2026-09-14 11:04:06
ᠠᠯᠠᠱᠠ ᠠᠶ᠋ᠢᠮᠠᠭ ᠪᠣᠯ ᠥᠪᠥᠷ ᠮᠣᠩᠭᠣᠯ᠎ᠤᠨ ᠬᠠᠮᠤᠭ᠎ᠤᠨ ᠪᠠᠷᠠᠭᠤᠨ ᠦᠵᠦᠭᠦᠷ᠎ᠲᠦ ᠪᠠᠶ᠋ᠢᠷᠢᠯᠠᠵᠤ ᠪᠠᠢᠳᠠᠭ᠂ ᠡᠷᠲᠡᠨ᠎ᠦ ᠲᠣᠷᠭᠠᠨ ᠵᠠᠮ᠎ᠤᠨ ᠴᠢᠬᠤᠯᠠ ᠵᠠᠮ ᠪᠣᠯᠬᠤ ᠪᠥᠭᠡᠳ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠴᠢᠬᠤᠯᠠ ᠣᠷᠣᠨ ᠪᠦᠰᠡ ᠪᠣᠯᠤᠨ᠎ᠠ᠃ ᠡᠨᠳᠡ ᠲᠠᠪᠤᠨ ᠮᠢᠩᠭ᠎ᠠ ᠭᠠᠷᠣᠢ ᠵᠢᠯ᠎ᠦᠨ ᠲᠡᠮᠡᠭᠡ ᠲᠡᠵᠢᠭᠡᠭᠰᠡᠨ ᠲᠡᠤᠬᠡ᠎ᠲᠠᠢ᠂ ᠬᠣᠣᠰ ᠪᠥᠬᠥᠲᠦ ᠲᠡᠮᠡᠭᠡᠨ᠎ᠦ ᠲᠣᠭ᠎ᠠ 16.8 ᠲᠦᠮᠡ ᠵᠢᠨ ᠣᠷᠭᠢᠯ᠎ᠳᠤ ᠬᠦᠷᠴᠤ᠂ ᠨᠡᠷ᠎ᠡ ᠨᠢᠳᠡᠷ᠎ᠲᠡᠬᠡᠨ ᠨᠡᠶ᠋ᠢᠴᠡᠭᠰᠡᠨ 《ᠳᠤᠮᠳᠠᠳᠤ ᠤᠯᠤᠰ᠎ᠤᠨ ᠲᠡᠮᠡᠭᠡᠨ᠎ᠦ ᠨᠤᠲᠤᠭ》 ᠪᠣᠯᠤᠨ᠎ᠠ᠃ ᠲᠡᠮᠡᠭᠡᠨ᠎ᠦ ᠠᠵᠤ ᠦᠢᠯᠡᠰ ᠠᠯᠠᠱᠠ᠎ᠶᠢᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠦᠢᠯᠡᠳᠪᠦᠷᠢᠯᠡᠯ ᠠᠮᠢᠳᠤᠷᠠᠯ᠎ᠳᠤ ᠭᠦᠨ ᠦᠨᠳᠦᠰᠦᠯᠡᠵᠦ᠂ ᠦᠨᠳᠦᠰᠦᠲᠡᠨ᠎ᠨᠦᠭᠦᠳ᠎ᠦᠨ ᠤᠷᠳᠤ ᠬᠤᠭᠤᠴᠠᠭ᠎ᠠ᠎ᠪᠠᠷ ᠬᠠᠮᠲᠤ᠎ᠪᠠᠷ ᠬᠦᠳᠡᠯᠮᠦᠷᠢᠯᠡᠵᠦ᠂ ᠬᠠᠮᠲᠤ᠎ᠪᠠᠷ ᠰᠤᠷᠤᠯᠴᠠᠬᠤ ᠳᠤᠮᠳᠠ ᠪᠠᠢᠭᠤᠯᠤᠭᠳᠠᠭᠰᠠᠨ ᠭᠦᠨ ᠵᠤᠵᠠᠭᠠᠨ ᠨᠥᠬᠥᠷᠯᠡᠯ᠎ᠢ ᠭᠡᠷᠡᠴᠢᠯᠡᠵᠦ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠬᠣᠪᠣᠷ ᠨᠠᠨᠳᠢᠨ ᠡᠬᠢ ᠪᠠᠶᠠᠯᠢᠭ᠋ ᠪᠣᠯᠤᠭᠰᠠᠨ ᠪᠠᠶ᠋ᠢᠨ᠎ᠠ᠃ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠦᠨ ᠬᠥᠭᠵᠢᠯᠲᠡ᠎ᠶᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶᠢᠨ ᠲᠣᠪᠴᠢ》᠎ᠳᠤ ᠦᠨᠳᠦᠰᠦᠲᠡᠨ᠎ᠦ ᠭᠠᠵᠠᠷ ᠣᠷᠣᠨ᠎ᠤ ᠤᠨᠴᠠᠯᠢᠭ᠍ᠳᠤ ᠳᠠᠪᠠᠭᠤᠯᠢᠭ᠋ ᠠᠵᠤ ᠦᠢᠯᠡᠰ᠎ᠢ ᠬᠥᠭᠵᠢᠭᠦᠯᠬᠦ᠎ᠶᠢ ᠳᠡᠮᠵᠢᠨ᠎ᠡ ᠭᠡᠵᠦ ᠲᠣᠳᠣᠷᠬᠠᠶ ᠳᠤᠷᠠᠳᠤᠨ ᠭᠠᠷᠭᠠᠵᠠᠶ᠃ ᠠᠯᠠᠱᠠ᠎ᠳᠤ ᠠᠪᠴᠤ ᠬᠡᠯᠡᠪᠡᠯ᠂ ᠰᠢᠯᠢᠳᠡᠭ ᠲᠡᠮᠡᠭᠡᠨ᠎ᠦ ᠠᠵᠤ ᠦᠢᠯᠡᠰ᠎ᠢ ᠬᠦᠴᠦᠷᠬᠡᠭᠵᠢᠭᠦᠯᠦᠨ ᠰᠠᠶ᠋ᠢᠵᠢᠷᠠᠭᠤᠯᠬᠤ ᠪᠣᠯ ᠶᠠᠭ ᠡᠨᠡ ᠬᠦ᠌ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠭᠦᠨᠵᠡᠭᠡᠶ᠋ᠢᠷᠡᠭᠦᠯᠬᠦ᠎ᠶᠢᠨ ᠴᠢᠬᠤᠯᠠ ᠦᠢᠯᠡᠳᠦᠯᠭᠡ ᠮᠥᠨ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠣ ᠴᠣᠭᠴᠠᠯᠠᠬᠣ ᠡᠨᠡᠬᠦ ᠭᠣᠣᠯ ᠱᠤᠭᠤᠮ᠎ᠤᠨ ᠲᠣᠭᠣᠷᠢᠨ᠎ᠳᠤ ᠲᠡᠮᠡᠭᠡᠨ᠎ᠦ ᠠᠵᠤ ᠦᠢᠯᠡᠰ᠎ᠦᠨ ᠳᠠᠶ᠋ᠢᠴᠢᠯᠠᠬᠤ ᠦᠢᠯᠡᠳᠦᠯ᠎ᠢ ᠪᠠᠳᠠᠷᠠᠭᠤᠯᠵᠤ᠂ ᠲᠡᠭᠦᠨ᠎ᠢ ᠠᠵᠤ ᠠᠬᠤᠶ᠎ᠶᠢᠨ ᠬᠥᠭᠵᠢᠯᠲᠡ᠎ᠶᠢ ᠠᠬᠢᠭᠤᠯᠬᠤ ᠳᠤᠮᠳᠠ ᠦᠨᠳᠦᠰᠦᠲᠡᠨ᠎ᠦ ᠪᠦᠯᠬᠦᠮᠳᠡᠯ᠎ᠢ ᠲᠠᠰᠤᠷᠠᠯᠲᠠ ᠦᠭᠡᠶ ᠴᠢᠩᠭᠠᠳᠬᠠᠬᠤ᠎ᠳᠤ ᠴᠢᠬᠤᠯᠠ ᠴᠠᠭ ᠦᠶ᠎ᠡ᠎ᠶᠢᠨ ᠦᠨ᠎ᠡ ᠥᠷᠲᠡᠭ᠎ᠲᠠᠢ ᠪᠣᠯᠭᠠᠬᠤ ᠬᠡᠷᠡᠭᠲᠡᠶ᠃
ᠠᠯᠠᠱᠠ᠎ᠶᠢᠨ ᠲᠡᠮᠡᠭᠡᠨ᠎ᠦ ᠠᠵᠤ ᠦᠢᠯᠡᠰ᠎ᠲᠦ ᠠᠭᠤᠯᠤᠭᠳᠠᠵᠤ ᠪᠠᠶ᠋ᠢᠭ᠎ᠠ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠦᠵᠡᠯ ᠤᠬᠠᠮᠰᠠᠷ
