ᠲᠡᠷᠢᠭᠦᠨ ᠨᠢᠭᠤᠷ>ᠰᠣᠳᠤᠨ ᠮᠡᠳᠡᠭᠡᠯᠡᠯ

2026-11-04 11:17:54

ᠵᠣᠬᠢᠶᠠᠭ᠍ᠴᠢ᠄ ᠲᠡᠭᠦᠰᠪᠢᠯᠢᠭ ᠣᠩᠱᠢᠭ᠍ᠰᠠᠨ ᠣᠳᠠᠭ᠎ᠠ᠄ 3

ᠨᠠᠮᠤᠷ᠎ᠤ᠋ᠨ ᠰᠡᠭᠦᠯᠴᠢ ᠪᠤᠯᠬᠤ᠎ᠵᠢ ᠲᠠᠭᠠᠯᠳᠤᠨ᠂ ᠪᠤᠷᠤᠲᠤᠬᠤᠢ᠎ᠶ᠋ᠢᠨ ᠤᠰᠤᠯᠠᠯᠲᠠ᠎ᠶ᠋ᠢᠨ ᠣᠷᠣᠨ᠎ᠤ ᠨᠠᠮᠤᠷ᠎ᠤ᠋ᠨ ᠤᠰᠤᠯᠠᠯᠲᠠ᠎ᠶᠢᠨ ᠠᠵᠢᠯ ᠬᠦᠭᠵᠢᠶᠡᠨ ᠲᠠᠢ ᠶᠠᠪᠤᠭᠳᠠᠵᠤ᠂ ᠲᠠᠷᠢᠶᠠᠨ ᠭᠠᠵᠠᠷ᠎ᠲᠦ  ᠤᠰᠤᠨ ᠬᠠᠭᠠᠯᠲᠠ ᠰᠠᠬᠢᠬᠤ ᠪᠤᠶᠤ ᠲᠠᠷᠢᠶ᠎ᠠ ᠤᠰᠤᠯᠠᠬᠤ ᠬᠦᠮᠦᠨ᠎ᠤ ᠪᠠᠷ᠎ᠠ ᠵᠦᠨᠭᠳᠡᠭᠡᠨ ᠬᠠᠷᠠᠭᠳᠠᠨ᠎ᠠ᠃

10 ᠰᠠᠷ᠎ᠠ᠎ᠶ᠋ᠢᠨ 23᠎ᠤ᠋ ᠡᠳᠦᠷ᠂ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠤᠰᠢᠭᠤᠨ᠎ᠤ᠋ ᠮᠧᠩ ᠬᠠᠢ ᠪᠠᠯᠭᠠᠰᠤᠨ᠎ᠤ᠋ ᠴᠠᠢᠳᠠᠮ᠎ᠤᠨ ᠤᠪᠤᠭ᠎ᠠ ᠲᠣᠰᠬᠣᠨ᠎ᠤ᠋ ᠲᠠᠷᠢᠶᠠᠨ ᠭᠠᠵᠠᠷ᠎ᠲᠤ᠌ ᠲᠣᠰᠬᠣᠨ᠎ᠤ᠋ ᠨᠠᠮ᠎ᠤ᠋ᠨ ᠡᠭᠦᠷ᠎ᠦ᠋ᠨ ᠱᠦᠵᠢ ᠸᠠᠩ ᠬᠠᠢ ᠵᠢᠶᠦ᠋ᠨ ᠤᠰᠤ ᠲᠠᠯᠪᠢᠬᠤ ᠮᠡᠳᠡᠭᠳᠡᠯ ᠲᠣᠰᠤᠮᠠᠭᠴᠠ᠎ᠪᠡᠨ ᠲᠣᠰᠬᠣᠨ᠎ᠤ᠋ ᠠᠷᠠᠳ᠎ᠢᠶᠡᠨ ᠵᠤᠬᠢᠶᠠᠨ ᠪᠠᠢᠭᠤᠯᠤᠭᠠᠳ ᠡᠮᠬᠢ ᠳᠢᠭᠯᠢᠮ᠎ᠲᠡᠢ ᠨᠠᠮᠤᠷ᠎ᠤ᠋ᠨ ᠤᠰᠤᠯᠠᠯᠲᠠ ᠬᠢᠬᠦ᠎ᠶᠢᠨ ᠬᠠᠮᠲᠤ ᠲᠤᠰᠬᠠᠢ ᠬᠥᠮᠦᠨ ᠰᠤᠩᠭᠤᠨ ᠲᠤᠬᠢᠷᠠᠭᠤᠯᠵᠤ᠂ 24 ᠴᠠᠭ᠎ᠢ᠋ᠶ᠋ᠠᠷ ᠡᠭᠡᠯᠵᠢᠯᠡᠨ ᠨᠠᠮᠤᠷ᠎ᠤ᠋ᠨ ᠤᠰᠤᠯᠠᠯᠲᠠ᠎ᠶ᠋ᠢᠨ ᠲᠠᠯᠠᠪᠤᠷ᠎ᠲᠤ᠌ ᠵᠢᠵᠢᠭᠦᠷᠯᠡᠵᠦ᠂ ᠤᠰᠤᠯᠠᠯᠲᠠ᠎ᠶ᠋ᠢᠨ ᠬᠡᠮᠵᠢᠶ᠎ᠡ ᠵᠢᠭᠳᠡ ᠪᠤᠰᠤ ᠵᠢᠴᠢ ᠲᠠᠷᠢᠶᠠᠨ ᠳᠠᠯᠠᠩ ᠰᠡᠲᠡᠷᠡᠭᠡᠳ ᠤᠰᠤ ᠤᠷᠤᠰᠴᠤ ᠭᠠᠷᠬᠤ᠎ᠶ᠋ᠢ ᠰᠡᠷᠭᠡᠢᠯᠡᠪᠡ᠃

《ᠮᠠᠨ᠎ᠤ᠋ ᠲᠣᠰᠬᠣᠨ ᠲᠤᠰᠬᠠᠢ ᠬᠥᠮᠦᠨ ᠰᠣᠩᠭᠣᠭᠠᠳ᠂ ᠨᠠᠮᠤᠷ᠎ᠤ᠋ᠨ ᠤᠰᠤᠯᠠᠯᠲᠠ᠎ᠶ᠋ᠢᠨ ᠠᠵᠢᠯ᠎ᠢ᠋ ᠬᠠᠷᠢᠭᠤᠴᠠᠵᠤ᠂︿ᠨᠢᠭᠡ ᠬᠦᠷᠵᠡ﹀ᠵᠢᠨ ᠤᠰᠤᠯᠠᠯᠲᠠ᠎ᠶ᠋ᠢᠨ ᠵᠠᠭᠪᠤᠷ᠎ᠢ᠋ᠶ᠋ᠠᠷ ᠲᠣᠬᠢᠷᠠᠮᠵᠢᠲᠠᠢ ᠴᠠᠭ᠎ᠲᠤ᠌ ᠵᠣᠬᠢᠰᠲᠠᠢ ᠬᠡᠮᠵᠢᠶ᠎ᠡ᠎ᠪᠡᠷ ᠲᠠᠷᠢᠶᠠᠨ ᠭᠠᠵᠠᠷ᠎ᠢᠶᠡᠨ ᠤᠰᠤᠯᠠᠵᠤ ᠪᠠᠢᠨ᠎ᠠ᠂ ᠤᠰᠤᠨ᠎ᠤ᠋ ᠡᠬᠢ ᠪᠠᠶᠠᠯᠢᠭ᠎ᠢ᠋ ᠪᠦᠷᠢᠯᠭᠡᠨ ᠰᠦᠢᠳᠬᠡᠬᠦ᠎ᠶ᠋ᠢ ᠡᠷᠡᠰ ᠲᠡᠪᠴᠢᠨ᠎ᠡ᠃︿ᠨᠢᠭᠡ ᠬᠦᠷᠵᠡ﹀ᠵᠢᠨ ᠤᠰᠤᠯᠠᠯᠲᠠ᠎ᠶᠢᠨ ᠵᠠᠭᠪᠤᠷ ᠭᠡᠳᠡᠭ ᠪᠤᠯ ᠳᠠᠷᠤᠢ ᠲᠠᠷᠢᠶᠠᠴᠢᠨ᠎ᠤ᠋ ᠤᠰᠤ ᠬᠡᠷᠡᠭᠯᠡᠬᠦ ᠬᠤᠷᠰᠢᠶ᠎ᠠ᠎ᠶ᠋ᠢᠨ ᠵᠢᠯᠣᠭᠣᠳᠤᠯᠭ᠎ᠠ ᠪᠡᠷ ᠵᠣᠬᠢᠬᠤ ᠤᠰᠤᠯᠠᠬᠤ ᠬᠡᠪᠴᠢᠶᠡᠨ ᠳᠣᠲᠣᠷ᠎ᠠ ᠣᠯᠠᠨ ᠲᠦᠮᠡᠨ᠎ᠦ᠌ ᠲᠠᠨᠢᠯᠴᠠᠭᠤᠯᠭ᠎ᠠ᠎ᠪᠠᠷ ᠨᠢᠭᠡ ᠲᠤᠰᠬᠠᠢ ᠤᠰᠤ ᠬᠠᠮᠢᠶᠠᠷᠤᠭᠴᠢ ᠵᠢ ᠰᠣᠩᠭᠣᠵᠤ ᠭᠠᠷᠭᠠᠨ᠂ ᠲᠤᠰᠬᠠᠢᠯᠠᠨ ᠬᠠᠷᠢᠶ᠎ᠠ ᠤᠰᠤᠯᠠᠯᠲᠠ᠎ᠶ᠋ᠢᠨ ᠣᠷᠣᠨ ᠪᠦᠰᠡ᠎ᠳᠣᠲᠣᠷᠠᠬᠢ ᠠᠳᠠᠯᠢ ᠪᠤᠰᠤ ᠲᠠᠷᠢᠶᠠᠴᠢᠨ ᠡᠷᠦᠬᠡ᠎ᠶ᠋ᠢᠨ ᠲᠠᠷᠢᠶᠠᠨ ᠭᠠᠵᠠᠷ᠎ᠲᠤ᠌ ᠤᠰᠤ ᠲᠠᠯᠪᠢᠬᠤ ᠤᠰᠤ ᠬᠠᠮᠢᠶᠠᠷᠬᠤ᠎ᠵᠢ ᠬᠠᠷᠢᠭᠤᠴᠠᠨ᠎ᠠ》 ᠭᠡᠵᠦ ᠸᠠᠩ ᠬᠠᠢ ᠵᠢᠶᠦ᠋ᠨ ᠲᠠᠨᠢᠯᠴᠠᠭᠤᠯᠪᠠ᠃

