2026-11-06 11:48:33
ᠶᠡᠷᠦᠩᠬᠡᠢ ᠱᠦᠵᠢ ᠰᠢ ᠵᠢᠨ ᠫᠢᠩ᠄《ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠢ ᠬᠢᠴᠢᠶᠡᠯ ᠳᠡᠭᠡᠷ᠎ᠡ ᠶᠠᠷᠢᠬᠤ᠎ᠪᠠᠷ ᠪᠠᠷᠠᠬᠤ ᠦᠭᠡᠢ ᠪᠠᠰᠠ ᠨᠡᠶ᠋ᠢᠭᠡᠮ᠎ᠦᠨ ᠠᠮᠢᠳᠤᠷᠠᠯ ᠳᠤᠮᠳᠠ ᠶᠠᠷᠢᠬᠤ ᠬᠡᠷᠡᠭᠲᠡᠢ》 ᠭᠡᠵᠦ ᠵᠢᠭᠠᠵᠤ ᠭᠠᠷᠭᠠᠪᠠ᠃ ᠡᠨᠡ ᠬᠦ᠌ ᠴᠢᠬᠤᠯᠠ ᠥᠭᠦᠯᠡᠯᠲᠡ ᠨᠢ ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ ᠳᠣᠲᠣᠭᠠᠳᠤ ᠵᠢᠮ᠎ᠡ ᠶᠣᠰᠣ ᠪᠠ ᠦᠢᠯᠡᠳᠦᠯᠭᠡ᠎ᠶᠢᠨ ᠠᠷᠭ᠎ᠠ ᠵᠠᠮ᠎ᠢ ᠭᠦᠨᠵᠡᠭᠡᠢ ᠢᠯᠡᠷᠡᠭᠦᠯᠦᠭᠰᠡᠨ ᠪᠠᠶ᠋ᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠬᠥᠲᠥᠯᠪᠦᠷᠢ᠎ᠳᠦ 《ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠲᠠᠩᠬᠢᠮ ᠪᠠ ᠨᠡᠶ᠋ᠢᠭᠡᠮ᠎ᠦᠨ ᠬᠢᠴᠢᠶᠡᠯ᠎ᠦᠨ ᠲᠠᠩᠬᠢᠮ᠎ᠤᠨ ᠪᠦᠲᠦᠮᠵᠢᠲᠡᠶ ᠠᠭᠤᠰᠤᠯᠴᠠᠯ᠎ᠢ ᠠᠬᠢᠭᠤᠯᠬᠤ》 ᠶ᠋ᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠨ᠎ᠠ ᠭᠡᠵᠡᠢ᠂ ᠡᠨᠡ ᠨᠢ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠣᠳᠠᠲᠤ᠌ ᠦᠷ᠎ᠡ ᠪᠦᠲᠦᠮᠵᠢᠲᠦ᠍ ᠴᠢᠨᠠᠷ᠎ᠢ ᠳᠡᠭᠡᠭᠰᠢᠯᠡᠭᠦᠯᠬᠦ᠌ ᠵᠠᠩᠭᠢᠯᠠᠭ᠎ᠠ᠎ᠶᠢᠨ ᠠᠷᠭ᠎ᠠ ᠪᠣᠯᠬᠤ᠎ᠪᠠᠷ ᠪᠠᠷᠠᠬᠤ ᠥᠬᠡᠶ᠂ ᠨᠠᠩ ᠴᠤ᠌ ᠴᠠᠭ ᠦᠶ᠎ᠡ᠎ᠶᠢᠨ ᠰᠢᠨ᠎ᠡ ᠬᠥᠮᠦᠨ᠎ᠢ ᠬᠥᠮᠦᠵᠢᠭᠦᠯᠬᠦ᠌ ᠢᠨᠵᠧᠨᠧᠷᠢᠩ᠎ᠦᠨ ᠰᠢᠰᠲ᠋ᠧᠮᠲᠦ᠍ ᠢᠨᠵᠧᠨᠧᠷᠢᠩ ᠪᠣᠯᠤᠨ᠎ᠠ᠃ ᠥᠪᠥᠷ ᠮᠣᠩᠭᠣᠯ᠎ᠳᠤ ᠠᠪᠴᠤ᠌ ᠬᠡᠯᠡᠪᠡᠯ᠂ ᠡᠨᠡ ᠬᠦ᠌ ᠱᠠᠭᠠᠷᠳᠠᠯᠭ᠎ᠠ᠎ᠶᠢ ᠨᠠᠶ᠋ᠢᠳᠠᠪᠤᠷᠢᠵᠢᠭᠤᠯᠬᠤ᠎ᠳᠤ᠂ ᠡᠷᠬᠡᠪᠰᠢ ᠣᠷᠣᠨ᠎ᠤ ᠪᠣᠳᠠᠲᠤ᠌ ᠪᠠᠶ᠋ᠢᠳᠠᠯ᠎ᠳᠤ ᠰᠠᠭᠤᠷᠢᠯᠠᠵᠤ᠂ ᠪᠥᠬᠥ᠌ ᠨᠡᠶ᠋ᠢᠭᠡᠮ᠎ᠦᠨ ᠬᠦᠴᠦᠨ᠎ᠢ ᠨᠢᠭᠲᠠᠷᠠᠭᠤᠯᠵᠤ᠂ ᠡᠯᠪᠡᠭ ᠪᠠᠶᠠᠯᠢᠭ ᠥᠪᠡᠷᠮᠢᠴᠡ ᠣᠨᠴᠠᠯᠢᠭ ᠪᠥᠬᠥᠶ ᠬᠥᠮᠦᠨ᠎ᠢ ᠬᠥᠮᠦᠵᠢᠭᠦᠯᠬᠦ᠌ ᠡᠬᠢ ᠪᠠᠶᠠᠯᠢᠭ᠎ᠢ ᠴᠢᠳᠠᠮᠠᠭᠠᠶ ᠬᠡᠷᠡᠭᠯᠡᠵᠦ᠂ ᠣᠨᠣᠯ᠎ᠢᠶᠠᠷ ᠵᠡᠪᠰᠡᠭᠯᠡᠬᠦ᠌᠂ ᠭᠤᠤᠯ ᠰᠢᠵᠢᠮ᠎ᠢᠶᠡᠷ ᠲᠤᠭᠤᠱᠢᠯᠠᠭᠤᠯᠬᠤ᠂ ᠰᠢᠨ᠎ᠡ᠎ᠶᠢ ᠡᠭᠦᠳᠬᠦ᠌ ᠠᠷᠭ᠎ᠠ ᠬᠢᠭᠡᠳ ᠦᠢᠯᠡᠳᠦᠯᠭᠡ᠎ᠶᠢ ᠠᠭᠤᠰᠤᠯᠴᠠᠭᠤᠯᠬᠤ ᠣᠯᠠᠨ ᠲᠠᠯ᠎ᠠ᠎ᠪᠡᠷ ᠦᠷᠭᠦᠯᠵᠢᠯᠡᠨ ᠬᠦᠴᠦᠯᠡᠵᠦ᠍᠂ ᠪᠥᠬᠥ᠌ ᠠᠵᠢᠯᠲᠠᠨ᠂ ᠪᠥᠬᠥ᠌ ᠶᠠᠪᠤᠴᠠ᠂ ᠪᠥᠬᠥ᠌ ᠲᠠᠯ᠎ᠠ᠎ᠪᠠᠷ ᠬᠥᠮᠦᠨ᠎ᠢ ᠬᠥᠮᠦᠵᠢᠭᠦᠯᠬᠦ᠌ ᠪᠠᠶ᠋ᠢᠷᠢᠰᠢᠯ᠎ᠢ ᠪᠠᠶ᠋ᠢᠭᠤᠯᠬᠤ᠎ᠳᠤ ᠰᠦᠷ ᠳᠠᠯᠠᠶ᠋ᠢᠴᠠᠲᠠᠶ ᠬᠥᠳᠡᠯᠭᠡᠬᠦ᠌ ᠬᠦᠴᠦᠨ ᠨᠡᠮᠡᠷᠢᠯᠡᠬᠦ᠌ ᠬᠡᠷᠡᠭᠲᠡᠶ᠃
ᠨᠢᠭᠡ᠂ ᠦᠵᠡᠯ ᠰᠠᠨᠠᠭᠠᠨ᠎ᠤ ᠲᠤᠭ᠎ᠢ ᠦᠨᠳᠦᠷ ᠡᠷᠭᠦᠵᠦ᠍᠂ ᠣᠨᠣᠯ᠎ᠤᠨ ᠭᠡᠷᠡᠯᠬᠢᠯᠪᠠᠭᠠ ᠪᠡᠷ ᠬᠥᠮᠦᠨ᠎ᠢ ᠬᠥᠮᠦᠵᠢᠭᠦᠯᠬᠦ᠌ ᠵᠠᠮ ᠢ᠋ ᠭᠡᠷᠡᠯᠲᠦᠭᠦᠯᠬᠦ ᠬᠡᠷᠡᠭᠳᠡᠢ
ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠢ ᠰᠠᠶ᠋ᠢᠲᠤᠷ ᠬᠢᠬᠦ᠌᠎ᠳᠦ᠂ ᠡᠩ ᠲᠡᠷᠢᠭᠦᠨ᠎ᠳᠦ ᠦᠨᠳᠦᠰᠦ᠎ᠶᠢ ᠪᠡᠬᠢᠵᠢᠭᠦᠯᠦᠨ ᠰᠠᠭᠤᠷᠢ᠎ᠶᠢ ᠪᠠᠳᠤᠳᠬᠠᠵᠤ᠂ ᠤᠨᠤᠯ᠎ᠢᠶᠠᠷ ᠵᠡᠪᠰᠡᠭᠯᠡᠬᠦ᠌᠎ᠶᠢ ᠴᠢᠬᠤᠯᠠᠴᠢᠯᠠᠬᠤ ᠬᠡᠷᠡᠭᠲᠡᠢ᠃ ᠨᠠᠮ᠎ᠤᠨ ᠰᠢᠨ᠎ᠡ᠎ᠶᠢ ᠡᠭᠦᠳᠬᠦ᠌ ᠤᠨᠤᠯ᠎ᠢᠶᠠᠷ ᠰᠦᠭ ᠰᠦᠨᠡᠰᠦ᠎ᠶᠢ ᠱᠤᠭᠤᠵᠤ ᠬᠥᠮᠦᠨ᠎ᠢ ᠬᠥᠮᠦᠵᠢᠭᠦᠯᠬᠦ ᠶᠠᠪᠤᠳᠠᠯ᠎ᠢ ᠶᠠᠮᠠᠷᠪᠠ ᠦᠶ᠎ᠡ᠎ᠳᠦ ᠴᠦ᠍ ᠭᠡᠰᠡᠨ ᠰᠤᠯᠠᠷᠠᠭᠤᠯᠵᠤ ᠪᠣᠯᠬᠤ ᠦᠭᠡᠢ᠃
《ᠰᠦᠨᠡᠰᠦ》 ᠪᠠ 《ᠬᠥᠲᠥᠯᠪᠦᠷᠢ》 ᠶ᠋ᠢ ᠵᠦᠪ ᠣᠨᠣᠪᠴᠢᠲᠠᠶ ᠡᠵᠡᠮᠳᠡᠬᠦ᠌ ᠬᠡᠷᠡᠭᠲᠡᠶ᠃ ᠰᠢ ᠵᠢᠨ ᠫᠢᠩ᠎ᠦᠨ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠰᠦᠭ ᠰᠦᠨᠡᠰᠦ ᠮᠥᠨ᠂ ᠮᠦᠨ ᠴᠤ᠌ ᠵᠢᠭᠠᠬᠤ ᠮᠠᠲ᠋ᠧᠷᠢᠶᠠᠯ᠎ᠳᠤ ᠲᠤᠭᠤᠱᠢᠯᠠᠭᠳᠠᠭᠰᠠᠨ ᠬᠥᠲᠥᠯᠪᠦᠷᠢ ᠮᠥᠨ᠃ ᠡᠨᠡ ᠬᠦ᠌ ᠦᠵᠡᠯ ᠰᠠᠨᠠᠭ᠎ᠠ᠎ᠶᠢ ᠶᠠᠷᠢᠬᠤ᠎ᠳᠤ ᠤᠬᠠᠭᠳᠠᠬᠤᠨᠳᠡᠭᠡᠷᠡ ᠯᠡ ᠵᠣᠭᠰᠣᠩᠭᠢᠷᠠᠭᠠᠳ ᠪᠠᠶ᠋ᠢᠵᠤ ᠪᠣᠯᠬᠤ ᠦᠭᠡᠢ᠂ ᠲᠡᠭᠦᠨ᠎ᠦ ᠰᠢᠨᠵᠢᠯᠡᠬᠦ᠌ ᠤᠬᠠᠭᠠᠨᠴᠢ ᠰᠢᠰᠲ᠋ᠧᠮ᠂ ᠤᠨᠤᠯ᠎ᠤᠨ ᠠᠭᠤᠯᠤᠭᠳᠠᠬᠤᠨ᠂ ᠴᠠᠭ ᠦᠶ᠎ᠡ᠎ᠶᠢᠨ ᠦᠷᠳᠡᠭ᠎ᠢ ᠲᠣᠳᠣᠷᠬᠠᠢ ᠶᠠᠷᠢᠬᠤ ᠬᠡᠷᠡᠭᠲᠡᠢ᠂ ᠨᠡᠩ ᠴᠤ᠌ ᠲᠡᠭᠦᠨ᠎ᠳᠦ ᠠᠭᠤᠯᠤᠭᠳᠠᠵᠤ ᠪᠠᠶ᠋ᠢᠭ᠎ᠠ ᠶᠢᠷᠲᠢᠨᠴᠦ᠎ᠶᠢᠨ ᠦᠵᠡᠯᠲᠡ ᠪᠠ ᠠᠷᠭ᠎ᠠ᠎ᠶᠢᠨ ᠤᠨᠤᠯ᠎ᠢ ᠲᠤᠭᠤᠷᠠᠳᠠᠯ᠎ᠠ ᠶᠠᠷᠢᠬᠤ ᠬᠡᠷᠡᠭᠲᠡᠢ᠃ ᠭᠦᠨ ᠭᠦᠨᠵᠡᠭᠡᠶ ᠶᠣᠰᠣ ᠵᠦᠢ᠎ᠵᠢ ᠠᠮᠢᠳᠤᠯᠢᠭ ᠶᠣᠰᠣ ᠤᠴᠢᠷ ᠪᠣᠯᠭᠠᠨ ᠬᠤᠪᠢᠷᠠᠭᠤᠯᠬᠤ᠎ᠳᠤ᠂ ᠰᠤᠷᠤᠭᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠲᠡᠦᠬᠡ᠎ᠶᠢᠨ ᠯᠣᠭᠢᠭ᠂ ᠣᠨᠣᠯ᠎ᠤᠨ ᠯᠣᠭᠢᠭ᠂ ᠦᠢᠯᠡᠳᠦᠯᠭᠡ᠎ᠶᠢᠨ ᠯᠣᠭᠢᠭ᠎ᠤᠨ ᠰᠣᠯᠪᠢᠴᠠᠯᠢ ᠨᠡᠪᠲᠡᠯᠦᠨ᠂ ᠦᠵᠡᠯ ᠰᠠᠨᠠᠭᠠᠨ᠎ᠤ ᠰᠤᠳᠠᠰᠤ ᠵᠢᠨ ᠯᠤᠬᠰᠢᠭᠠᠵᠢ 《ᠪᠠᠷᠢᠵᠤ》᠂ ᠲᠡᠭᠦᠨ᠎ᠦ ᠭᠤᠤᠯ ᠤᠳᠬ᠎ᠠ ᠠᠭᠤᠯᠭ᠎ᠠ᠎ᠶᠢ ᠦᠨᠡᠨ ᠬᠦ᠌ ᠣᠶ᠋ᠢᠯᠠᠭᠠᠭᠤᠯᠬᠤ ᠬᠡᠷᠡᠭᠲᠡᠶ᠃
《ᠶᠣᠰᠣ》 ᠪᠠ 《ᠤᠴᠢᠷ》 ᠢ᠋ ᠲᠤᠭᠤᠷᠠᠳᠠᠯ᠎ᠠ ᠶᠠᠷᠢᠬᠤ ᠬᠡᠷᠡᠭᠲᠡᠢ᠃ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠮᠥᠨ ᠴᠢᠨᠠᠷ ᠪᠣᠯ ᠶᠣᠰᠣ ᠶᠠᠷᠢᠬᠤ ᠶᠠᠪᠤᠳᠠᠯ ᠪᠣᠯᠤᠨ᠎ᠠ᠃ ᠡᠨᠡ ᠶᠣᠰᠣ᠎ᠶᠢ ᠬᠣᠭᠣᠰᠣᠨ ᠶᠠᠷᠢᠵᠤ ᠪᠣᠯᠬᠤ ᠦᠭᠡᠢ᠂ ᠪᠣᠳᠠᠲᠤ᠌ ᠶᠠᠪᠤᠳᠠᠯ᠎ᠢᠶᠠᠷ ᠲᠤᠯᠭᠠᠭᠤᠷᠢᠯᠠᠯ ᠪᠣᠯᠭᠠᠬᠤ ᠬᠡᠷᠡᠭᠲᠡᠢ᠃ ᠰᠢᠨ᠎ᠡ ᠴᠠᠭ ᠦᠶ᠎ᠡ᠎ᠳᠦ ᠣᠯᠤᠭᠰᠠᠨ ᠲᠡᠦᠬᠡᠲᠦ᠍ ᠴᠢᠨᠠᠷᠲᠠᠢ ᠠᠮᠵᠢᠯᠲᠠ᠂ ᠡᠭᠦᠰᠦᠭᠰᠡᠨ ᠲᠡᠦᠬᠡᠲᠦ᠍ ᠴᠢᠨᠠᠷᠲᠠᠢ ᠬᠤᠪᠢᠰᠤᠯᠲᠠ᠎ᠶᠢ ᠥᠪᠥᠷ ᠮᠣᠩᠭᠣᠯ᠎ᠤᠨ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠶ᠋ᠢᠭᠤᠯᠬᠤ ᠠᠬᠢᠴᠠ ᠳᠤᠮᠳᠠ ᠣᠯᠤᠭᠰᠠᠨ ᠡᠯᠪᠡᠭ ᠪᠠᠶᠠᠯᠢᠭ ᠦᠷ᠎ᠡ ᠪᠦᠲᠦᠭᠡᠯ᠎ᠲᠡᠶ ᠤᠶᠠᠯᠳᠤᠭᠤᠯᠵᠤ ᠦᠵᠡᠪᠡᠯ ᠳᠠᠷᠤᠢ ᠬᠠᠮᠤᠭ᠎ᠤᠨ ᠠᠮᠢᠳᠤᠯᠢᠭ ᠪᠤᠷᠤ ᠮᠠᠲᠸᠷᠢᠶᠠᠯ ᠪᠤᠯᠤᠨ᠎ᠠ᠃ ᠲᠡᠦᠬᠡ᠎ᠶᠢᠨ ᠬᠥᠭᠵᠢᠯᠲᠡ᠎ᠶᠢᠨ ᠬᠠᠷᠠᠭᠠᠰᠤ ᠡᠴᠡ᠂ ᠪᠣᠳᠠᠲᠠᠢ ᠵᠢᠱ᠌ᠢᠢ᠎ᠡ᠂ ᠨᠠᠷᠢᠯᠢᠭ ᠤᠨᠤᠪᠴᠢᠲᠠᠢ ᠲᠣᠭ᠎ᠠ ᠪᠠᠷᠢᠮᠲᠠ᠂ ᠠᠮᠢᠳᠤᠯᠢᠭ ᠬᠠᠷᠢᠴᠠᠭᠤᠯᠤᠯ᠎ᠢ ᠬᠡᠷᠡᠭᠯᠡᠵᠦ᠂ ᠳᠤᠮᠳᠠᠳᠤ ᠤᠯᠤᠰ᠎ᠤᠨ ᠡᠪ ᠬᠠᠮᠳᠦ ᠨᠠᠮ ᠶᠠᠭᠠᠬᠢᠭᠠᠳ ᠢᠯᠠᠬᠰᠠᠨ᠂ ᠳᠤᠮᠳᠠᠳᠤ ᠤᠯᠤᠰ᠎ᠤᠨ ᠤᠨᠴᠠᠯᠢᠭ ᠪᠦᠬᠦᠢ ᠨᠡᠢᠭᠡᠮ ᠵᠢᠷᠤᠮ ᠶᠠᠭᠠᠬᠢᠭᠠᠳ ᠰᠠᠢᠨ ᠪᠠᠢᠬᠤ᠂ ᠮᠠᠷᠺᠰ᠎ᠤᠨ ᠦᠵᠡᠯ ᠶᠠᠭᠠᠬᠢᠭᠠᠳ ᠶᠠᠪᠤᠭᠳᠠᠵᠤ ᠳᠡᠢᠯᠬᠦ ᠶᠣᠰᠣ ᠤᠴᠢᠷ᠎ᠢ ᠭᠦᠨᠵᠡᠭᠡᠢ ᠶᠠᠷᠢᠵᠤ᠂ ᠲᠤᠭᠤᠷᠠᠳᠠᠯ᠎ᠠ ᠶᠠᠷᠢᠵᠤ᠂ ᠠᠮᠢᠳᠤᠯᠢᠭ ᠶᠠᠷᠢᠬᠤ ᠬᠡᠷᠡᠭᠲᠡᠢ᠃ ᠭᠠᠭᠴᠠ ᠬᠦ᠌ ᠢᠩᠭᠢᠪᠡᠯ ᠰᠠᠶᠢ ᠰᠤᠷᠤᠭᠴᠢᠳ᠎ᠢ ᠬᠥᠲᠥᠯᠥᠨ ᠵᠢᠯᠣᠭᠣᠳᠴᠤ᠌ ᠪᠠᠢᠭᠠᠳ ᠤᠯᠤᠰ ᠲᠥᠷᠥ᠎ᠶᠢᠨ ᠬᠠᠮᠲᠤ᠎ᠶᠢᠨ ᠲᠠᠨᠢᠯᠲᠠ᠂ ᠦᠵᠡᠯ ᠰᠠᠨᠠᠭᠠᠨ᠎ᠤ ᠬᠠᠮᠲᠤ᠎ᠶᠢᠨ ᠲᠠᠨᠢᠯᠲᠠ᠂ ᠣᠨᠣᠯ᠎ᠤᠨ ᠬᠠᠮᠲᠤ᠎ᠶᠢᠨ ᠲᠠᠨᠢᠯᠲᠠ᠂ ᠬᠠᠶ᠋ᠢᠷ᠎ᠠ ᠰᠡᠳᠬᠢᠯᠭᠡ᠎ᠶᠢᠨ ᠬᠠᠮᠲᠤ᠎ᠶᠢᠨ ᠲᠠᠨᠢᠯᠲᠠ ᠵᠢ ᠨᠢ ᠨᠡᠮᠡᠭᠳᠡᠭᠦᠯᠵᠦ᠍᠂ ᠥᠷᠭᠡᠨ ᠣᠯᠠᠨ ᠰᠤᠷᠤᠭᠴᠢᠳ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠡᠷᠡᠰ ᠭᠤᠶ᠋ᠢᠪᠢᠰᠢ ᠥᠬᠡᠶ᠎ᠪᠡᠷ 《ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ᠎ᠶᠢ ᠰᠣᠨᠣᠰᠬᠤ᠂ ᠨᠠᠮ᠎ᠢᠶᠠᠨ ᠳᠠᠭᠠᠨ ᠤᠷᠤᠬᠰᠢᠯᠠᠬᠤ》 ᠪᠣᠯᠭᠠᠵᠦ ᠴᠢᠳᠠᠨ᠎ᠠ᠃
ᠬᠣᠶᠠᠷ᠂ ᠭᠣᠣᠯ ᠰᠢᠵᠢᠮ᠎ᠢ ᠨᠢᠭᠲᠠᠷᠠᠭᠤᠯᠬᠤ ᠳᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢᠶᠠᠷ ᠡᠷᠡᠯᠬᠡᠭᠯᠡᠨ ᠤᠷᠤᠭᠰᠢᠯᠠᠬᠤ ᠬᠠᠮᠲᠤᠷᠠᠯ ᠬᠦᠴᠦᠨ᠎ᠢ ᠨᠢᠭᠲᠠᠷᠠᠭᠤᠯᠬᠤ ᠬᠡᠷᠡᠭᠳᠡᠢ
ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠤᠨ ᠬᠥᠮᠦᠵᠢᠯ᠎ᠢ ᠴᠢᠩᠭᠠᠳᠬᠠᠬᠤ ᠪᠣᠯ ᠡᠷᠬᠡᠪᠰᠢ ᠴᠢᠩᠭ᠎ᠠ ᠠᠳᠬᠤᠬᠤ ᠠᠵᠢᠯ᠎ᠤᠨ ᠭᠣᠣᠯ ᠰᠢᠵᠢᠮ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠡᠭᠦᠷᠭᠡᠯᠡᠵᠦ᠍ ᠪᠠᠶ᠋ᠢᠭ᠎ᠠ ᠡᠭᠦᠷᠭᠡ ᠬᠠᠷᠢᠭᠤᠴᠠᠯᠭ᠎ᠠ ᠪᠣᠯᠤᠨ᠎ᠠ᠃ ᠡᠨᠡ ᠬᠦ᠌ ᠭᠣᠣᠯ ᠰᠢᠵᠢᠮ᠎ᠢ ᠠᠳᠬᠤᠵᠤ ᠠᠪᠤᠪᠠᠯ᠂ ᠶᠤᠰᠤ ᠰᠤᠷᠲᠠᠬᠤᠨ᠎ᠵᠢᠡᠷ ᠬᠥᠮᠦᠨ᠎ᠢ ᠬᠥᠮᠦᠵᠢᠭᠦᠯᠬᠦ᠌᠎ᠳᠦ ᠲᠦᠰᠢᠭ ᠲᠤᠯᠭᠠᠭᠤᠷᠢ᠎ᠲᠠᠶ ᠪᠣᠯᠤᠨ᠎ᠠ᠃
ᠡᠨᠡ ᠨᠢ ᠪᠢᠳᠡᠨ᠎ᠦ ᠰᠤᠷᠭᠠᠨ ᠬᠥᠮᠦᠵᠢᠯ᠎ᠢ ᠮᠡᠳᠡᠯᠭᠡ ᠤᠯᠠᠮᠵᠢᠯᠠᠬᠤ᠎ᠡᠴᠡ ᠥᠷᠲᠡᠭ᠎ᠦᠨ ᠪᠦᠲᠦᠭᠡᠯᠲᠡ ᠵᠦᠭ ᠤᠷᠤᠭᠰᠢᠯᠠᠵᠤ᠂ ᠵᠢᠩᠬᠢᠨᠢ ᠳᠡᠭᠡᠭᠰᠢᠯᠡᠯᠲᠡ ᠲᠠᠢ ᠪᠤᠯᠬᠤ ᠵᠢ ᠪᠡᠶᠡᠯᠡᠭᠦᠯᠬᠦ᠌᠎ᠶᠢ ᠱᠠᠭᠠᠷᠳᠠᠵᠤ ᠪᠠᠢᠨ᠎ᠠ᠃ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ᠌ ᠴᠣᠭᠴᠠᠯᠠᠬᠤ᠎ᠳᠤ 《ᠵᠢᠭᠠᠬᠤ ᠮᠠᠲ᠋ᠧᠷᠢᠶᠠᠯ᠎ᠳᠤ ᠣᠷᠣᠭᠤᠯᠵᠤ᠂ ᠬᠢᠴᠢᠶᠡᠯ᠎ᠦᠨ ᠲᠠᠩᠬᠢᠮ᠎ᠳᠤ ᠣᠷᠣᠭᠤᠯᠵᠤ᠂ ᠲᠠᠷᠢᠬᠢ ᠲᠣᠯᠣᠭᠠᠶ᠎ᠳᠤ ᠣᠷᠣᠭᠤᠯᠬᠤ》 ᠬᠡᠷᠡᠭᠲᠡᠶ᠃ ᠵᠢᠭᠠᠬᠤ ᠮᠠᠲ᠋ᠧᠷᠢᠶᠠᠯ᠎ᠳᠤ ᠣᠷᠣᠭᠤᠯᠬᠤ ᠪᠣᠯ ᠨᠢᠭᠡᠳᠦᠭᠡᠷ ᠠᠯᠬᠤᠮ᠂ ᠬᠢᠴᠢᠶᠡᠯ᠎ᠦᠨ ᠲᠠᠩᠬᠢᠮ᠎ᠳᠤ ᠣᠷᠣᠭᠤᠯᠬᠤ ᠪᠣᠯ ᠶᠠᠪᠤᠴᠠ᠂ ᠲᠠᠷᠢᠬᠢ ᠲᠣᠯᠣᠭᠠᠶ᠎ᠳᠤ ᠣᠷᠣᠭᠤᠯᠬᠤ ᠪᠣᠯ ᠡᠴᠦᠰ᠎ᠦᠨ ᠦᠷ᠎ᠡ ᠳ᠋ᠦᠩ ᠮᠦᠨ᠃ ᠶᠠᠭᠠᠬᠢᠵᠤ ᠣᠷᠣᠭᠤᠯᠬᠤ ᠪᠤᠢ? ᠵᠥᠪᠬᠡᠨ ᠤᠬᠠᠭᠳᠠᠬᠤᠨ᠎ᠳᠤ ᠲᠦᠰᠢᠭᠯᠡᠨ ᠲᠠᠶ᠋ᠢᠯᠪᠤᠷᠢᠯᠠᠵᠤ ᠪᠣᠯᠬᠤ ᠦᠭᠡᠢ᠂ ᠰᠤᠷᠤᠭᠴᠢᠳ᠎ᠢ ᠬᠠᠶ᠋ᠢᠷ᠎ᠠ ᠰᠡᠳᠬᠢᠯᠭᠡ᠎ᠲᠡᠶ᠂ ᠣᠶᠤᠨ ᠮᠡᠳᠡᠷᠡᠮᠵᠢ᠎ᠲᠡᠶ ᠪᠣᠯᠭᠠᠬᠤ ᠬᠡᠷᠡᠭᠲᠡᠶ᠃
ᠥᠪᠥᠷ ᠮᠣᠩᠭᠣᠯ᠎ᠤᠨ ᠡᠬᠡ ᠭᠠᠵᠠᠷ ᠳᠡᠭᠡᠷᠡᠬᠢ 《ᠪᠣᠳᠠᠲᠤ᠌ ᠪᠤᠳᠠᠰ ᠪᠤᠳᠠᠳᠤ ᠦᠵᠡᠭᠳᠡᠯ ᠪᠣᠳᠠᠲᠤ᠌ ᠶᠠᠪᠤᠳᠠᠯ》 ᠢ᠋ ᠭᠦᠢᠴᠡᠳ ᠠᠰᠢᠭᠯᠠᠬᠤ ᠬᠡᠷᠡᠭᠲᠡᠶ᠃ 《ᠭᠤᠷᠪᠠᠨ ᠮᠢᠩᠭᠠᠨ ᠥᠨᠥᠴᠢᠨ ᠬᠡᠦᠬᠡᠳ᠎ᠢ ᠦᠷᠡᠴᠢᠯᠡᠨ ᠲᠡᠵᠢᠭᠡᠭᠰᠡᠨ》 ᠲᠡᠦᠬᠡ᠎ᠶᠢᠨ ᠰᠠᠶ᠋ᠢᠬᠠᠨ ᠥᠯᠢᠭᠡᠷ᠎ᠡᠴᠡ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠡᠳᠦᠷ ᠲᠤᠲᠤᠮ᠎ᠤᠨ ᠬᠠᠶ᠋ᠢᠷ᠎ᠠ ᠬᠠᠯᠠᠮᠵᠢ ᠬᠦᠷᠲᠡᠯ᠎ᠡ; ᠦᠨᠳᠦᠰᠦᠲᠡᠨ᠎ᠨᠦᠭᠦᠳ᠎ᠦᠨ ᠬᠠᠮᠲᠤ᠎ᠪᠠᠷ ᠰᠠᠬᠢᠨ ᠬᠠᠮᠠᠭᠠᠯᠠᠵᠤ ᠪᠠᠶ᠋ᠢᠭ᠎ᠠ ᠡᠭᠡ ᠤᠯᠤᠰ᠎ᠤᠨ ᠬᠢᠯᠢ ᠬᠢᠵᠠᠭᠠᠷ᠎ᠡᠴᠡ ᠬᠠᠮᠲᠤ᠎ᠪᠠᠷ ᠡᠭᠦᠳᠦᠨ ᠪᠦᠲᠦᠭᠡᠭᠰᠡᠨ ᠴᠡᠴᠡᠭᠯᠡᠯ ᠬᠥᠭᠵᠢᠯ ᠬᠦᠷᠲᠡᠯ᠎ᠡ᠂ ᠡᠳᠡᠭᠡᠷ ᠬᠥᠮᠦᠰ᠎ᠦᠨ ᠰᠡᠳᠬᠢᠯ᠎ᠢ ᠬᠥᠳᠡᠯᠭᠡᠮ᠎ᠡ ᠦᠯᠢᠭᠡᠷ ᠪᠠ ᠦᠨᠡᠨ ᠪᠣᠳᠠᠲᠠᠢ ᠠᠮᠵᠢᠯᠲᠠ᠎ᠶᠢ ᠬᠥᠮᠦᠰ᠎ᠦᠨ ᠰᠡᠳᠬᠢᠯ᠎ᠳᠦ ᠬᠠᠳᠠᠩᠰᠢᠭᠤᠯᠤᠭᠰᠠᠨ 《ᠨᠡᠶ᠋ᠢᠭᠡᠮ᠎ᠦᠨ ᠵᠢᠭᠠᠬᠤ ᠮᠠᠲ᠋ᠧᠷᠢᠶᠠᠯ》 ᠪᠣᠯᠭᠠᠨ ᠬᠤᠪᠢᠷᠠᠭᠤᠯᠬᠤ ᠬᠡᠷᠡᠭᠲᠡᠢ᠃
ᠳᠤᠮᠳᠠᠳᠤ᠎ᠶᠢᠨ ᠦᠨᠳᠦᠰᠦᠲᠡᠨ᠎ᠦ ᠣᠯᠠᠨ ᠡᠰᠢᠲᠦ᠍ ᠨᠢᠭᠡ ᠴᠣᠭᠴᠠᠵᠢᠭᠰᠠᠨ ᠪᠠᠶ᠋ᠢᠷᠢᠰᠢᠯ᠎ᠤᠨ ᠪᠦᠷᠢᠯᠳᠦᠯ ᠪᠠ ᠬᠥᠭᠵᠢᠯᠲᠡ᠎ᠶᠢ ᠭᠦᠨᠵᠡᠭᠡᠶ ᠥᠭᠦᠯᠡᠬᠦ᠌ ᠬᠡᠷᠡᠭᠲᠡᠶ᠃ ᠰᠤᠷᠤᠭᠴᠢᠳ᠎ᠢ ᠬᠥᠲᠥᠯᠥᠨ ᠵᠢᠯᠣᠭᠣᠳᠴᠤ᠌ ᠪᠠᠶ᠋ᠢᠭᠠᠳ ᠳᠤᠮᠳᠠᠳᠤ᠎ᠶᠢᠨ ᠪᠣᠯᠪᠠᠰᠤᠨ᠎ᠤ ᠲᠣᠪᠣᠢᠮ᠎ᠠ ᠣᠨᠴᠠᠯᠢᠭ᠎ᠢ ᠣᠨᠣᠪᠴᠢᠲᠠᠶ ᠲᠠᠨᠢᠭᠤᠯᠵᠤ᠂ ᠲᠡᠦᠬᠡ᠎ᠶᠢᠨ ᠭᠦᠨᠵᠡᠭᠡᠶ᠋ᠢᠷᠡᠯᠲᠡ ᠪᠠ ᠪᠣᠳᠠᠲᠤ᠌ ᠠᠬᠤᠢ᠎ᠶᠢᠨ ᠠᠵᠢᠭᠯᠠᠯᠲᠠ ᠳᠤᠮᠳᠠ᠂ ᠠᠭᠤᠤ ᠶᠡᠬᠡ ᠡᠬᠡ ᠤᠯᠤᠰ᠂ ᠳᠤᠮᠳᠠᠳᠤ᠎ᠶᠢᠨ ᠦᠨᠳᠦᠰᠦᠲᠡᠨ᠂ ᠳᠤᠮᠳᠠᠳᠤ᠎ᠶᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ᠌ ᠨᠠᠮ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠶ ᠮᠡᠳᠡᠷᠡᠮᠵᠢ᠎ᠶᠢ ᠨᠢ ᠲᠠᠰᠤᠷᠠᠯᠲᠠ ᠥᠬᠡᠶ ᠴᠢᠩᠭᠠᠷᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠨᠢᠭᠡ ᠭᠡᠰᠢᠭᠦᠨ ᠪᠣᠯᠤᠭᠰᠠᠨ᠎ᠤ ᠬᠤᠪᠢ᠎ᠳᠠᠬᠢ ᠣᠮᠣᠭᠰᠢᠯᠲᠤ᠌ ᠰᠡᠳᠬᠢᠯᠭᠡ ᠪᠠ ᠬᠠᠷᠢᠶᠠᠯᠠᠭᠳᠠᠬᠤ ᠰᠡᠳᠬᠢᠯᠭᠡ᠎ᠶᠢ ᠨᠢ ᠦᠨᠡᠨ ᠬᠦ᠌ ᠳᠡᠭᠡᠭᠰᠢᠯᠡᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠬᠠᠮᠠᠭᠠᠯᠠᠬᠤ ᠴᠠᠭ ᠦᠶ᠎ᠡ᠎ᠶᠢᠨ ᠡᠭᠦᠷᠭᠡ᠎ᠶᠢ ᠤᠬᠠᠮᠰᠠᠷ᠎ᠡᠴᠡ᠎ᠪᠠᠨ ᠡᠭᠦᠷᠭᠡᠯᠡᠬᠦ᠌ ᠪᠣᠯᠭᠠᠬᠤ ᠬᠡᠷᠡᠭᠲᠡᠶ᠃
ᠭᠤᠷᠪᠠ᠂ ᠬᠥᠮᠦᠨ᠎ᠢ ᠬᠥᠮᠦᠵᠢᠭᠦᠯᠬᠦ᠌ ᠠᠷᠭ᠎ᠠ᠎ᠶᠢᠨ ᠰᠢᠨ᠎ᠡ ᠵᠢ ᠡᠭᠦᠳᠴᠦ᠍᠂ ᠭᠦᠨᠵᠡᠭᠡᠢ ᠠᠭᠤᠰᠤᠯᠴᠠᠯ᠎ᠢᠶᠠᠷ ᠰᠤᠷᠭᠠᠨ ᠬᠥᠮᠦᠵᠢᠯ᠎ᠦᠨ ᠪᠣᠳᠠᠲᠤ᠌ ᠦᠷ᠎ᠡ ᠪᠦᠲᠦᠮᠵᠢ᠎ᠶᠢ ᠳᠡᠭᠡᠭᠰᠢᠯᠡᠭᠦᠯᠬᠦ ᠬᠡᠷᠡᠭᠳᠡᠢ
ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ᠎ᠦᠨ 《ᠮᠡᠳᠡᠬᠦ ᠢᠲᠡᠭᠡᠬᠦ᠌ ᠬᠢᠬᠦ᠌》 ᠵᠢ ᠨᠢᠭᠡᠳᠬᠡᠬᠦ᠌ ᠬᠦᠴᠢᠷ ᠠᠰᠠᠭᠤᠳᠠᠯ᠎ᠢ ᠰᠢ᠌ᠳᠪᠦᠷᠢᠯᠡᠬᠦ᠌᠎ᠶᠢᠨ ᠵᠠᠩᠭᠢᠯᠠᠭ᠎ᠠ ᠨᠢ ᠠᠷᠭ᠎ᠠ᠎ᠶᠢᠨ ᠤᠨᠤᠯ᠎ᠤᠨ ᠰᠢᠨ᠎ᠡ ᠡᠭᠦᠳᠦᠯᠲᠡ᠎ᠶᠢ ᠠᠬᠢᠭᠤᠯᠵᠤ᠂ 《ᠦᠵᠡᠯ ᠰᠠᠨᠠᠭ᠎ᠠ ᠤᠯᠤᠰ ᠲᠦᠷᠦ᠎ᠶᠢᠨ ᠪᠠᠭ᠎ᠠ ᠬᠢᠴᠢᠶᠡᠯ᠎ᠦᠨ ᠲᠠᠩᠬᠢᠮ》 ᠪᠣᠯᠤᠨ 《ᠨᠡᠶ᠋ᠢᠭᠡᠮ᠎ᠦᠨ ᠶᠡᠬᠡ ᠬᠢᠴᠢᠶᠡᠯ᠎ᠦᠨ ᠲᠠᠩᠬᠢᠮ》 ᠤ᠋ᠨ ᠣᠷᠭᠠᠨᠢᠭ ᠨᠡᠪᠲᠡᠷᠡᠯᠴᠡᠯᠢ ᠪᠡᠶᠡᠯᠡᠭᠦᠯᠬᠦ᠌᠎ᠳᠦ ᠪᠠᠶ᠋ᠢᠨ᠎ᠠ᠃
ᠵᠢᠮ᠎ᠡ ᠶᠣᠰᠣ᠎ᠶᠢ ᠵᠢᠷᠤᠮᠯᠠᠨ᠂ ᠰᠢᠰᠲ᠋ᠧᠮ ᠲᠠᠢ ᠪᠡᠷ ᠵᠢᠷᠤᠭᠯᠠᠨ ᠲᠦᠯᠦᠪᠯᠡᠨ᠎ᠡ᠃ ᠶᠡᠬᠡ ᠳᠤᠮᠳᠠᠳᠤ ᠪᠠᠭ᠎ᠠ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠢ ᠨᠢᠭᠡ ᠴᠣᠭᠴᠠᠵᠢᠭᠤᠯᠬᠤ ᠪᠠᠶ᠋ᠢᠭᠤᠯᠤᠯᠲᠠ᠎ᠶᠢ ᠢᠳᠡᠪᠬᠢᠲᠡᠶ ᠠᠬᠢᠭᠤᠯᠵᠤ᠂ ᠠᠳᠠᠯᠢ ᠪᠤᠰᠤ ᠱᠠᠲᠤᠨ᠎ᠤ ᠰᠤᠷᠤᠭᠴᠢᠳ᠎ᠤᠨ ᠲᠠᠨᠢᠨ ᠮᠡᠳᠡᠬᠦᠶ᠎ᠶᠢᠨ ᠣᠨᠴᠠᠯᠢᠭᠲᠤ᠌ ᠴᠢᠭᠯᠡᠭᠦᠯᠦᠨ᠂ ᠡᠷᠭᠢᠭᠦᠯᠭᠡᠨ ᠮᠠᠶᠢᠭ᠎ᠢᠶᠡᠷ ᠳᠡᠭᠡᠭᠰᠢᠯᠡᠭᠰᠡᠨ᠂ ᠵᠣᠯᠭᠠᠯᠳᠤᠭᠰᠠᠨ ᠡᠮᠬᠢ ᠵᠢᠷᠤᠮ᠎ᠲᠠᠶ ᠵᠢᠭᠠᠨ ᠰᠤᠷᠭᠠᠯᠲᠠ᠎ᠶᠢᠨ ᠠᠭᠤᠯᠭ᠎ᠠ ᠪᠠ ᠦᠭᠡ ᠶᠠᠷᠢᠶᠠᠨ᠎ᠤ ᠰᠢᠰᠲ᠋ᠧᠮ᠎ᠢ ᠵᠢᠷᠤᠭᠯᠠᠨ ᠲᠥᠯᠥᠪᠯᠡᠨ᠎ᠡ᠃ ᠵᠢᠭᠠᠨ ᠰᠤᠷᠭᠠᠬᠤ ᠬᠠᠷᠠᠯᠲᠠ᠂ ᠬᠢᠴᠢᠶᠡᠯ᠎ᠤᠨ ᠲᠥᠯᠥᠪᠯᠡᠭᠡ᠂ ᠪᠠᠭᠰᠢ ᠬᠥᠮᠦᠵᠢᠭᠦᠯᠬᠦ᠌᠂ ᠬᠢᠴᠢᠶᠡᠯ᠎ᠤᠨ ᠦᠨᠡᠯᠡᠯᠲᠡ ᠵᠡᠷᠭᠡ ᠬᠦᠷᠢᠶᠡᠨ ᠳ᠋ᠤ᠌ ᠵᠦᠢ ᠵᠣᠬᠢᠰᠲᠠᠢ ᠰᠢᠯᠵᠢᠯᠲᠡ ᠬᠢᠵᠦ᠍᠂ ᠪᠦᠲᠦᠮᠵᠢᠲᠡᠢ ᠵᠣᠯᠭᠠᠭᠤᠯᠤᠭᠰᠠᠨ ᠪᠠᠢᠳᠠᠯ ᠢ᠋ ᠪᠦᠷᠢᠯᠳᠦᠭᠦᠯᠦᠨ᠎ᠡ᠃
ᠵᠠᠭᠪᠤᠷ᠎ᠤᠨ ᠰᠢᠨ᠎ᠡ᠎ᠶᠢ ᠡᠭᠦᠳᠴᠦ᠍᠂ ᠪᠡᠶᠡᠴᠢ ᠣᠶ᠋ᠢᠯᠠᠭᠠᠯᠲᠠ ᠵᠢ ᠴᠢᠩᠭᠠᠳᠬᠠᠨ᠎ᠠ᠃ ᠡᠷᠬᠡᠪᠰᠢ ᠵᠢᠭᠠᠨ ᠰᠤᠷᠭᠠᠯᠲᠠ᠎ᠶᠢᠨ ᠬᠡᠪ ᠵᠠᠭᠪᠤᠷ᠎ᠢ ᠶᠡᠬᠡᠪᠡᠷ ᠥᠭᠡᠷᠡᠴᠢᠯᠡᠵᠦ᠍᠂ ᠦᠵᠡᠭᠳᠡᠯᠲᠦ᠍᠂ ᠪᠡᠶᠡᠴᠢᠯᠡᠨ ᠣᠶ᠋ᠢᠯᠠᠭᠠᠬᠤ ᠮᠠᠶᠢᠭ᠎ᠤᠨ᠂ ᠰᠤᠳᠤᠯᠤᠨ ᠶᠠᠷᠢᠯᠴᠠᠬᠤ ᠮᠠᠶᠢᠭ᠎ᠤᠨ ᠵᠢᠭᠠᠨ ᠰᠤᠷᠭᠠᠯᠲᠠ᠎ᠶᠢ ᠢᠯᠡᠭᠦᠬᠡᠨ ᠬᠡᠷᠡᠭᠯᠡᠵᠦ᠍᠂ ᠬᠢᠴᠢᠶᠡᠯ᠎ᠦᠨ ᠲᠠᠩᠬᠢᠮ᠎ᠢ ᠲᠡᠦᠬᠡ᠎ᠶᠢᠨ ᠠᠬᠤᠢ ᠲᠠᠯᠠᠪᠠᠢ᠂ ᠥᠭᠡᠷᠡᠴᠢᠯᠡᠯᠲᠡ᠎ᠶᠢᠨ ᠬᠤᠰᠢᠭᠤᠷᠠᠯ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠬᠦᠷᠲᠡᠯ᠎ᠡ ᠤᠷᠲᠤᠳᠬᠠᠬᠤ ᠬᠡᠷᠡᠭᠲᠡᠢ᠃ ᠮᠠᠨ᠎ᠤ ᠣᠷᠣᠨ᠎ᠤ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠦᠨ ᠣᠨᠴᠠᠯᠢᠭᠲᠤ᠌ ᠨᠡᠶ᠋ᠢᠴᠡᠭᠰᠡᠨ ᠦᠢᠯᠡᠳᠦᠯᠭᠡ᠎ᠶᠢᠨ ᠱᠤᠭᠤᠮ᠎ᠢ ᠨᠠᠷᠢᠨ ᠨᠢᠮᠪᠠᠶ ᠲᠥᠯᠥᠪᠯᠡᠨ᠂ 《ᠶᠡᠬᠡ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ》 ᠤ᠋ᠨ ᠦᠢᠯᠡᠳᠦᠯᠭᠡ᠎ᠶᠢᠨ ᠵᠢᠭᠠᠨ ᠰᠤᠷᠭᠠᠯᠲᠠ᠎ᠶᠢᠨ ᠰᠠᠭᠤᠷᠢᠨ᠎ᠢ ᠰᠠᠶ᠋ᠢᠲᠤᠷ ᠪᠠᠶ᠋ᠢᠭᠤᠯᠤᠨ ᠰᠠᠶ᠋ᠢᠲᠤᠷ ᠬᠡᠷᠡᠭᠯᠡᠵᠦ᠍᠂ ᠰᠤᠷᠤᠭᠴᠢᠳ᠎ᠲᠤ᠌ ᠦᠢᠯᠡᠳᠦᠯᠭᠡ᠎ᠶᠢᠨ ᠳᠤᠮᠳᠠ 《ᠮᠣᠩᠭᠣᠯ ᠮᠣᠷᠢᠨ᠎ᠤ ᠵᠣᠷᠢᠭ ᠰᠠᠨᠠᠭ᠎ᠠ》 ᠶ᠋ᠢᠨ ᠡᠷᠡᠰ ᠬᠠᠲᠠᠨ ᠴᠢᠨᠠᠷ᠎ᠢ ᠣᠶ᠋ᠢᠯᠠᠭᠠᠭᠤᠯᠤᠨ᠂ 《ᠨᠤᠮᠢᠨ ᠤᠰᠤ ᠬᠥᠬᠡᠮᠳᠦᠭ ᠠᠭᠤᠯᠠ》 ᠶ᠋ᠢᠨ ᠦᠨ᠎ᠡ ᠥᠷᠲᠡᠭ᠎ᠢ ᠣᠶ᠋ᠢᠯᠠᠭᠠᠭᠤᠯᠵᠤ᠂ 《ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ》 ᠦᠨᠡᠨ ᠶᠣᠰᠣ᠎ᠶᠢ ᠣᠶ᠋ᠢᠯᠠᠭᠠᠭᠤᠯᠬᠤ ᠬᠡᠷᠡᠭᠲᠡᠶ᠃
ᠠᠭᠤᠰᠤᠯᠴᠠᠯ᠎ᠢ ᠭᠦᠨᠵᠡᠭᠡᠶ᠋ᠢᠷᠡᠭᠦᠯᠵᠦ᠍᠂ ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠳᠦ ᠦᠷ᠎ᠡ ᠪᠦᠳᠦᠮᠵᠢ ᠵᠢ ᠪᠡᠶᠡᠯᠡᠭᠦᠯᠦᠨ᠎ᠡ᠃ 《ᠬᠢᠴᠢᠶᠡᠯ ᠲᠦᠷᠦᠯ᠎ᠦᠨ ᠦᠵᠡᠯ ᠰᠠᠨᠠᠭ᠎ᠠ ᠤᠯᠤᠰ ᠲᠦᠷᠦ᠍》 ᠵᠢᠨ ᠪᠠᠶ᠋ᠢᠭᠤᠯᠤᠯᠲᠠ᠎ᠶᠢ ᠭᠦᠨᠵᠡᠭᠡᠶ᠋ᠢᠷᠡᠭᠦᠯᠵᠦ᠍᠂ ᠡᠯ᠎ᠡ ᠲᠦᠷᠦᠯ᠎ᠦᠨ ᠬᠢᠴᠢᠶᠡᠯ᠎ᠳᠦ ᠠᠭᠤᠯᠤᠭᠳᠠᠵᠤ ᠪᠠᠶ᠋ᠢᠭ᠎ᠠ ᠦᠵᠡᠯ ᠰᠠᠨᠠᠭ᠎ᠠ ᠤᠯᠤᠰ ᠲᠦᠷᠦ᠎ᠶᠢᠨ ᠡᠯᠧᠮᠧᠨ᠋ᠲ᠎ᠢ ᠠᠭᠤᠳᠠᠯᠵᠤ᠂ ᠦᠵᠡᠯ ᠰᠠᠨᠠᠭ᠎ᠠ ᠤᠯᠤᠰ ᠲᠦᠷᠦ᠎ᠶᠢᠨ ᠰᠤᠷᠭᠠᠨ ᠬᠥᠮᠦᠵᠢᠯ᠎ᠢ ᠳᠠᠪᠤᠰᠤ ᠤᠰᠤᠨ᠎ᠳᠤ ᠪᠠᠢᠬᠤ ᠮᠡᠳᠦ᠂ ᠵᠦᠭᠡᠯᠡᠨ ᠬᠤᠷ᠎ᠠ ᠲᠦᠮᠡᠨ ᠪᠤᠳᠠᠰ᠎ᠢ ᠤᠮᠳᠠᠯᠠᠬᠤ ᠮᠡᠳᠦ ᠪᠡᠷ ᠴᠢᠳᠠᠪᠤᠷᠢᠲᠠᠨ ᠬᠥᠮᠦᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠬᠤ ᠬᠡᠷᠡᠭᠲᠡᠢ᠃ ᠡᠶ᠋ᠢᠮᠦᠷᠬᠦᠦ ᠠᠭᠤᠰᠤᠯᠴᠠᠯ ᠨᠢ ᠳᠥᠭᠥᠮᠬᠡᠨ ᠳᠠᠪᠬᠤᠴᠠᠯ ᠤᠬᠳᠤ ᠪᠢᠰᠢ᠂ ᠬᠠᠷᠢᠨ ᠲᠥᠰᠦᠪᠯᠡᠯᠲᠡ᠎ᠲᠡᠶ᠂ ᠵᠢᠯᠤᠭᠤᠳᠤᠯᠭ᠎ᠠ ᠲᠠᠶ᠂ ᠡᠷᠭᠢᠴᠡᠭᠦᠯᠦᠯ᠎ᠲᠡᠶ ᠦᠢᠯᠡᠳᠦᠯᠭᠡ᠎ᠶᠢᠨ ᠠᠵᠢᠯᠯᠠᠭ᠎ᠠ᠎ᠪᠠᠷ ᠳᠠᠮᠵᠢᠭᠤᠯᠵᠤ᠂ ᠬᠡᠶ᠋ᠢᠰᠪᠦᠷᠢ ᠤᠨᠤᠯ᠎ᠢ ᠪᠣᠳᠠᠲᠠᠢ ᠲᠦᠷᠦᠭᠳᠡᠯ᠎ᠦᠨ ᠳᠤᠮᠳᠠ ᠳᠡᠭᠡᠭᠰᠢᠯᠡᠭᠦᠯᠵᠦ᠍᠂ 《ᠲᠠᠨᠢᠨ ᠮᠡᠳᠡᠬᠦᠢ》 ᠡᠴᠡ 《ᠮᠡᠳᠡᠷᠡᠬᠦᠢ》 ᠪᠤᠯᠵᠤ ᠲᠠᠬᠢᠨ 《ᠦᠢᠯᠡᠳᠦᠯᠭᠡᠵᠢᠭᠦᠯᠬᠦ᠌》 ᠪᠤᠯᠵᠤ ᠭᠦᠨᠵᠡᠭᠡᠢ ᠬᠤᠪᠢᠷᠠᠬᠤ᠎ᠶᠢ ᠪᠡᠶᠡᠯᠡᠭᠦᠯᠵᠦ᠍᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠲᠠᠲᠠᠬᠤ ᠬᠦᠴᠦᠨ᠂ ᠨᠥᠯᠥᠭᠡᠯᠡᠬᠦ᠌ ᠬᠦᠴᠦᠨ ᠪᠣᠯᠤᠨ ᠢᠲᠡᠭᠡᠭᠦᠯᠬᠦ᠌ ᠬᠦᠴᠦᠨ᠎ᠢ ᠦᠨᠡᠨ ᠬᠦ᠌ ᠪᠦᠲᠦᠮᠵᠢᠲᠡᠢ ᠳᠡᠭᠡᠭᠰᠢᠯᠡᠭᠦᠯᠬᠦ᠌ ᠪᠣᠯᠤᠨ᠎ᠠ᠃
ᠳᠥᠷᠪᠡ᠂ ᠡᠷᠡᠯᠬᠡᠭᠯᠡᠨ ᠤᠷᠤᠭᠰᠢᠯᠠᠬᠤ ᠬᠦᠴᠦᠨ᠎ᠢ ᠨᠢᠭᠲᠠᠷᠠᠭᠤᠯᠵᠤ᠂ ᠬᠦᠴᠦᠷᠬᠡᠭ ᠶᠡᠬᠡ ᠪᠠᠲᠤᠯᠠᠭ᠎ᠠ᠎ᠪᠠᠷ ᠰᠢᠨ᠎ᠡ ᠪᠠᠶ᠋ᠢᠷᠢᠰᠢᠯ᠎ᠢ ᠲᠤᠯᠭᠠᠭᠤᠷᠢᠯᠠᠬᠤ ᠬᠡᠷᠡᠭᠳᠡᠢ
ᠦᠵᠡᠯ ᠰᠠᠨᠠᠭ᠎ᠠ ᠤᠯᠤᠰ ᠲᠦᠷᠦ᠎ᠶᠢᠨ ᠬᠥᠮᠦᠵᠢᠯ ᠪᠣᠯ ᠨᠢᠭᠡ ᠭᠡᠷ᠎ᠦᠨ ᠶᠠᠪᠤᠳᠠᠯ ᠪᠢᠰᠢ᠂ ᠬᠠᠷᠢᠨ ᠨᠢᠭᠡᠨ ᠰᠢᠰᠲ᠋ᠧᠮᠲᠦ᠍ ᠢᠨᠵᠧᠨᠧᠷᠢᠩ ᠮᠥᠨ᠃ ᠪᠠᠲᠤ᠌ ᠴᠢᠩᠭ᠎ᠠ ᠡᠩᠨᠡᠭᠡᠨ᠎ᠦ ᠲᠤᠯᠭᠠᠭᠤᠷᠢᠯᠠᠯ᠎ᠢ ᠱᠠᠭᠠᠷᠳᠠᠵᠤ᠂ ᠬᠠᠮᠵᠢᠯᠴᠠᠨ ᠬᠥᠳᠡᠯᠦᠯᠴᠡᠬᠦ᠌ ᠠᠵᠢᠯ᠎ᠤᠨ ᠪᠠᠶ᠋ᠢᠷᠢᠰᠢᠯ᠎ᠢ ᠪᠦᠷᠢᠯᠳᠦᠭᠦᠯᠬᠦ᠌ ᠬᠡᠷᠡᠭᠲᠡᠶ᠃