ᠲᠡᠮᠡᠭᠡᠨ᠎ᠦ ᠠᠵᠤ ᠦᠢᠯᠡᠰ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠳᠤ ᠦᠵᠡᠭᠦᠯᠬᠦ ᠥᠪᠡᠷᠮᠢᠴᠡ ᠦᠷᠳᠡᠭ᠎ᠢ ᠣᠶ᠋ᠢᠯᠠᠭᠠᠬᠤ᠎ᠳᠤ ᠲᠡᠦᠬᠡ᠎ᠶᠢᠨ ᠰᠠᠭᠤᠷᠢ᠂ ᠤᠷ᠎ᠠ ᠮᠡᠷᠭᠡᠵᠢᠯ᠎ᠦᠨ ᠠᠭᠤᠰᠤᠯᠴᠠᠯ ᠪᠣᠯᠤᠨ ᠰᠣᠶᠣᠯ᠎ᠤᠨ ᠲᠡᠮᠳᠡᠭ ᠵᠡᠷᠭᠡ ᠭᠤᠷᠪᠠᠨ ᠲᠠᠯ᠎ᠠ᠎ᠠᠴᠠ ᠭᠦᠨᠵᠡᠭᠡᠢ ᠠᠭᠤᠳᠠᠯᠬᠤ ᠬᠡᠷᠡᠭᠲᠡᠢ᠃ ᠲᠡᠦᠬᠡ᠎ᠶᠢᠨ ᠰᠠᠭᠤᠷᠢ᠎ᠠᠴᠠ ᠠᠪᠴᠤ ᠦᠵᠡᠪᠡᠯ᠂ ᠠᠯᠠᠱᠠ ᠪᠣᠯ ᠡᠷᠲᠡᠨ᠎ᠦ ᠲᠣᠷᠭᠠᠨ ᠵᠠᠮ᠎ᠤᠨ ᠴᠢᠬᠤᠯᠠ ᠵᠠᠮ ᠮᠥᠨ᠂ ᠲᠡᠮᠡᠭᠡᠨ ᠵᠢᠩ᠎ᠦᠨ ᠠᠩᠬᠢ ᠪᠣᠯ ᠵᠡᠭᠦᠨᠰᠢ ᠪᠠᠷᠠᠭᠤᠨᠰᠢ ᠨᠡᠪᠲᠡᠷᠡᠭᠰᠡᠨ ᠵᠥᠭᠡᠭᠡᠪᠦᠷᠢ᠎ᠶᠢᠨ ᠭᠣᠣᠯ ᠬᠦᠴᠦᠨ ᠮᠥᠨ᠃ ᠵᠠᠭᠤ ᠮᠢᠩᠭᠠᠨ ᠵᠢᠯ᠎ᠦᠨ ᠲᠤᠷᠰᠢ ᠡᠯ᠎ᠡ ᠦᠨᠳᠦᠰᠦᠲᠡᠨ᠎ᠦ ᠬᠤᠳᠠᠯᠳᠤᠭᠠᠴᠢᠨ᠂ ᠲᠡᠮᠡᠭᠡᠴᠢᠨ᠂ ᠮᠠᠯᠴᠢᠨ ᠡᠷᠦᠬᠡ ᠲᠡᠮᠡᠭᠡᠨ ᠵᠠᠮ ᠳᠡᠭᠡᠷ᠎ᠡ ᠠᠵᠢᠯ ᠬᠤᠪᠢᠶᠠᠷᠢᠯᠠᠨ ᠬᠠᠮᠵᠢᠯᠴᠠᠵᠤ᠂ ᠪᠡᠶ᠎ᠡ ᠪᠡᠶ᠎ᠡ᠎ᠳᠡᠭᠡᠨ ᠲᠦᠰᠢᠭᠯᠡᠭᠰᠡᠭᠡᠷ ᠢᠷᠡᠵᠡᠶ᠃ ᠳᠣᠲᠣᠷ ᠭᠠᠵᠠᠷ᠎ᠤᠨ ᠴᠠᠢ᠂ ᠪᠦᠰ ᠪᠠᠷᠠᠭ᠎ᠠ᠂ ᠲᠣᠷᠭ᠎ᠠ ᠳᠤᠷᠳᠤᠩᠢ ᠲᠡᠮᠡᠭᠡᠨ ᠵᠢᠩ᠎ᠢᠶᠠᠷ ᠲᠠᠯ᠎ᠠ ᠨᠤᠲᠤᠭ ᠪᠠᠷᠠᠭᠤᠨ ᠬᠢᠵᠠᠭᠠᠷᠲᠤ ᠬᠦᠷᠭᠡᠵᠦ᠂ ᠲᠠᠯ᠎ᠠ ᠨᠤᠲᠤᠭ᠎ᠤᠨ ᠲᠡᠮᠡᠭᠡᠨ ᠨᠣᠣᠯᠤᠭᠤᠷ᠂ ᠠᠷᠠᠰᠤ ᠨᠣᠣᠰᠣ᠌᠂ ᠡᠮ᠎ᠦᠨ ᠮᠠᠲᠧᠷᠢᠶᠠᠯ ᠵᠢᠴᠢ ᠪᠠᠷᠠᠭᠤᠨ ᠬᠢᠵᠠᠭᠠᠷ᠎ᠤᠨ ᠦᠨᠦᠷᠲᠦ ᠡᠳ᠋᠂ ᠰᠤᠪᠤᠳ ᠡᠷᠳᠡᠨᠢ᠎ᠶᠢ ᠨᠢᠭᠡ ᠯᠡ ᠵᠠᠮ᠎ᠢᠶᠠᠷ ᠵᠦᠩᠶᠤᠸᠠᠨ ᠣᠷᠣᠨ ᠪᠠ ᠡᠮᠦᠨᠡᠲᠦ ᠣᠷᠣᠨ᠎ᠳᠤ ᠬᠦᠷᠭᠡᠳᠡᠭ᠃ ᠡᠨᠡ ᠬᠦ᠌ ᠲᠡᠮᠡᠭᠡ᠎ᠪᠡᠷ ᠬᠣᠯᠪᠣᠭᠠᠰᠤ ᠪᠣᠯᠭᠠᠭᠰᠠᠨ ᠣᠷᠣᠨ ᠪᠦᠰᠡ ᠠᠯᠤᠰᠯᠠᠭᠰᠠᠨ᠂ ᠦᠨᠳᠦᠰᠦᠲᠡᠨ ᠠᠯᠤᠰᠯᠠᠭᠰᠠᠨ ᠠᠷᠠᠯᠵᠢᠶ᠎ᠠ ᠨᠢ ᠦᠨᠳᠦᠰᠦᠲᠡᠨ᠎ᠨᠦᠭᠦᠳ᠎ᠢ ᠠᠵᠤ ᠠᠬᠤᠶ᠎ᠶᠢᠨ ᠲᠠᠯ᠎ᠠ᠎ᠪᠠᠷ ᠬᠠᠷᠢᠯᠴᠠᠨ ᠨᠥᠬᠥᠪᠥᠷᠢᠯᠡᠭᠰᠡᠨ ᠪᠠᠢᠨ᠎ᠠ᠃ ᠤᠷᠳᠤ ᠤᠳᠠᠭᠠᠨ ᠲᠡᠮᠡᠭᠡᠨ ᠵᠢᠩ᠎ᠦᠨ ᠠᠮᠢᠳᠤᠷᠠᠯ᠎ᠤᠨ ᠳᠤᠮᠳᠠ᠂ ᠡᠯ᠎ᠡ ᠦᠨᠳᠦᠰᠦᠲᠡᠨ᠎ᠦ ᠲᠡᠮᠡᠭᠡᠨ ᠵᠢᠩ᠎ᠦᠨ ᠬᠢᠨ ᠬᠠᠮᠲᠤ ᠶᠠᠪᠤᠵᠤ ᠰᠠᠭᠤᠨ᠂ ᠰᠠᠯᠬᠢ ᠰᠢᠭᠤᠷᠭ᠎ᠠ᠂ ᠭᠠᠩ ᠬᠠᠭᠰᠠᠷᠠᠭᠠᠨ᠎ᠤ ᠠᠶᠤᠯ ᠲᠦᠭᠰᠢᠭᠦᠷᠢ᠎ᠶᠢ ᠬᠠᠮᠲᠤ᠎ᠪᠠᠷ ᠠᠷᠭᠠᠴᠠᠭᠠᠳᠠᠭ᠃ ᠵᠠᠮ ᠳᠠᠭᠠᠤ᠎ᠶᠢᠨ ᠤᠯᠠᠭ᠎ᠠ ᠦᠷᠳᠡᠭᠡ᠂ ᠴᠤᠭᠯᠠᠭ᠎ᠠ ᠮᠠᠶ᠋ᠢᠮᠠᠶ ᠨᠢ ᠠᠭᠠᠵᠢᠮ᠎ᠢᠶᠠᠷ ᠦᠨᠳᠦᠰᠦᠲᠡᠨ᠎ᠨᠦᠭᠦᠳ᠎ᠦᠨ ᠲᠥᠪᠯᠡᠷᠡᠨ ᠰᠠᠭᠤᠷᠢᠰᠢᠭ᠍ᠰᠠᠨ ᠬᠣᠲᠠ ᠪᠠᠯᠭᠠᠰᠤ ᠪᠣᠯᠤᠨ ᠬᠥᠭᠵᠢᠵᠦ᠂ ᠠᠳᠠᠯᠢ ᠪᠤᠰᠤ ᠦᠭᠡ ᠬᠡᠯᠡ᠂ ᠠᠳᠠᠯᠢ ᠪᠤᠰᠤ ᠠᠮᠢᠳᠤᠷᠠᠯ᠎ᠤᠨ ᠳᠠᠳᠬᠠᠯ ᠲᠠᠢ ᠪᠤᠯᠪᠠᠴᠤ ᠪᠠᠶ᠋ᠢᠨ ᠳᠠᠬᠢᠨ ᠶᠠᠪᠣᠯᠴᠠᠬᠤ ᠳᠤᠮᠳᠠ᠎ᠪᠠᠨ ᠬᠠᠷᠢᠯᠴᠠᠨ ᠨᠥᠯᠥᠭᠡᠯᠡᠵᠦ᠂ ᠬᠠᠷᠢᠯᠴᠠᠨ ᠮᠡᠳᠡᠷᠡᠳᠡᠭ ᠪᠠᠶ᠋ᠢᠨ᠎ᠠ᠃ ᠡᠨᠡ ᠬᠦ᠌ ᠲᠡᠮᠡᠭᠡ᠎ᠪᠡᠷ ᠬᠣᠯᠪᠣᠭᠠᠰᠤ ᠪᠣᠯᠭᠠᠭᠰᠠᠨ ᠣᠷᠣᠨ ᠪᠦᠰᠡ ᠠᠯᠤᠰᠯᠠᠭᠰᠠᠨ ᠰᠢᠯᠵᠢᠯᠲᠡ ᠨᠢ 《ᠨᠢᠭᠡ ᠲᠡᠮᠡᠭᠡ᠎ᠶᠢ ᠬᠠᠮᠲᠤ᠎ᠪᠠᠷ ᠲᠡᠵᠢᠭᠡᠵᠦ᠂ ᠨᠢᠭᠡ ᠵᠠᠮ᠎ᠢᠶᠠᠷ ᠬᠠᠮᠲᠤ᠎ᠪᠠᠷ ᠵᠠᠮᠨᠠᠵᠤ᠂ ᠨᠢᠭᠡ ᠨᠤᠲᠤᠭ᠎ᠢ ᠬᠠᠮᠲᠤ᠎ᠪᠠᠷ ᠰᠠᠬᠢᠬᠤ》 ᠪᠠᠢᠳᠠᠯ᠎ᠢ ᠠᠯᠬᠤᠮ ᠠᠯᠬᠤᠮ᠎ᠢᠶᠠᠷ ᠪᠣᠶ ᠪᠣᠯᠭᠠᠵᠤ᠂ ᠥᠨᠥᠳᠦᠷ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠣ᠎ᠳᠤ ᠪᠠᠲᠤ ᠪᠡᠬᠢ ᠣᠯᠠᠨ ᠲᠦᠮᠡᠨ᠎ᠦ ᠰᠠᠭᠤᠷᠢ᠎ᠶᠢ ᠪᠦᠷᠢᠯᠳᠦᠬᠦᠯᠵᠦ ᠥᠭᠭᠦᠭᠰᠡᠨ ᠪᠠᠶ᠋ᠢᠨ᠎ᠠ᠃