ᠤᠰᠤ ᠪᠣᠯ ᠠᠮᠢ ᠨᠠᠰᠤᠨ᠎ᠤ᠋ ᠡᠬᠢ ᠰᠤᠷᠪᠤᠯᠵᠢ᠂ ᠠᠮᠢ ᠠᠬᠤᠢ᠎ᠶ᠋ᠢᠨ ᠰᠠᠭᠤᠷᠢ᠂ ᠦᠢᠯᠡᠳᠪᠦᠷᠢᠯᠡᠯ᠎ᠦ᠋ᠨ ᠴᠢᠬᠤᠯᠠ ᠵᠦᠢᠯ ᠪᠤᠯᠤᠨ᠎ᠠ᠃ ᠪᠢᠯᠬᠠᠷᠠᠲᠠᠯ᠎ᠠ ᠤᠰᠤᠯᠠᠬᠤ ᠦᠢᠯᠡᠳᠪᠦᠷᠢᠯᠡᠯ᠎ᠦ᠋ᠨ ᠠᠷᠭ᠎ᠠ ᠮᠠᠶᠢᠭ᠎ᠢ᠋ ᠥᠭᠡᠷᠡᠴᠢᠯᠡᠨ᠂ ᠲᠠᠷᠢᠶᠠᠯᠠᠩ᠎ᠤ᠋ᠨ ᠭᠦᠨᠵᠡᠭᠡᠢ ᠤᠰᠤ ᠠᠷᠪᠢᠯᠠᠵᠤ ᠤᠰᠤ ᠡᠵᠡᠮᠳᠡᠬᠦ᠎ᠶ᠋ᠢ ᠲᠦᠯᠬᠢᠨ ᠠᠬᠢᠭᠤᠯᠬᠤ ᠪᠣᠯ ᠣᠳᠣ ᠦᠶ᠎ᠡ᠎ᠶ᠋ᠢᠨ ᠲᠠᠷᠢᠶᠠᠯᠠᠩ᠎ᠢ᠋ ᠬᠥᠭᠵᠢᠭᠦᠯᠬᠦ᠎ᠶ᠋ᠢᠨ ᠵᠠᠢᠯᠠᠰᠢ ᠥᠬᠡᠢ ᠱᠠᠭᠠᠷᠳᠠᠯᠭ᠎ᠠ ᠪᠣᠯᠤᠨ᠎ᠠ᠃ 2023 ᠣᠨ᠎ᠳ᠋ᠤ᠌᠂ ᠮᠧᠩ ᠬᠠᠢ ᠪᠠᠯᠭᠠᠰᠤ ᠬᠠᠮᠢᠶᠠᠷᠤᠯᠲᠠ᠎ᠶ᠋ᠢᠨ ᠲᠦᠪᠰᠢᠨ᠎ᠢ᠋ᠶ᠋ᠡᠨ ᠤᠯᠠᠮ ᠴᠢᠩᠭᠠᠳᠬᠠᠵᠤ᠂ ᠲᠠᠷᠢᠶᠠᠴᠢᠨ ᠡᠷᠦᠬᠡ᠎ᠶ᠋ᠢᠨ ᠲᠠᠷᠢᠶ᠎ᠠ ᠤᠰᠤᠯᠠᠬᠤ ᠬᠠᠨᠤᠮᠵᠢ ᠵᠢᠨ ᠬᠡᠮᠵᠢᠶ᠎ᠡ᠎ᠶ᠋ᠢ ᠳᠡᠭᠡᠭᠰᠢᠯᠡᠭᠦᠯᠬᠦ᠎ᠶ᠋ᠢᠨ ᠲᠥᠯᠥᠭᠡ 6 ᠲᠠᠷᠢᠶᠠᠴᠢᠨ᠎ᠤ ᠤᠰᠤ ᠬᠡᠷᠡᠭᠯᠡᠬᠦ ᠬᠤᠷᠰᠢᠶ᠎ᠠ᠎ᠵᠢ ᠪᠠᠢᠭᠤᠯᠵᠠᠢ᠃ ᠡᠳᠡᠭᠡᠷ ᠬᠤᠷᠰᠢᠶ᠎ᠠ ᠨᠠᠷᠢᠯᠢᠭ ᠬᠠᠮᠢᠶᠠᠷᠤᠯᠲᠠ᠎ᠪᠠᠷ ᠳᠠᠮᠵᠢᠨ᠂ ᠲᠠᠷᠢᠶᠠᠴᠢᠳ᠎ᠢ᠋ ᠵᠣᠬᠢᠶᠠᠨ ᠪᠠᠢᠭᠤᠯᠤᠭᠠᠳ ᠤᠰᠤ ᠬᠡᠷᠡᠭᠯᠡᠬᠦ ᠪᠦᠬᠦ ᠶᠠᠪᠤᠴᠠ᠎ᠳ᠋ᠤ᠌ ᠰᠢᠭᠤᠳ ᠣᠷᠣᠯᠴᠠᠭᠤᠯᠵᠤ ᠤᠰᠤ ᠠᠷᠪᠢᠯᠠᠬᠤ ᠤᠬᠠᠮᠰᠠᠷ᠎ᠢ᠋ ᠨᠢ ᠳᠡᠭᠡᠭᠰᠢᠯᠡᠭᠦᠯᠦᠭᠰᠡᠨ ᠪᠠᠢᠨ᠎ᠠ᠃ ᠨᠠᠷᠢᠨ ᠨᠢᠭᠲᠠ ᠲᠥᠯᠥᠪᠯᠡᠬᠦ᠎ᠪᠡᠷ ᠳᠠᠮᠵᠢᠨ᠂ ᠤᠰᠤᠨ᠎ᠤ᠋ ᠭᠦᠢᠴᠡᠳᠬᠡᠬᠦ ᠲᠣᠭ᠎ᠠ᠎ᠶ᠋ᠢ ᠰᠢᠯᠵᠢᠭᠦᠯᠦᠨ ᠲᠣᠬᠢᠷᠠᠭᠤᠯᠵᠤ᠂ ᠲᠠᠷᠢᠶᠠᠴᠢᠳ᠎ᠢ᠋ ᠵᠣᠬᠢᠶᠠᠨ ᠪᠠᠢᠭᠤᠯᠤᠨ ᠲᠥᠷᠥᠯ ᠬᠤᠪᠢᠶᠠᠨ ᠰᠦᠢᠳᠬᠡᠯ ᠲᠤᠰᠢᠶᠠᠯᠭᠠᠵᠤ᠂ ᠲᠠᠷᠢᠶᠠᠯᠠᠬᠤ ᠲᠥᠯᠥᠪᠯᠡᠭᠡ᠎ᠶ᠋ᠢ ᠵᠦᠢ ᠵᠣᠬᠢᠰᠲᠠᠢ ᠲᠣᠬᠢᠷᠠᠭᠤᠯᠤᠨ᠂ ᠤᠰᠤ ᠠᠷᠪᠢᠯᠠᠬᠤ᠎ᠶ᠋ᠢ ᠪᠡᠶᠡᠯᠡᠭᠦᠯᠦᠭᠰᠡᠨ ᠪᠠᠢᠨ᠎ᠠ᠃

