ᠲᠡᠷᠢᠭᠦᠨ ᠨᠢᠭᠤᠷ>ᠬᠦᠮᠦᠨ ᠨᠡᠢᠭᠡᠮ>ᠪᠦᠰᠡᠬᠦᠢ

2026-10-30 01:20:39

ᠵᠣᠬᠢᠶᠠᠭ᠍ᠴᠢ᠄ ᠬᠤᠩ ᠰᠢᠶᠠ ᠣᠩᠱᠢᠭ᠍ᠰᠠᠨ ᠣᠳᠠᠭ᠎ᠠ᠄ 3

 ᠭᠡᠷ᠎ᠤᠨ ᠬᠥᠮᠦᠵᠢᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ᠎ᠶ᠋ᠢ ᠭᠦᠨᠵᠡᠭᠡᠢ ᠠᠬᠢᠭᠤᠯᠵᠤ᠂ ᠥᠷᠭᠡᠨ ᠣᠯᠠᠨ ᠭᠡᠷ᠎ᠤᠨ ᠠᠬᠠᠮᠠᠳ᠎ᠤᠨ ᠰᠢᠨᠵᠢᠯᠡᠬᠦ᠌ ᠤᠬᠠᠭᠠᠨᠴᠢ ᠎ᠪᠠᠷ ᠬᠡᠤᠬᠡᠳ ᠬᠥᠮᠦᠵᠢᠭᠦᠯᠬᠦ᠌ ᠴᠢᠳᠠᠪᠤᠷᠢ᠎ᠶ᠋ᠢ ᠳᠡᠭᠡᠭᠰᠢᠯᠡᠭᠦᠯᠬᠦ᠎ᠶ᠋ᠢᠨ ᠲᠥᠯᠦᠭᠡ 10 ᠰᠠᠷ᠎ᠠ᠎ᠶ᠋ᠢᠨ 24᠎ᠤ᠋ ᠡᠳᠦᠷ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠤᠨ᠎ᠤ ᠡᠮᠡᠭᠲᠡᠶ᠋ᠢᠴᠦᠳ᠎ᠤᠨ ᠬᠤᠯᠪᠤᠭ᠎ᠠ᠂ ᠬᠦᠬᠡᠬᠤᠲᠠ᠎ᠶ᠋ᠢᠨ ᠡᠮᠡᠭᠲᠡᠶ᠋ᠢᠴᠦᠳ᠎ᠤᠨ ᠬᠤᠯᠪᠤᠭ᠎ᠠ᠂ ᠰᠠᠶ᠋ᠢᠬᠠᠨ ᠲᠣᠭᠤᠷᠢᠭ᠎ᠤᠨ ᠡᠮᠡᠭᠲᠡᠶ᠋ᠢᠴᠦᠳ᠎ᠤᠨ ᠬᠤᠯᠪᠤᠭ᠎ᠠ᠎ᠠᠴᠠ ᠬᠠᠮᠲᠤᠷᠠᠨ ᠡᠷᠬᠢᠯᠡᠭᠰᠡᠨ ᠰᠢᠨ᠎ᠡ ᠴᠠᠭ ᠦᠶ᠎ᠡ᠎ᠶ᠋ᠢᠨ ᠭᠡᠷ᠎ᠤᠨ ᠬᠥᠮᠦᠵᠢᠯ ᠭᠡᠷ᠎ᠤᠨ ᠰᠤᠷᠲᠠᠯ᠎ᠤᠨ ᠪᠠᠶ᠋ᠢᠭᠤᠯᠤᠯᠲᠠ᠎ᠶ᠋ᠢᠨ ᠰᠢᠷᠢᠰ ᠠᠵᠢᠯᠯᠠᠭ᠎ᠠ — 《ᠡᠴᠢᠭᠡ ᠡᠬᠡ ᠪᠤᠯᠤᠬᠰᠠᠳ ᠦᠷ᠎ᠡ ᠬᠡᠤᠬᠡᠳ᠎ᠲᠠᠢ ᠪᠠᠨ ᠨᠡᠪᠲᠡᠷᠡᠯᠴᠡᠬᠦ ᠤᠷ᠎ᠠ ᠤᠬᠠᠭᠠᠨ》 ᠬᠡᠮᠡᠬᠦ ᠲᠤᠰᠭᠠᠢ ᠲᠠᠯᠠᠪᠤᠷ ᠲᠠᠢᠯᠪᠤᠷᠢᠯᠠᠯᠲᠠ ᠶᠠᠪᠤᠭᠳᠠᠪᠠ᠃ ᠲᠣᠰ ᠤᠳᠠᠭᠠᠨ ᠎ᠤ ᠠᠵᠢᠯᠯᠠᠭ᠎ᠠ ᠎ᠳᠤ ᠬᠥᠬᠡᠬᠤᠲᠠ᠎ᠶ᠋ᠢᠨ ᠤᠯᠤᠰ᠎ᠤᠨ ᠰᠤᠷᠭᠠᠭᠤᠯᠢ᠎ᠶ᠋ᠢᠨ ᠰᠤᠷᠭᠠᠨ ᠬᠥᠮᠦᠵᠢᠯ ᠎ᠤᠨ ᠰᠤᠳᠤᠯᠭᠠᠨ ᠎ᠤ ᠨᠡᠶ᠋ᠢᠭᠡᠮᠯᠢᠭ᠎ᠤᠨ ᠶᠠᠩ ᠬᠠᠢ ᠲᠤᠤ ᠪᠠᠭᠰᠢ᠎ᠶ᠋ᠢ ᠲᠤᠰᠭᠠᠶ᠋ᠢᠯᠠᠨ ᠤᠷᠢᠵᠤ ᠲᠠᠢᠯᠤᠮᠵᠢ ᠬᠢᠯᠭᠡᠪᠡ᠃ ᠬᠠᠷᠢᠶ᠎ᠡ ᠣᠷᠤᠨ ᠎ᠤ ᠮᠠᠰᠢ ᠣᠯᠠᠨ ᠬᠡᠷ᠎ᠤᠨ ᠠᠬᠠᠮᠠᠳ ᠪᠣᠯᠤᠨ ᠬᠡᠦᠬᠡᠳ ᠬᠠᠮᠲᠤ᠎ᠪᠠᠷ ᠣᠷᠤᠯᠴᠠᠵᠠᠢ᠃

