2026-11-26 18:01:25
ᠡᠪᠦᠯ᠎ᠦᠨ ᠡᠬᠢᠨ᠎ᠦ ᠥᠪᠥᠷ ᠮᠣᠩᠭᠣᠯ ᠳ᠋ᠤ ᠬᠦᠢᠳᠡᠨ᠎ᠤ ᠡᠷᠴᠢ ᠴᠢᠩᠭᠠᠷᠠᠭᠰᠠᠨ ᠴᠤ᠌᠂ 4200 ᠺᠢᠯᠤᠮᠸᠲᠷ ᠦᠷᠬᠦᠯᠵᠢᠯᠡᠭᠰᠡᠨ ᠬᠢᠯᠢ᠎ᠶᠢᠨ ᠱᠤᠭᠤᠮᠲᠠᠭᠠᠤ ᠵᠢᠨ ᠬᠢᠯᠢ᠎ᠶᠢᠨ ᠪᠣᠭᠣᠮᠲᠠ᠎ᠳᠤ ᠬᠠᠷᠢᠨ ᠬᠥᠭᠵᠢᠶᠡᠨ ᠨᠡᠷᠬᠢᠶᠠᠨ ᠵᠢᠠᠷ ᠪᠢᠯᠬᠠᠵᠦ ᠪᠠᠢᠯ᠎ᠠ᠃
11 ᠰᠠᠷ᠎ᠠ᠎ᠶᠢᠨ 10 ᠤ᠋ ᠡᠳᠦᠷ᠂ ᠮᠠᠨᠵᠤᠤᠷ ᠤᠨ ᠵᠠᠰᠠᠮᠠᠯ ᠵᠠᠮ᠎ᠤᠨ ᠬᠢᠯᠢ᠎ᠶᠢᠨ ᠪᠣᠭᠣᠮᠲᠠ᠎ᠶᠢᠨ ᠨᠢᠭᠡ ᠡᠳᠦᠷ᠎ᠦᠨ ᠪᠠᠶ᠋ᠢᠴᠠᠭᠠᠨ ᠰᠢᠯᠭᠠᠭᠰᠠᠨ ᠬᠢᠯᠢ᠎ᠪᠡᠷ ᠣᠷᠣᠵᠤ ᠭᠠᠷᠤᠭᠰᠠᠨ ᠪᠠᠷᠠᠭᠠᠨ᠎ᠤ ᠲᠡᠭᠡᠭᠡᠪᠦᠷᠢ᠎ᠶᠢᠨ ᠲᠡᠷᠭᠡ 1200 ᠵᠢ ᠳᠠᠪᠠᠵᠤ᠂ ᠲᠡᠦᠬᠡ᠎ᠶᠢᠨ ᠰᠢᠨ᠎ᠡ ᠲᠡᠮᠳᠡᠭᠯᠡᠯ᠎ᠢ ᠡᠭᠦᠳᠪᠡ; 11 ᠰᠠᠷ᠎ᠠ᠎ᠶᠢᠨ 18 ᠤ᠋ ᠡᠳᠦᠷ᠂ ᠮᠠᠨᠳᠤᠯ ᠬᠢᠯᠢ ᠵᠢᠨ ᠪᠣᠭᠣᠮᠲᠠ᠎ᠶᠢᠨ ᠵᠢᠯ᠎ᠦᠨ ᠲᠤᠳᠤᠷ᠎ᠠ ᠪᠠᠷᠠᠭ᠎ᠠ ᠥᠩᠭᠡᠷᠡᠭᠦᠯᠦᠭᠰᠡᠨ ᠬᠡᠮᠵᠢᠶ᠎ᠡ ᠨᠡᠶ᠋ᠢᠲᠡ 1500 ᠲᠦᠮᠡᠨ ᠲᠣᠨ᠎ᠢ ᠳᠠᠪᠠᠵᠤ᠂ ᠨᠢᠳᠤᠨᠤᠨ᠎ᠤ ᠠᠳᠠᠯᠢ ᠬᠤᠭᠤᠴᠠᠭᠠᠨ᠎ᠤ᠎ᠬᠢ᠎ᠡᠴᠡ 79.1% ᠪᠠᠷ ᠨᠡᠮᠡᠭᠳᠡᠵᠦ᠍᠂ ᠰᠢᠨ᠎ᠡ ᠲᠡᠮᠳᠡᠭᠯᠡᠯ᠎ᠢ ᠡᠭᠦᠳᠪᠡ᠃
ᠡᠬᠡ ᠤᠯᠤᠰ᠎ᠤᠨ ᠤᠮᠠᠷᠠᠲᠤ᠌ ᠬᠢᠯᠢ᠎ᠳᠦ ᠪᠠᠶ᠋ᠢᠷᠢᠯᠠᠵᠤ ᠪᠠᠶ᠋ᠢᠭ᠎ᠠ ᠥᠪᠥᠷ ᠮᠣᠩᠭᠣᠯ᠂ ᠤᠯᠤᠰ᠎ᠤᠨ ᠳᠣᠲᠣᠭᠠᠳᠤ᠎ᠶᠢᠨ ᠶᠡᠬᠡ ᠣᠷᠴᠢᠯ᠎ᠢ ᠰᠢᠯᠤᠭᠤᠳᠬᠠᠬᠤ᠎ᠪᠠᠷ ᠪᠠᠲᠤ᠌ ᠪᠠᠬᠢ ᠰᠠᠭᠤᠷᠢ ᠪᠣᠯᠭᠠᠵᠤ᠂ ᠣᠯᠠᠨ ᠤᠯᠤᠰ᠎ᠤᠨ ᠵᠠᠬ᠎ᠠ ᠳᠡᠯᠭᠡᠭᠦᠷ᠎ᠦᠨ ᠡᠬᠢ ᠪᠠᠶᠠᠯᠢᠭ ᠲᠠᠢ ᠥᠨᠳᠥᠷ ᠪᠦᠲᠦᠮᠵᠢᠲᠡᠶ᠎ᠪᠡᠷ ᠬᠣᠯᠪᠣᠯᠳᠤᠵᠤ᠂ ᠬᠢᠯᠢ ᠠᠯᠤᠰᠯᠠᠭᠰᠠᠨ ᠰᠣᠶᠣᠯ ᠢᠷᠭᠡᠨᠰᠢᠯ᠎ᠦᠨ ᠰᠣᠯᠢᠯᠴᠠᠭ᠎ᠠ ᠪᠠᠷ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢᠨ ᠬᠣᠯᠪᠣᠭᠠᠰᠤ᠎ᠶᠢ ᠦᠷᠭᠦᠯᠵᠢᠯᠡᠨ ᠨᠢᠭᠲᠠᠷᠠᠭᠤᠯᠵᠤ᠂ ᠭᠠᠳᠠᠭᠠᠳᠤ ᠨᠡᠭᠡᠭᠡᠯᠲᠡ᠎ᠶᠢ ᠨᠠᠩ ᠴᠢᠨᠠᠷ ᠰᠠᠶ᠋ᠢᠲᠠᠶ᠂ ᠨᠠᠩ ᠥᠷᠭᠡᠨ ᠬᠦᠷᠢᠶ᠎ᠡ ᠴᠠᠷᠠᠭ᠎ᠠ ᠲᠡᠢᠰᠢ᠂ ᠨᠠᠩ ᠭᠦᠨ ᠳᠠᠪᠬᠤᠷᠭ᠎ᠠ ᠲᠡᠶ᠋ᠢᠰᠢ ᠯᠠᠪᠳᠠᠭᠤᠨ᠎ᠢᠶᠠᠷ ᠤᠷᠤᠭᠰᠢᠯᠠᠬᠤ᠎ᠶᠢ ᠠᠬᠢᠭᠤᠯᠵᠤ ᠪᠣᠶ᠃
ᠪᠠᠷᠠᠭᠠᠨ᠎ᠤ ᠭᠦᠢᠯᠭᠡᠭᠡ ᠰᠢᠯᠤᠭᠤᠳᠴᠤᠨᠡᠪᠲᠡᠷᠡᠯ ᠵᠠᠮ᠎ᠤᠨ ᠲᠡᠰ ᠴᠢᠳᠠᠪᠦᠷᠢ ᠲᠡᠭᠡᠭᠰᠢᠯᠡᠪᠡ
ᠡᠷᠢᠶᠡᠨ ᠬᠣᠲᠠ᠎ᠶᠢᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠳᠤ᠂ ᠠᠴᠢᠶ᠎ᠠ ᠲᠦᠭᠦᠷᠡᠩ ᠭᠠᠯᠲᠤ ᠲᠡᠷᠭᠡ ᠡᠳᠦᠷ ᠰᠦᠨᠢ ᠦᠭᠡᠢ ᠲᠠᠪᠬᠢᠵᠦ᠂ 11 ᠰᠠᠷ᠎ᠠ᠎ᠶᠢᠨ 15 ᠤ᠋ ᠡᠳᠦᠷ ᠪᠣᠯᠲᠠᠯ᠎ᠠ᠂ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ ᠵᠢ ᠨᠡᠢᠲᠡ 2.7 ᠲᠦᠮᠡᠨ ᠴᠤᠪᠤᠭ᠎ᠠ ᠨᠠᠭᠠᠰᠢ ᠴᠠᠭᠠᠰᠢ ᠶᠠᠪᠤᠭᠤᠯᠪᠠ᠃