ᠰᠤᠷᠪᠤᠯᠵᠢᠯᠠᠭᠴᠢ ᠬᠠᠩᠭᠢᠨ ᠬᠣᠢᠲᠤ ᠬᠤᠰᠢᠭᠤᠨ᠎ᠤ᠋ ᠰᠠᠨ ᠨᠣᠤ ᠾᠧ ᠤᠰᠤ ᠠᠷᠪᠢᠯᠠᠬᠤ ᠤᠰᠤᠯᠠᠯᠲᠠ᠎ᠶ᠋ᠢᠨ ᠰᠢᠨᠵᠢᠯᠡᠭᠦ ᠤᠬᠠᠭᠠᠨ ᠲᠸᠭᠨᠢᠭ ᠮᠡᠷᠭᠡᠵᠢᠯ᠎ᠦ᠋ᠨ ᠲᠤᠰᠬᠠᠢ ᠬᠣᠷᠰᠢᠶᠠᠨ᠎ᠳ᠋ᠤ᠌ ᠬᠦᠷᠬᠦ᠎ᠳ᠋ᠤ᠌᠂ ᠬᠡᠷᠡᠮ ᠳᠡᠭᠡᠷᠡᠬᠢ ᠬᠠᠷᠢᠶ᠎ᠠ ᠣᠷᠣᠨ᠎ᠤ᠋ ᠤᠰᠤᠯᠠᠯᠲᠠ᠎ᠶ᠋ᠢᠨ ᠣᠷᠣᠨ᠎ᠤ᠋ ᠲᠠᠯᠠᠪᠠᠢ᠎ᠶ᠋ᠢᠨ ᠲᠠᠢᠯᠪᠤᠷᠢ ᠵᠢᠷᠤᠭ᠂ ᠤᠰᠤᠨ᠎ᠤ᠋ ᠰᠦᠢᠳᠬᠡᠯ᠎ᠢ ᠬᠤᠷᠢᠶᠠᠬᠤ ᠬᠡᠷᠡᠭᠯᠡᠬᠦ ᠬᠠᠮᠢᠶᠠᠷᠬᠤ ᠠᠷᠭ᠎ᠠ᠂ ᠤᠰᠤᠯᠠᠯᠲᠠ᠎ᠶ᠋ᠢᠨ ᠬᠠᠮᠢᠶᠠᠷᠤᠯᠲᠠ᠎ᠶ᠋ᠢᠨ ᠳᠦᠷᠢᠮ᠂ ᠬᠤᠷᠰᠢᠶ᠎ᠠ᠎ᠶ᠋ᠢᠨ ᠠᠵᠢᠯᠯᠠᠭᠠᠨ᠎ᠤ᠋ ᠲᠣᠭᠲᠠᠴᠠ ᠵᠡᠷᠭᠡ ᠠᠭᠤᠯᠭ᠎ᠠ ᠢᠯᠡᠬᠡᠨ ᠬᠠᠷᠠᠭᠳᠠᠨ᠎ᠠ᠃

ᠲᠤᠰ ᠬᠣᠷᠰᠢᠶ᠎ᠠ 《ᠪᠠᠯᠭᠠᠰᠤ ᠠ᠋ᠴᠠ ᠨᠢᠭᠡᠳᠦᠯᠲᠡᠢ ᠲᠥᠯᠥᠪᠯᠡᠬᠦ᠂ ᠬᠣᠷᠰᠢᠶ᠎ᠠ᠎ᠠ᠋ᠴᠠ ᠬᠠᠮᠢᠶᠠᠷᠬᠤ᠂ ᠤᠰᠤ ᠬᠡᠷᠡᠭᠯᠡᠬᠦ ᠳᠤᠭᠤᠢᠯᠠᠩ ᠣᠷᠣᠯᠴᠠᠬᠤ》 ᠬᠠᠮᠢᠶᠠᠷᠤᠯᠲᠠ᠎ᠶ᠋ᠢᠨ ᠵᠠᠭᠪᠤᠷ ᠶᠣᠰᠣᠭᠠᠷ᠂ 《ᠠᠷᠠᠳ᠎ᠠ᠋ᠴᠠ ᠬᠠᠮᠢᠶᠠᠷᠬᠤ᠂ ᠠᠷᠠᠳ᠎ᠠ᠋ᠴᠠ ᠪᠠᠢᠭᠤᠯᠬᠤ᠂ ᠠᠷᠠᠳ᠎ᠠ᠋ᠴᠠ ᠬᠡᠷᠡᠭᠯᠡᠬᠦ᠂ ᠠᠷᠠᠳ᠎ᠠ᠋ᠴᠠ ᠡᠵᠡᠩᠨᠡᠬᠦ》  ᠥᠪᠡᠰᠦᠪᠡᠨ ᠬᠥᠭᠵᠢᠬᠦᠯᠵᠦ ᠣᠯᠵᠤ ᠠᠯᠳᠠᠬᠤ᠎ᠪᠠᠨ ᠥᠪᠡᠰᠤᠪᠠᠨ ᠬᠠᠷᠢᠭᠤᠴᠠᠬᠤ ᠡᠵᠡᠩᠨᠡᠯᠲᠡ᠎ᠶ᠋ᠢᠨ ᠵᠠᠭᠪᠤᠷ᠎ᠢ ᠬᠡᠷᠡᠭᠵᠢᠭᠦᠯᠪᠠ᠃ ᠲᠠᠷᠢᠮᠠᠯ᠎ᠤ᠋ᠨ ᠪᠦᠲᠦᠴᠡ ᠪᠠ ᠲᠠᠷᠢᠶᠠᠨ ᠭᠠᠵᠠᠷ᠎ᠤ᠋ᠨ ᠲᠠᠯᠠᠪᠠᠢ᠎ᠵᠢ ᠦᠨᠳᠦᠰᠦᠯᠡᠨ᠂ ᠤᠰᠤᠨ᠎ᠤ᠋ ᠬᠡᠮᠵᠢᠶ᠎ᠡ᠎ᠶ᠋ᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠲᠣᠬᠢᠷᠠᠭᠤᠯᠵᠤ᠂ 《ᠤᠷᠢᠳ ᠵᠢᠡᠷ ᠳᠣᠣᠷᠠᠳᠤ ᠤᠷᠤᠰᠬᠠᠯ᠂ ᠳᠠᠷᠠᠭ᠎ᠠ ᠨᠢ ᠳᠡᠭᠡᠳᠦ ᠤᠷᠤᠰᠬᠠᠯ᠂ ᠳᠡᠭᠡᠳᠦ ᠤᠷᠤᠰᠬᠠᠯ ᠨᠢ ᠳᠣᠣᠷᠠᠲᠤ ᠤᠷᠤᠰᠬᠠᠯ᠎ᠢ᠋ ᠬᠠᠷᠠᠭᠠᠯᠵᠠᠨ᠂ ᠬᠡᠰᠡᠭ ᠭᠠᠵᠠᠷ ᠨᠢ ᠪᠦᠬᠦ ᠲᠠᠯ᠎ᠠ᠎ᠶ᠋ᠢ ᠳᠠᠭᠠᠬᠤ》 ᠵᠠᠷᠴᠢᠮ᠎ᠢ᠋ ᠪᠠᠷᠢᠮᠲᠠᠯᠠᠵᠤ᠂ ᠤᠰᠤᠨ᠎ᠤ᠋ ᠡᠬᠢ ᠪᠠᠶᠠᠯᠢᠭ᠎ᠤ᠋ᠨ ᠬᠠᠮᠤᠭ᠎ᠤ᠋ᠨ ᠶᠡᠬᠡ ᠦᠷ᠎ᠡ ᠠᠰᠢᠭ᠎ᠢ᠋ ᠭᠦᠢᠴᠡᠳ ᠪᠠᠳᠠᠷᠠᠭᠤᠯᠪᠠ᠃ ᠤᠰᠤᠨ᠎ᠤ᠋ ᠦᠨ᠎ᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠬᠡᠷᠡᠭᠵᠢᠭᠦᠯᠵᠦ᠂ ᠤᠰᠤᠨ᠎ᠤ᠋ ᠰᠦᠢᠳᠬᠡᠯ ᠬᠤᠷᠢᠶᠠᠬᠤ᠎ᠳ᠋ᠤ᠌ ᠮᠦ᠍᠎ᠪᠡᠷ ᠨᠢᠭᠡᠴᠢᠯᠡᠨ ᠪᠣᠳᠣᠵᠤ᠂ ᠲᠤᠰᠬᠠᠢ ᠵᠣᠭᠣᠰ᠎ᠢ᠋ ᠲᠤᠰᠬᠠᠢ ᠵᠦᠢᠯ᠎ᠳ᠋ᠦ᠍ ᠬᠡᠷᠡᠭᠯᠡᠨ᠂ ᠲᠣᠰᠬᠣᠨ᠎ᠤ᠋ ᠠᠷᠠᠳ᠎ᠲᠤ᠌ ᠤᠰᠤᠨ᠎ᠤ᠋ ᠰᠦᠢᠳᠬᠡᠯ᠎ᠦ᠋ᠨ ᠳᠠᠩᠰᠠ᠎ᠶ᠋ᠢ ᠲᠣᠭᠲᠠᠮᠠᠯ ᠬᠤᠭᠤᠴᠠᠭ᠎ᠠ᠎ᠲᠠᠢ᠎ᠨᠡᠢᠲᠡᠯᠡᠵᠦ ᠮᠡᠳᠡᠭᠦᠯᠦᠨ᠂ ᠤᠰᠤ ᠬᠡᠷᠡᠭᠯᠡᠬᠦ ᠬᠡᠮᠵᠢᠶ᠎ᠡ ᠨᠢ ᠬᠡᠳᠦᠢ ᠶᠡᠬᠡ ᠪᠣᠯ ᠦᠨ᠎ᠡ ᠨᠢ ᠲᠡᠳᠦᠢ ᠥᠨᠳᠥᠷ ᠪᠣᠯᠬᠤ ᠱᠠᠲᠤᠯᠢᠭ ᠤᠰᠤᠨ᠎ᠤ᠋ ᠦᠨ᠎ᠡ᠎ᠶ᠋ᠢᠨ ᠳᠦᠷᠢᠮ᠎ᠢ᠋ ᠬᠡᠷᠡᠭᠵᠢᠭᠦᠯᠵᠦ᠂ ᠲᠠᠷᠢᠶᠠᠴᠢᠨ ᠡᠷᠦᠬᠡ᠎ᠶ᠋ᠢᠨ ᠤᠰᠤ ᠠᠷᠪᠢᠯᠠᠬᠤ ᠦᠵᠡᠯ ᠤᠬᠠᠮᠰᠠᠷ᠎ᠢ᠋ ᠨᠢ ᠳᠡᠭᠡᠭᠰᠢᠯᠡᠭᠦᠯᠪᠡ᠃

ᠲᠤᠰ ᠬᠣᠷᠰᠢᠶᠠᠨ᠎ᠤ᠋ ᠬᠡᠷᠡᠭ ᠡᠷᠬᠢᠯᠡᠭᠴᠢᠳ᠎ᠦ᠋ᠨ ᠳᠠᠷᠤᠭ᠎ᠠ ᠯᠢ ᠱᠢ ᠫᠢᠩ᠄《ᠬᠤᠷᠰᠢᠶ᠎ᠠ᠎ᠶ᠋ᠢᠨ ᠨᠠᠷᠢᠯᠢᠭ ᠬᠠᠮᠢᠶᠠᠷᠤᠯᠲᠠ ᠪᠡᠷ ᠲᠠᠮᠵᠢᠭᠤᠯᠤᠨ᠂ ᠤᠰᠤ ᠠᠷᠪᠢᠯᠠᠨ ᠦᠷ᠎ᠡ ᠠᠰᠢᠭ᠎ᠢ᠋ ᠨᠡᠮᠡᠭᠳᠡᠭᠦᠯᠵᠦ᠂ ᠤᠰᠤᠨ᠎ᠤ᠋ ᠡᠬᠢ ᠪᠠᠶᠠᠯᠢᠭ᠎ᠢ᠋ ᠬᠠᠮᠠᠭᠠᠯᠠᠵᠤ ᠴᠢᠳᠠᠬᠤ ᠮᠥᠷᠲᠡᠭᠡᠨ ᠲᠠᠷᠢᠶᠠᠴᠢᠳ᠎ᠲᠤ᠌ ᠪᠣᠳᠠᠲᠠᠢ ᠠᠰᠢᠭ ᠬᠦᠷᠲᠡᠭᠡᠵᠦ ᠲᠡᠢᠯᠦᠨ᠎ᠡ᠂ ᠨᠢᠳᠤᠨᠤᠨ ᠵᠢᠯ᠎ᠦ᠋ᠨ ᠡᠬᠢᠨ᠎ᠳ᠋ᠦ᠍ ᠮᠠᠨ᠎ᠤ᠋ ᠬᠤᠷᠰᠢᠶ᠎ᠠ ᠮᠦ᠍ ᠪᠦᠷᠢ ᠵᠢᠨ 200 ᠲᠥᠭᠥᠷᠢᠭ᠎ᠦ᠋ᠨ ᠤᠰᠤᠨ᠎ᠤ᠋ ᠰᠦᠢᠳᠬᠡᠯ᠎ᠢ᠋ ᠤᠷᠢᠳᠴᠢᠯᠠᠨ ᠬᠤᠷᠢᠶᠠᠵᠤ᠂ ᠵᠢᠯ᠎ᠦ᠋ᠨ ᠡᠴᠦᠰ ᠪᠣᠯᠬᠤ᠎ᠳ᠋ᠤ᠌ ᠳᠤᠮᠳᠠᠴᠢ᠎ᠪᠠᠷ ᠮᠦ᠍ ᠪᠦᠷᠢ᠎ᠳᠤ 28 ᠲᠥᠭᠥᠷᠢᠭ ᠪᠤᠴᠠᠭᠠᠵᠤ ᠥᠭᠴᠡᠢ᠂ ᠡᠨᠡ ᠨᠢ ᠥᠩᠭᠡᠷᠡᠭᠰᠡᠨ᠎ᠳ᠋ᠦ᠍ ᠰᠠᠨᠠᠭ᠎ᠠ ᠵᠡᠭᠦᠳᠦᠨ᠎ᠳᠤ ᠴᠦ᠍ ᠤᠷᠤᠬᠤ ᠦᠭᠡᠢ ᠶᠠᠪᠤᠳᠠᠯ ᠡ》 ᠭᠡᠵᠦ ᠪᠠᠢᠯ᠎ᠠ᠃

《ᠬᠣᠷᠰᠢᠶ᠎ᠠ ᠪᠠᠢᠭᠤᠯᠬᠤ ᠪᠡᠷ ᠲᠠᠮᠵᠢᠨ᠂ ᠣᠯᠠᠨ ᠲᠦᠮᠡᠨ᠎ᠦ᠌ ᠬᠠᠮᠢᠶᠠᠷᠤᠯᠲᠠ᠎ᠶ᠋ᠢᠨ ᠵᠣᠬᠢᠶᠠᠨ ᠪᠠᠢᠭᠤᠯᠤᠯᠲᠠ ᠠᠷᠪᠢᠨ᠂ ᠰᠦᠢᠳᠬᠡᠯ ᠬᠤᠷᠢᠶᠠᠬᠤ ᠠᠷᠭ᠎ᠠ ᠬᠡᠯᠪᠡᠷᠢ ᠨᠢ ᠡᠮᠬᠢ ᠵᠠᠮᠪᠠᠷᠠᠭ᠎ᠠ ᠦᠭᠡᠢ᠂ ᠬᠠᠮᠢᠶᠠᠷᠤᠯᠲᠠ ᠨᠢ ᠦᠷ᠎ᠡ ᠪᠦᠲᠦᠮᠵᠢ ᠠᠨᠠᠢ ᠪᠠᠢᠬᠰᠠᠨ ᠠᠰᠠᠭᠤᠳᠠᠯ᠎ᠢ᠋ ᠪᠦᠲᠦᠮᠵᠢᠲᠡᠢ ᠰᠢᠢᠳᠪᠦᠷᠢᠯᠡᠵᠦ᠂ ᠲᠠᠷᠢᠶᠠᠴᠢᠳ᠎ᠤ᠋ᠨ ᠤᠰᠤ ᠬᠡᠷᠡᠭᠯᠡᠬᠦ ᠤᠯᠠᠮᠵᠢᠯᠠᠯᠲᠤ ᠦᠵᠡᠯ ᠰᠠᠨᠠᠭ᠎ᠠ᠎ᠶ᠋ᠢ ᠬᠤᠪᠢᠷᠠᠭᠤᠯᠵᠤ᠂ ᠲᠠᠷᠢᠶᠠᠴᠢᠳ᠎ᠤ᠋ᠨ ᠤᠰᠤ ᠬᠡᠷᠡᠭᠯᠡᠬᠦ ᠵᠣᠬᠢᠶᠠᠨ ᠪᠠᠢᠭᠤᠯᠤᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠲᠡᠷᠢᠭᠦᠨ᠎ᠦ᠌ ᠤᠰᠤᠯᠠᠯᠲᠠ᠎ᠶ᠋ᠢᠨ ᠮᠡᠷᠭᠡᠵᠢᠯ᠎ᠢ᠋ ᠳᠡᠯᠭᠡᠷᠡᠭᠦᠯᠵᠦ᠂ ᠤᠰᠤ᠎ᠶ᠋ᠢ ᠡᠷᠴᠢᠮᠵᠢᠭᠦᠯᠦᠨ ᠠᠰᠢᠭᠯᠠᠬᠤ᠎ᠶ᠋ᠢ ᠠᠬᠢᠭᠤᠯᠬᠤ᠎ᠳ᠋ᠤ᠌ ᠢᠳᠡᠪᠬᠢᠲᠡᠢ ᠦᠢᠯᠡᠳᠦᠯ ᠦᠵᠡᠭᠦᠯᠵᠦ᠂ 2025 ᠣᠨ᠎ᠳ᠋ᠤ᠌ ᠮᠠᠨ᠎ᠤ᠋ ᠪᠠᠯᠭᠠᠰᠤᠨ᠎ᠤ᠋ ᠲᠠᠷᠢᠶᠠᠯᠠᠩ᠎ᠳ᠋ᠤ᠌ ᠬᠡᠷᠡᠭᠯᠡᠬᠦ ᠤᠰᠤ᠎ᠵᠢ ᠠᠷᠪᠢᠯᠠᠭᠰᠠᠨ ᠬᠡᠮᠵᠢᠶ᠎ᠡ 15% ᠣᠷᠴᠢᠮ ᠬᠦᠷᠴᠡᠢ》 ᠭᠡᠵᠦ ᠮᠧᠩ ᠬᠠᠢ ᠪᠠᠯᠭᠠᠰᠤᠨ᠎ᠤ᠋ ᠨᠠᠮ᠎ᠤ᠋ᠨ ᠬᠣᠷᠢᠶ᠎ᠠ᠎ᠶ᠋ᠢᠨ ᠳᠡᠳ᠋ ᠱᠦᠵᠢ ᠣᠤ ᠵᠢᠶᠠᠨ ᠵᠢᠶᠦ᠋ᠨ ᠲᠠᠨᠢᠯᠴᠠᠭᠤᠯᠤᠭᠰᠠᠨ ᠪᠠᠢᠨ᠎ᠠ᠃

ᠬᠠᠷᠢᠨ ᠬᠠᠩᠭᠢᠨ ᠬᠣᠢᠲᠤ ᠬᠤᠰᠢᠭᠤᠨ᠎ᠤ᠋ ᠡᠯ ᠳ᠋ᠣᠣ ᠴᠢᠶᠣᠤ ᠪᠠᠯᠭᠠᠰᠤᠨ᠎ᠤ᠋ ᠳ᠋ᠦᠩ ᠹᠠᠩ ᠬᠣᠩ ᠲᠠᠢ ᠶᠠᠩ ᠱᠧᠩ ᠲᠠᠷᠢᠶᠠᠯᠠᠩ᠎ᠤᠨ ᠶᠡᠷᠦᠩᠬᠡᠢᠯᠡᠭᠰᠡᠨ ᠴᠣᠭᠴᠠ᠎ᠶᠢᠨ ᠮᠢᠩᠭᠠᠨ ᠮᠦ᠍ ᠵᠢᠨ ᠡᠪᠦᠯ᠎ᠦ᠋ᠨ ᠴᠢᠪᠠᠭ᠎ᠠ ᠲᠠᠷᠢᠬᠤ ᠬᠦᠷᠢᠶᠡᠯᠡᠩ᠎ᠳ᠋ᠦ᠍᠂ ᠰᠤᠷᠪᠤᠯᠵᠢᠯᠠᠭᠴᠢ ᠪᠠᠰᠠ ᠦᠭᠡᠷ᠎ᠡ ᠵᠦᠢᠯ᠎ᠤᠨ ᠤᠰᠤ ᠠᠷᠪᠢᠯᠠᠬᠤ ᠤᠰᠤᠯᠠᠯᠲᠠ᠎ᠶ᠋ᠢᠨ ᠵᠠᠭᠪᠤᠷ᠎ᠢ᠋ ᠣᠯᠵᠤ ᠦᠵᠡᠯ᠎ᠡ᠃ ᠲᠤᠰ ᠬᠦᠷᠢᠶᠡᠯᠡᠩ ᠲᠣᠭᠣᠷᠢᠭ ᠬᠠᠲᠤᠨ ᠭᠣᠣᠯ᠎ᠤ᠋ᠨ ᠤᠰᠤ᠎ᠶ᠋ᠢ ᠲᠠᠲᠠᠵᠤ ᠤᠰᠤᠯᠠᠬᠤ ᠨᠥᠬᠥᠴᠡᠯ ᠥᠬᠡᠢ ᠪᠠᠢᠳᠠᠯ ᠳᠣᠣᠷ᠎ᠠ᠂︽ᠤᠰᠤᠨ ᠲᠠᠩᠺ︾ᠭᠡᠬᠦ ᠤᠰᠤ ᠪᠣᠷᠳᠣᠭᠤᠷ᠎ᠢ᠋ ᠨᠢᠭᠡ ᠴᠤᠭᠴᠠᠵᠢᠭᠤᠯᠤᠭᠰᠠᠨ ᠲᠥᠬᠥᠭᠡᠷᠦᠮᠵᠢ᠎ᠶ᠋ᠢ ᠣᠷᠣᠭᠤᠯᠤᠭᠠᠳ᠂ ᠠᠳᠠᠯᠢ ᠪᠤᠰᠤ ᠤᠰᠤᠨ ᠰᠤᠷᠪᠤᠯᠵᠢ᠎ᠳ᠋ᠤ᠌ ᠴᠢᠭᠯᠡᠭᠦᠯᠦᠨ᠂ ᠤᠰᠤᠯᠠᠯᠲᠠ᠎ᠶ᠋ᠢᠨ ᠤᠰᠤ᠎ᠵᠢ ᠬᠤᠪᠢᠶᠠᠷᠢᠯᠠᠨ ᠲᠣᠬᠢᠷᠠᠭᠤᠯᠵᠤ᠂ ᠴᠢᠨᠠᠷ ᠰᠠᠢᠲᠠᠢ ᠤᠰᠤᠨ ᠰᠤᠷᠪᠤᠯᠵᠢ᠎ᠶ᠋ᠢ ᠵᠢᠮᠢᠰ᠎ᠦ᠋ᠨ ᠮᠣᠳᠣ ᠪᠦᠷᠢ᠎ᠶ᠋ᠢᠨ ᠦᠨᠳᠦᠰᠦᠨ᠎ᠳᠤ ᠣᠨᠣᠪᠴᠢᠲᠠᠢ ᠬᠦᠷᠭᠡᠵᠦ᠂ ᠡᠪᠦᠯ᠎ᠦ᠋ᠨ ᠴᠢᠪᠠᠭ᠎ᠠ᠎ᠶᠢᠨ ᠤᠷᠭᠤᠯᠲᠠ᠎ᠶ᠋ᠢᠨ ᠨᠥᠬᠥᠴᠡᠯ᠎ᠢ᠋ ᠪᠠᠲᠤᠯᠠᠪᠠ᠃

《〈ᠤᠰᠤᠨ ᠲᠠᠩᠺ〉 ᠪᠣᠯ ᠤᠰᠤ ᠬᠠᠳᠠᠭᠠᠯᠠᠬᠤ ᠲᠥᠬᠥᠭᠡᠷᠦᠮᠵᠢ ᠪᠤᠯᠤᠨ᠎ᠠ᠂ ᠭᠠᠵᠠᠷ ᠲᠤᠤᠷᠠᠬᠢ ᠤᠰᠤᠨ᠎ᠤ ᠬᠤᠵᠢᠷ᠎ᠤ᠋ᠨ ᠠᠭᠤᠯᠤᠭᠳᠠᠴᠠ ᠨᠡᠯᠢᠶᠡᠳ ᠥᠨᠳᠥᠷ ᠪᠤᠯᠬᠤᠷ ᠪᠢᠳᠡ ᠳᠥᠷᠪᠡᠨ ᠲᠠᠪᠬᠤᠷ ᠰᠢᠭᠦᠷᠡᠭᠦᠯᠬᠦ᠎ᠪᠠᠷ ᠳᠠᠮᠵᠢᠨ ᠤᠰᠤᠨ᠎ᠤ᠋ ᠴᠢᠨᠠᠷ᠎ᠢ ᠪᠠᠷᠢᠮᠵᠢᠶ᠎ᠠ᠎ᠳ᠋ᠤ᠌ ᠬᠦᠷᠭᠡᠵᠦ᠂ 〈ᠤᠰᠤᠨ ᠲᠠᠩᠺ〉 ᠲᠦ᠍ ᠬᠢᠵᠦ ᠬᠠᠳᠠᠭᠠᠯᠠᠨ ᠳᠠᠬᠢᠨ ᠳᠤᠰᠤᠯᠭᠠᠨ ᠤᠰᠤᠯᠠᠬᠤ ᠮᠡᠷᠭᠡᠵᠢᠯ᠎ᠢ᠋ᠶ᠋ᠡᠷ ᠤᠰᠤᠯᠠᠪᠠ᠂ ᠢᠩᠭᠢᠬᠦ ᠨᠢ ᠤᠰᠤ᠎ᠶ᠋ᠢ ᠠᠷᠪᠢᠯᠠᠵᠤ ᠴᠢᠳᠠᠬᠤ ᠮᠥᠷᠲᠡᠭᠡᠨ ᠪᠠᠰᠠ ᠡᠪᠦᠯ᠎ᠦ᠋ᠨ ᠴᠢᠪᠠᠭ᠎ᠠ᠎ᠶ᠋ᠢᠨ ᠤᠷᠭᠤᠯᠲᠠ᠎ᠶ᠋ᠢ ᠪᠠᠲᠤᠯᠠᠵᠤ ᠳᠡᠢᠯᠦᠨ᠎ᠡ》 ᠭᠡᠵᠦ ᠬᠦᠷᠢᠶᠡᠯᠡᠩ᠎ᠦ᠋ᠨ ᠬᠠᠷᠢᠭᠤᠴᠠᠯᠭᠠᠲᠠᠨ ᠵᠣ᠌ ᠸᠠᠩ ᠺᠦᠨ ᠬᠡᠯᠡᠪᠠ᠃