ᠤᠷ᠎ᠠ ᠮᠡᠷᠭᠡᠵᠢᠯ᠎ᠦᠨ ᠠᠭᠤᠰᠤᠯᠴᠠᠯ᠎ᠠᠴᠠ ᠠᠪᠴᠤ ᠦᠵᠡᠪᠡᠯ᠂ ᠲᠡᠮᠡᠭᠡᠨ᠎ᠦ ᠠᠵᠤ ᠦᠢᠯᠡᠰ᠎ᠦᠨ ᠬᠠᠮᠤᠷᠤᠭᠰᠠᠨ ᠲᠡᠮᠡᠭᠡ ᠲᠡᠵᠢᠭᠡᠨ ᠦᠷᠡᠵᠢᠭᠦᠯᠬᠦ ᠂ ᠢᠩᠬᠡᠨᠦ ᠰᠦ ᠪᠣᠯᠪᠠᠰᠤᠷᠠᠭᠤᠯᠬᠤ᠂ ᠲᠡᠮᠡᠭᠡᠨ᠎ᠦ ᠨᠣᠣᠰᠣ᠌ ᠰᠠᠮᠨᠠᠬᠤ᠂ ᠲᠡᠮᠡᠭᠡᠨ᠎ᠦ ᠨᠣᠣᠰᠣ᠌ ᠨᠡᠬᠡᠬᠦ᠂ ᠲᠡᠮᠡᠭᠡᠨ᠎ᠦ ᠠᠷᠠᠰᠤ ᠡᠯᠳᠡᠬᠦ᠂ ᠲᠡᠮᠡᠭᠡᠨ᠎ᠦ ᠶᠠᠰᠤ ᠰᠡᠶ᠋ᠢᠯᠬᠦ ᠵᠡᠷᠭᠡ ᠤᠯᠠᠮᠵᠢᠯᠠᠯᠲᠤ ᠦᠢᠯᠡᠳᠪᠦᠷᠢᠯᠡᠯ᠎ᠦᠨ ᠲᠦᠷᠦᠯ ᠵᠦᠢᠯ ᠨᠢ ᠦᠩᠭᠡᠨ ᠲᠠᠯ᠎ᠠ᠎ᠠᠴᠠ ᠨᠢ ᠦᠵᠡᠪᠡᠯ ᠦᠢᠯᠡᠳᠪᠦᠷᠢᠯᠡᠯ᠎ᠦᠨ ᠮᠡᠷᠭᠡᠵᠢᠯ ᠪᠣᠯᠬᠤ ᠪᠣᠯᠪᠠᠴᠤ ᠦᠨᠡᠨ᠎ᠳᠡᠭᠡᠨ ᠡᠯ᠎ᠡ ᠦᠨᠳᠦᠰᠦᠲᠡᠨ᠎ᠦ ᠤᠷ᠎ᠠ ᠮᠡᠷᠭᠡᠵᠢᠯ᠎ᠦᠨ ᠠᠭᠤᠰᠤᠯᠴᠠᠯ᠎ᠤᠨ ᠪᠦᠲᠦᠭᠡᠭᠳᠡᠬᠦᠨ ᠪᠣᠯᠬᠤ ᠶᠤᠮ᠃ ᠲᠡᠮᠡᠭᠡ ᠲᠡᠵᠢᠭᠡᠨ ᠦᠷᠡᠵᠢᠭᠦᠯᠬᠦ ᠲᠠᠯ᠎ᠠ᠎ᠪᠠᠷ ᠮᠣᠩᠭᠣᠯ ᠦᠨᠳᠦᠰᠦᠲᠡᠨ᠎ᠦ ᠮᠠᠯᠴᠢᠳ ᠮᠠᠯ ᠬᠠᠷᠢᠭᠤᠯᠬᠤ ᠲᠤᠷᠰᠢᠯᠭ᠎ᠠ ᠪᠠ ᠮᠠᠯ ᠡᠮᠨᠡᠯᠭᠡ᠎ᠶᠢᠨ ᠮᠡᠳᠡᠯᠭᠡ᠎ᠶᠢ ᠡᠯᠪᠡᠭ ᠪᠠᠶᠠᠯᠢᠭ᠋ ᠬᠤᠷᠠᠮᠳᠤᠭᠤᠯᠵᠤ᠂ ᠬᠢᠲᠠᠳ᠂ ᠬᠣᠲᠣᠩ ᠵᠡᠷᠭᠡ ᠦᠨᠳᠦᠰᠦᠲᠡᠨ᠎ᠦ ᠮᠠᠯᠴᠢᠨ ᠲᠠᠷᠢᠶᠠᠴᠢᠳ ᠬᠠᠰᠢᠶᠠᠯᠠᠨ ᠲᠡᠵᠢᠭᠡᠬᠦ᠂ ᠡᠭᠦᠯᠳᠡᠷ ᠪᠣᠶ᠋ᠢᠵᠢᠭᠤᠯᠬᠤ᠂ ᠬᠢᠵᠢᠭ ᠡᠪᠡᠳᠴᠢᠨ᠎ᠢ ᠰᠡᠷᠭᠡᠶ᠋ᠢᠯᠡᠨ ᠵᠠᠰᠠᠬᠤ ᠵᠡᠷᠭᠡ ᠲᠠᠯ᠎ᠠ᠎ᠪᠠᠷ ᠲᠤᠰ ᠲᠤᠰ᠎ᠤᠨ ᠲᠤᠰᠬᠠᠶ ᠮᠡᠷᠭᠡᠵᠢᠯ᠎ᠲᠠᠢ ᠪᠠᠶ᠋ᠢᠵᠤ᠂ ᠤᠷᠳᠤ ᠬᠤᠭᠤᠴᠠᠭᠠᠨ᠎ᠦ ᠦᠢᠯᠡᠳᠪᠦᠷᠢᠯᠡᠯ ᠠᠮᠢᠳᠤᠷᠠᠯ ᠳᠤᠮᠳᠠ ᠬᠠᠷᠢᠯᠴᠠᠨ ᠲᠣᠯᠢᠯᠠᠵᠤ᠂ ᠠᠯᠠᠱᠠ᠎ᠶᠢᠨ ᠪᠠᠶ᠋ᠢᠭᠠᠯᠢ᠎ᠶᠢᠨ ᠨᠥᠬᠥᠴᠡᠯ᠎ᠳᠦ ᠵᠣᠬᠢᠴᠠᠭᠰᠠᠨ ᠲᠡᠵᠢᠭᠡᠨ ᠦᠷᠡᠵᠢᠭᠦᠯᠬᠦ ᠮᠡᠷᠭᠡᠵᠢᠯ᠎ᠦᠨ ᠰᠢᠰᠲᠧᠮ᠎ᠢ ᠠᠯᠬᠤᠮ ᠠᠯᠬᠤᠮ᠎ᠢᠶᠠᠷ ᠪᠦᠷᠢᠯᠳᠦᠭᠦᠯᠦᠭᠰᠡᠨ ᠪᠠᠶ᠋ᠢᠨ᠎ᠠ᠃ ᠡᠳᠡᠭᠡᠷ᠎ᠦᠨ ᠪᠣᠯᠪᠠᠰᠤᠷᠠᠭᠤᠯᠬᠤ ᠶᠠᠪᠤᠴᠠ᠎ᠳᠤ ᠲᠡᠮᠡᠭᠡᠨ ᠨᠣᠣᠯᠤᠭᠤᠷ᠎ᠤᠨ ᠨᠡᠬᠡᠮᠡᠯ᠎ᠦᠨ ᠮᠡᠷᠭᠡᠵᠢᠯ ᠨᠢ ᠵᠦᠩᠶᠤᠸᠠᠨ ᠣᠷᠣᠨ᠎ᠤ ᠲᠣᠷᠭᠠᠨ ᠨᠡᠬᠡᠮᠡᠯ᠎ᠦᠨ ᠤᠷᠠᠯᠠᠯ᠎ᠢ ᠰᠢᠩᠭᠡᠭᠡᠨ ᠠᠪᠴᠤ᠂ ᠢᠩᠬᠡᠨ ᠰᠦ᠎ᠶᠢ ᠢᠰᠬᠡᠬᠦ ᠪᠠ ᠬᠠᠳᠠᠭᠠᠯᠠᠬᠤ ᠠᠷᠭ᠎ᠠ ᠨᠢ ᠨᠡᠭᠦᠳᠡᠯᠴᠢᠨ ᠦᠨᠳᠦᠰᠦᠲᠡᠨ ᠪᠠ ᠲᠠᠷᠢᠶᠠᠯᠠᠬᠤ ᠦᠨᠳᠦᠰᠦᠲᠡᠨ᠎ᠦ ᠤᠶᠤᠨ ᠤᠬᠠᠭᠠᠨ᠎ᠢ ᠠᠭᠤᠰᠬᠠᠵᠤ᠂ ᠲᠡᠮᠡᠭᠡᠨ ᠶᠠᠰᠤᠨ᠎ᠤ ᠰᠡᠶ᠋ᠢᠯᠦᠮᠡᠯ ᠨᠢ ᠡᠯ᠎ᠡ ᠦᠨᠳᠦᠰᠦᠲᠡᠨ᠎ᠦ ᠭᠤᠸ᠎ᠠ ᠰᠠᠶ᠋ᠢᠬᠠᠨ᠎ᠤ ᠤᠷᠠᠯᠢᠭ᠋᠎ᠢ ᠠᠭᠤᠰᠬᠠᠪᠠ᠃ ᠤᠷ᠎ᠠ ᠮᠡᠷᠭᠡᠵᠢᠯ᠎ᠦᠨ ᠠᠭᠤᠰᠤᠯᠴᠠᠯ᠎ᠤᠨ ᠠᠷᠤ᠎ᠳᠤ ᠳᠠᠷᠤᠢ ᠬᠥᠮᠦᠨ᠎ᠦ ᠠᠭᠤᠰᠤᠯᠴᠠᠯ᠂ ᠦᠨᠳᠦᠰᠦᠲᠡᠨ᠎ᠨᠦᠭᠦᠳ᠎ᠦᠨ ᠬᠠᠮᠲᠤ᠎ᠶᠢᠨ ᠬᠥᠳᠡᠯᠮᠦᠷᠢ᠎ᠶᠢᠨ ᠳᠤᠮᠳᠠ ᠪᠠᠶ᠋ᠢᠭᠤᠯᠤᠭᠰᠠᠨ ᠢᠲᠡᠭᠡᠯ ᠪᠠ ᠨᠥᠬᠥᠷᠯᠡᠯ ᠪᠠᠭᠲᠠᠭᠰᠠᠨ ᠪᠠᠢᠨ᠎ᠠ᠃ ᠡᠨᠡ ᠬᠦ᠌ ᠤᠳᠬ᠎ᠠ ᠠᠭᠤᠯᠭ᠎ᠠ᠎ᠠᠴᠠ ᠠᠪᠴᠤ ᠬᠡᠯᠡᠪᠡᠯ᠂ ᠲᠡᠮᠡᠭᠡᠨ᠎ᠦ ᠠᠵᠤ ᠦᠢᠯᠡᠰ᠎ᠦᠨ ᠲᠣᠰ ᠪᠡᠶ᠎ᠡ ᠨᠢ ᠳᠠᠷᠤᠶ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤ ᠠᠴᠢᠶᠠᠯᠠᠭ᠍ᠴᠢ ᠮᠥᠨ᠃
