠵᠢᠳᠭᠦᠯ᠎ᠢ ᠮᠠᠭᠲᠠᠨ ᠰᠠᠢᠰᠢᠶᠠᠵᠦ᠂ ᠠᠵᠤ ᠠᠬᠤᠢ ᠬᠦᠭᠵᠢᠭᠰᠡᠨ᠂ ᠤᠯᠤᠰ᠎ᠤᠨ ᠪᠠᠲᠤᠯᠠᠨ ᠬᠠᠮᠠᠭᠠᠯᠠᠯᠲᠠ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ ᠪᠡᠷ ᠤᠷᠢᠶᠠᠯᠠᠵᠠᠢ᠃ ᠡᠨᠡ ᠨᠢ ᠣᠲᠣ᠌ ᠦᠶ᠎ᠡ᠎ᠶᠢᠨ ᠵᠠᠯᠠᠭᠤᠴᠤᠳ᠎ᠤᠨ ᠲᠡᠦᠬᠡ᠎ᠪᠠᠨ ᠪᠠᠲᠤ ᠴᠡᠭᠡᠵᠢᠯᠡᠬᠦ᠂ ᠡᠩᠬᠡ ᠲᠠᠶ᠋ᠢᠪᠤᠩ᠎ᠢ ᠨᠠᠨᠳᠢᠩᠨᠠᠬᠤ᠂ ᠡᠭᠦᠷᠭᠡ ᠬᠠᠷᠢᠭᠤᠴᠠᠯᠭ᠎ᠠ᠎ᠪᠠᠨ ᠵᠣᠷᠢᠭ᠍ᠲᠠᠶ᠎ᠪᠠᠷ ᠡᠭᠦᠷᠭᠡᠯᠡᠬᠦ᠎ᠶᠢ ᠵᠣᠷᠢᠭ᠍ᠵᠢᠭᠤᠯᠵᠤ᠂ ᠤᠯᠤᠰ᠎ᠢᠶᠠᠨ ᠬᠦᠴᠦᠷᠬᠡᠭᠵᠢᠭᠦᠯᠬᠦ ᠪᠥᠲᠥᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠶᠢᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ᠎ᠳᠤ ᠠᠮᠢᠳᠤᠯᠢᠭ᠋ ᠵᠢᠱ᠌ᠢᠶ᠎ᠡ ᠪᠣᠯᠤᠭᠰᠠᠨ ᠶᠤᠮ᠃

ᠦᠪᠡᠷᠲᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠡᠴᠡ ᠲᠤᠷᠠᠳᠤᠬᠰᠠᠨ 《1571》 ᠠᠵᠢᠯ᠎ᠤᠨ ᠪᠠᠢᠷᠢᠯᠠᠭᠤᠯᠤᠯᠲᠠ᠎ᠳᠤ 《ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠤᠬ᠍ᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠪᠡᠷ ᠭᠣᠣᠯ ᠰᠢᠵᠢᠮ ᠪᠣᠯᠭᠠᠵᠦ ᠵᠢᠱ᠌ᠢᠶᠡᠴᠢ ᠦᠪᠡᠷᠲᠡᠬᠡᠨ ᠵᠠᠰᠠᠬᠤ ᠤᠷᠤᠨ᠎ᠢ ᠪᠦᠲᠦᠭᠡᠨ ᠪᠠᠢᠭᠤᠯᠬᠤ》 ᠲᠤᠬᠠᠢ ᠴᠢᠬᠤᠯᠠᠴᠢᠯᠠᠬ᠍ᠰᠠᠨ ᠨᠢ ᠨᠡᠩ ᠴᠤ᠌ 20 ᠳ᠋ᠤᠭᠠᠷ ᠵᠠᠭᠤᠨ᠎ᠤ ᠳᠤᠮᠳᠠᠳᠤ ᠦᠶ᠎ᠡ᠎ᠶᠢᠨ ᠬᠤᠪᠢᠰᠬᠠᠯᠲᠤ ᠰᠢᠯᠦᠭ᠎ᠦᠨ ᠵᠤᠬᠢᠶᠠᠨ ᠪᠦᠲᠦᠭᠡᠯᠭᠡ᠎ᠶᠢᠨ ᠳᠤᠲᠤᠭᠠᠳᠤ ᠴᠦᠮ᠎ᠡ ᠲᠠᠢ ᠤᠯᠠᠮᠵᠢᠯᠠᠯ ᠨᠢᠭᠡᠲᠡᠢ ᠪᠠᠢᠬᠤ᠎ᠶᠢ ᠮᠡᠳᠡᠵᠦ ᠴᠢᠳᠠᠨ᠎ᠠ᠃ ᠡᠨᠡ ᠬᠦ᠌ ᠠᠵᠢᠯ᠎ᠤᠨ ᠪᠠᠢᠷᠢᠯᠠᠭᠤᠯᠤᠯᠲᠠ᠎ᠶᠢᠨ ᠵᠢᠯᠤᠭᠤᠳᠤᠯᠭ᠎ᠠ ᠳᠤᠤᠷ᠎ᠠ ᠪᠢᠳᠡ ᠵᠠᠪᠠᠯ ᠡᠳᠡᠭᠡᠷ ᠰᠢᠯᠦᠭ ᠪᠦᠲᠦᠭᠡᠯᠭᠡ᠎ᠶᠢᠨ ᠳᠤᠲᠤᠭᠠᠳᠣ᠌ ᠲᠤᠭᠲᠠᠯᠴᠠᠭ᠎ᠠ᠎ᠶᠢ ᠭᠦᠨᠵᠡᠭᠡᠢ ᠠᠭᠤᠳᠠᠯᠠᠵᠦ ᠂ ᠲᠡᠭᠦᠨ᠎ᠦ ᠦᠨ᠎ᠡ ᠦᠷᠲᠡᠭ ᠪᠠ ᠴᠠᠭ ᠦᠶ᠎ᠡ᠎ᠶᠢᠨ ᠠᠴᠢ ᠬᠤᠯᠪᠤᠬ᠍ᠳᠠᠯ᠎ᠢ ᠭᠦᠢᠴᠡᠳ ᠢᠯᠡᠷᠡᠭᠦᠯᠦᠨ᠂ ᠭᠠᠵᠠᠷ ᠤᠷᠤᠨ᠎ᠤ ᠰᠤᠶᠤᠯ᠎ᠤᠨ ᠪᠦᠲᠦᠭᠡᠨ ᠪᠠᠢᠭᠤᠯᠤᠯᠲᠠ᠎ᠶᠢ ᠴᠢᠩᠭᠠᠳᠬᠠᠬᠤ ᠪᠡᠷ ᠴᠢᠷᠮᠠᠢᠬᠤ ᠴᠢᠬᠤᠯᠠ ᠲᠠᠢ ᠶᠤᠮ᠃