ᠲᠠᠨᠢᠯᠴᠠᠭᠤᠯᠤᠭᠰᠠᠨ᠎ᠢ᠋ᠶ᠋ᠠᠷ᠂ ᠣᠢᠷ᠎ᠠ᠎ᠶ᠋ᠢᠨ ᠵᠢᠯ᠎ᠡᠴᠡ ᠡᠯ ᠳ᠋ᠣᠣ ᠴᠢᠶᠣᠤ ᠪᠠᠯᠭᠠᠰᠤ ᠲᠣᠰᠤᠯᠭᠠᠨ ᠤᠰᠤᠯᠠᠬᠤ ᠮᠡᠷᠭᠡᠵᠢᠯ᠎ᠦ᠋ᠨ ᠬᠡᠷᠡᠭᠯᠡᠯᠲᠡ᠎ᠵᠢ ᠴᠢᠩᠭᠠᠳᠬᠠᠵᠤ᠂ ᠤᠰᠤ ᠠᠷᠪᠢᠯᠠᠬᠤ ᠦᠷ᠎ᠡ ᠪᠦᠲᠦᠮᠵᠢ᠎ᠪᠡᠨ ᠳᠡᠭᠡᠭᠰᠢᠯᠡᠭᠦᠯᠦᠨ᠂ ᠲᠣᠰᠤᠯᠭᠠᠨ ᠤᠰᠤᠯᠠᠬᠤ ᠮᠡᠷᠭᠡᠵᠢᠯ᠎ᠢ ᠬᠡᠷᠡᠭᠵᠢᠭᠦᠯᠵᠦ ᠪᠠᠢᠭ᠎ᠠ ᠲᠠᠷᠢᠶᠠᠨ ᠭᠠᠵᠠᠷ᠎ᠤᠨ ᠲᠠᠯᠠᠪᠠᠢ 5 ᠲᠦᠮᠡᠨ ᠮᠦ᠍᠎ᠵᠢ ᠳᠠᠪᠠᠵᠠᠢ᠃ ᠤᠰᠤᠯᠠᠯᠲᠠ᠎ᠶ᠋ᠢᠨ ᠬᠠᠮᠢᠶᠠᠷᠤᠯᠲᠠ᠎ᠶ᠋ᠢᠨ ᠲᠠᠯ᠎ᠠ᠎ᠪᠠᠷ᠂ 《ᠭᠦᠨ ᠤᠰᠤᠯᠠᠬᠤ ᠪᠢᠯᠬᠠᠳᠠᠯ᠎ᠠ ᠤᠰᠤᠯᠠᠬᠤ》 ᠵᠢ ᠲᠠᠰᠤ ᠵᠣᠭᠰᠣᠭᠠᠵᠤ᠂ 《ᠭᠦᠢᠭᠡᠨ ᠤᠰᠤᠯᠠᠵᠤ ᠲᠦᠷᠭᠡᠨ ᠡᠭᠡᠯᠵᠢᠯᠡᠬᠦ》 ᠶ᠋ᠢ ᠰᠠᠨᠠᠭᠠᠴᠢᠯᠠᠨ᠂ ᠤᠰᠤᠯᠠᠯᠲᠠ᠎ᠵᠢ ᠳᠠᠭᠠᠭᠠᠴᠢᠯᠠᠬᠤ ᠳᠤᠭᠤᠢᠯᠠᠩ ᠪᠠᠢᠭᠤᠯᠤᠨ᠂ 《ᠨᠢᠭᠡ ᠬᠦᠷᠵᠡ》 ᠵᠢᠨ ᠤᠰᠤᠯᠠᠯᠲᠠ᠎ᠶ᠋ᠢᠨ ᠵᠠᠭᠪᠤᠷ᠎ᠢ᠋ ᠬᠡᠷᠡᠭᠵᠢᠭᠦᠯᠵᠦ᠂ ᠤᠰᠤ᠎ᠶ᠋ᠢ ᠪᠦᠷᠢᠯᠭᠡᠨ ᠰᠦᠢᠳᠬᠡᠬᠦ ᠪᠠ ᠪᠦᠲᠦᠮᠵᠢ ᠥᠬᠡᠢ ᠬᠡᠷᠡᠭᠯᠡᠬᠦ ᠵᠢ ᠡᠷᠡᠰ ᠵᠣᠭᠰᠣᠭᠠᠭᠰᠠᠨ ᠪᠠᠢᠨ᠎ᠠ᠃ ᠲᠤᠰ ᠪᠠᠯᠭᠠᠰᠤ ᠭᠠᠩ ᠬᠠᠭᠰᠠᠷᠠᠭᠠᠨ᠎ᠳᠤ ᠲᠡᠰᠪᠦᠷᠢᠲᠡᠢ ᠲᠠᠷᠢᠶᠠᠯᠠᠩ᠎ᠢ᠋ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠲᠥᠬᠦᠭᠡᠷᠦᠮᠵᠢᠲᠦ ᠲᠠᠷᠢᠶᠠᠯᠠᠩ᠎ᠢ᠋ ᠶᠡᠬᠡᠪᠡᠷ ᠰᠠᠨᠠᠭᠠᠴᠢᠯᠠᠨ᠂ ᠪᠦᠬᠦ ᠪᠠᠯᠭᠠᠰᠤᠨ᠎ᠤ᠋ ᠲᠥᠬᠦᠭᠡᠷᠦᠮᠵᠢᠲᠦ ᠲᠠᠷᠢᠶᠠᠯᠠᠩ᠎ᠤ᠋ᠨ ᠲᠠᠯᠠᠪᠠᠢ ᠲᠦᠮᠡ ᠭᠠᠷᠤᠢ ᠮᠦ᠍᠎ᠳᠤ ᠬᠦᠷᠴᠡᠢ᠃