ᠡᠨᠡ ᠵᠢᠯ᠎ᠡᠴᠡ ᠨᠠᠭᠠᠰᠢ᠂ ᠡᠳᠦᠷ ᠳᠤᠮᠳᠠᠴᠢ ᠪᠡᠷ 13 ᠴᠤᠪᠤᠭ᠎ᠠ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ ᠵᠢ ᠨᠠᠭᠠᠰᠢ ᠴᠠᠭᠠᠰᠢ ᠶᠠᠪᠤᠭᠤᠯᠵᠤ᠂ ᠡᠨᠡ ᠬᠦ᠌ ᠳᠤᠮᠳᠠᠳᠤ ᠮᠣᠩᠭᠣᠯ᠎ᠤᠨ ᠬᠠᠮᠤᠭ᠎ᠤᠨ ᠲᠤᠮᠤ ᠲᠡᠮᠦᠷ ᠵᠠᠮ᠎ᠤᠨ ᠬᠢᠯᠢ ᠵᠢᠨ ᠪᠣᠭᠣᠮᠲᠠ ᠵᠢᠨ ᠪᠤᠯᠤᠳ ᠲᠡᠮᠦᠷ᠎ᠦᠨ ᠪᠠᠷᠠᠭᠠᠨ᠎ᠤ ᠭᠦᠢᠯᠭᠡᠭᠡ ᠵᠢᠨ ᠲᠤᠮᠤ ᠨᠡᠪᠳᠡᠷᠡᠯ ᠵᠠᠮ ᠪᠤᠯᠤᠬᠰᠠᠨ ᠪᠠᠢᠨ᠎ᠠ᠃
ᠥᠪᠥᠷ ᠮᠣᠩᠭᠣᠯ ᠪᠣᠯ ᠪᠥᠬᠥ᠌ ᠤᠯᠤᠰ᠎ᠤᠨ ᠴᠣᠷᠢ ᠵᠢᠨ ᠭᠠᠭᠴᠠ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ᠎ᠶᠢᠨ ᠳᠤᠮᠳᠠ ᠨᠡᠪᠳᠡᠷᠡᠯ ᠵᠠᠮ ᠪᠠ ᠵᠡᠭᠦᠨ ᠨᠡᠪᠳᠡᠷᠡᠯ ᠵᠠᠮ᠎ᠲᠠᠶ ᠮᠤᠵᠢ ᠣᠷᠣᠨ ᠪᠣᠯᠤᠨ᠎ᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ᠎ᠢᠶᠡᠷ᠂ ᠨᠠᠭᠠᠰᠢ ᠴᠠᠭᠠᠰᠢ ᠶᠠᠪᠤᠭᠤᠯᠤᠬᠰᠠᠨ ᠳᠤᠮᠳᠠᠳᠤ ᠧᠦ᠋ᠷᠣᠫᠠ᠎ᠶᠢᠨ ᠵᠢᠰᠢᠶᠠᠨ᠎ᠤ ᠭᠠᠯᠲᠤ᠌ ᠲᠡᠷᠭᠡ᠎ᠶᠢᠨ ᠶᠡᠷᠦᠩᠬᠡᠢ ᠬᠡᠮᠵᠢᠢ᠎ᠡ 2020 ᠣᠨ᠎ᠳᠤ 5438 ᠴᠤᠪᠤᠭ᠎ᠠ ᠪᠠᠶ᠋ᠢᠭᠰᠠᠨ᠎ᠡᠴᠡ᠎ᠪᠠᠨ 2025 ᠣᠨ᠎ᠳᠤ 9557 ᠴᠤᠪᠤᠭ᠎ᠠ ᠪᠣᠯᠤᠨ ᠨᠡᠮᠡᠭᠳᠡᠵᠦ᠍᠂ ᠶᠡᠷᠦᠩᠬᠡᠢ ᠬᠡᠮᠵᠢᠢ᠎ᠡ ᠨᠢ ᠪᠦᠬᠦ᠌ ᠤᠯᠤᠰ᠎ᠤᠨ ᠬᠠᠭᠠᠰ ᠰᠢᠬᠠᠮ᠎ᠳᠤ ᠬᠦᠷᠴᠦ᠍᠂ ᠤᠯᠤᠰ᠎ᠤᠨ ᠭᠠᠳᠠᠭᠠᠳᠤ ᠨᠡᠬᠡᠬᠡᠯᠳᠡ᠎ᠶᠢᠨ ᠪᠠᠶ᠋ᠢᠯᠳᠤᠬᠤ ᠪᠤᠳᠤᠯᠭ᠎ᠠ᠎ᠳᠤ ᠦᠢᠯᠡᠴᠢᠯᠡᠬᠦ᠌ ᠨᠡᠪᠲᠡᠷᠡᠯ ᠵᠠᠮ᠎ᠤᠨ ᠴᠢᠳᠠᠪᠤᠷᠢ ᠳᠠᠪᠠᠯᠳᠠᠳᠤ ᠮᠠᠶᠢᠭ᠎ᠢᠶᠠᠷ ᠳᠡᠭᠡᠭᠰᠢᠯᠡᠪᠡ᠃
ᠪᠦᠷᠢᠨ ᠲᠡᠭᠦᠯᠳᠡᠷ ᠵᠠᠮ ᠬᠠᠷᠢᠯᠴᠠᠭᠠᠨᠤᠲᠤᠤᠷᠤᠨ ᠰᠢᠰᠲ᠋ᠧᠮ᠎ᠨᠢ ᠬᠢᠯᠢ ᠠᠯᠤᠰᠯᠠᠭᠰᠠᠨ ᠲᠡᠭᠡᠭᠡᠪᠦᠷᠢ᠎ᠳᠦ ᠨᠦᠭᠦᠴᠡᠯ ᠬᠠᠩᠭᠠᠨ ᠦᠭᠴᠦ᠂ ᠲᠡᠮᠦᠷ ᠵᠠᠮ᠂ ᠵᠠᠰᠠᠮᠠᠯ ᠵᠠᠮ ᠨᠢ ᠬᠢᠯᠢ ᠵᠢᠨ ᠪᠣᠭᠣᠮᠲᠠ ᠬᠢᠭᠡᠳ ᠳᠣᠲᠣᠷ᠎ᠠ ᠭᠠᠵᠠᠷ᠎ᠢ ᠬᠣᠯᠪᠣᠵᠤ᠂ ᠡᠭᠦᠨ᠎ᠳᠦ ᠲᠡᠮᠦᠷ ᠵᠠᠮ᠎ᠤᠨ ᠡᠵᠡᠩᠨᠡᠯᠲᠡ᠎ᠶᠢᠨ ᠵᠠᠮ᠎ᠤᠨ ᠣᠷᠳᠣᠨ᠎ᠢ 1.47 ᠲᠦᠮᠡᠨ ᠺᠢᠯᠣᠮᠧᠲ᠋ᠷᠲᠦ᠍ ᠬᠦᠷᠴᠦ᠍᠂ ᠵᠠᠰᠠᠮᠠᠯ ᠵᠠᠮ᠎ᠤᠨ ᠬᠢᠯᠢ ᠵᠢᠨ ᠪᠣᠭᠣᠮᠲᠠ ᠳ᠋ᠤ ᠬᠣᠶᠠᠳᠤᠭᠠᠷ ᠳᠡᠰ ᠵᠢᠴᠢ ᠲᠡᠭᠦᠨ᠎ᠡᠴᠡ ᠳᠡᠭᠡᠭᠰᠢᠬᠢ ᠲᠡᠰ᠎ᠤᠨ ᠵᠠᠰᠠᠮᠠᠯ ᠵᠠᠮ᠎ᠢ ᠪᠦᠬᠦᠨ᠎ᠢ ᠨᠡᠪᠲᠡᠷᠡᠭᠦᠯᠪᠡ᠃
ᠥᠪᠥᠷ ᠮᠣᠩᠭᠣᠯ᠎ᠤᠨ ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ ᠨᠢ ᠤᠳᠤ ᠶᠠᠭ ᠣᠶᠤᠨᠳᠤ ᠪᠤᠭᠤᠮᠳᠠ ᠪᠡᠷ ᠥᠩᠭᠡᠷᠡᠬᠦ᠂ ᠣᠶᠤᠨᠲᠤ ᠬᠢᠨᠠᠯᠲᠠ ᠬᠠᠮᠢᠶᠠᠷᠤᠯᠲᠠ᠂ ᠠᠦ᠋ᠲ᠋ᠣ᠋ ᠲᠡᠭᠡᠭᠡᠪᠦᠷᠢ᠎ᠶᠢᠨ ᠬᠡᠯᠪᠡᠷᠢ ᠲᠡᠢᠰᠢ ᠬᠤᠪᠢᠷᠠᠭᠤᠯᠤᠨ ᠳᠡᠰ ᠳᠡᠪᠰᠢᠭᠦᠯᠬᠦ᠎ᠶᠢ ᠠᠬᠢᠭᠤᠯᠵᠤ ᠪᠤᠢ᠃