(ᠵᠤᠬᠢᠶᠠᠬ᠍ᠴᠢ ᠵᠢᠨ ᠬᠠᠶᠢᠭ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠡᠢᠭᠡᠮ᠎ᠦᠨ ᠰᠢᠨᠵᠢᠯᠡᠬᠦ ᠤᠬᠠᠭᠠᠨ᠎ᠤ ᠬᠦᠷᠢᠶᠡᠯᠡᠩ᠎ᠦᠨ ᠤᠳᠬ᠎ᠠ ᠵᠤᠬᠢᠶᠠᠯ ᠰᠤᠳᠤᠯᠬᠤ ᠭᠠᠵᠠᠷ)

[ᠲᠤᠰ ᠦᠭᠦᠯᠡᠯ ᠪᠤᠯ ᠦᠪᠦᠷ ᠮᠤᠩᠭᠤᠯ᠎ᠤᠨ ᠤᠢ᠍ᠪᠡᠷᠲᠡᠭᠡᠨ ᠵᠠᠰᠠᠬᠤ ᠤᠷᠤᠨ᠎ᠤ ᠨᠡᠢᠭᠡᠮ᠎ᠤᠨ ᠰᠢᠨᠵᠢᠯᠡᠬᠦ ᠤᠬᠠᠭᠠᠨ᠎ᠤ ᠬᠢᠨ ᠎ᠤ ᠬᠤᠯᠪᠤᠭᠠᠲᠦ ᠬᠤᠷᠠᠯ᠎ᠤᠨ ᠪᠦᠬᠦ ᠲᠠᠯ᠎ᠡ ᠪᠠᠷ ᠵᠢᠱ᠌ᠢᠶᠡᠴᠢ ᠦᠪᠡᠷᠲᠡᠭᠡᠨ ᠵᠠᠰᠠᠬᠤ ᠤᠷᠤᠨ᠎ᠢ ᠪᠦᠲᠦᠭᠡᠨ ᠪᠠᠢᠭᠤᠯᠬᠤ ᠰᠠᠭᠤᠷᠢ ᠮᠦᠩᠬᠦᠨ ᠎ᠤ ᠲᠦᠰᠦᠯ 《ᠦᠪᠦᠷ ᠮᠤᠩᠭᠤᠯ᠎ᠤᠨ ᠵᠠᠭᠤᠨ ᠵᠢᠯ᠎ᠤᠨ ᠬᠤᠪᠢᠰᠬᠠᠯᠲᠦ ᠤᠳᠬ᠎ᠡ ᠤᠷᠠᠯᠢᠭ᠎ᠤᠨ ᠰᠤᠳᠤᠯᠤᠯ 》(ᠵᠦᠪᠰᠢᠶᠡᠷᠡᠭᠰᠡᠨ ᠨᠤᠮᠸᠷ ᠄ 2023WT12)᠎ᠤᠨ ᠱᠠᠲᠤᠴᠢ ᠴᠢᠨᠠᠷᠲᠠᠢ ᠪᠦᠲᠦᠭᠡᠯ ᠪᠤᠯᠤᠨ᠎ᠡ᠃ ]

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠬᠦᠰᠡᠯᠡᠩ

ᠣᠷᠴᠢᠭᠤᠯᠤᠭ᠍ᠴᠢ᠄

ᠢᠷᠡᠯᠲᠡ᠄ ᠳᠤᠮᠳᠠᠳᠤ ᠤᠯᠤᠰ᠎ᠤ᠋ᠨ ᠮᠣᠩᠭᠣᠯ ᠬᠡᠯᠡᠨ᠎ᠦ᠌ ᠰᠣᠨᠢᠨ ᠮᠡᠳᠡᠭᠡ᠎ᠶ᠋ᠢᠨ ᠰᠦᠯᠵᠢᠶ᠎ᠡ
兼容浏览器的HTML页面