ᠡᠯ ᠳ᠋ᠣᠣ ᠴᠢᠶᠣᠤ ᠪᠠᠯᠭᠠᠰᠤ᠎ᠶ᠋ᠢᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠤᠰᠤᠨ ᠠᠰᠢᠭᠯᠠᠯᠲᠠ᠎ᠶ᠋ᠢᠨ ᠦᠢᠯᠡᠴᠢᠯᠡᠭᠡᠨ᠎ᠦ᠌ ᠲᠥᠪ᠎ᠦ᠋ᠨ ᠡᠷᠬᠢᠯᠡᠭᠴᠢ ᠭᠦᠸᠧ ᠫᠦ᠄ 《ᠡᠭᠦᠨ᠎ᠡᠴᠡ ᠭᠠᠳᠠᠨ᠎ᠠ᠂ ᠪᠢᠳᠡ ᠭᠠᠵᠠᠷ ᠳᠣᠣᠷᠠᠬᠢ ᠤᠰᠤ᠎ᠶ᠋ᠢ ᠳᠤᠷ᠎ᠠ᠎ᠪᠠᠷ᠎ᠢ᠋ᠶ᠋ᠠᠨ ᠬᠡᠷᠡᠭᠯᠡᠬᠦ᠎ᠶ᠋ᠢ ᠴᠢᠩᠭ᠎ᠠ ᠴᠠᠭᠠᠵᠠᠯᠠᠵᠤ᠂ ᠦᠨᠡᠮᠯᠡᠯ᠎ᠲᠡᠢ᠂ ᠪᠦᠲᠦᠮᠵᠢᠲᠡᠢ᠂ ᠰᠦᠢᠳᠬᠡᠯ ᠲᠤᠰᠢᠶᠠᠬᠤ ᠵᠠᠷᠴᠢᠮ᠎ᠢ᠋ ᠴᠢᠩᠭ᠎ᠠ ᠬᠡᠷᠡᠭᠵᠢᠭᠦᠯᠵᠦ᠂ ᠭᠠᠵᠠᠷ ᠳᠣᠣᠷᠠᠬᠢ ᠤᠰᠤ᠎ᠶ᠋ᠢ ᠠᠰᠢᠭᠯᠠᠵᠤ ᠪᠠᠢᠨ᠎ᠠ᠃ ᠳᠡᠭᠡᠷᠡᠬᠢ ᠠᠷᠭ᠎ᠠ ᠠᠪᠴᠠᠯ᠎ᠢ᠋ᠶ᠋ᠠᠷ ᠳᠠᠮᠵᠢᠨ᠂ ᠮᠠᠨ᠎ᠤ᠋ ᠪᠠᠯᠭᠠᠰᠤᠨ᠎ᠤ᠋ ᠤᠰᠤ ᠠᠷᠪᠢᠯᠠᠬᠤ ᠦᠷ᠎ᠡ ᠪᠦᠳᠦᠮᠵᠢ ᠶᠡᠷᠦᠩᠬᠡᠢ᠎ᠳᠡᠭᠡᠨ 30% ᠤᠷᠴᠢᠮ ᠳᠡᠭᠡᠭᠰᠢᠯᠡᠵᠡᠢ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠤᠯ᠎ᠠ᠃

ᠪᠠᠶᠠᠨᠨᠠᠭᠤᠷ ᠬᠣᠲᠠ ᠨᠠᠮᠤᠷ᠎ᠤ᠋ᠨ ᠤᠰᠤᠯᠠᠯᠲᠠ᠎ᠳᠤ ᠤᠰᠤ᠎ᠵᠢ ᠨᠠᠷᠢᠯᠢᠭ ᠣᠨᠣᠴᠠᠲᠠᠢ ᠡᠵᠡᠮᠳᠡᠬᠦ ᠵᠠᠭᠪᠤᠷ᠎ᠤᠨ ᠰᠢᠨ᠎ᠡ᠎ᠶ᠋ᠢ ᠡᠭᠦᠳᠬᠦ᠂ ᠪᠦᠬᠦᠢᠯᠡ ᠥᠪᠡᠷ᠎ᠦ᠋ᠨ ᠥᠷᠲᠡᠭ᠎ᠦ᠋ᠨ ᠤᠰᠤᠨ᠎ᠤ᠋ ᠦᠨ᠎ᠡ ᠪᠠ ᠲᠣᠭᠲᠠᠭᠰᠠᠨ ᠬᠡᠮᠵᠢᠶ᠎ᠡ᠎ᠠ᠋ᠴᠠ ᠬᠡᠲᠦᠷᠡᠭᠰᠡᠨ᠎ᠢ᠋ ᠠᠬᠢᠭᠤᠯᠤᠨ ᠪᠣᠳᠣᠵᠤ ᠦᠨ᠎ᠡ ᠨᠡᠮᠡᠬᠦ᠎ᠵᠢ ᠪᠦᠬᠦ ᠲᠠᠯ᠎ᠠ ᠪᠡᠷ ᠲᠡᠯᠭᠡᠷᠡᠭᠦᠯᠬᠦ᠂ ᠨᠠᠮ᠎ᠤ᠋ᠨ ᠪᠠᠢᠭᠤᠯᠤᠯᠲᠠ᠎ᠪᠠᠷ ᠤᠰᠤᠨ᠎ᠤ᠋ ᠶᠠᠪᠤᠳᠠᠯ᠎ᠤ᠋ᠨ ᠬᠤᠷᠰᠢᠶ᠎ᠠ᠎ᠶ᠋ᠢ ᠢᠳᠡᠪᠬᠢᠲᠡᠢ᠎ᠵᠣᠬᠢᠶᠠᠨ ᠪᠠᠢᠭᠤᠯᠬᠤ᠂ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠢ᠋ ᠭᠦᠨᠵᠡᠭᠡᠢ ᠠᠭᠤᠰᠤᠯᠴᠠᠭᠤᠯᠬᠤ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦ᠋ᠨ ᠦᠷ᠎ᠡ ᠪᠦᠲᠦᠭᠡᠯ᠎ᠢ᠋ ᠪᠣᠳᠠᠲᠠᠢ᠎ᠳ᠋ᠤ᠌ ᠨᠠᠶ᠋ᠢᠳᠠᠪᠤᠷᠢᠵᠢᠭᠤᠯᠤᠨ ᠤᠯᠠᠷᠢᠭᠤᠯᠬᠤ ᠵᠡᠷᠭᠡ ᠰᠢᠷᠢᠰ ᠠᠷᠭ᠎ᠠ ᠬᠡᠮᠵᠢᠶ᠎ᠡ᠎ᠪᠡᠷ ᠳᠠᠮᠵᠢᠨ᠂ ᠪᠣᠷᠣᠲᠣᠬᠣᠶ᠎ᠵᠢᠨ ᠤᠰᠤᠯᠠᠯᠲᠠ᠎ᠶ᠋ᠢᠨ ᠣᠷᠣᠨ᠎ᠤ᠋ ᠲᠠᠷᠢᠶᠠᠯᠠᠩ᠎ᠳ᠋ᠤ᠌ ᠬᠡᠷᠡᠭᠯᠡᠬᠦ ᠤᠰᠤ᠎ᠶ᠋ᠢ ᠪᠦᠳᠦᠭᠦᠯᠢᠭ ᠪᠥᠭᠡᠳ ᠳᠣᠣᠷ᠎ᠠ ᠦᠷ᠎ᠡ ᠠᠰᠢᠭ ᠲᠠᠢ ᠪᠠᠢᠭᠰᠠᠨ᠎ᠢ ᠠᠷᠪᠢᠯᠠᠨ ᠡᠷᠴᠢᠮᠵᠢᠭᠦᠯᠬᠦ ᠲᠡᠢᠰᠢ ᠬᠤᠪᠢᠷᠠᠭᠤᠯᠵᠠᠢ᠃ 《ᠠᠷᠪᠠᠨ ᠲᠦᠷᠪᠡᠳᠦᠭᠡᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳ᠋ᠤ᠌ ᠲᠠᠷᠢᠶᠠᠯᠠᠩ᠎ᠤ᠋ᠨ ᠤᠰᠤ ᠠᠷᠪᠢᠯᠠᠬᠤ ᠴᠢᠳᠠᠪᠤᠷᠢ᠎ᠶ᠋ᠢ ᠨᠡᠢᠲᠡ 5 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲ᠋ᠷ ᠰᠢᠨ᠎ᠡ᠎ᠪᠡᠷ ᠨᠡᠮᠡᠭᠳᠡᠭᠦᠯᠵᠦ᠂ ᠨᠠᠮᠤᠷ᠎ᠤ᠋ᠨ ᠤᠰᠤᠯᠠᠯᠲᠠ᠎ᠳ᠋ᠤ᠌ ᠬᠡᠷᠡᠭᠯᠡᠬᠦ ᠤᠰᠤᠨ᠎ᠤ᠋ ᠬᠡᠮᠵᠢᠶ᠎ᠡ᠎ᠶ᠋ᠢ ᠥᠩᠭᠡᠷᠡᠭᠰᠡᠨ ᠵᠢᠯ᠎ᠦ᠋ᠳ᠎ᠦ᠋ᠨ ᠬᠢ᠎ᠲᠡᠢ ᠬᠠᠷᠢᠴᠠᠭᠤᠯᠪᠠᠯ 30% ᠪᠡᠷ ᠪᠠᠭᠠᠰᠬᠠᠨ᠂ ᠭᠠᠩ ᠬᠠᠭᠤᠷᠠᠢ ᠬᠠᠭᠠᠰ ᠭᠠᠩ ᠬᠠᠭᠤᠷᠠᠢ ᠭᠠᠵᠠᠷ ᠣᠷᠣᠨ᠎ᠤ᠋ ᠭᠠᠵᠠᠷ ᠳᠡᠭᠡᠷᠡᠬᠢ ᠤᠰᠤᠨ᠎ᠤ᠋ ᠤᠰᠤᠯᠠᠯᠲᠠ᠎ᠶ᠋ᠢᠨ ᠣᠷᠣᠨ᠎ᠳ᠋ᠤ᠌ 《ᠤᠰᠤ ᠠᠷᠪᠢᠯᠠᠬᠤ + ᠠᠮᠢ ᠠᠬᠤᠢ + ᠤᠷᠤᠯᠭ᠎ᠠ᠎ᠵᠢ ᠨᠡᠮᠡᠭᠳᠡᠬᠦᠯᠬᠦ》ᠵᠢᠱ᠌ᠢᠶ᠎ᠡ ᠦᠵᠡᠭᠦᠯᠬᠦ ᠠᠷᠭ᠎ᠠ ᠵᠠᠮ᠎ᠢ᠋ ᠬᠠᠩᠭᠠᠭᠰᠠᠨ ᠪᠠᠢᠨ᠎ᠠ᠃