ᠰᠣᠶᠣᠯ᠎ᠤᠨ ᠲᠡᠮᠳᠡᠭ᠎ᠡᠴᠡ ᠦᠵᠡᠪᠡᠯ᠂ ᠲᠡᠮᠡᠭᠡ ᠪᠣᠯ ᠦᠢᠯᠡᠳᠪᠦᠷᠢᠯᠡᠯ᠎ᠦᠨ ᠪᠠᠭᠠᠵᠢ ᠪᠠ ᠠᠵᠤ ᠠᠬᠤᠶ᠎ᠶᠢᠨ ᠡᠬᠢ ᠪᠠᠶᠠᠯᠢᠭ᠋ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠭᠦᠨ ᠭᠦᠨᠵᠡᠭᠡᠶ ᠰᠣᠶᠣᠯ᠎ᠤᠨ ᠲᠡᠮᠳᠡᠭ ᠪᠣᠯᠬᠤ ᠶᠤᠮ᠃ ᠲᠡᠷᠡ ᠨᠢ ᠠᠯᠠᠱᠠ᠎ᠶᠢᠨ ᠦᠨᠳᠦᠰᠦᠲᠡᠨ᠎ᠨᠦᠭᠦᠳ᠎ᠦᠨ ᠳᠤᠮᠤᠭ ᠶᠠᠷᠢᠶ᠎ᠠ᠂ ᠰᠢᠯᠦᠭ ᠳᠠᠭᠤᠯᠠᠯ᠂ ᠵᠦᠢᠷ ᠦᠭᠡ᠂ ᠳᠠᠭᠤᠤ ᠪᠥᠵᠢᠭ᠂ ᠪᠠᠶᠠᠷ ᠳᠤᠷᠠᠰᠬᠠᠯ᠎ᠤᠨ ᠡᠳᠦᠷ ᠪᠦᠬᠦᠨ ᠳ᠋ᠥ ᠠᠭᠤᠯᠤᠭᠳᠠᠵᠤ ᠪᠠᠶ᠋ᠢᠳᠠᠭ᠃ ᠲᠡᠮᠡᠭᠡ ᠤᠷᠤᠯᠳᠤᠬᠤ᠂ ᠲᠡᠮᠡᠭᠡᠨ ᠪᠥᠮᠪᠥᠭᠡ᠂ ᠲᠡᠮᠡᠭᠡᠨ ᠪᠥᠵᠢᠭ᠂ ᠲᠡᠮᠡᠭᠡᠨ ᠡᠳ᠋ᠯᠡᠯ ᠬᠢᠬᠦ ᠵᠡᠷᠭᠡ ᠰᠣᠶᠣᠯ᠎ᠤᠨ ᠥᠪ ᠨᠢ ᠮᠣᠩᠭᠣᠯ ᠦᠨᠳᠦᠰᠦᠲᠡᠨ᠎ᠦ ᠰᠣᠶᠣᠯ᠎ᠤᠨ ᠲᠡᠮᠳᠡᠭ ᠪᠣᠯᠬᠤ᠎ᠪᠠᠷ ᠪᠠᠷᠠᠬᠤ ᠦᠭᠡᠢ ᠪᠠᠰᠠ ᠪᠤᠰᠤᠳ ᠦᠨᠳᠦᠰᠦᠲᠡᠨ᠎ᠦ ᠡᠯᠧᠮᠧᠨ᠋ᠲ᠎ᠢ ᠠᠭᠤᠰᠬᠠᠭᠰᠠᠨ ᠪᠠᠶ᠋ᠢᠳᠠᠭ᠃ ᠤᠯᠤᠰ᠎ᠤᠨ ᠳᠡᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠲᠦ ᠲᠡᠮᠡᠭᠡᠨ ᠰᠠᠬᠢᠭᠤᠯᠰᠤᠨ᠎ᠢ ᠳᠠᠬᠢᠬᠤ᠂ ᠲᠡᠮᠡᠭᠡᠨ ᠵᠢᠩ᠎ᠦᠨ ᠠᠶᠠᠨ ᠳᠠᠢ᠍ᠢᠨ᠎ᠳᠦ ᠮᠣᠷᠳᠠᠬᠤ ᠵᠡᠷᠭᠡ ᠵᠠᠩᠰᠢᠯ ᠨᠢ ᠦᠨᠳᠦᠰᠦᠲᠡᠨ᠎ᠨᠦᠭᠦᠳ᠎ᠦᠨ ᠬᠠᠮᠲᠤ᠎ᠶᠢᠨ ᠤᠶᠤᠨ ᠰᠠᠨᠠᠭᠠᠨ᠎ᠤ ᠨᠠᠶ᠋ᠢᠳᠠᠯᠭ᠎ᠠ ᠪᠠ ᠦᠷᠳᠡᠭ᠎ᠦᠨ ᠦᠵᠡᠯᠲᠡ᠎ᠶᠢᠨ ᠬᠥᠭᠡᠭᠡᠴᠡᠯᠳᠦᠯ᠎ᠢ ᠲᠤᠰᠬᠠᠵᠠᠢ᠃
ᠠᠯᠠᠱᠠ᠎ᠶᠢᠨ ᠲᠡᠮᠡᠭᠡᠨ᠎ᠦ ᠠᠵᠤ ᠦᠢᠯᠡᠰ᠎ᠢᠶᠠᠷ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠦᠢᠯᠡᠳᠦᠯᠭᠡ
ᠰᠢᠨ᠎ᠡ ᠴᠠᠭ ᠦᠶ᠎ᠡ᠎ᠳᠦ ᠣᠷᠣᠵᠤ᠂ ᠠᠯᠠᠱᠠ ᠠᠶ᠋ᠢᠮᠠᠭ ᠲᠡᠮᠡᠭᠡᠨ᠎ᠦ ᠠᠵᠤ ᠦᠢᠯᠡᠰ᠎ᠢ ᠭᠣᠣᠯᠯᠠᠬᠤ ᠠᠵᠤ ᠦᠢᠯᠡᠰ᠎ᠢᠶᠠᠷ ᠲᠣᠭᠲᠠᠭᠠᠵᠤ᠂ ᠲᠤᠰᠬᠠᠢ ᠬᠥᠭᠵᠢᠯᠲᠡ᠎ᠶᠢᠨ ᠲᠥᠯᠥᠪᠵᠢᠭᠦᠯᠭᠡ᠎ᠶᠢ ᠨᠡᠶ᠋ᠢᠲᠡᠯᠡᠵᠦ᠂ ᠲᠡᠵᠢᠭᠡᠨ ᠦᠷᠡᠵᠢᠭᠦᠯᠬᠦ᠂ ᠡᠳ᠋ᠰᠢᠭᠦᠯᠬᠦ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠦᠢᠯᠡᠴᠢᠯᠡᠭᠡ ᠵᠡᠷᠭᠡ ᠪᠦᠷᠢᠨ ᠪᠦᠲᠦᠨ ᠠᠵᠤ ᠦᠢᠯᠡᠰ᠎ᠦᠨ ᠬᠡᠯᠬᠢᠶ᠎ᠡ᠎ᠶᠢ ᠪᠦᠷᠢᠯᠳᠦᠭᠦᠯᠬᠦ᠎ᠶᠢ ᠠᠬᠢᠭᠤᠯᠪᠠ᠃ ᠡᠨᠡ ᠬᠦ᠌ ᠶᠠᠪᠤᠴᠠ᠎ᠳᠤ ᠲᠡᠮᠡᠭᠡᠨ᠎ᠦ ᠠᠵᠤ ᠦᠢᠯᠡᠰ ᠨᠢ ᠠᠵᠤ ᠠᠬᠤᠶ᠎ᠶᠢᠨ ᠨᠡᠮᠡᠭᠳᠡᠯ᠎ᠦᠨ ᠴᠢᠬᠤᠯᠠ ᠬᠥᠳᠡᠯᠭᠡᠭᠦᠷ ᠪᠣᠯᠤᠭᠰᠠᠨ᠎ᠢᠶᠠᠷ ᠪᠠᠷᠠᠬᠤ ᠥᠬᠡᠶ ᠨᠠᠩ ᠴᠤ᠌ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠦᠢᠯᠡᠳᠦᠯᠭᠡ᠎ᠶᠢᠨ ᠲᠠᠪᠴᠠᠩ ᠪᠣᠯᠤᠭᠰᠠᠨ ᠪᠠᠶ᠋ᠢᠨ᠎ᠠ᠃ ᠡᠩ ᠲᠡᠷᠢᠭᠦᠨ᠎ᠳᠦ ᠠᠵᠤ ᠦᠢᠯᠡᠰ᠎ᠦᠨ ᠬᠡᠯᠬᠢᠶ᠎ᠡ᠎ᠶᠢᠨ ᠦᠷᠭᠦᠯᠵᠢᠯᠡᠯ ᠨᠢ ᠦᠨᠳᠦᠰᠦᠲᠡᠨ᠎ᠨᠦᠭᠦᠳ᠎ᠦᠨ ᠥᠷᠭᠡᠨ᠎ᠢᠶᠠᠷ ᠠᠭᠤᠰᠤᠯᠴᠠᠬᠤ᠎ᠶᠢ ᠲᠠᠢ᠍ᠢᠴᠢᠯᠠᠨᠠ᠃ 2025 ᠣᠨ᠎ᠳᠤ ᠪᠥᠬᠥ ᠠᠶ᠋ᠢᠮᠠᠭ᠎ᠤᠨ ᠲᠡᠮᠡᠭᠡᠨ᠎ᠦ ᠠᠵᠤ ᠦᠢᠯᠡᠰ᠎ᠦᠨ ᠪᠥᠬᠥ ᠠᠵᠤ ᠦᠢᠯᠡᠰ᠎ᠦᠨ ᠬᠡᠯᠬᠢᠶᠡᠨ᠎ᠦ ᠦᠢᠯᠡᠳᠭᠦᠨ᠎ᠦ ᠥᠷᠲᠡᠭ 30 ᠳ᠋ᠦᠩᠰᠢᠭᠤᠷ ᠲᠥᠭᠥᠷᠢᠭ᠎ᠢ ᠳᠠᠪᠠᠵᠤ᠂ 2698 ᠡᠷᠦᠬᠡ ᠮᠠᠯᠴᠢᠨ ᠲᠠᠷᠢᠶᠠᠴᠢᠨ ᠲᠡᠮᠡᠭᠡ ᠲᠡᠵᠢᠭᠡᠨ ᠦᠷᠡᠵᠢᠭᠦᠯᠬᠦ ᠬᠠᠮᠢᠶ᠎ᠠ ᠪᠥᠬᠥᠶ ᠠᠵᠤ ᠦᠢᠯᠡᠰ ᠲᠦ᠍ ᠣᠷᠣᠯᠴᠠᠵᠠᠶ᠃ ᠲᠡᠵᠢᠭᠡᠨ ᠦᠷᠡᠵᠢᠭᠦᠯᠬᠦ ᠦᠵᠦᠭᠦᠷ᠎ᠡᠴᠡ ᠪᠣᠯᠪᠠᠰᠤᠷᠠᠭᠤᠯᠬᠤ ᠦᠵᠦᠭᠦᠷ ᠬᠦᠷᠲᠡᠯ᠎ᠡ᠂ ᠳᠠᠬᠢᠭᠠᠳ ᠪᠣᠷᠣᠯᠠᠭᠤᠯᠬᠤ ᠦᠵᠦᠭᠦᠷ ᠬᠦᠷᠲᠡᠯ᠎ᠡ᠂ ᠡᠯ᠎ᠡ ᠦᠨᠳᠦᠰᠦᠲᠡᠨ᠎ᠦ ᠦᠢᠯᠡᠳᠪᠦᠷᠢᠯᠡᠭᠴᠢᠳ᠂ ᠡᠵᠡᠩᠨᠡᠭᠴᠢᠳ᠎ᠢ ᠨᠢᠭᠡ ᠭᠢᠨᠵᠢᠨ᠎ᠳᠦ ᠨᠢᠭ᠍ᠲᠠ ᠬᠣᠯᠪᠣᠵᠠᠶ᠃ ᠦᠨᠳᠦᠰᠦᠲᠡᠨ᠎ᠨᠦᠭᠦᠳ ᠬᠠᠮᠲᠤ᠎ᠶᠢᠨ ᠠᠰᠢᠭ᠋ ᠲᠤᠰᠠ᠎ᠶᠢᠨ ᠬᠥᠳᠡᠯᠭᠡᠭᠦᠷ ᠳᠣᠣᠷ᠎ᠠ ᠰᠠᠨᠠᠭᠠᠴᠢᠯᠠᠭ᠎ᠠ᠎ᠠᠴᠠ ᠪᠠᠨ ᠶᠠᠪᠤᠯᠴᠠᠵᠤ᠂ ᠭᠦᠨᠵᠡᠭᠡᠢ ᠬᠠᠮᠲᠤᠷᠠᠯᠴᠠᠵᠤ 《ᠬᠠᠮᠲᠤ ᠠᠵᠢᠯᠯᠠᠬᠤ》 ᠳᠤᠮᠳᠠ 《ᠬᠠᠮᠲᠤ᠎ᠶᠢᠨ ᠰᠡᠳᠬᠢᠯ》᠎ᠢ ᠪᠤᠢ ᠪᠤᠯᠭᠠᠪᠠ᠃
ᠳᠠᠷᠠᠭᠠᠯᠠᠪᠠᠯ ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ ᠨᠢ ᠠᠵᠤ ᠠᠬᠤᠶ᠎ᠶᠢᠨ ᠬᠠᠷᠢᠯᠴᠠᠨ ᠬᠠᠷᠠᠭᠠᠯᠵᠠᠯ ᠦᠵᠡᠭᠦᠯᠬᠦ ᠪᠠ ᠰᠡᠳᠬᠢᠴᠡ᠎ᠶᠢᠨ ᠮᠡᠳᠡᠷᠡᠮᠵᠢ᠎ᠶᠢ ᠠᠬᠢᠭᠤᠯᠤᠨ᠎ᠠ᠃ ᠠᠯᠠᠱᠠ ᠠᠶ᠋ᠢᠮᠠᠭ᠎ᠨᠢ ᠬᠥᠲᠥᠴᠢ ᠠᠵᠤ ᠠᠬᠤᠶ᠋ᠢᠯᠠᠯ᠂ ᠲᠤᠰᠬᠠᠶ ᠠᠵᠢᠯ᠎ᠤᠨ ᠬᠤᠷᠰᠢᠶᠠᠵᠢᠯ᠂ ᠲᠡᠵᠢᠭᠡᠨ ᠦᠷᠡᠵᠢᠭᠦᠯᠬᠦ ᠮᠠᠯᠵᠢᠬᠤ ᠡᠷᠦᠬᠡ᠎ᠪᠡᠷ ᠭᠣᠤᠯ ᠴᠣᠭᠴᠠ ᠪᠣᠯᠭᠠᠨ ᠨᠢᠭ᠍ᠲᠠ ᠬᠡᠯᠪᠡᠷᠢ᠎ᠶᠢᠨ ᠠᠰᠢᠭ᠋ ᠲᠤᠰᠠ᠎ᠶᠢ ᠬᠣᠯᠪᠣᠬᠤ ᠲᠣᠭᠲᠠᠴᠠ᠎ᠶᠢ ᠪᠠᠶ᠋ᠢᠭᠤᠯᠵᠤ᠂ ᠬᠥᠲᠥᠴᠢ ᠠᠵᠤ ᠠᠬᠤᠶ᠋ᠢᠯᠠᠯ᠎ᠨᠢ ᠮᠠᠯᠵᠢᠬᠤ ᠲᠠᠷᠢᠶᠠᠯᠠᠬᠤ ᠡᠷᠦᠬᠡᠯᠦ᠍ᠭᠡ ᠣᠷᠳᠣ᠌ ᠬᠤᠭᠤᠴᠠᠭ᠎ᠠ᠎ᠪᠠᠷ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠵᠤ᠂ ᠰᠠᠭᠤᠷᠢ᠎ᠶᠢ ᠪᠠᠲᠤᠯᠠᠨ ᠬᠤᠳᠠᠯᠳᠤᠨ ᠠᠪᠬᠤ᠎ᠶᠢ ᠬᠡᠷᠡᠭᠵᠢᠭᠦᠯᠦᠨ᠂ ᠬᠤᠪᠢ ᠣᠷᠣᠭᠤᠯᠤᠯᠲᠠ᠎ᠪᠠᠷ ᠠᠰᠢᠭ᠋ ᠬᠤᠪᠢᠶᠠᠷᠢᠯᠠᠨ᠎ᠠ᠃ ᠣᠳᠣᠬᠠᠨ᠎ᠳᠤ 2698 ᠲᠡᠮᠡᠭᠡ ᠲᠡᠵᠢᠭᠡᠬᠦ ᠡᠷᠦᠬᠡ᠎ᠶᠢ 《ᠠᠵᠤ ᠠᠬᠤᠶ᠋ᠢᠯᠠᠯ᠎ᠤᠨ ᠬᠤᠷᠰᠢᠶᠠᠵᠢᠯ᠎ᠦᠨ ᠮᠠᠯᠴᠢᠨ》᠎ᠤ ᠠᠰᠢᠭ᠋ ᠲᠤᠰᠠ᠎ᠶᠢᠨ ᠬᠣᠯᠪᠣᠭᠠᠨ᠎ᠤ ᠲᠣᠭᠲᠠᠴᠠ᠎ᠳᠤ ᠣᠷᠣᠭᠤᠯᠵᠤ᠂ ᠲᠡᠮᠡᠭᠡ ᠲᠡᠵᠢᠭᠡᠨ ᠦᠷᠡᠵᠢᠭᠦᠯᠬᠦ ᠡᠷᠦᠬᠡ᠎ᠶᠢᠨ ᠳᠤᠮᠳᠠᠴᠢ ᠣᠷᠣᠯᠭ᠎ᠠ ᠨᠢ 3 ᠲᠦᠮᠡᠨ ᠲᠥᠭᠥᠷᠢᠭ᠎ᠡᠴᠡ ᠳᠡᠭᠡᠭᠰᠢ ᠪᠣᠯᠵᠠᠶ᠃ ᠡᠶ᠋ᠢᠮᠦᠷᠬᠦᠦ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ ᠲᠣᠭᠲᠠᠴᠠ ᠨᠢ ᠡᠯ᠎ᠡ ᠦᠨᠳᠦᠰᠦᠲᠡᠨ᠎ᠦ ᠮᠠᠯᠴᠢᠨ ᠲᠠᠷᠢᠶᠠᠴᠢᠨ᠎ᠢ ᠠᠶᠤᠯ ᠲᠦᠭᠰᠢᠭᠦᠷᠢ᠎ᠶᠢ ᠬᠠᠮᠲᠤ᠎ᠪᠠᠷ ᠡᠭᠦᠷᠭᠡᠯᠡᠬᠦ᠂ ᠠᠰᠢᠭ᠋ ᠲᠤᠰᠠ᠎ᠶᠢ ᠬᠠᠮᠲᠤ᠎ᠪᠠᠷ ᠡᠳ᠋ᠯᠡᠬᠦ ᠬᠠᠮᠲᠤ᠎ᠶᠢᠨ ᠴᠣᠭᠴᠠ ᠪᠣᠯᠭᠠᠭᠰᠠᠨ ᠪᠠᠶ᠋ᠢᠨ᠎ᠠ᠃
ᠳᠠᠬᠢᠪᠠᠯ ᠲᠦᠷᠦᠯ ᠲᠡᠮᠳᠡᠭ᠎ᠦᠨ ᠪᠠᠶ᠋ᠢᠭᠤᠯᠤᠯᠲᠠ ᠪᠣᠯᠤᠨ ᠰᠣᠶᠣᠯ᠎ᠤᠨ ᠳᠠᠮᠵᠢᠭᠤᠯᠭ᠎ᠠ ᠨᠢ ᠬᠠᠶ᠋ᠢᠷ᠎ᠠ ᠰᠡᠳᠬᠢᠯᠭᠡ᠎ᠶᠢᠨ ᠬᠠᠮᠲᠤ᠎ᠶᠢᠨ ᠴᠤᠤᠷᠢᠶᠠᠲᠤᠯ᠎ᠢ ᠨᠡᠮᠡᠭᠳᠡᠭᠦᠯᠦᠨ᠎ᠡ᠃ ᠠᠯᠠᠱᠠ ᠠᠶ᠋ᠢᠮᠠᠭ 2030 ᠣᠨ ᠪᠣᠯᠬᠤ᠎ᠳᠤ ᠲᠡᠮᠡᠭᠡᠨ᠎ᠦ ᠪᠥᠬᠥ ᠠᠵᠤ ᠦᠢᠯᠡᠰ᠎ᠦᠨ ᠬᠡᠯᠬᠢᠶ᠎ᠡ᠎ᠶᠢ 50 ᠳ᠋ᠦᠩᠰᠢᠭᠤᠷ ᠲᠠᠰ᠎ᠤᠨ ᠠᠵᠤ ᠦᠢᠯᠡᠰ ᠪᠣᠯᠭᠠᠨ ᠪᠣᠶ᠋ᠢᠵᠢᠭᠤᠯᠬᠤ᠎ᠪᠠᠷ ᠴᠢᠷᠮᠠᠶ᠋ᠢᠵᠤ ᠪᠠᠶ᠋ᠢᠨ᠎ᠠ᠃ ᠨᠠᠷᠠᠲᠤ ᠲᠡᠮᠳᠡᠭᠲᠦ᠎ᠶᠢ ᠳᠡᠯᠭᠡᠷᠡᠭᠦᠯᠬᠦ ᠶᠠᠪᠤᠴᠠ᠎ᠳᠤ ᠠᠯᠠᠱᠠ ᠠᠶ᠋ᠢᠮᠠᠭ᠎ᠤᠨ ᠬᠢᠨ ᠲᠡᠮᠡᠭᠡᠨ᠎ᠦ ᠠᠵᠤ ᠦᠢᠯᠡᠰ᠎ᠦᠨ ᠳᠤᠮᠳᠠᠬᠢ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠠᠭᠤᠳᠠᠯᠤᠨ ᠤᠯᠠᠮᠵᠢᠯᠠᠬᠤ᠎ᠶᠢ ᠴᠢᠬᠤᠯᠠᠴᠢᠯᠠᠵᠤ᠂ ᠪᠦᠲᠦᠭᠡᠭᠳᠡᠬᠦᠨ᠎ᠦ ᠪᠣᠭᠣᠳᠠᠯ ᠪᠠᠭᠯᠠᠭ᠎ᠠ᠂ ᠤᠬᠠᠭᠤᠯᠭ᠎ᠠ᠎ᠶᠢᠨ ᠹᠢᠯᠢᠮ᠂ ᠳᠡᠯᠭᠡᠨ ᠦᠵᠡᠭᠦᠯᠬᠦ ᠵᠢᠷᠤᠭ ᠲᠥᠯᠥᠪᠯᠡᠭᠡ᠎ᠳᠡᠭᠡᠨ ᠦᠨᠳᠦᠰᠦᠲᠡᠨ᠎ᠨᠦᠭᠦᠳ᠎ᠦᠨ ᠬᠠᠮᠵᠢᠯᠴᠠᠨ ᠬᠠᠮᠲᠤ᠎ᠪᠠᠷ ᠪᠠᠶᠠᠵᠢᠬᠤ ᠬᠠᠷᠠᠭᠠᠨ ᠰᠡᠷᠡᠯ᠎ᠦᠨ ᠡᠯᠧᠮᠧᠨ᠋ᠲ ᠪᠠ ᠬᠡᠷᠡᠭ ᠶᠠᠪᠤᠳᠠᠯ᠎ᠤᠨ ᠰᠦᠪᠡᠭᠴᠢ᠎ᠶᠢ ᠠᠭᠤᠰᠬᠠᠭᠰᠠᠨ ᠪᠠᠶ᠋ᠢᠨ᠎ᠠ᠃ ᠲᠡᠮᠡᠭᠡᠨ᠎ᠦ ᠰᠣᠶᠣᠯ᠎ᠢ ᠰᠤᠷᠭᠠᠭᠤᠯᠢ᠎ᠶᠢᠨ ᠰᠤᠷᠭᠠᠨ ᠬᠥᠮᠦᠵᠢᠯ ᠪᠣᠯᠤᠨ ᠨᠡᠶ᠋ᠢᠭᠡᠮ ᠲᠣᠭᠣᠷᠢᠭ᠋᠎ᠤᠨ ᠠᠮᠢᠳᠤᠷᠠᠯ᠎ᠳᠤ ᠠᠭᠤᠰᠤᠯᠴᠠᠭᠤᠯᠬᠤ ᠠᠵᠢᠯᠯᠠᠭ᠎ᠠ᠎ᠶᠢ ᠦᠷᠭᠦᠯᠵᠢᠯᠡᠨ ᠥᠷᠨᠢᠭᠦᠯᠬᠦ᠎ᠶᠢ ᠠᠬᠢᠭᠤᠯᠵᠤ᠂ ᠵᠠᠯᠠᠭᠤᠴᠤᠳ ᠪᠠᠭᠠᠴᠤᠳ ᠲᠡᠵᠢᠭᠡᠨ ᠦᠷᠡᠵᠢᠭᠦᠯᠬᠦ ᠰᠠᠭᠤᠷᠢᠨ᠎ᠢ ᠲᠣᠭᠣᠷᠢᠨ ᠦᠵᠡᠬᠦ᠎ᠪᠡᠷ ᠳᠠᠮᠵᠢᠨ᠂ ᠲᠡᠮᠡᠭᠡᠨ᠎ᠦ ᠬᠡᠷᠡᠭᠰᠡᠯ᠎ᠢ ᠦᠢᠯᠡᠳᠬᠦ ᠵᠡᠷᠭᠡ ᠰᠤᠳᠤᠯᠤᠨ ᠰᠤᠷᠤᠯᠴᠠᠬᠤ ᠬᠢᠴᠢᠶᠡᠯ᠎ᠢ ᠪᠡᠶᠡᠴᠢᠯᠡᠨ ᠰᠤᠷᠤᠯᠴᠠᠵᠤ᠂ ᠪᠡᠶ᠎ᠡ᠎ᠪᠡᠷ᠎ᠢᠶᠠᠨ ᠣᠷᠣᠯᠴᠠᠬᠤ ᠳᠤᠮᠳᠠ᠎ᠪᠠᠨ ᠡᠯ᠎ᠡ ᠦᠨᠳᠦᠰᠦᠲᠡᠨ᠎ᠦ ᠰᠣᠶᠣᠯ᠎ᠤᠨ ᠠᠭᠤᠰᠤᠯᠴᠠᠯ᠎ᠤᠨ ᠰᠠᠶ᠋ᠢᠬᠠᠨ᠎ᠢ ᠮᠡᠳᠡᠷᠡᠵᠦ᠂ ᠲᠡᠮᠡᠭᠡᠨ᠎ᠦ ᠠᠵᠤ ᠦᠢᠯᠡᠰ᠎ᠦᠨ ᠡᠭᠦᠷᠭᠡᠯᠡᠵᠦ ᠪᠦᠬᠦᠢ ᠦᠨᠳᠦᠰᠦᠲᠡᠨ᠎ᠦ ᠪᠦᠯᠬᠦᠮᠳᠡᠯ᠎ᠦᠨ ᠦᠯᠢᠭᠡᠷ᠎ᠢ ᠰᠡᠷᠡᠵᠦ ᠮᠡᠳᠡᠬᠦ᠂ ᠡᠳᠦᠷ ᠲᠤᠳᠤᠮ᠎ᠤᠨ ᠬᠡᠷᠡᠭᠴᠡᠭᠡᠨ᠎ᠳᠦ ᠦᠯᠤ ᠮᠡᠳᠡᠭᠳᠡᠬᠦ ᠰᠡᠳᠬᠢᠯᠭᠡ᠎ᠶᠢᠨ ᠬᠣᠯᠪᠣᠭᠠᠰᠤ ᠪᠣᠯᠭᠠᠨ ᠬᠤᠪᠢᠷᠠᠭᠤᠯᠤᠭᠰᠠᠨ ᠪᠠᠢᠨ᠎ᠠ᠃
ᠲᠡᠮᠡᠭᠡᠨ᠎ᠦ ᠠᠵᠤ ᠦᠢᠯᠡᠰ᠎ᠢ ᠬᠥᠭᠵᠢᠭᠦᠯᠬᠦ᠎ᠪᠡᠷ ᠭᠠᠷᠳᠠᠴᠠ ᠪᠤᠯᠭᠠᠨ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠭᠡᠷᠡᠭᠳᠡᠢ
ᠲᠡᠮᠡᠭᠡᠨ᠎ᠦ ᠠᠵᠤ ᠦᠢᠯᠡᠰ᠎ᠢᠶᠠᠷ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠨᠠᠩ ᠶᠡᠬᠡ ᠦᠢᠯᠡᠳᠦᠯ ᠪᠠᠳᠠᠷᠠᠭᠤᠯᠬᠤ᠎ᠶᠢᠨ ᠲᠤᠯᠠᠳᠠ ᠡᠬᠢ ᠪᠠᠶᠠᠯᠢᠭ᠋᠎ᠢ ᠠᠭᠤᠳᠠᠯᠬᠤ᠂ ᠠᠵᠤ ᠦᠢᠯᠡᠰ᠎ᠢ ᠠᠭᠤᠰᠤᠯᠴᠠᠭᠤᠯᠬᠤ᠂ ᠲᠦᠷᠢᠮᠵᠢᠡᠷ ᠪᠠᠲᠤᠯᠠᠬᠤ ᠵᠡᠷᠭᠡ ᠲᠠᠯ᠎ᠠ᠎ᠪᠠᠷ ᠦᠷᠭᠦᠯᠵᠢᠯᠡᠨ ᠬᠠᠶ᠋ᠢᠨ ᠰᠦᠪᠡᠭᠴᠢᠯᠡᠬᠦ ᠬᠡᠷᠡᠭᠲᠡᠶ᠃ ᠲᠡᠮᠡᠭᠡᠨ᠎ᠦ ᠠᠵᠤ ᠦᠢᠯᠡᠰ᠎ᠦᠨ ᠡᠬᠢ ᠪᠠᠶᠠᠯᠢᠭ᠋᠎ᠢ ᠰᠠᠶ᠋ᠢᠲᠤᠷ ᠡᠮᠬᠢᠯᠡᠬᠦ ᠪᠣᠯ ᠰᠠᠭᠤᠷᠢ ᠴᠢᠨᠠᠷᠲᠠᠶ ᠠᠵᠢᠯ ᠪᠣᠯᠤᠨ᠎ᠠ᠃ ᠠᠯᠠᠱᠠ᠎ᠶᠢᠨ ᠲᠡᠮᠡᠭᠡᠨ᠎ᠦ ᠠᠵᠤ ᠦᠢᠯᠡᠰ ᠣᠯᠠᠨ ᠵᠢᠯ᠎ᠦᠨ ᠬᠥᠭᠵᠢᠯᠲᠡ᠎ᠪᠡᠷ ᠳᠡᠮᠵᠢᠨ ᠶᠡᠬᠡ ᠬᠡᠮᠵᠢᠶᠡᠨ᠎ᠦ ᠲᠡᠤᠬᠡ᠎ᠶᠢᠨ ᠰᠤᠷᠪᠤᠯᠵᠢ ᠪᠢᠴᠢᠭ᠂ ᠤᠷ᠎ᠠ ᠮᠡᠷᠭᠡᠵᠢᠯ᠎ᠦᠨ ᠤᠯᠠᠮᠵᠢᠯᠠᠯ᠂ ᠦᠨᠳᠦᠰᠦᠲᠡᠨ᠎ᠨᠦᠭᠦᠳ᠎ᠦᠨ ᠬᠠᠮᠵᠢᠯᠴᠠᠭᠰᠠᠨ ᠬᠡᠷᠡᠭ᠎ᠦᠨ ᠵᠢᠱ᠌ᠢᠶ᠎ᠡ ᠵᠡᠷᠭᠡ ᠡᠬᠢ ᠪᠠᠶᠠᠯᠢᠭ᠋᠎ᠢ ᠬᠤᠷᠠᠮᠳᠤᠭᠤᠯᠤᠭᠰᠠᠨ ᠪᠣᠯᠬᠣᠷ ᠣᠲᠣ᠌᠎ᠶᠢᠨ ᠨᠡᠶ᠋ᠢᠳᠡᠮ ᠪᠠᠶ᠋ᠢᠴᠠᠭᠠᠯᠲᠠ ᠪᠠ ᠲᠠᠩᠰᠠ ᠡᠪᠬᠡᠮᠡᠯ᠎ᠦᠨ ᠠᠵᠢᠯ᠎ᠤᠨ ᠰᠠᠭᠤᠷᠢᠨ ᠳᠡᠭᠡᠷ᠎ᠡ ᠡᠬᠢ ᠪᠠᠶᠠᠯᠢᠭ᠋᠎ᠤᠨ ᠲᠣᠭᠠᠴᠢᠯᠠᠭᠰᠠᠨ ᠲᠠᠩᠰᠠ ᠡᠪᠬᠡᠮᠡᠯ ᠪᠠ ᠲᠣᠭ᠎ᠠ ᠪᠠᠷᠢᠮᠲᠠ᠎ᠶᠢᠨ ᠬᠥᠮᠥᠷᠭᠡ᠎ᠶᠢᠨ ᠪᠠᠶ᠋ᠢᠭᠤᠯᠤᠯᠲᠠ᠎ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠤ ᠠᠬᠤᠶ᠋ᠢᠯᠠᠯ᠎ᠢ ᠬᠥᠲᠥᠯᠦᠨ ᠵᠢᠯᠣᠭᠣᠳᠴᠤ ᠪᠠᠶ᠋ᠢᠭᠠᠳ ᠲᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠲᠦᠷᠢᠮ᠎ᠢ ᠪᠦᠷᠢᠨᠰᠢᠬᠦᠯᠵᠦ᠂ ᠲᠡᠤᠬᠡ᠎ᠶᠢᠨ ᠰᠤᠷᠪᠤᠯᠵᠢ ᠪᠢᠴᠢᠭ ᠂ ᠪᠦᠲᠦᠭᠡᠭᠳᠡᠬᠦᠨ᠎ᠦ ᠨᠠᠶ᠋ᠢᠷᠠᠯᠭ᠎ᠠ᠂ ᠭᠠᠷ ᠤᠷᠠᠯᠠᠯ᠎ᠤᠨ ᠴᠤᠪᠤᠷᠠᠯ᠂ ᠶᠠᠷᠢᠶᠠᠨ᠎ᠤ ᠲᠡᠤᠬᠡ᠎ᠶᠢᠨ ᠮᠠᠲᠧᠷᠢᠶᠠᠯ ᠵᠡᠷᠭᠡ᠎ᠶᠢ ᠰᠢᠰᠲᠧᠮ᠎ᠲᠠᠢ ᠴᠤᠭᠯᠠᠭᠤᠯᠬᠤ ᠪᠠ ᠲᠣᠭᠠᠴᠢᠯᠠᠨ ᠰᠢᠢᠳᠪᠦᠷᠢᠯᠡᠵᠦ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠶ᠋ᠢᠭᠤᠯᠤᠮᠵᠢ᠂ ᠣᠷᠣᠨ ᠨᠤᠲᠤᠭ᠎ᠤᠨ ᠰᠣᠶᠣᠯ ᠲᠡᠤᠬᠡ᠎ᠶᠢᠨ ᠲᠤᠰᠬᠠᠶ ᠮᠡᠷᠭᠡᠵᠢᠯᠲᠡᠳ᠎ᠢ ᠵᠣᠬᠢᠶᠠᠨ ᠪᠠᠶ᠋ᠢᠭᠤᠯᠤᠨ ᠲᠤᠰᠬᠠᠶ ᠰᠡᠳᠦᠪᠲᠦ ᠰᠤᠳᠤᠯᠭᠠᠨ ᠥᠷᠨᠢᠭᠦᠯᠵᠦ ᠂ ᠨᠢᠭᠡ ᠪᠦᠯᠦᠭ ᠠᠭᠤᠯᠭ᠎ᠠ ᠨᠢ ᠨᠠᠷᠢᠨ ᠪᠣᠳᠠᠲᠠᠶ᠂ ᠲᠥᠬᠥᠮ ᠣᠶ᠋ᠢᠯᠠᠭᠠᠮᠵᠢᠲᠠᠶ ᠲᠦᠭᠡᠮᠡᠯᠵᠢᠭᠦᠯᠦᠭᠰᠡᠨ ᠨᠣᠮ ᠪᠢᠴᠢᠭ᠎ᠢ ᠨᠠᠶ᠋ᠢᠷᠠᠭᠤᠯᠤᠨ ᠪᠢᠴᠢᠵᠦ᠂ ᠲᠡᠮᠡᠭᠡᠨ᠎ᠦ ᠠᠵᠤ ᠦᠢᠯᠡᠰ᠎ᠦᠨ ᠲᠡᠤᠬᠡ ᠰᠣᠶᠣᠯ᠎ᠤᠨ ᠡᠬᠢ ᠪᠠᠶᠠᠯᠢᠭ᠋᠎ᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠣᠭᠴᠠᠯᠠᠬᠤ ᠠᠮᠢᠳᠤ ᠰᠣᠷᠭᠣᠭ ᠵᠢᠭᠠᠬᠤ ᠮᠠᠲᠧᠷᠢᠶᠠᠯ ᠪᠣᠯᠭᠠᠨ ᠬᠤᠪᠢᠷᠠᠭᠤᠯᠬᠤ ᠴᠢᠬᠤᠯᠠᠲᠠᠶ ᠪᠠᠶ᠋ᠢᠨ᠎ᠠ᠃
ᠠᠵᠤ ᠦᠢᠯᠡᠰ᠎ᠦᠨ ᠠᠭᠤᠰᠤᠯᠴᠠᠯ᠎ᠤᠨ ᠲᠠᠯ᠎ᠠ᠎ᠪᠠᠷ᠂ ᠠᠯᠠᠱᠠ᠎ᠶᠢᠨ ᠥᠪᠡᠷᠮᠢᠴᠡ ᠣᠨᠴᠠᠯᠢᠭ᠋ ᠪᠥᠬᠥᠶ ᠡᠯᠡᠰᠦᠨ ᠴᠥᠯ᠎ᠦᠨ ᠥᠩᠭᠡ ᠦᠵᠡᠮᠵᠢ ᠪᠠ ᠲᠡᠮᠡᠭᠡᠨ᠎ᠦ ᠰᠣᠶᠣᠯ᠎ᠳᠤ ᠲᠦᠰᠢᠭᠯᠡᠨ᠂ ᠲᠡᠮᠡᠭᠡᠨ᠎ᠦ ᠠᠵᠤ ᠦᠢᠯᠡᠰ ᠬᠢᠭᠡᠳ ᠰᠣᠶᠣᠯ᠎ᠤᠨ ᠵᠢᠭᠤᠯᠴᠢᠯᠠᠯ᠂ ᠰᠣᠶᠣᠯ᠎ᠤᠨ ᠡᠭᠦᠳᠦᠯᠲᠡ᠎ᠶᠢᠨ ᠨᠡᠭᠡᠭᠡᠨ ᠬᠥᠭᠵᠢᠭᠦᠯᠦᠯᠲᠡ᠂ ᠨᠡᠶ᠋ᠢᠭᠡᠮ ᠲᠣᠭᠣᠷᠢᠭ᠋᠎ᠤᠨ ᠠᠮᠢᠳᠤᠷᠠᠯ᠎ᠤᠨ ᠠᠭᠤᠰᠤᠯᠴᠠᠯ᠎ᠤᠨ ᠣᠷᠣᠨ ᠵᠠᠶ᠎ᠶᠢ ᠤᠯᠠᠮ ᠨᠢᠭᠡ ᠠᠯᠬᠤᠮ ᠥᠷᠭᠡᠳᠬᠡᠵᠦ᠂ ᠠᠵᠤ ᠠᠬᠤᠶ᠋ᠢᠯᠠᠯ ᠬᠢᠭᠡᠳ ᠳᠡᠭᠡᠳᠦ ᠰᠤᠷᠭᠠᠭᠤᠯᠢ᠂ ᠵᠢᠷᠤᠭ ᠲᠥᠯᠥᠪᠯᠡᠭᠡ᠎ᠶᠢᠨ ᠪᠠᠶ᠋ᠢᠭᠤᠯᠤᠮᠵᠢ᠎ᠶᠢᠨ ᠭᠠᠵᠠᠷ ᠣᠷᠣᠨ᠎ᠤ ᠣᠨᠴᠠᠯᠢᠭ᠋ ᠪᠠ ᠦᠨᠳᠦᠰᠦᠲᠡᠨ᠎ᠦ ᠪᠦᠯᠬᠦᠮᠳᠡᠯ᠎ᠦᠨ ᠠᠭᠤᠯᠤᠭᠳᠠᠬᠤᠨ᠎ᠲᠠᠢ ᠰᠣᠶᠣᠯ᠎ᠤᠨ ᠡᠭᠦᠳᠦᠯᠲᠡ᠎ᠶᠢᠨ ᠪᠦᠲᠦᠭᠡᠭᠳᠡᠬᠦᠨ᠎ᠢ ᠬᠠᠮᠲᠤᠷᠠᠨ ᠨᠡᠭᠡᠭᠡᠨ ᠬᠥᠭᠵᠢᠭᠦᠯᠬᠦ᠎ᠶᠢ ᠳᠡᠮᠵᠢᠵᠦ᠂ ᠲᠡᠮᠡᠭᠡᠨ᠎ᠦ ᠠᠵᠤ ᠦᠢᠯᠡᠰ᠎ᠦᠨ ᠵᠡᠭᠡᠯᠢ ᠲᠣᠭᠣᠷᠢᠭ᠋᠂ ᠦᠵᠡᠮᠵᠢ᠎ᠶᠢᠨ ᠣᠷᠣᠨ᠂ ᠰᠤᠷᠭᠠᠭᠤᠯᠢ᠎ᠶᠢᠨ ᠬᠦᠷᠢᠶ᠎ᠡ᠂ ᠨᠡᠶ᠋ᠢᠭᠡᠮ ᠲᠣᠭᠣᠷᠢᠭ᠋᠎ᠲᠤ ᠣᠷᠣᠬᠤ᠎ᠶᠢ ᠦᠷᠭᠦᠯᠵᠢᠯᠡᠨ ᠠᠬᠢᠭᠤᠯᠵᠤ᠂ ᠲᠡᠮᠡᠭᠡᠨ᠎ᠦ ᠠᠵᠤᠦᠢᠯᠡᠰ ᠦ᠋ᠨ ᠠᠴᠢᠶᠠᠯᠠᠭᠰᠠᠨ ᠦᠨᠳᠦᠰᠦᠲᠡᠨ᠎ᠦ ᠪᠦᠯᠬᠦᠮᠳᠡᠯ᠎ᠦᠨ ᠥᠯᠢᠭᠡᠷ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠡᠳᠦᠷ ᠲᠤᠲᠤᠮ᠎ᠤᠨ ᠠᠮᠢᠳᠤᠷᠠᠯ᠎ᠳᠤ ᠠᠭᠤᠰᠬᠠᠨ᠎ᠠ᠃