ᠭᠣᠣᠯ ᠬᠦᠴᠦᠨ᠎ᠢ ᠬᠦᠴᠦᠷᠬᠡᠭᠵᠢᠭᠦᠯᠦᠨ ᠪᠠᠢᠭᠤᠯᠤᠨ᠎ᠠ᠃ ᠡᠩᠨᠡᠭᠡᠨ᠎ᠦ ᠪᠠᠶ᠋ᠢᠭᠤᠯᠤᠯᠲᠠ᠎ᠶᠢ ᠴᠢᠩᠭᠠᠳᠬᠠᠬᠤ ᠪᠣᠯ ᠰᠠᠭᠤᠷᠢ ᠮᠥᠨ᠂ ᠠᠵᠢᠯ᠎ᠤᠨ ᠭᠣᠣᠯᠳᠠᠯᠭ᠎ᠠ᠎ᠶᠢ ᠡᠷᠬᠡᠪᠰᠢ 《ᠢᠵᠢ ᠪᠦᠷᠢᠳᠦᠭᠦᠯᠬᠦ》 ᠡᠴᠡ 《ᠬᠦᠴᠦᠷᠬᠡᠭᠵᠢᠭᠦᠯᠦᠨ ᠪᠠᠶ᠋ᠢᠭᠤᠯᠬᠤ》 ᠲᠡᠶ᠋ᠢᠰᠢ ᠰᠢᠯᠵᠢᠭᠦᠯᠬᠦ᠌ ᠬᠡᠷᠡᠭᠲᠡᠢ᠃ ᠤᠯᠤᠰ ᠲᠥᠷᠥ᠎ᠶᠢᠨ ᠪᠠᠶ᠋ᠢᠭᠤᠯᠤᠯᠲᠠ ᠪᠠ ᠲᠤᠰᠬᠠᠶ ᠮᠡᠷᠭᠡᠵᠢᠯ᠎ᠦᠨ ᠴᠢᠳᠠᠪᠤᠷᠢ᠎ᠶᠢᠨ ᠳᠡᠭᠡᠭᠰᠢᠯᠡᠯᠲᠡ᠎ᠶᠢ ᠳᠣᠪᠣᠶ᠋ᠢᠯᠭᠠᠵᠤ᠂ ᠪᠠᠭᠰᠢ᠎ᠶᠢᠨ ᠦᠨᠡᠯᠡᠯᠲᠡ ᠪᠠ ᠬᠥᠭᠵᠢᠯᠲᠡ᠎ᠶᠢᠨ ᠰᠢᠰᠲ᠋ᠧᠮ᠎ᠢ ᠪᠦᠷᠢᠨᠰᠢᠭᠦᠯᠵᠦ᠍᠂ 《ᠨᠠᠮ᠎ᠢ ᠰᠠᠨᠠᠭ᠎ᠠ ᠠᠮᠤᠷ ᠪᠠᠶ᠋ᠢᠯᠭᠠᠵᠤ᠂ ᠰᠤᠷᠤᠭᠴᠢᠳ᠎ᠢ ᠰᠡᠳᠬᠢᠯ ᠬᠠᠨᠤᠮᠵᠢᠲᠠᠶ ᠪᠠᠶ᠋ᠢᠯᠭᠠᠬᠤ》 ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠪᠠᠭᠰᠢ᠎ᠶᠢᠨ ᠡᠩᠨᠡᠭᠡ᠎ᠶᠢ ᠪᠠᠶ᠋ᠢᠭᠤᠯᠬᠤ ᠬᠡᠷᠡᠭᠲᠡᠶ᠃ ᠬᠠᠪᠰᠤᠷᠤᠨ ᠵᠢᠯᠣᠭᠣᠳᠣᠭᠴᠢ᠎ᠶᠢᠨ ᠡᠩᠨᠡᠭᠡ᠎ᠶᠢᠨ ᠬᠥᠭᠥᠷᠭᠡ ᠬᠣᠯᠪᠣᠭᠠᠰᠤ᠎ᠶᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠥᠮᠦᠵᠢᠯ᠎ᠢ ᠡᠳᠦᠷ ᠲᠤᠲᠤᠮ᠎ᠤᠨ ᠬᠠᠮᠢᠶᠠᠷᠤᠯᠲᠠ᠂ ᠰᠤᠷᠤᠯᠭ᠎ᠠ᠎ᠶᠢᠨ ᠬᠠᠪᠰᠤᠷᠤᠨ ᠵᠢᠯᠣᠭᠣᠳᠣᠯᠭ᠎ᠠ᠂ ᠰᠡᠳᠬᠢᠴᠡ᠎ᠶᠢᠨ ᠬᠠᠯᠠᠮᠵᠢᠯᠠᠯ᠂ ᠠᠵᠢᠯ ᠣᠯᠭᠣᠯᠲᠠ᠎ᠶᠢᠨ ᠵᠢᠯᠣᠭᠣᠳᠣᠯᠭ᠎ᠠ ᠵᠡᠷᠭᠡ ᠨᠠᠷᠢᠨ ᠵᠦᠢᠯᠡᠰ᠎ᠲᠦ᠍ ᠣᠷᠭᠠᠨᠢᠭ᠎ᠢᠶᠠᠷ ᠠᠭᠤᠰᠤᠯᠴᠠᠭᠤᠯᠵᠤ᠂ ᠤᠨᠤᠴᠠᠲᠠᠢ ᠪᠡᠷ ᠠᠵᠢᠯ ᠵᠢᠨᠨ ᠦᠷᠨᠢᠬᠦᠯᠬᠦ᠎ᠶᠢ ᠪᠡᠶᠡᠯᠡᠭᠦᠯᠬᠦ᠌ ᠬᠡᠷᠡᠭᠲᠡᠶ᠃
ᠬᠠᠷᠢᠭᠤᠴᠠᠯᠭ᠎ᠠ᠎ᠶᠢᠨ ᠬᠡᠯᠬᠢᠶ᠎ᠡ᠎ᠶᠢ ᠪᠣᠳᠠᠲᠠᠶ᠋ᠢᠵᠢᠭᠤᠯᠤᠨ᠎ᠠ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠍᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ᠎ᠦᠨ ᠪᠠᠶ᠋ᠢᠭᠤᠯᠤᠯᠲᠠ᠎ᠶᠢ ᠦᠵᠡᠯ ᠤᠬᠠᠮᠰᠠᠷ᠎ᠤᠨ ᠬᠡᠯᠪᠡᠷᠢ᠎ᠶᠢᠨ ᠠᠵᠢᠯ᠎ᠤᠨ ᠪᠡᠯᠭᠡ ᠲᠡᠮᠳᠡᠭ᠎ᠦᠨ ᠴᠢᠨᠠᠷᠲᠠᠢ ᠢᠨᠵᠧᠨᠧᠷᠢᠩ ᠪᠣᠯᠭᠠᠨ ᠴᠢᠩᠭ᠎ᠠ ᠠᠳᠬᠤᠵᠤ᠂ ᠤᠳᠤᠷᠢᠳᠬᠤ ᠺᠠᠳ᠋ᠷ ᠲᠦᠷᠦᠭᠦᠯᠡᠨ ᠶᠡᠬᠡ ᠳᠡᠭᠡᠳᠦ ᠰᠤᠷᠭᠠᠭᠤᠯᠢ᠎ᠲᠠᠶ ᠬᠠᠷᠢᠯᠴᠠᠵᠤ᠂ ᠦᠵᠡᠯ ᠰᠠᠨᠠᠭ᠎ᠠ ᠤᠯᠤᠰ ᠲᠦᠷᠦ᠎ᠶᠢᠨ ᠬᠢᠴᠢᠶᠡᠯ ᠣᠷᠣᠵᠤ᠂ ᠤᠷᠳᠤ ᠬᠤᠭᠤᠴᠠᠭᠠᠨ᠎ᠤ ᠪᠦᠲᠦᠮᠵᠢᠲᠡᠢ ᠲᠣᠭᠲᠡᠴᠡ᠎ᠶᠢ ᠪᠦᠷᠢᠯᠳᠦᠭᠦᠯᠬᠦ᠌ ᠬᠡᠷᠡᠭᠲᠡᠢ᠃
ᠶᠡᠬᠡ ᠪᠠᠶ᠋ᠢᠷᠢᠰᠢᠯ᠎ᠢ ᠪᠠᠶ᠋ᠢᠭᠤᠯᠤᠨ᠎ᠠ᠃ ᠨᠠᠮ᠎ᠤᠨ ᠬᠣᠷᠢᠶ᠎ᠠ ᠨᠢᠭᠡᠳᠦᠯᠲᠡᠢ ᠤᠳᠤᠷᠢᠳᠤᠭᠰᠠᠨ᠂ ᠨᠠᠮ ᠵᠠᠰᠠᠭ ᠵᠡᠷᠭᠡ ᠪᠡᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠰᠠᠯᠠᠭ᠎ᠠ ᠮᠥᠴᠢᠷ ᠬᠠᠮᠵᠢᠯᠴᠠᠨ ᠬᠠᠷᠢᠭᠤᠴᠠᠯᠭ᠎ᠠ᠎ᠪᠠᠨ ᠭᠦᠢᠴᠡᠳᠬᠡᠭᠰᠡᠨ 《ᠶᠡᠬᠡ ᠦᠵᠡᠯ ᠰᠠᠨᠠᠭ᠎ᠠ ᠤᠯᠤᠰ ᠲᠦᠷᠦ᠍》 ᠵᠢᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠢ᠃ ᠤᠬᠠᠭᠤᠯᠭ᠎ᠠ᠂ ᠵᠣᠬᠢᠶᠠᠨ ᠪᠠᠶ᠋ᠢᠭᠤᠯᠤᠯᠲᠠ᠂ ᠰᠦᠯᠵᠢᠶᠡᠨ᠎ᠦ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠦᠨ᠎ᠬᠢᠨ ᠢᠵᠢᠯ ᠴᠢᠭᠯᠡᠯ᠎ᠢᠶᠡᠷ ᠬᠦᠴᠦᠯᠡᠵᠦ᠍᠂ ᠨᠡᠶ᠋ᠢᠭᠡᠮ᠎ᠦᠨ ᠡᠬᠢ ᠪᠠᠶᠠᠯᠢᠭ᠎ᠢ ᠨᠢᠭᠡᠳᠦᠯᠲᠡᠶ ᠲᠥᠯᠥᠪᠵᠢᠭᠦᠯᠵᠦ᠍᠂ ᠠᠭᠤᠰᠤᠯᠴᠠᠬᠤ ᠲᠠᠪᠴᠠᠩ᠎ᠢ ᠪᠠᠶ᠋ᠢᠭᠤᠯᠵᠤ᠂ ᠦᠵᠡᠯ ᠤᠬᠠᠮᠰᠠᠷ᠎ᠤᠨ ᠬᠡᠯᠪᠡᠷᠢ᠎ᠪᠡᠷ ᠬᠥᠲᠥᠯᠥᠨ ᠳᠠᠭᠠᠭᠤᠯᠬᠤ ᠪᠤᠯᠤᠨ ᠠᠬᠤᠢ ᠲᠠᠯᠠᠪᠠᠢ ᠪᠠ ᠰᠦᠯᠵᠢᠶᠡᠨ ᠭᠠᠳᠠᠨᠠᠬᠢ ᠶᠠᠷᠢᠶ᠎ᠠ ᠬᠡᠯᠡᠯᠴᠡᠭᠡ᠎ᠪᠡᠷ ᠬᠥᠲᠥᠯᠥᠨ ᠵᠢᠯᠣᠭᠣᠳᠬᠤ᠎ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ᠎ᠶᠢᠨ ᠬᠢᠴᠢᠶᠡᠯ᠎ᠦᠨ ᠲᠠᠩᠬᠢᠮ ᠬᠢᠭᠡᠳ ᠨᠡᠶ᠋ᠢᠭᠡᠮ᠎ᠦᠨ ᠬᠢᠴᠢᠶᠡᠯ᠎ᠦᠨ ᠲᠠᠩᠬᠢᠮ᠎ᠤᠨ ᠪᠦᠲᠦᠮᠵᠢᠲᠡᠶ ᠠᠭᠤᠰᠤᠯᠴᠠᠯ᠎ᠢ ᠠᠬᠢᠭᠤᠯᠵᠤ᠂ ᠪᠥᠬᠥ᠌ ᠠᠵᠢᠯᠲᠠᠨ ᠪᠥᠬᠥ᠌ ᠶᠠᠪᠤᠴᠠᠪᠥᠬᠥ᠌ ᠲᠠᠯ᠎ᠠ᠎ᠪᠠᠷ ᠬᠥᠮᠦᠨ᠎ᠢ ᠬᠥᠮᠦᠵᠢᠭᠦᠯᠬᠦ᠌᠎ᠳᠦ ᠪᠠᠲᠤ᠌ ᠪᠠᠬᠢ ᠪᠠᠲᠤᠯᠠᠭ᠎ᠠ ᠬᠠᠩᠭᠠᠬᠤ ᠬᠡᠷᠡᠭᠲᠡᠶ᠃
ᠶᠡᠷᠦᠨᠭᠬᠡᠢᠯᠡᠭᠡᠳ ᠬᠡᠯᠡᠪᠡᠯ᠂ ᠲᠡᠦᠬᠡ᠎ᠶᠢᠨ ᠰᠢᠨ᠎ᠡ ᠭᠠᠷᠤᠭ᠎ᠠ ᠳᠡᠭᠡᠷ᠎ᠡ ᠵᠤᠭᠰᠤᠬᠤᠶᠠ᠂ ᠶᠡᠬᠡ ᠳᠡᠭᠡᠳᠦ ᠰᠤᠷᠭᠠᠭᠤᠯᠢ᠎ᠶᠢᠨ ᠦᠵᠡᠯ ᠰᠠᠨᠠᠭ᠎ᠠ ᠤᠯᠤᠰ ᠲᠦᠷᠦ᠎ᠶᠢᠨ ᠠᠵᠢᠯ᠎ᠤᠨ ᠡᠭᠦᠷᠭᠡ ᠢᠷᠠᠭᠤ ᠠᠯᠳᠠᠷ ᠲᠠᠢ᠂ ᠬᠠᠷᠢᠭᠤᠴᠠᠯᠭ᠎ᠠ ᠬᠦᠨᠳᠦ ᠶᠡᠬᠡ ᠪᠠᠶ᠋ᠢᠨ᠎ᠠ᠃ ᠭᠠᠭᠴᠠ ᠬᠦ᠌ ᠦᠵᠡᠯ ᠰᠠᠨᠠᠭᠠᠨ᠎ᠤ ᠲᠤᠭ᠎ᠢ ᠦᠷᠭᠦᠯᠵᠢᠯᠡᠨ ᠥᠨᠳᠥᠷ ᠮᠠᠨᠳᠤᠭᠤᠯᠵᠤ᠂ ᠭᠣᠣᠯ ᠱᠤᠭᠤᠮ ᠴᠢᠭᠯᠡᠯᠲᠡ᠎ᠵᠢᠨ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠣᠷᠢᠭᠲᠠᠢ᠎ᠪᠠᠷ ᠠᠷᠭ᠎ᠠ᠎ᠶᠢᠨ ᠰᠢᠨ᠎ᠡ᠎ᠶᠢ ᠡᠭᠦᠳᠴᠦ᠍᠂ ᠬᠥᠮᠦᠨ ᠬᠥᠮᠦᠵᠢᠭᠦᠯᠬᠦ᠌ ᠬᠠᠮᠲᠤᠷᠠᠯ ᠬᠦᠴᠦᠨ᠎ᠢ ᠨᠢᠭᠲᠠᠷᠠᠭᠤᠯᠪᠠᠯ ᠰᠠᠶ᠍ᠢ ᠶᠡᠷᠦᠩᠬᠡᠢ ᠱᠦᠵᠢ᠎ᠶᠢᠨ ᠴᠢᠬᠤᠯᠠ ᠵᠢᠭᠠᠪᠤᠷᠢ ᠪᠣᠯᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶᠢᠨ ᠱᠠᠭᠠᠷᠳᠠᠯᠭ᠎ᠠ᠎ᠶᠢ ᠦᠨᠡᠨ ᠬᠦ᠌ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠦᠨᠡᠨ ᠬᠦ᠌ 《ᠶᠡᠬᠡ ᠦᠵᠡᠯ ᠰᠠᠨᠠᠭ᠎ᠠ ᠤᠯᠤᠰ ᠲᠦᠷᠦ》 ᠵᠢᠨ ᠬᠢᠴᠢᠶᠡᠯ᠎ᠳ᠋ᠤ ᠰᠦᠷ ᠳᠠᠯᠠᠶ᠋ᠢᠴᠠᠲᠠᠢ ᠬᠥᠳᠡᠯᠭᠡᠬᠦ᠌ ᠬᠦᠴᠦᠨ ᠨᠡᠮᠡᠷᠢᠯᠡᠵᠦ᠍᠂ ᠨᠡᠩ ᠤᠯᠠᠨ ᠶᠡᠬᠡ ᠬᠡᠷᠡᠭᠴᠡᠭᠡ᠎ᠲᠡᠶ᠂ ᠬᠦᠨᠳᠦ ᠡᠭᠦᠷᠭᠡ᠎ᠶᠢ ᠡᠭᠦᠷᠭᠡᠯᠡᠵᠦ᠍ ᠳᠡᠶ᠋ᠢᠯᠬᠦ᠌᠂ ᠡᠷᠡᠰ ᠭᠤᠶ᠋ᠢᠪᠢᠰᠢ ᠦᠭᠡᠢ᠎ᠪᠡᠷ ᠨᠠᠮ᠎ᠢᠶᠠᠨ ᠳᠠᠭᠠᠨ ᠤᠷᠤᠬᠰᠢᠯᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠠᠬᠢᠭᠤᠯᠬᠤ᠎ᠳᠤ ᠤᠶᠤᠨ ᠤᠬᠠᠭᠠᠨ᠎ᠢᠶᠠᠨ ᠡᠷᠭᠦᠵᠦ ᠳᠡᠢᠯᠬᠦ ᠲᠤᠯᠭᠠᠭᠤᠷᠢ ᠪᠤᠯᠬᠤ ᠴᠢᠳᠠᠪᠤᠷᠢᠲᠠᠨ᠎ᠢ ᠬᠥᠮᠦᠵᠢᠭᠦᠯᠵᠦ᠍ ᠴᠢᠳᠠᠨ᠎ᠠ᠃
(ᠵᠤᠬᠢᠶᠠᠭᠴᠢ᠎ᠵᠢᠨ ᠬᠠᠶᠢᠭ᠄ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠶ᠎ᠶᠢᠨ ᠶᠡᠬᠡ ᠰᠤᠷᠭᠠᠭᠤᠯᠢ)
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠬᠦᠰᠡᠯᠡᠩ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