ᠭᠠᠭᠴᠠᠮᠣᠳᠣ᠌ ᠵᠢᠨ AGV ᠵᠢᠯᠣᠭᠣᠴᠢ ᠦᠭᠡᠢ ᠬᠢᠯᠢ ᠠᠯᠤᠰᠯᠠᠭᠰᠠᠨ ᠲᠡᠭᠡᠭᠡᠪᠦᠷᠢ ᠪᠠ ᠮᠠᠨᠵᠤᠤᠷ᠎ᠤᠨ ᠲᠡᠮᠦᠷ ᠵᠠᠮ᠎ᠤᠨ ᠬᠢᠯᠢ ᠵᠢᠨ ᠪᠣᠭᠣᠮᠲᠠ᠎ᠶᠢᠨ《5G + ᠪᠠᠷᠠᠭᠠᠨ᠎ᠤ ᠰᠦᠯᠵᠢᠶ᠎ᠡ》᠎ᠶ᠋ᠢᠨ ᠬᠡᠷᠡᠭᠯᠡᠯᠲᠡ᠎ᠶᠢᠨ ᠵᠢᠱ᠌ᠢᠶ᠎ᠡ ᠨᠢ 《 ᠪᠥᠬᠥ ᠤᠯᠤᠰ᠎ᠤᠨ ᠠᠩᠬᠠᠳᠠᠭ᠍ᠴᠢ ᠪᠦᠯᠦᠭ᠎ᠤᠨ ᠣᠶᠤᠨᠲᠤ ᠬᠢᠯᠢ ᠵᠢᠨ ᠪᠣᠭᠣᠮᠲᠠ᠎ᠶᠢᠨ ᠨᠡᠢᠲᠡᠯᠢᠭ ᠵᠢᠱ᠌ᠢᠶ᠎ᠡ》 ᠳ᠋ᠤ ᠰᠣᠩᠭᠣᠭᠳᠠᠪᠠ᠃
ᠡᠷᠢᠶᠡᠨ ᠬᠣᠲᠠ᠎ᠶᠢᠨ ᠵᠠᠰᠠᠮᠠᠯ ᠵᠠᠮ᠎ᠤᠨ ᠬᠢᠯᠢ ᠵᠢᠨ ᠪᠣᠭᠣᠮᠲᠠ᠎ᠳᠤ᠂ ᠪᠣᠭᠣᠮᠲᠠ᠎ᠶᠢᠨ ᠬᠢᠨ 4000 ᠰᠢᠬᠠᠮ ᠠᠴᠢᠶᠠᠨ᠎ᠤ ᠮᠠᠰᠢᠨ ᠲᠡᠷᠭᠡᠨ᠎ᠳᠦ ᠠᠮᠤᠷ ᠲᠦᠪᠰᠢᠨ ᠥᠨᠳᠥᠷ ᠪᠦᠲᠦᠮᠵᠢᠲᠡᠶ ᠡᠯᠧᠺᠲ᠋ᠷᠣᠨᠴᠢᠯᠠᠭᠰᠠᠨ ᠣᠶᠤᠨᠳᠤ ᠬᠢᠨᠠᠯᠲᠠ ᠬᠠᠮᠢᠶᠠᠷᠤᠯᠲᠠ᠎ᠶᠢ ᠬᠡᠷᠡᠭᠵᠢᠭᠦᠯᠵᠦ᠂ ᠬᠢᠨᠠᠠ ᠬᠠᠮᠢᠶᠠᠷᠤᠯᠲᠠ᠎ᠶᠢᠨ ᠲᠠᠯᠠᠪᠤᠷ ᠭᠠᠵᠠᠷ᠎ᠤᠨ ᠪᠠᠷᠠᠭ᠎ᠠ ᠨᠢ ᠴᠠᠭ ᠰᠠᠭᠠᠲᠠᠨ ᠬᠦᠯᠢᠶᠡᠬᠦ ᠦᠭᠡᠢ ᠪᠡᠷ ᠪᠣᠭᠣᠮᠲᠠ᠎ᠪᠠᠷ ᠰᠢᠭᠤᠳ ᠬᠢᠯᠢ᠎ᠡᠴᠡ ᠭᠠᠷᠬᠤ ᠪᠤᠯᠵᠠᠢ᠃
ᠣᠶᠤᠨᠲᠤ ᠬᠢᠯᠢ ᠵᠢᠨ ᠪᠣᠭᠣᠮᠲᠠ᠎ᠶᠢᠨ ᠪᠦᠲᠦᠭᠡᠨ ᠪᠠᠢᠭᠤᠯᠤᠯᠲᠠ᠎ᠳᠤ ᠬᠦᠴᠦᠨ ᠣᠯᠭᠣᠵᠤ᠂ ᠥᠪᠥᠷ ᠮᠣᠩᠭᠣᠯ᠎ᠤᠨ ᠨᠡᠪᠲᠡᠷᠡᠯ ᠵᠠᠮ᠎ᠢᠶᠠᠷ ᠪᠠᠷᠠᠭ᠎ᠠ ᠥᠩᠭᠡᠷᠡᠬᠦ ᠴᠢᠳᠠᠪᠤᠷᠢᠶᠡᠬᠡᠪᠡᠷ ᠳᠡᠭᠡᠭᠰᠢᠯᠡᠪᠡ᠃ ᠥᠪᠥᠷ ᠮᠣᠩᠭᠣᠯ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠭᠠᠳᠠᠭᠠᠳᠤ᠎ᠡᠴᠡ ᠣᠷᠣᠭᠤᠯᠵᠤ ᠭᠠᠷᠭᠠᠬᠤ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 2020 ᠣᠨ᠎ᠳᠤ 5093.78 ᠲᠦᠮᠡᠨ ᠲᠣᠨ ᠪᠠᠢᠭᠰᠠᠨ᠎ᠡᠴᠡ᠎ᠪᠠᠨ ᠨᠡᠮᠡᠭᠳᠡᠭᠡᠳ 2025 ᠣᠨ᠎ᠳᠤ 1.32 ᠳ᠋ᠦᠩᠰᠢᠭᠤᠷ ᠲᠣᠨ ᠪᠣᠯᠵᠤ᠂ ᠵᠢᠯ ᠳᠤᠮᠳᠠᠴᠢ᠎ᠶᠢᠨ ᠨᠡᠮᠡᠭᠳᠡᠯ᠎ᠦᠨ ᠨᠣᠷᠮ᠎ᠠ 21%᠎ᠳᠤ ᠬᠥᠷᠪᠡ᠃
ᠥᠪᠥᠷ ᠮᠣᠩᠭᠣᠯ ᠨᠡᠪᠲᠡᠷᠡᠯ ᠵᠠᠮ᠎ᠤᠨ ᠪᠦᠲᠦᠭᠡᠨ ᠪᠠᠢᠭᠤᠯᠤᠯᠲᠠ ᠪᠣᠯᠣᠨ ᠠᠵᠤ ᠦᠢᠯᠡᠰ᠎ᠢ ᠪᠣᠢᠵᠢᠭᠤᠯᠬᠤ᠎ᠶᠢ ᠵᠡᠷᠭᠡ ᠪᠡᠷ ᠴᠢᠬᠤᠯᠠᠴᠢᠯᠠᠬᠤ᠎ᠶᠢ ᠪᠠᠷᠢᠮᠲᠠᠯᠠᠵᠤ᠂ 2025 ᠣᠨ᠎ᠳᠤ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠨᠤᠷᠮ᠎ᠠ ᠲᠡᠦᠬᠡᠲᠦ ᠴᠢᠨᠠᠷᠲᠠᠢ᠎ᠪᠠᠷ 50% ᠵᠢ ᠳᠠᠪᠠᠵᠤ᠂ ᠨᠡᠭᠦᠷᠡᠰᠦ ᠬᠡᠦᠷᠡᠰᠦ᠎ᠶᠢᠨ ᠬᠢᠮᠢ᠎ᠶᠢᠨ ᠠᠵᠤ ᠦᠢᠯᠡᠳᠪᠦᠷᠢ᠂ ᠠᠮᠤ ᠲᠣᠰᠣ᠌᠎ᠶᠢ ᠨᠠᠷᠢᠯᠢᠭ᠋ ᠡᠳ᠋ᠰᠢᠭᠦᠯᠦᠭᠰᠡᠨ ᠵᠡᠷᠭᠡ ᠨᠠᠢ᠍ᠮᠠᠨ ᠶᠡᠬᠡ ᠰᠠᠭᠤᠷᠢᠰᠢᠯ ᠡᠳ᠋ᠰᠢᠭᠦᠯᠦᠨ ᠪᠤᠯᠪᠠᠰᠤᠷᠠᠭᠤᠯᠬᠤ ᠣᠨᠴᠠᠯᠢᠭ᠍ᠲᠤ ᠠᠵᠤ ᠦᠢᠯᠡᠰ᠎ᠦᠨ ᠰᠢᠰᠲ᠋ᠸᠮ᠎ᠢ ᠪᠣᠢᠵᠢᠭᠤᠯᠤᠨ ᠪᠦᠷᠢᠯᠳᠦᠭᠦᠯᠵᠡᠢ᠃
ᠲᠠᠪᠴᠠᠩ᠎ᠤᠨ ᠬᠦᠴᠦᠨ᠎ᠢ ᠲᠥᠪᠯᠡᠷᠡᠭᠦᠯᠵᠤ ᠨᠡᠭᠡᠭᠡᠯᠲᠡᠲᠤ ᠠᠵᠤ ᠠᠬᠤᠢ᠎ᠶᠢᠨ ᠶᠠᠰᠤ ᠴᠢᠨᠠᠷ᠎ᠢ ᠳᠡᠭᠡᠭᠰᠢᠯᠡᠬᠦᠯᠪᠡ