ᠲᠦᠷᠢᠮ᠎ᠦᠨ ᠪᠠᠲᠤᠯᠠᠭ᠎ᠠ ᠪᠠ ᠤᠯᠠᠮᠵᠢᠯᠠᠨ ᠳᠡᠯᠭᠡᠷᠡᠭᠦᠯᠬᠦ ᠲᠠᠯ᠎ᠠ᠎ᠪᠠᠷ᠂ ᠠᠵᠤ ᠦᠢᠯᠡᠰ᠎ᠦᠨ ᠲᠡᠳᠬᠦᠨ ᠳᠡᠮᠵᠢᠬᠦ ᠲᠥᠷᠥ᠎ᠶᠢᠨ ᠪᠣᠳᠣᠯᠭ᠎ᠠ᠎ᠶᠢ ᠦᠷᠭᠦᠯᠵᠢᠯᠡᠨ ᠰᠢᠯᠢᠳᠡᠭᠵᠢᠭᠦᠯᠵᠦ᠂ ᠣᠯᠠᠨ ᠰᠠᠯᠠᠭ᠎ᠠ ᠮᠥᠴᠢᠷ᠎ᠦᠨ ᠬᠠᠮᠲᠤᠷᠠᠨ ᠬᠥᠳᠡᠯᠦᠯᠴᠡᠬᠦ ᠠᠵᠢᠯ᠎ᠤᠨ ᠲᠣᠭᠲᠠᠴᠠ᠎ᠶᠢ ᠪᠦᠷᠢᠨᠰᠢᠬᠦᠯᠦᠨ᠂ ᠲᠡᠮᠡᠭᠡᠨ᠎ᠦ ᠠᠵᠤ ᠦᠢᠯᠡᠰ᠎ᠦᠨ ᠡᠯ᠎ᠡ ᠦᠨᠳᠦᠰᠦᠲᠡᠨ᠎ᠦ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠎ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃ ᠣᠬᠣᠷ ᠪᠢᠴᠢᠯᠭᠡ᠂ ᠰᠢᠭᠤᠳ ᠨᠡᠪᠲᠡᠷᠡᠭᠦᠯᠭᠡ ᠵᠡᠷᠭᠡ ᠳᠠᠮᠵᠢᠭᠤᠯᠬᠤ ᠠᠷᠭ᠎ᠠ ᠬᠡᠯᠪᠡᠷᠢ᠎ᠶᠢ ᠠᠰᠢᠭ᠍ᠯᠠᠨ᠂ ᠲᠡᠮᠡᠭᠡᠨ᠎ᠦ ᠠᠵᠤ ᠦᠢᠯᠡᠰ᠎ᠲᠡᠬᠢ ᠦᠨᠳᠦᠰᠦᠲᠡᠨ᠎ᠨᠦᠭᠦᠳ᠎ᠦᠨ ᠬᠠᠮᠵᠢᠯᠴᠠᠨ ᠲᠡᠵᠢᠭᠡᠨ ᠦᠷᠡᠵᠢᠭᠦᠯᠬᠦ᠂ ᠬᠠᠮᠲᠤᠷᠠᠨ ᠠᠵᠢᠯ ᠦᠢᠯᠡᠰ ᠴᠣᠭᠴᠠᠯᠠᠭᠰᠠᠨ ᠠᠮᠢᠳᠤᠯᠢᠭ᠋ ᠬᠡᠷᠡᠭ᠎ᠦᠨ ᠵᠢᠱ᠌ᠢᠶ᠎ᠡ᠎ᠶᠢ ᠭᠦᠨᠵᠡᠭᠡᠶ ᠠᠭᠤᠳᠠᠯᠤᠨ ᠲᠣᠭᠲᠠᠮᠠᠯ ᠬᠤᠭᠤᠴᠠᠭ᠎ᠠ᠎ᠲᠠᠢ᠎ᠪᠠᠷ ᠵᠠᠭᠤᠴᠢᠯᠠᠭᠤᠷ᠎ᠤᠨ ᠰᠤᠷᠪᠤᠯᠵᠢᠯᠠᠭ᠍ᠴᠢ ᠵᠢ ᠵᠣᠬᠢᠶᠠᠨ ᠪᠠᠶ᠋ᠢᠭᠤᠯᠤᠨ ᠮᠠᠯᠵᠢᠬᠤ ᠣᠷᠣᠨ᠂ ᠠᠵᠤ ᠠᠬᠤᠶ᠋ᠢᠯᠠᠯ᠎ᠳᠤ ᠭᠦᠨᠵᠡᠭᠡᠶ᠋ᠢᠷᠡᠭᠦᠯᠦᠨ ᠰᠤᠷᠪᠤᠯᠵᠢᠯᠠᠭ᠎ᠠ ᠥᠷᠨᠢᠭᠦᠯᠵᠦ᠂ ᠨᠢᠭᠡ ᠪᠦᠯᠦᠭ ᠭᠦᠨᠴᠡ ᠮᠡᠳᠡᠭᠡᠯᠡᠯᠬᠢᠪᠡᠯ ᠵᠣᠬᠢᠨ᠎ᠠ᠃
ᠲᠡᠮᠡᠭᠡᠨ᠎ᠦ ᠠᠵᠤ ᠦᠢᠯᠡᠰ ᠨᠢ ᠭᠦᠨ ᠵᠤᠵᠠᠭᠠᠨ ᠲᠡᠦᠬᠡ ᠰᠣᠶᠣᠯ᠎ᠤᠨ ᠭᠸᠨ᠎ᠢ ᠠᠴᠢᠶᠠᠯᠠᠵᠤ ᠪᠠᠶ᠋ᠢᠬᠤ᠎ᠪᠠᠷ ᠪᠠᠷᠠᠬᠤ ᠦᠭᠡᠢ ᠪᠠᠰᠠ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠠᠮᠢᠳᠤᠯᠢᠭ᠋ ᠳᠤᠷᠠᠰᠤᠮᠵᠢ᠎ᠶᠢ ᠨᠢᠭ᠍ᠲᠠᠷᠠᠭᠤᠯᠵᠤ ᠪᠤᠢ᠃ ᠰᠢᠨ᠎ᠡ ᠠᠶᠠᠨ᠎ᠳᠤ ᠲᠡᠮᠡᠭᠡᠨ᠎ᠦ ᠠᠵᠤ ᠦᠢᠯᠡᠰ᠎ᠦᠨ ᠬᠥᠭᠵᠢᠯᠲᠡ᠎ᠶᠢ ᠴᠢᠨᠠᠷ ᠰᠠᠶ᠋ᠢᠲᠠᠢ ᠠᠬᠢᠭᠤᠯᠬᠤ᠎ᠳᠤ᠂ ᠤᠯᠠᠮᠵᠢᠯᠠᠨ ᠵᠠᠯᠭᠠᠮᠵᠢᠯᠠᠬᠤ ᠪᠠ ᠰᠢᠨ᠎ᠡ᠎ᠶᠢ ᠡᠭᠦᠳᠬᠦ᠎ᠶᠢ ᠵᠡᠷᠭᠡ᠎ᠪᠡᠷ ᠴᠢᠬᠤᠯᠠᠴᠢᠯᠠᠵᠤ᠂ ᠰᠣᠶᠣᠯ ᠪᠣᠯᠤᠨ ᠠᠵᠤ ᠦᠢᠯᠡᠰ᠎ᠢ ᠬᠠᠷᠢᠯᠴᠠᠨ ᠠᠬᠢᠭᠤᠯᠵᠤ᠂ ᠬᠥᠭᠵᠢᠭᠦᠯᠬᠦ ᠪᠠ ᠪᠦᠯᠬᠦᠮᠳᠡᠭᠦᠯᠵᠦ ᠬᠠᠮᠲᠤ ᠪᠠᠷ ᠤᠷᠤᠭᠰᠢᠯᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠭᠡᠬᠦ ᠡᠨᠡᠬᠦ ᠭᠣᠣᠯ ᠱᠤᠭᠤᠮ᠎ᠢ ᠴᠢᠩᠭ᠎ᠠ ᠡᠵᠡᠮᠳᠡᠨ ᠪᠡᠬᠢᠵᠢᠭᠦᠯᠵᠦ᠂ ᠲᠡᠮᠡᠭᠡᠨ᠎ᠦ ᠠᠵᠤ ᠦᠢᠯᠡᠰ᠎ᠦᠨ ᠡᠬᠢ ᠪᠠᠶᠠᠯᠢᠭ᠋᠎ᠢ ᠭᠦᠨᠵᠡᠭᠡᠢ ᠠᠭᠤᠳᠠᠯᠵᠤ᠂ ᠰᠢᠨ᠎ᠡ ᠠᠮᠢᠵᠢᠷᠠᠯ᠎ᠤᠨ ᠬᠦᠴᠦᠨ᠎ᠢ ᠲᠠᠰᠤᠷᠠᠯᠲᠠ ᠦᠭᠡᠢ ᠪᠠᠳᠠᠷᠠᠭᠤᠯᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠶ᠋ᠢᠭᠤᠯᠤᠯᠲᠠ᠎ᠶᠢ ᠠᠬᠢᠭᠤᠯᠬᠤ᠎ᠳᠤ ᠨᠡᠩ ᠶᠡᠬᠡ ᠦᠢᠯᠡᠳᠦᠯ ᠦᠵᠡᠭᠦᠯᠬᠦ ᠬᠡᠷᠡᠭᠲᠡᠢ᠃
(ᠵᠤᠬᠢᠶᠠᠭ᠍ᠴᠢ᠎ᠶᠢᠨ ᠬᠠᠶᠢᠭ᠄ ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠦ ᠨᠡᠢᠭᠡᠮ᠎ᠦᠨ ᠰᠢᠨᠵᠢᠯᠡᠬᠦ ᠤᠬᠠᠭᠠᠨ᠎ᠦ ᠬᠦᠷᠢᠶᠡᠯᠡᠡᠭ᠎ᠦᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠳᠤ ᠴᠣᠭᠴᠠᠯᠠᠬᠤ᠎ᠶᠢ ᠰᠤᠳᠤᠯᠬᠤ ᠬᠦᠷᠢᠶᠡᠯᠡᠩ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