ᠰᠤᠷᠪᠤᠯᠵᠢᠯᠠᠭᠴᠢ᠎ᠶᠢᠨ ᠡᠪᠦᠷ ᠲᠡᠮᠳᠡᠭᠯᠡᠯ᠄

ᠰᠤᠷᠪᠤᠯᠵᠢᠯᠠᠭᠴᠢ ᠴᠠᠢᠳᠠᠮ᠎ᠤᠨ ᠤᠪᠤᠭ᠎ᠠ ᠲᠣᠰᠬᠣᠨ᠎ᠳ᠋ᠤ᠌ ᠬᠦᠷᠬᠦ ᠦᠶᠡᠰ ᠬᠠᠲᠤᠨ ᠭᠣᠣᠯ᠎ᠤ᠋ᠨ ᠤᠰᠤ ᠲᠠᠷᠢᠶᠠᠨ ᠭᠠᠵᠠᠷ᠎ᠲᠤ᠌ ᠤᠷᠤᠰᠤᠨ ᠣᠷᠣᠭᠠᠳ᠂ ᠬᠥᠷᠥᠰᠥ᠎ᠵᠢ ᠤᠮᠳᠠᠯᠠᠵᠤ ᠪᠠᠢᠬᠤ᠎ᠶ᠋ᠢ ᠣᠯᠵᠤ ᠬᠠᠷᠠᠯ᠎ᠠ᠃《ᠨᠢᠭᠡ ᠬᠡᠰᠡᠭ ᠲᠠᠷᠢᠶᠠᠨ ᠭᠠᠵᠠᠷ᠎ᠢ ᠤᠰᠤᠯᠠᠬᠤ᠎ᠳ᠋ᠤ᠌ ᠬᠣᠶᠠᠷ ᠴᠠᠭ ᠣᠷᠴᠢᠮ ᠵᠠᠷᠤᠴᠠᠭᠤᠯᠳᠠᠭ ᠴᠦ᠍ ᠤᠰᠤ ᠬᠠᠮᠢᠶᠠᠷᠬᠤ ᠵᠢᠵᠢᠭᠦᠷᠯᠡᠭᠴᠢ ᠨᠢᠭᠡ ᠮᠥᠴᠡ ᠴᠦ᠍ ᠰᠠᠯᠵᠤ ᠪᠣᠯᠬᠤ ᠥᠬᠡᠢ᠂ ᠰᠥᠨᠢ ᠴᠦ᠍ ᠠᠵᠢᠯ᠎ᠤ᠋ᠨ ᠪᠠᠢᠷᠢ᠎ᠪᠠᠨ ᠪᠠᠲᠤ ᠰᠠᠬᠢᠵᠤ ᠪᠠᠢᠳᠠᠭ》 ᠭᠡᠵᠦ ᠸᠠᠩ ᠬᠠᠢ ᠵᠢᠶᠦ᠋ᠨ ᠲᠠᠨᠢᠯᠴᠠᠭᠤᠯᠤᠯ᠎ᠠ᠃

ᠥᠩᠭᠡᠷᠡᠭᠰᠡᠨ᠎ᠳ᠋ᠦ᠍ ᠲᠣᠰᠬᠣᠨ᠎ᠤ᠋ ᠠᠷᠠᠳ ᠤᠰᠤᠨ ᠬᠠᠭᠠᠯᠲᠠ᠎ᠶ᠋ᠢ ᠠᠮᠢ ᠭᠤᠤᠯ ᠵᠢᠡᠨ ᠠᠳᠠᠯᠢ ᠰᠠᠬᠢᠵᠤ᠂ ᠤᠰᠤ ᠢᠷᠡᠪᠡᠯ ᠲᠠᠷᠤᠢ ᠳ᠋ᠤᠨᠢ ᠴᠢᠨᠡᠭᠡ ᠮᠡᠳᠡᠨ ᠲᠠᠷᠢᠶᠠᠨ ᠭᠠᠵᠠᠷ ᠵᠢᠡᠨ ᠤᠰᠤᠯᠠᠵᠤ᠂ ᠲᠠᠯᠠᠩ ᠨᠢ ᠰᠡᠳᠡᠷᠡᠭᠡᠳ ᠤᠰᠤ ᠨᠢ ᠪᠢᠯᠬᠠᠷᠠᠵᠤ ᠭᠠᠷᠤᠭᠰᠠᠨ᠎ᠴᠤ ᠤᠰᠤᠨ ᠬᠠᠭᠠᠯᠲᠠ᠎ᠪᠠᠨ ᠬᠠᠭᠠᠬᠤ᠎ᠠ᠋ᠴᠠ ᠲᠠᠲᠠᠭᠠᠯᠵᠠᠳᠠᠭ᠃ ᠣᠳᠣ ᠲᠠᠷᠢᠶᠠᠨ ᠳᠤᠮᠳᠠᠭᠤᠷ ᠶᠠᠪᠤᠬᠤ᠎ᠳᠤ᠂ ᠤᠰᠤᠨ ᠬᠠᠭᠠᠯᠲᠠ ᠴᠠᠭ ᠲᠤᠬᠠᠢ᠎ᠳᠠᠭᠠᠨ  ᠨᠡᠭᠡᠭᠡᠭᠳᠡᠵᠦ ᠬᠠᠭᠠᠭᠳᠠᠨ᠂ ᠲᠤᠰᠬᠠᠢ ᠬᠥᠮᠦᠨ ᠡᠳᠦᠷ ᠰᠥᠨᠢ ᠦᠭᠡᠢ ᠵᠢᠵᠢᠭᠦᠷᠯᠡᠨ᠂ ᠤᠰᠤ᠎ᠶ᠋ᠢ ᠬᠦᠷᠭᠡᠬᠦ ᠶᠣᠰᠣᠲᠠᠢ ᠭᠠᠵᠠᠷ᠎ᠲᠤ ᠨᠢ ᠬᠦᠷᠭᠡᠨ᠎ᠡ᠃

ᠲᠣᠰᠬᠣᠨ᠎ᠤ᠋ ᠠᠷᠠᠳ᠎ᠤ᠋ᠨ ᠳᠠᠩᠰᠠ ᠨᠢ ᠴᠦ᠍ ᠬᠤᠪᠢᠷᠠᠭᠠᠳ᠂ ᠥᠩᠭᠡᠷᠡᠭᠰᠡᠨ᠎ᠳ᠋ᠦ᠍《ᠬᠡᠳᠦᠢ ᠤᠰᠤᠯᠠᠭᠰᠠᠨ》ᠵᠢᠡᠨ ᠪᠤᠳᠤᠳᠠᠭ ᠪᠠᠢᠭᠰᠠᠨ᠎ᠢ᠋ᠶ᠋ᠠᠨ ᠣᠳᠣ 《ᠬᠡᠳᠦᠢ ᠠᠷᠪᠢᠯᠠᠭᠰᠠᠨ》 ᠵᠢᠡᠨ ᠲᠣᠭᠠᠴᠠᠳᠠᠭ ᠪᠤᠯᠪᠠ᠃ ᠬᠣᠷᠰᠢᠶᠠᠨ᠎ᠠ᠋ᠴᠠ ᠵᠢᠯ᠎ᠦ᠋ᠨ ᠡᠴᠦᠰ᠎ᠲᠦ᠍ ᠪᠤᠴᠠᠭᠠᠭᠰᠠᠨ ᠤᠰᠤᠨ᠎ᠤ᠋ ᠰᠦᠢᠳᠬᠡᠯ ᠨᠢ ᠲᠠᠷᠤᠢ ᠤᠰᠤ ᠠᠷᠪᠢᠯᠠᠬᠤ᠎ᠠ᠋ᠴᠠ ᠪᠣᠯᠤᠭᠰᠠᠨ ᠠᠰᠢᠭ ᠣᠷᠣᠯᠭ᠎ᠠ ᠪᠣᠯᠤᠨ᠎ᠠ᠃

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠣᠷᠬᠢᠯ

ᠣᠷᠴᠢᠭᠤᠯᠤᠭ᠍ᠴᠢ᠄

ᠢᠷᠡᠯᠲᠡ᠄ ᠲᠤᠮᠳᠠᠳᠦ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ ᠎ᠤ ᠰᠦᠯᠵᠢᠶ᠎ᠡ
兼容浏览器的HTML页面