11 ᠰᠠᠷ᠎ᠠ᠎ᠶᠢᠨ 24᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠦᠢᠯᠡᠳᠪᠦᠷᠢ ᠬᠤᠳᠠᠯᠳᠤᠭᠠᠨ ᠤ ᠬᠣᠯᠪᠣᠭ᠎ᠠ᠎ᠶᠢᠨ 《ᠠᠵᠤ ᠠᠬᠤᠢᠯᠠᠯ᠎ᠳᠤ ᠣᠷᠣᠵᠤ᠂ ᠬᠦᠴᠢᠷ ᠠᠰᠠᠭᠤᠳᠠᠯ᠎ᠢ ᠰᠢᠢᠳᠪᠦᠷᠢᠯᠡᠵᠦ᠂ ᠲᠥᠷᠥ᠎ᠶᠢᠨ ᠪᠣᠳᠣᠯᠭ᠎ᠠ᠎ᠶᠢ ᠬᠦᠷᠭᠡᠵᠤ᠂ ᠬᠥᠭᠵᠢᠯᠲᠡ᠎ᠶᠢ ᠠᠬᠢᠭᠤᠯᠬᠤ》ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ᠎ᠤ ᠲᠤᠰᠬᠠᠢ ᠠᠵᠢᠯᠯᠠᠭ᠎ᠠ᠎ᠶᠢᠨ ᠲᠤᠬᠠᠢ᠎ᠶᠢᠨ ᠲᠠᠯᠠᠪᠤᠷ᠎ᠲᠤ᠂ ᠬᠤᠷᠠᠯ᠎ᠳᠤ ᠣᠷᠣᠯᠴᠠᠭᠰᠠᠨ ᠠᠵᠤ ᠠᠬᠤᠢᠯᠠᠯ᠎ᠤᠨ ᠲᠥᠯᠥᠭᠡᠯᠡᠭᠴᠢᠳ ᠲᠥᠷᠥ᠎ᠶᠢᠨ ᠪᠣᠳᠣᠯᠭ᠎ᠠ᠎ᠶᠢᠨ ᠲᠠᠢᠯᠤᠮᠵᠢ᠎ᠶᠢ ᠰᠡᠳᠬᠢᠯ ᠲᠠᠯᠪᠢᠨ ᠰᠣᠨᠣᠰᠤᠨ᠎ᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠭᠠᠳᠤ ᠭᠠᠳᠠᠭᠠᠳᠤ ᠠᠷᠠᠯᠵᠢᠶ᠎ᠠ᠎ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠨᠡᠢᠭᠡᠮᠯᠢᠭ᠎ᠦᠨ ᠳᠠᠷᠤᠭ᠎ᠠ ᠴᠧᠨ ᠶᠤᠸᠠᠨ ᠰᠤᠷᠪᠤᠯᠵᠢᠯᠠᠭ᠍ᠴᠢ᠎ᠳᠤ᠄《ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠠᠢᠭᠤᠯᠤᠭᠳᠠᠭᠰᠠᠨ᠎ᠤ ᠳᠠᠷᠠᠭ᠎ᠠ ᠮᠠᠨ᠎ᠤ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠪᠠᠷᠠᠭ᠎ᠠ ᠬᠥᠬᠡᠬᠣᠲᠠ᠎ᠡᠴᠡ ᠡᠷᠢᠶᠡᠨ ᠬᠣᠲᠠ᠎ᠶᠢᠨ ᠬᠢᠯᠢ ᠵᠢᠨ ᠪᠣᠭᠣᠮᠲᠠ᠎ᠪᠠᠷ ᠳᠡᠮᠵᠢᠨ ᠰᠢᠭᠤᠳ ᠮᠣᠰᠺᠸᠠ᠎ᠳᠤ ᠬᠦᠷᠴᠦ᠂ ᠵᠠᠬᠢᠶᠠᠯᠠᠭ᠎ᠠ ᠨᠢᠬᠡ ᠪᠦᠷᠢ ᠪᠠᠷᠠᠭᠠᠨ᠎ᠤ ᠭᠦᠢᠯᠭᠡᠭᠡ ᠵᠢᠨ ᠴᠠᠭ ᠨᠢ ᠥᠩᠭᠡᠷᠡᠭᠰᠡᠨ᠎ᠦ ᠬᠥᠬᠡᠬᠣᠲᠠ᠎ᠡᠴᠡ ᠭᠤᠸᠠᠨᠭᠵᠸᠦ᠎ᠳᠦ᠂ ᠳᠠᠬᠢᠨ ᠮᠣᠰᠺᠸᠠ᠎ᠳᠤ ᠶᠠᠪᠤᠭᠤᠯᠬᠤ᠎ᠡᠴᠡ 10 ᠡᠳᠦᠷ ᠣᠷᠴᠢᠮ ᠪᠣᠭᠣᠨᠢᠰᠴᠠᠢ》 ᠭᠡᠵᠤ ᠢᠯᠡᠳᠭᠡᠪᠡ᠃
ᠡᠨᠡ ᠵᠢᠯ᠎ᠦᠨ 4 ᠰᠠᠷ᠎ᠠ᠎ᠳᠤ᠂ ᠳᠤᠮᠳᠠᠳᠤ ᠤᠯᠤᠰ (ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠫᠠᠢᠰᠠ ᠡᠯᠬᠦᠨ ᠪᠠᠢᠭᠤᠯᠤᠬᠳᠠᠪᠠ᠃
ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠪᠣᠯ ᠥᠨᠳᠥᠷ ᠲᠦᠪᠰᠢᠨ ᠪᠦᠬᠦᠢ ᠨᠡᠭᠡᠭᠡᠯᠲᠡ᠎ᠶᠢ ᠠᠬᠢᠭᠤᠯᠬᠤ ᠴᠢᠬᠤᠯᠠ ᠲᠠᠪᠴᠠᠩ ᠪᠣᠯᠣᠨ᠎ᠠ᠂ ᠮᠥᠨᠴᠦ ᠳᠦᠷᠢᠮ᠎ᠦᠨ ᠰᠢᠨ᠎ᠠ ᠵᠢ ᠡᠬᠦᠳᠬᠦ《ᠲᠤᠷᠰᠢᠯᠲᠠ᠎ᠶᠢᠨ ᠲᠠᠷᠢᠶ᠎ᠠ》 ᠪᠣᠯᠣᠨ᠎ᠠ᠃ ᠣᠲᠣ᠌ ᠪᠤᠯᠲᠠᠯ᠎ᠠ᠂ ᠳᠤᠮᠳᠠᠳᠤ ᠤᠯᠤᠰ(ᠥᠪᠥᠷ ᠮᠣᠩᠭᠣᠯ)᠎ᠤ᠋ᠨ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠳᠤᠰᠬᠠᠢ ᠲᠦᠷᠦᠯ᠎ᠤᠨ ᠨᠡᠶ᠋ᠢᠲᠡ 20 ᠵᠦᠢᠯ᠎ᠦᠨ ᠲᠥᠷᠥ ᠶᠢᠨ ᠪᠣᠳᠣᠯᠭ᠎ᠠ ᠶᠢ ᠨᠡᠢᠲᠡᠯᠡᠨ ᠬᠡᠷᠡᠭᠵᠢᠭᠦᠯᠵᠦ᠂ 242 ᠵᠤᠷᠪᠤᠰ ᠠᠷᠭ᠎ᠠ ᠬᠡᠮᠵᠢᠶ᠎ᠡ᠎ᠶᠢ ᠨᠠᠷᠢᠯᠢᠭ᠍ᠵᠢᠭᠤᠯᠤᠭᠰᠠᠨ ᠪᠠᠢᠨ᠎ᠠ᠃