ᠲᠠᠶ᠋ᠢᠯᠤᠮᠵᠢ ᠎ᠨᠢ 《ᠬᠡᠦᠬᠡᠨ ᠎ᠢᠶᠡᠨ ᠬᠠᠶ᠋ᠢᠷᠠᠯᠠᠬᠤ᠂ ᠬᠡᠦᠬᠡᠳ᠎ᠲᠡᠢ᠎ᠪᠠᠨ ᠰᠠᠢᠬᠠᠨ ᠶᠠᠷᠢᠯᠴᠠᠬᠤ᠎ᠠᠴᠠ ᠡᠬᠢᠯᠡᠬᠦ᠌》 ᠪᠠᠷ ᠭᠤᠤᠯ ᠰᠡᠳᠦᠪ ᠪᠣᠯᠭᠠᠵᠤ᠂ ᠬᠡᠷ ᠎ᠤᠨ ᠬᠥᠮᠦᠵᠢᠯ᠎ᠳᠤ ᠦᠷᠭᠦᠯᠵᠢ ᠲᠣᠬᠢᠶᠠᠯᠳᠤᠳᠠᠭ ᠨᠡᠪᠲᠡᠷᠡᠯᠴᠡᠭᠡ ᠡᠨᠳᠡᠭᠦᠷᠡᠯ᠎ᠡᠴᠡ ᠭᠠᠷᠳᠠᠵᠤ᠂ ᠬᠡᠷ ᠎ᠤᠨ ᠬᠦᠮᠦᠵᠢᠯ ᠎ᠤᠨ ᠪᠠᠬᠰᠢᠲᠠᠨ ᠎ᠤ ᠰᠤᠩᠭᠤᠳᠠᠭ ᠦᠵᠡᠯᠳᠡ᠎ᠪᠡᠷ ᠦᠨᠳᠦᠰᠦ ᠰᠤᠳᠠᠰᠤ ᠪᠣᠯᠭᠠᠨ᠂ ᠣᠲᠤ᠌ ᠦᠶ᠎ᠡ᠎ᠶ᠋ᠢᠨ ᠰᠡᠳᠭᠢᠴᠡ ᠵᠦᠢ ᠎ᠶ᠋ᠢᠨ ᠰᠤᠳᠤᠯᠭᠠᠨ ᠎ᠤ ᠦᠷ᠎ᠡ ᠪᠦᠲᠦᠭᠡᠯ᠎ᠲᠡᠢ ᠤᠶᠠᠯᠳᠤᠭᠤᠯᠤᠨ᠂ ᠡᠴᠢᠭᠡ ᠡᠬᠡ ᠪᠤᠯᠤᠭᠰᠠᠳ᠎ᠤᠨ ᠦᠷ᠎ᠡ ᠬᠡᠦᠬᠡᠳ᠎ᠲᠡᠢ᠎ᠪᠠᠨ ᠪᠦᠲᠦᠮᠵᠢᠲᠡᠢ ᠨᠡᠪᠲᠡᠷᠡᠯᠴᠡᠬᠦ᠌ ᠤᠯᠠᠮᠵᠢᠯᠠᠯᠲᠤ᠌ ᠣᠶᠤᠨ ᠤᠬᠠᠭᠠᠨ ᠪᠠ ᠦᠢᠯᠡᠳᠦᠯᠭᠡ᠎ᠶ᠋ᠢᠨ ᠠᠷᠭ᠎ᠠ ᠎ᠶ᠋ᠢ ᠰᠢᠰᠲᠧᠮ᠎ᠲᠠᠢ ᠲᠠᠶ᠋ᠢᠯᠪᠤᠷᠢᠯᠠᠪᠠ᠃ ᠲᠡᠷᠡ᠂ ᠬᠣᠶᠠᠷ ᠮᠢᠩᠭ᠎ᠠ ᠭᠠᠷᠤᠢ ᠵᠢᠯ᠎ᠦᠨ ᠡᠮᠦᠨ᠎ᠡ ᠺᠦᠩᠽᠢ ᠭᠡᠷ᠎ᠤᠨ ᠬᠥᠮᠦᠵᠢᠯ᠎ᠦᠨ ᠭᠣᠤᠯ ᠵᠦᠢᠯ ᠎ᠢ ᠲᠣᠳᠤᠷᠬᠠᠢ ᠲᠤᠷᠠᠳᠤᠬᠰᠠᠨ ᠪᠠᠢᠳᠠᠬ᠄ ᠬᠠᠮᠤᠭ ᠬᠦᠴᠢᠷᠲᠡᠢ ᠎ᠨᠢ ᠬᠡᠦᠬᠡᠳ᠎ᠲᠦ᠍ ᠡᠷᠬᠢᠮ ᠨᠠᠨᠳᠢᠨ ᠪᠣᠳᠠᠰ᠎ᠤᠨ ᠨᠥᠬᠦᠴᠡᠯ ᠬᠠᠩᠭᠠᠬᠤ ᠪᠢᠰᠢ᠂ ᠬᠠᠷᠢᠨ ᠲᠡᠭᠦᠨ᠎ᠳᠦ ᠤᠷᠲᠤ᠌ ᠬᠤᠭᠤᠴᠠᠭ᠎ᠠ᠎ᠪᠠᠷ ᠪᠠᠶᠠᠷ ᠪᠠᠶᠠᠰᠤᠯ ᠎ᠢ᠋ ᠡᠳ᠋ᠯᠡᠭᠦᠯᠬᠦ ᠶᠠᠪᠤᠳᠠᠯ ᠪᠤᠯᠤᠨ᠎ᠠ ᠭᠡᠵᠡᠢ᠃ ᠲᠡᠷᠡ᠂ ᠣᠳᠤ ᠦᠶ᠎ᠡ᠎ᠶ᠋ᠢᠨ ᠰᠡᠳᠭᠢᠴᠡ ᠵᠦᠢ᠎ᠶ᠋ᠢᠨ ᠤᠷᠮ᠎ᠠ ᠰᠡᠳᠭᠢᠯᠭᠡ ᠎ᠶ᠋ᠢ ᠲᠠᠪᠳᠠᠨ ᠪᠣᠯᠪᠠᠰᠤᠷᠠᠭᠤᠯᠬᠤ ᠲᠣᠭᠲᠠᠴᠠ᠎ᠶ᠋ᠢᠨ ᠰᠤᠳᠤᠯᠭᠠᠨ ᠎ᠤ ᠦᠷ᠎ᠡ ᠪᠦᠲᠦᠭᠡᠯ᠎ᠢ ᠤᠯᠠᠮ ᠨᠢᠭᠡ ᠠᠯᠬᠤᠮ ᠲᠠᠢᠯᠪᠤᠷᠢᠯᠠᠵᠦ᠂ ᠬᠡᠦᠬᠡᠳ ᠬᠠᠮᠤᠭ ᠲᠡᠷᠢᠭᠦᠨ᠎ᠳᠦ ᠬᠦᠯᠢᠶᠡᠨ ᠠᠪᠬᠤ᠎ᠨᠢ ᠠᠪᠤ ᠡᠵᠢ᠎ᠶ᠋ᠢᠨ᠎ᠵᠢᠡᠨ ᠤᠷᠮ᠎ᠠ ᠰᠡᠳᠭᠢᠯᠭᠡ᠎ᠶ᠋ᠢᠨ ᠳᠣᠬᠢᠶ᠎ᠠ᠂ ᠳᠠᠷᠠᠭ᠎ᠠ ᠎ᠨᠢ ᠰᠠᠶᠢ ᠬᠡᠯᠡᠨ᠎ᠦ ᠠᠭᠤᠯᠭ᠎ᠠ ᠪᠣᠯᠤᠨ᠎ᠠ; ᠤᠷᠮ᠎ᠠ ᠰᠡᠳᠭᠢᠯᠭᠡ ᠲᠤᠬᠳᠠᠪᠤᠷᠢ ᠦᠭᠡᠢ ᠦᠶ᠎ᠡ᠎ᠳᠦ ᠬᠥᠮᠦᠨ ᠎ᠦ ᠣᠶᠤᠨᠴᠢ ᠪᠡᠷ ᠰᠡᠳᠭᠢᠬᠦ᠌ ᠴᠢᠳᠠᠪᠤᠷᠢ ᠲᠦᠷ ᠴᠠᠭ ᠪᠠᠭᠤᠷᠠᠨ᠎ᠠ᠂ ᠡᠨᠡ᠎ᠨᠢ ᠪᠠᠰᠠ ᠶᠠᠭᠠᠬᠢᠭᠠᠳ ᠬᠡᠦᠬᠡᠳ ᠎ᠢ ᠶᠡᠭᠡ ᠲᠠᠭᠤᠨ ᠵᠢᠡᠷ ᠪᠠᠷᠬᠢᠷᠠᠵᠤ ᠬᠠᠰᠬᠢᠷᠬᠤ ᠳᠣᠲᠤᠮ ᠬᠡᠦᠬᠡᠳ ᠬᠡᠳᠦᠢ ᠦᠭᠡ ᠰᠣᠨᠤᠰᠴᠤ᠌ ᠣᠷᠤᠬᠤ᠎ᠦᠭᠡᠢ ᠪᠣᠯᠬᠤ ᠵᠢᠨ ᠤᠴᠢᠷ ᠰᠢᠯᠳᠠᠭᠠᠨ ᠪᠤᠯᠤᠨ᠎ᠠ ᠬᠡᠵᠡᠢ᠃ ᠬᠡᠦᠬᠡᠳ᠎ᠲᠡᠢ ᠪᠡᠨ ᠬᠡᠷᠬᠢᠨ ᠬᠠᠷᠢᠯᠴᠠᠬᠤ ᠲᠤᠬᠠᠢ᠂ ᠲᠠᠢᠯᠤᠮᠵᠢ ᠎ᠳᠤ 《ᠶᠣᠰᠤᠯᠠᠯᠲᠤ᠌ ᠨᠣᠮ》 ᠤ᠋ᠨ ᠨᠡᠷᠡᠲᠦ᠍ ᠥᠭᠦᠯᠡᠪᠦᠷᠢ ᠡᠴᠡ ᠡᠰᠢᠯᠡᠨ ᠲᠣᠭᠠᠴᠢᠵᠤ᠂ ᠤᠯᠠᠮᠵᠢᠯᠠᠯᠲᠤ᠌ ᠭᠡᠷ ᠎ᠦᠨ ᠪᠠᠭᠰᠢ ᠎ᠶ᠋ᠢᠨ ᠳᠣᠲᠤᠷᠠᠬᠢ 《ᠬᠡᠳᠦᠨ ᠢᠳᠭᠠᠯ》 ᠤ᠋ᠨ ᠶᠣᠰᠤ ᠎ᠶ᠋ᠢ ᠲᠠᠢᠯᠪᠤᠷᠢᠯᠠᠪᠠ᠃                                  

  • ᠨᠠᠢᠷᠠᠭᠤᠯᠤᠭ᠍ᠴᠢ᠄

  • ᠨᠡᠪᠲᠡᠷᠡᠭᠦᠯᠦᠭᠴᠢ᠄

  • ᠮᠡᠷᠭᠡᠵᠢᠯ᠄

ᠨᠠᠢᠷᠠᠭᠤᠯᠤᠭ᠍ᠴᠢ᠄ ᠰᠠᠢᠨ᠎ᠠ

ᠣᠷᠴᠢᠭᠤᠯᠤᠭ᠍ᠴᠢ᠄

ᠢᠷᠡᠯᠲᠡ᠄ ᠲᠤᠮᠳᠠᠳᠤ ᠤᠯᠤᠰ ᠎ᠤᠨ ᠮᠤᠩᠭᠤᠯ ᠬᠡᠯᠡᠨ ᠰᠤᠨᠢᠨ ᠮᠡᠳᠡᠭᠡᠨ ᠎ᠦ ᠰᠦᠯᠵᠢᠶ᠎ᠠ
兼容浏览器的HTML页面