ᠴᠢᠯᠦᠭᠡᠲᠦ ᠠᠷᠠᠯᠵᠢᠶᠠᠨ ᠤ ᠲᠤᠷᠰᠢᠯᠲᠠ᠎ᠶᠢᠨ ᠣᠷᠣᠨ᠎ᠤ ᠳᠠᠭᠠᠭᠤᠯᠭ᠎ᠠ᠎ᠪᠠᠷ᠂ ᠡᠨᠡ ᠵᠢᠯ᠎ᠦᠨ ᠲᠦᠷᠦᠭᠦᠸ᠋ 10 ᠰᠠᠷ᠎ᠠ᠎ᠳᠤ᠂ ᠥᠪᠥᠷ ᠮᠣᠩᠭᠣᠯ ᠤᠨ ᠭᠠᠳᠠᠭᠠᠳᠤ ᠠᠷᠠᠯᠵᠢᠶᠠᠨ᠎ᠤ ᠭᠠᠳᠠᠭᠠᠳᠤ ᠡᠴᠡ ᠣᠷᠣᠭᠤᠯᠵᠤ ᠭᠠᠷᠭᠠᠬᠰᠠᠨ ᠶᠡᠷᠦᠩᠬᠡᠢ ᠥᠷᠲᠡᠭ ᠨᠢᠳᠤᠨᠤᠨ ᠤ ᠠᠳᠠᠯᠢ ᠬᠤᠭᠤᠴᠠᠭᠠᠨ᠎ᠤ ᠭᠢ᠎ᠡᠴᠡ 29.5% ᠪᠡᠷ ᠨᠡᠮᠡᠭᠳᠡᠵᠦ᠂ ᠨᠡᠮᠡᠭᠳᠡᠯ᠎ᠦᠨ ᠬᠤᠷᠳᠤᠴᠠ ᠨᠢ ᠪᠦᠭᠦ ᠤᠯᠤᠰ᠎ᠤᠨ ᠲᠠᠪᠤᠳᠤᠭᠠᠷ᠎ᠲᠤ ᠣᠷᠣᠪᠠ; ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠭᠠᠳᠠᠭᠠᠳᠤ ᠡᠴᠡ ᠤᠷᠤᠭᠤᠯᠵᠤ ᠭᠠᠷᠭᠠᠬᠰᠠᠨ ᠪᠠᠷᠠᠭᠠᠨ᠎ᠤ ᠲᠡᠭᠡᠭᠡᠪᠦᠷᠢ᠎ᠶᠢᠨ ᠬᠡᠮᠵᠢᠶ᠎ᠡ 1.33 ᠳ᠋ᠦᠩᠰᠢᠭᠤᠷ ᠲᠣᠨ᠎ᠳᠤ ᠬᠦᠷᠴᠦ᠂ ᠶᠡᠷᠦᠩᠬᠡᠢ ᠬᠡᠮᠵᠢᠶ᠎ᠡ ᠪᠡᠷ ᠪᠦᠭᠦ ᠤᠯᠤᠰ᠎ᠤᠨ ᠨᠢᠭᠡᠳᠦᠭᠡᠷ᠎ᠲᠦ ᠣᠷᠣᠪᠠ᠃
ᠥᠪᠥᠷ ᠮᠣᠩᠭᠣᠯ ᠳᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ᠎ᠶᠢᠨ ᠣᠷᠣᠨ ᠠᠶᠠᠯᠠᠯ᠎ᠢ ᠲᠠᠭᠠᠭᠤᠯᠵᠤ᠂ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠂ ᠬᠢᠯᠢ᠎ᠶᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠣᠷᠣᠨ᠂ ᠭᠠᠢᠯᠢ ᠪᠠᠲᠤᠯᠠᠬᠤ ᠪᠠᠷᠠᠭᠠᠨ᠎ᠤ ᠭᠦᠢᠯᠭᠡᠭᠡᠨ᠎ᠦ ᠲᠥᠪ(B ᠭᠡᠯᠪᠡᠷᠢ)᠎ᠢ᠋ ᠤᠯᠠᠨ ᠴᠡᠭ᠎ᠲᠦ ᠪᠠᠢᠷᠢᠰᠢᠭᠤᠯᠵᠤ᠂ ᠥᠨᠳᠥᠷ ᠳᠡᠰ᠎ᠤᠨ ᠨᠡᠭᠡᠭᠡᠯᠲᠡᠲᠤ ᠲᠠᠪᠴᠠᠩ᠎ᠤᠨ ᠵᠢᠭ᠍ᠰᠠᠭᠠᠯ᠎ᠢ ᠪᠦᠷᠢᠯᠳᠦᠭᠦᠯᠵᠦ᠂ ᠨᠡᠭᠡᠭᠡᠯᠲᠡᠲᠤ ᠭᠡᠯᠪᠡᠷᠢ᠎ᠶᠢᠨ ᠠᠵᠤ ᠠᠬᠤᠢ᠎ᠶᠢᠨ ᠬᠥᠭᠵᠢᠯᠲᠡ᠎ᠶᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠋᠎ᠢ ᠨᠡᠮᠡᠭᠳᠡᠭᠦᠯᠬᠦ᠎ᠶᠢ ᠠᠬᠢᠭᠤᠯᠪᠠ᠃
ᠡᠭᠦᠨ᠎ᠳᠦ᠂ ᠶᠡᠷᠦᠩᠬᠡᠢᠯᠡᠭᠰᠡᠨ ᠭᠠᠢᠯᠢ ᠪᠠᠲᠤᠯᠠᠬᠤ ᠣᠷᠣᠨ᠎ᠤ ᠭᠠᠳᠠᠭᠠᠳᠤ ᠡᠴᠡ ᠤᠷᠤᠭᠤᠯᠵᠤ ᠭᠠᠷᠭᠠᠬᠰᠠᠨ ᠠᠷᠠᠯᠵᠢᠶᠠᠨ᠎ᠤ ᠬᠡᠮᠵᠢᠶ᠎ᠡ 2020 ᠣᠨ᠎ᠳᠤ 16.49 ᠳ᠋ᠦᠩᠰᠢᠭᠤᠷ ᠲᠥᠭᠥᠷᠢᠭ ᠪᠠᠢᠭᠰᠠᠨ ᠡᠴᠡ᠎ᠪᠠᠨ ᠨᠡᠮᠡᠭᠳᠡᠭᠡᠳ 2025 ᠣᠨ᠎ᠳᠤ 276.1 ᠳ᠋ᠦᠩᠰᠢᠭᠤᠷ ᠲᠥᠭᠥᠷᠢᠭ ᠪᠣᠯᠵᠤ᠂ ᠵᠢᠯ ᠪᠦᠷᠢ ᠳᠤᠮᠳᠠᠴᠢ᠎ᠪᠠᠷ 75.7% ᠪᠡᠷ ᠨᠡᠮᠡᠭᠳᠡᠵᠡᠢ᠃
ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ᠎ᠤ ᠶᠡᠷᠦᠩᠬᠡᠢᠯᠡᠭᠰᠡᠨ ᠲᠤᠷᠰᠢᠯᠲᠠ᠎ᠶᠢᠨ ᠣᠷᠣᠨ᠎ᠤ ᠭᠠᠳᠠᠭᠠᠳᠤ ᠡᠴᠡ ᠤᠷᠤᠭᠤᠯᠵᠤ ᠭᠠᠷᠭᠠᠬᠰᠠᠨ ᠠᠷᠠᠯᠵᠢᠶᠠᠨ᠎ᠤ ᠬᠡᠮᠵᠢᠶ᠎ᠡ 2020 ᠣᠨ᠎ᠳᠤ 1000 ᠲᠦᠮᠡᠨ ᠲᠥᠭᠥᠷᠢᠭ ᠪᠠᠢᠭᠰᠠᠨ ᠡᠴᠡ᠎ᠪᠠᠨ 2025 ᠣᠨ᠎ᠳᠤ 46.7 ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠵᠢᠯ ᠪᠦᠷᠢ ᠳᠤᠮᠳᠠᠴᠢ᠎ᠪᠠᠷ 241.9% ᠪᠡᠷ ᠨᠡᠮᠡᠭᠳᠡᠪᠡ᠃
ᠬᠢᠯᠢ᠎ᠶᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠲᠣᠭᠣᠷᠢᠭ᠋᠎ᠤᠨ ᠭᠠᠳᠠᠭᠠᠳᠤ ᠡᠴᠡ ᠤᠷᠤᠭᠤᠯᠵᠤ ᠭᠠᠷᠭᠠᠬᠰᠠᠨ ᠠᠷᠠᠯᠵᠢᠶᠠᠨ᠎ᠤ ᠬᠡᠮᠵᠢᠶ᠎ᠡ 2023 ᠣᠨ᠎ᠳᠤ 3.67 ᠳ᠋ᠦᠩᠰᠢᠭᠤᠷ ᠲᠥᠭᠥᠷᠢᠭ ᠪᠠᠢᠭᠰᠠᠨ ᠡᠴᠡ᠎ᠪᠠᠨ 2025 ᠣᠨ᠎ᠳᠤ 12.5 ᠳ᠋ᠦᠩᠰᠢᠭᠤᠷ ᠲᠥᠭᠥᠷᠢᠭ ᠪᠣᠯᠣᠨ ᠨᠡᠮᠡᠭᠳᠡᠵᠦ᠂ ᠵᠢᠯ ᠪᠦᠷᠢ ᠳᠤᠮᠳᠠᠴᠢ᠎ᠪᠠᠷ 84.55% ᠪᠡᠷ ᠨᠡᠮᠡᠭᠳᠡᠪᠡ᠃
2025 ᠣᠨ᠎ᠳᠤ᠂ ᠥᠪᠥᠷ ᠮᠣᠩᠭᠣᠯ 201 ᠤᠯᠤᠰ ᠪᠠ ᠭᠠᠵᠠᠷ ᠣᠷᠣᠨ᠎ᠲᠠᠢ ᠠᠷᠠᠯᠵᠢᠶᠠᠨ᠎ᠤ ᠶᠠᠪᠤᠯᠴᠠᠭ᠎ᠠ ᠦᠷᠨᠢᠬᠦᠯᠵᠤ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ ᠨᠡᠭᠡᠭᠡᠯᠲᠡ᠎ᠶᠢᠨ ᠬᠠᠭᠤᠳᠠᠰᠤ᠎ᠶᠢ ᠲᠠᠰᠤᠷᠠᠯᠳᠠ ᠦᠭᠡᠢ ᠪᠢᠴᠢᠭᠯᠡᠪᠡ᠃
ᠡᠶᠡᠯᠳᠡᠭ ᠬᠥᠷᠰᠢ ᠶ᠋ᠢᠨ ᠨᠥᠭᠦᠷᠰᠡᠭ ᠬᠠᠷᠢᠯᠴᠠᠭ᠎ᠠ ᠶᠠᠪᠤᠯᠴᠠᠭ᠎ᠠ ᠬᠦᠨᠵᠡᠬᠡᠢᠷᠡᠪᠡ
ᠭᠦᠭᠡᠬᠣᠲᠠ᠎ᠳᠤ᠂ ᠵᠠᠯᠠᠭᠤ ᠰᠠᠢᠨ ᠳᠤᠷ᠎ᠠ᠎ᠶᠢᠨ ᠠᠵᠢᠯᠯᠠᠭ᠍ᠴᠢ ᠸᠠᠩ ᠶᠦᠩ ᠵᠢᠶᠦ᠋ᠨ ᠮᠣᠩᠭᠣᠯ ᠤᠯᠤᠰ ᠤᠨ ᠡᠪᠡᠳᠴᠢᠲᠡᠨ᠎ᠳᠦ ᠬᠣᠣᠰ ᠬᠡᠯᠡᠨ᠎ᠦ ᠣᠷᠴᠢᠭᠤᠯᠭ᠎ᠠ ᠬᠠᠩᠭᠠᠬᠤ ᠪᠠ ᠤᠷᠢᠳᠴᠢᠯᠠᠨ ᠪᠣᠯᠵᠣᠬᠤ ᠬᠠᠪᠰᠤᠷᠤᠯᠭ᠎ᠠ ᠦᠵᠡᠬᠦᠯᠵᠤ᠂ ᠲᠡᠳᠡᠨ᠎ᠦ ᠡᠪᠡᠳᠴᠢᠨ ᠦᠵᠡᠭᠦᠯᠭᠦ ᠵᠠᠮᠳᠡᠬᠢᠳᠣᠲᠣᠨᠣ᠌ ᠵᠠᠮᠴᠢᠯᠠᠬᠴᠢ》 ᠪᠣᠯᠪᠠ᠃
ᠡᠨᠡ ᠵᠢᠯ ᠪᠣᠯ ᠭᠦᠭᠡᠬᠣᠲᠠ ᠪᠣᠯᠣᠨ ᠮᠣᠩᠭᠣᠯ ᠤᠯᠤᠰ᠎ᠤᠨ ᠤᠯᠠᠭᠠᠨᠪᠠᠭᠠᠲᠤᠷ ᠬᠣᠲᠠ ᠵᠢᠨ ᠣᠯᠠᠨ ᠤᠯᠤᠰ᠎ᠤᠨ ᠨᠥᠭᠦᠷᠰᠡᠭ ᠬᠣᠲᠠ ᠵᠢ ᠪᠠᠢᠭᠤᠯᠤᠭᠰᠠᠨ 35 ᠵᠢᠯ᠎ᠦᠨ ᠣᠶ ᠪᠣᠯᠣᠨ᠎ᠠ᠃ 35 ᠵᠢᠯ᠎ᠦᠨ ᠲᠤᠷᠰᠢ᠂ ᠬᠣᠶᠠᠷ ᠲᠠᠯ᠎ᠠ᠎ᠪᠠᠷ᠎ᠢᠶᠠᠨ ᠨᠥᠭᠦᠷᠰᠡᠭ᠎ᠢᠶᠡᠷ ᠢᠲᠡᠭᠡᠯᠴᠡᠬᠦ᠂ ᠬᠠᠷᠢᠯᠴᠠᠨ ᠠᠰᠢᠭ᠍ᠲᠠᠢ ᠬᠠᠮᠲᠤ ᠪᠠᠷ ᠠᠰᠢᠭ᠋ ᠭᠦᠷᠳᠡᠭᠦ᠎ᠶᠢ ᠪᠠᠷᠢᠮᠲᠠᠯᠠᠵᠤ᠂ ᠠᠵᠤ ᠠᠬᠤᠢ ᠠᠷᠠᠯᠵᠢᠶ᠎ᠠ᠂ ᠰᠣᠶᠣᠯ ᠢᠷᠭᠡᠨᠰᠢᠯ᠂ ᠬᠤᠳᠠ᠎ᠶᠢᠨ ᠵᠠᠰᠠᠯᠲᠠ ᠵᠡᠷᠭᠡ ᠬᠦᠷᠢᠶᠡᠨ᠎ᠳᠦ ᠪᠦᠭᠦ ᠲᠠᠯ᠎ᠠ᠎ᠶᠢᠨ ᠤᠯᠠᠨ ᠲᠡᠰ ᠳᠠᠪᠬᠤᠷᠭ᠎ᠠ᠎ᠶᠢᠨ ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠳᠤᠮᠳᠠᠳᠤ ᠮᠣᠩᠭᠣᠯ᠎ᠤᠨ ᠣᠷᠣᠨ ᠨᠤᠲᠤᠭ᠎ᠤᠨ ᠨᠥᠭᠦᠷᠰᠡᠭ ᠬᠤᠳᠠ᠎ᠶᠢᠨ ᠶᠠᠪᠤᠯᠴᠠᠭ᠎ᠠ᠎ᠶᠢᠨ ᠬᠡᠪ ᠳᠠᠭᠤᠷᠢᠶᠠᠯ ᠪᠣᠯᠤᠭᠰᠠᠨ ᠪᠠᠢᠨ᠎ᠠ᠃
ᠪᠣᠳᠠᠲᠠᠢ᠎ᠶᠢ ᠡᠷᠬᠢᠮᠯᠡᠭᠰᠡᠨ ᠬᠠᠮᠲᠤᠷᠠᠯᠴᠠᠭ᠎ᠠ᠎ᠶᠢ ᠭᠦᠨᠵᠡᠭᠡᠢᠷᠡᠭᠦᠯᠵᠦ᠂ ᠨᠥᠬᠥᠷᠰᠡᠭ ᠶᠠᠪᠤᠯᠴᠠᠭ᠎ᠠ ᠤᠯᠠᠰᠢᠷᠠᠪᠠ᠃ 2025 ᠣᠨ᠎ᠳᠤ᠂ ᠪᠠᠶᠠᠠᠨᠠᠭᠤᠷ ᠬᠤᠳᠠ ᠪᠣᠯᠣᠨ ᠦᠽᠪᠸᠺᠰᠲ᠋ᠠᠨ᠎ᠤ ᠰᠠᠮᠠᠷᠺᠠᠨᠳ᠋ ᠵᠧᠦ᠎ᠶᠢᠨ ᠫᠠᠶᠠᠷᠢᠺ ᠲᠤᠭᠤᠷᠢᠭ 《ᠨᠥᠬᠥᠷᠰᠡᠭ ᠬᠤᠳᠠ᠎ᠶᠢᠨ ᠬᠠᠮᠲᠤᠷᠠᠯᠴᠠᠭᠠᠨ᠎ᠤ ᠰᠠᠨᠠᠮᠵᠢ᠎ᠶᠢᠨ ᠪᠢᠴᠢᠭ》ᠲᠦ᠍ ᠭᠠᠷᠤᠨ ᠦᠰᠦᠭ ᠵᠢᠷᠤᠭᠰᠠᠨ ᠪᠥᠭᠡᠳ ᠰᠢᠨ᠎ᠡ ᠡᠨᠧᠷᠭᠢ᠎ᠶᠢᠨ ᠭᠠᠷ ᠳᠠᠮᠵᠢᠭ᠍ᠰᠠᠨ ᠮᠠᠰᠢᠨ ᠲᠡᠷᠭᠡ ᠠᠩᠬ᠎ᠠ ᠤᠳᠠᠭ᠎ᠠ ᠳᠤᠮᠳᠠᠳᠤ ᠠᠽᠢᠶ᠎ᠠ᠎ᠳᠤ ᠭᠠᠷᠬᠤ᠎ᠶᠢ ᠪᠡᠶᠡᠯᠡᠭᠦᠯᠪᠡ᠃
ᠣᠢᠷ᠎ᠠ᠎ᠶᠢᠨ ᠲᠠᠪᠤᠨ ᠵᠢᠯ᠎ᠦᠨ ᠲᠤᠷᠰᠢ᠂ ᠥᠪᠥᠷ ᠮᠣᠩᠭᠣᠯ 12 ᠬᠣᠣᠰ ᠣᠯᠠᠨ ᠤᠯᠤᠰ᠎ᠤᠨ ᠨᠥᠬᠥᠷᠰᠡᠭ ᠬᠣᠲᠠ᠎ᠶᠢ ᠰᠢᠨ᠎ᠡ᠎ᠪᠡᠷ ᠨᠡᠮᠡᠭᠳᠡᠭᠦᠯᠵᠦ᠂ ᠣᠯᠠᠨ ᠤᠯᠤᠰ᠎ᠤᠨ ᠬᠠᠮᠲᠤᠷᠠᠯᠴᠠᠭᠠᠨ᠎ᠤ ᠣᠷᠣᠨ ᠵᠠᠢ᠎ᠶᠢ ᠦᠷᠭᠦᠯᠵᠢᠯᠡᠨ ᠥᠷᠭᠡᠳᠬᠡᠪᠡ᠃ ᠣᠳᠣᠬᠠᠨ᠎ᠳᠤ᠂ ᠥᠪᠥᠷ ᠮᠣᠩᠭᠣᠯ᠎ᠳᠠᠬᠢ ᠣᠯᠠᠨ ᠤᠯᠤᠰ᠎ᠤᠨ ᠨᠥᠬᠥᠷᠰᠡᠭ ᠬᠣᠲᠠ 62 ᠬᠣᠣᠰ ᠪᠣᠯᠵᠤ᠂ ᠠᠽᠢᠶ᠎ᠠ ᠠᠹᠷᠢᠺᠠ ᠡᠸᠦ᠋ᠷᠦᠫᠡ ᠠᠮᠧᠷᠢᠺᠠ᠎ᠶᠢᠨ 4 ᠶᠡᠬᠡ ᠲᠢᠪ᠎ᠦᠨ 14 ᠤᠯᠤᠰ᠎ᠢ ᠬᠠᠮᠤᠷᠪᠠ᠃
ᠥᠪᠥᠷ ᠮᠣᠩᠭᠣᠯ ᠠᠷᠠᠳ᠎ᠤᠨ ᠰᠡᠳᠬᠢᠯ᠎ᠦᠨ ᠨᠡᠪᠲᠡᠷᠡᠯᠴᠡᠭᠡ᠎ᠶᠢ ᠠᠬᠢᠭᠤᠯᠵᠤ᠂ ᠬᠢᠯᠢ ᠠᠯᠤᠰᠯᠠᠭᠰᠠᠨ ᠠᠷᠠᠯᠵᠢᠶ᠎ᠠ ᠬᠤᠳᠠᠯᠳᠤᠭ᠎ᠠ᠂ ᠡᠮ ᠡᠮᠨᠡᠯᠭᠡ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ ᠵᠡᠷᠭᠡ ᠣᠯᠠᠨ ᠬᠦᠷᠢᠶᠡᠨ᠎ᠳ᠋ᠡᠬᠢ ᠬᠠᠮᠲᠤᠷᠠᠯᠴᠠᠭ᠎ᠠ᠎ᠳᠤ ᠲᠠᠰᠤᠷᠠᠯᠲᠠ ᠦᠭᠡᠢ ᠰᠣᠶᠣᠯ ᠢᠷᠭᠡᠨᠰᠢᠯ᠎ᠦᠨ ᠬᠦᠴᠦᠨ ᠨᠡᠮᠡᠷᠢᠯᠡᠪᠡ᠃
11 ᠰᠠᠷ᠎ᠠ᠎ᠶᠢᠨ 13 —19 ᠤ᠋ ᠡᠳᠦᠷ᠂ ᠮᠣᠩᠭᠣᠯ ᠤᠯᠤᠰ᠎ᠤᠨ ᠳᠣᠷᠣᠨᠠᠳᠤ ᠠᠢᠮᠠᠭ᠂ ᠬᠡᠨᠲᠡᠢ ᠠᠢᠮᠠᠭ ᠤᠨ 30 ᠮᠠᠯᠴᠢᠨ ᠵᠢᠴᠢ ᠠᠵᠢᠯ ᠲᠥᠷᠥᠯ᠎ᠦᠨ ᠲᠥᠯᠥᠭᠡᠯᠡᠭᠴᠢ ᠬᠢᠩᠭᠠᠨ ᠠᠢᠮᠠᠭ᠎ᠲᠤ ᠠᠵᠢᠯ ᠮᠡᠷᠭᠡᠵᠢᠯ ᠦᠨ ᠤᠷ᠎ᠠ ᠴᠢᠳᠠᠪᠤᠷᠢ᠎ᠶᠢ ᠳᠡᠭᠡᠭᠰᠢᠯᠡᠭᠦᠯᠬᠦ ᠪᠣᠯᠪᠠᠰᠤᠷᠠᠯ᠎ᠤᠨ ᠠᠩᠭᠢ᠎ᠳᠤ ᠣᠷᠣᠯᠴᠠᠪᠠ᠃ ᠪᠣᠯᠪᠠᠰᠤᠷᠠᠯ ᠨᠢ ᠰᠤᠷᠤᠯᠭᠠᠳᠠᠳ᠎ᠲᠤ ᠪᠣᠳᠠᠲᠠᠢ᠎ᠳᠤ ᠨᠠᠢᠳᠠᠪᠤᠷᠢᠵᠢᠭᠤᠯᠵᠤ ᠪᠣᠯᠬᠤ ᠦᠢᠯᠡᠳᠪᠦᠷᠢᠯᠡᠯ ᠡᠵᠡᠩᠨᠡᠯᠲᠡ᠎ᠶᠢᠨ ᠤᠷ᠎ᠠ ᠴᠢᠳᠠᠪᠤᠷᠢ᠎ᠶᠢ ᠠᠪᠴᠢᠷᠠᠵᠤ ᠥᠭᠭᠦᠭᠰᠡᠨ᠎ᠢᠶᠡᠷ ᠪᠠᠷᠠᠬᠤ ᠦᠭᠡᠢ᠂ ᠪᠠᠰᠠ ᠰᠣᠯᠢᠯᠴᠠᠭ᠎ᠠ ᠳᠤᠮᠳᠠ ᠬᠣᠶᠠᠷ ᠭᠠᠵᠠᠷ ᠤᠷᠤᠨ᠎ᠤ ᠠᠷᠠᠳ ᠤᠯᠠᠨ᠎ᠤ ᠭᠦᠨ ᠵᠤᠵᠠᠭᠠᠨ ᠨᠥᠬᠥᠷᠯᠡᠯ᠎ᠢ ᠤᠯᠠᠮ ᠨᠢᠭᠡ ᠠᠯᠬᠤᠮ ᠭᠦᠨᠵᠡᠭᠡᠢᠷᠡᠭᠦᠯᠪᠡ᠃ 11 ᠰᠠᠷ᠎ᠠ᠎ᠶᠢᠨ 5 ᠤ᠋ ᠡᠳᠦᠷ᠂ ᠮᠠᠨᠵᠤᠤᠷ ᠬᠣᠲᠠ᠎ᠳᠤ ᠶᠠᠪᠤᠭᠳᠠᠭᠰᠠᠨ ᠳᠤᠮᠳᠠᠳᠤ ᠣᠷᠣᠰ ᠮᠣᠩᠭᠣᠯ᠎ᠤᠨ ᠮᠥᠰᠥ ᠴᠠᠰᠤᠨ ᠤ ᠵᠢᠭᠤᠯᠴᠢᠯᠠᠯ ᠤᠨ ᠱᠤᠭᠤᠮ᠎ᠢ ᠰᠢᠯᠢᠨ ᠰᠤᠨᠭᠭᠤᠬᠤ ᠵᠢᠴᠢ ᠭᠤᠷᠪᠠᠨ ᠤᠯᠤᠰ᠎ᠤᠨ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠳᠡᠯᠭᠡᠷᠡᠭᠦᠯᠤᠨ ᠰᠤᠷᠳᠠᠯᠴᠢᠯᠠᠬᠤ ᠠᠵᠢᠯᠯᠠᠭ᠎ᠠ᠎ᠶᠢᠨ ᠠᠬᠤᠢ ᠲᠠᠯᠠᠪᠠᠶ᠎ᠳᠤ᠂ ᠳᠤᠮᠳᠠᠳᠤ ᠣᠷᠣᠰ ᠮᠣᠩᠭᠣᠯ᠎ᠤᠨ ᠬᠢᠯᠢ ᠠᠯᠤᠰᠯᠠᠭᠰᠠᠨ ᠥᠪᠡᠰᠦᠪᠡᠨ ᠲᠡᠷᠭᠡ ᠵᠢᠯᠤᠭᠣᠳᠴᠤ ᠵᠢᠭᠤᠯᠴᠢᠯᠠᠬᠤ᠂ ᠲᠦᠮᠡᠨ ᠭᠠᠵᠠᠷ᠎ᠤᠨ ᠴᠠᠢ᠎ᠶᠢᠨ ᠵᠠᠮ᠎ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠳᠤᠮᠳᠠᠳᠤ ᠣᠷᠣᠰ ᠮᠣᠩᠭᠣᠯ᠎ᠤᠨ ᠬᠢᠯᠢ ᠠᠯᠤᠰᠯᠠᠭᠰᠠᠨ ᠰᠤᠳᠤᠯᠤᠨ ᠰᠤᠷᠤᠯᠴᠠᠬᠤ ᠵᠢᠭᠤᠯᠴᠢᠯᠠᠯ ᠵᠡᠷᠭᠡ ᠬᠠᠮᠲᠤᠷᠠᠯᠴᠠᠭᠠᠨ᠎ᠤ ᠲᠥᠷᠥᠯ ᠵᠦᠢᠯ ᠳ᠋ᠤ ᠲᠥᠪᠯᠡᠷᠡᠬᠦᠯᠦᠨ ᠭᠡᠷ᠎ᠡ ᠲᠣᠭᠲᠠᠵᠤ᠂ ᠭᠤᠷᠪᠠᠨ ᠲᠠᠯ᠎ᠠ᠎ᠶᠢᠨ ᠵᠢᠭᠤᠯᠴᠢᠯᠠᠯ᠎ᠤᠨ ᠠᠵᠤ ᠠᠬᠤᠢᠯᠠᠯ ᠭᠠᠷ ᠬᠣᠯᠪᠣᠨ ᠬᠠᠮᠲᠤᠷᠠᠯᠴᠠᠬᠤ ᠬᠠᠮᠲᠤ᠎ᠶᠢᠨ ᠲᠠᠨᠢᠯᠲᠠ᠎ᠲᠠᠢ ᠪᠣᠯᠪᠠ᠃
ᠠᠶᠠᠨᠴᠢᠳ᠎ᠤᠨ ᠨᠠᠭᠠᠰᠢ ᠴᠠᠭᠠᠰᠢ ᠶᠠᠪᠤᠬᠰᠠᠨ ᠲᠤᠭ᠎ᠠ ᠪᠠᠷᠢᠮᠳᠠ ᠪᠣᠯ ᠥᠪᠥᠷ ᠮᠣᠩᠭᠣᠯ ᠬᠢᠭᠡᠳ ᠨᠦᠬᠦᠷᠰᠡᠭ ᠬᠥᠷᠰᠢ᠎ᠶᠢᠨ ᠰᠣᠯᠢᠯᠴᠠᠭ᠎ᠠ ᠦᠷᠭᠦᠯᠵᠢᠯᠡᠨ ᠨᠡᠮᠡᠭᠳᠡᠵᠦ ᠪᠠᠢᠬᠤ᠎ᠶᠢᠨ ᠬᠠᠮᠤᠭ᠎ᠤᠨ ᠰᠠᠢᠨ ᠭᠡᠷᠡᠴᠢ ᠪᠣᠯᠣᠨ᠎ᠠ᠃ ᠡᠨᠡ ᠵᠢᠯ᠎ᠳᠤ ᠤᠳᠤᠬᠠᠨ ᠪᠤᠯᠲᠠᠯ᠎ᠠ᠂ ᠥᠪᠥᠷ ᠮᠣᠩᠭᠣᠯ ᠤᠨ ᠬᠢᠯᠢ᠎ᠪᠡᠷ ᠣᠷᠣᠵᠤ ᠭᠠᠷᠬᠤ ᠬᠢᠯᠢ᠎ᠶᠢᠨ ᠬᠠᠮᠠᠭᠠᠯᠠᠯᠲᠠ᠎ᠶᠢᠨ ᠪᠠᠢᠴᠠᠭᠠᠬᠤ ᠶᠡᠷᠦᠩᠬᠡᠢ ᠥᠷᠲᠡᠭᠡ᠎ᠡᠴᠡ ᠬᠢᠯᠢ᠎ᠪᠡᠷ ᠣᠷᠣᠵᠤ ᠭᠠᠷᠬᠤ ᠬᠥᠮᠥᠰ᠎ᠢ 590.5 ᠲᠦᠮᠡᠨ ᠬᠥᠮᠥᠨ ᠤᠳᠠᠭ᠎ᠠ ᠪᠠᠢᠴᠠᠭᠠᠨᠵᠤ᠂ ᠲᠡᠭᠡᠷ᠎ᠡ ᠵᠢᠯ ᠤᠨ ᠠᠳᠠᠯᠢ ᠬᠤᠭᠤᠴᠠᠭᠠᠨ᠎ᠤ ᠬᠢ᠎ᠡᠴᠡ 19.2%᠎ᠢᠶᠠᠷ ᠨᠡᠮᠡᠭᠳᠡᠨ᠂ ᠲᠡᠦᠬᠡ᠎ᠶᠢᠨ ᠰᠢᠨ᠎ᠡ ᠲᠡᠮᠳᠡᠭᠯᠡᠯ ᠢ ᠡᠭᠦᠳᠪᠡ᠃
ᠰᠢᠨ᠎ᠡ ᠴᠠᠭ ᠦᠶ᠎ᠡ᠎ᠶᠢᠨ ᠠᠤᠭ᠎ᠠ ᠶᠡᠬᠡ ᠨᠡᠭᠡᠭᠡᠯᠲᠡ᠎ᠶᠢᠨ ᠪᠠᠢᠷᠢᠰᠢᠯᠲᠤᠮᠳᠠ᠂ ᠥᠪᠥᠷ ᠮᠣᠩᠭᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ᠎ᠶᠢ ᠪᠦᠲᠦᠭᠡᠨ ᠪᠠᠶ᠋ᠢᠭᠤᠯᠬᠤ ᠪᠠᠢᠯᠳᠤᠬᠤ ᠪᠣᠳᠣᠯᠭ᠎ᠠ᠎ᠶᠢᠨ ᠪᠠᠢᠷᠢ ᠲᠣᠭᠲᠠᠭᠠᠯᠲᠠ ᠪᠣᠯᠣᠨ ᠡᠭᠦᠷᠭᠡ ᠬᠠᠷᠢᠭᠤᠴᠠᠯᠭᠠᠳᠤ ᠰᠠᠭᠤᠷᠢᠯᠠᠵᠤ᠂ ᠤᠯᠤᠰ᠎ᠤᠨ ᠳᠣᠲᠣᠭᠠᠳᠤ ᠭᠠᠳᠠᠭᠠᠳᠤ᠎ᠶᠢᠨ ᠬᠣᠣᠰ ᠣᠷᠴᠢᠯ᠎ᠤᠨ ᠵᠠᠩᠭᠢᠯᠠᠭ᠎ᠠ᠎ᠶᠢᠨ ᠬᠦᠢᠰᠦ᠎ᠶᠢ ᠪᠦᠲᠦᠭᠡᠨ ᠪᠠᠢᠭᠤᠯᠵᠤ᠂ ᠬᠠᠮᠲᠤᠷᠠᠯᠴᠠᠵᠦ ᠬᠠᠮᠲᠤ᠎ᠪᠠᠷ ᠠᠰᠢᠭ᠋ ᠬᠦᠷᠳᠡᠬᠦ᠂ ᠰᠣᠯᠢᠯᠴᠠᠭ᠎ᠠ ᠬᠢᠵᠦ ᠬᠠᠷᠢᠯᠴᠠᠨ ᠲᠣᠯᠢ ᠪᠤᠯᠭᠠᠬᠤ ᠨᠡᠭᠡᠭᠡᠯᠲᠡᠲᠤ ᠬᠥᠭᠵᠢᠯᠲᠡ᠎ᠶᠢᠨ ᠵᠠᠮ᠎ᠢᠶᠠᠷ ᠡᠷᠡᠰ ᠭᠤᠢᠪᠢᠰᠢ ᠦᠭᠡᠢ ᠰᠠᠢᠲᠤᠷ ᠵᠠᠮᠨᠠᠵᠤ ᠪᠤᠢ᠃
- ᠨᠠᠢᠷᠠᠭᠤᠯᠤᠭ᠍ᠴᠢ᠄
- ᠨᠡᠪᠲᠡᠷᠡᠭᠦᠯᠦᠭᠴᠢ᠄
- ᠮᠡᠷᠭᠡᠵᠢᠯ᠄
ᠨᠠᠢᠷᠠᠭᠤᠯᠤᠭ᠍ᠴᠢ᠄ ᠰᠠᠢᠨ᠎ᠠ
ᠣᠷᠴᠢᠭᠤᠯᠤᠭ᠍ᠴᠢ᠄




ᠰᠢᠭᠦᠮᠵᠢ ᠠᠯᠠᠭ᠎ᠠ ᠂ ᠬᠤᠷᠳᠤᠨ ᠨᠢᠭᠡᠳᠦᠭᠡᠷ ᠵᠤᠷᠪᠤᠰ ᠰᠢᠭᠦᠮᠵᠢ ᠨᠡᠢ᠌ᠲᠡᠯᠡᠭᠡᠷᠡᠢ᠃